ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠵᠦᠸᠧᠽᠢ ᠰᠢᠶᠠᠨ᠄ ᠬᠤᠸᠠ ᠲᠢᠶᠠᠨ ᠬᠥᠨᠳᠡᠢ ᠭᠠᠵᠠᠷ ᠲᠤ ︽ᠵᠠᠭᠤᠨ ᠭᠠᠵᠠᠷ ᠤᠨ ᠵᠢᠷᠤᠭ ᠤᠨ ᠬᠤᠩᠭᠢᠯ︾ ᠢ ᠵᠢᠷᠤᠪᠠ
ᠨᠡᠶᠢᠲᠡᠯᠡᠭᠰᠡᠨ ᠴᠠᠭ᠄
2022/6/22
ᠲᠠᠯ᠎ᠠ ᠨᠤᠲᠤᠭ ᠤᠨ ᠬᠠᠮᠤᠭ ᠤᠨ ᠭᠤᠶᠣ ᠴᠡᠴᠡᠭ ᠭᠠᠯ ᠤᠯᠠᠭᠠᠨ ᠰᠠᠷᠯᠠᠩ ᠲᠡᠭᠷᠢ ᠶᠢᠨ ᠬᠠᠶᠠᠭᠠᠨ ᠳᠤ ᠬᠦᠷᠲᠡᠯ᠎ᠡ ᠵᠡᠭᠦᠳᠦᠯᠡᠭᠡᠳ ᠴᠡᠴᠡᠭ ᠤᠨ ᠠᠩᠬᠢᠯᠤᠮ᠎ᠠ ᠦᠨᠦᠷ ᠬᠠᠩᠬᠤᠯᠵᠤ ᠪᠠᠶᠢᠯ᠎ᠠ ᠁ ᠡᠨᠡ ᠵᠢᠯ᠂ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠵᠦᠸᠧᠽᠢ ᠰᠢᠶᠠᠨ ︽ᠵᠠᠭᠤᠨ ᠭᠠᠵᠠᠷ ᠤᠨ ᠵᠢᠷᠤᠭ ᠤᠨ ᠬᠤᠩᠭᠢᠯ︾ ᠢ ᠨᠢᠭᠡ ᠴᠣᠭᠴᠠᠵᠢᠭᠤᠯᠤᠭᠰᠠᠨ ᠦᠵᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠣᠲᠣ ᠶᠢᠨ ᠪᠠᠶᠢᠭ᠎ᠠ ᠬᠤᠩ ᠱᠢ ᠶᠠ ᠪᠠ ᠵᠢᠦ ᠯᠦᠩ ᠸᠠᠨ ᠬᠤᠶᠠᠷ ᠲᠣᠮᠣ ᠤᠯᠤᠰ ᠤᠨ 4A ᠲᠠᠰ ᠤᠨ ᠦᠵᠡᠮᠵᠢ ᠶᠢᠨ ᠣᠷᠣᠨ ᠤ ᠬᠤᠭᠤᠷᠣᠨᠳᠣᠬᠢ ᠵᠠᠮ ᠤᠨ ᠬᠤᠶᠠᠷ ᠲᠠᠯ᠎ᠠ ᠳᠤ ︽ᠵᠠᠭᠤᠨ ᠭᠠᠵᠠᠷ ᠤᠨ ᠵᠢᠷᠤᠭ ᠤᠨ ᠬᠤᠩᠭᠢᠯ︾ ᠢ ᠨᠢᠭᠡ ᠴᠣᠭᠴᠠᠵᠢᠭᠤᠯᠤᠭᠰᠠᠨ ᠴᠡᠴᠡᠭ ᠤᠨ ᠲᠠᠩᠭᠢᠰ ᠤᠨ ᠦᠵᠡᠮᠵᠢ ᠶᠢᠨ ᠪᠦᠰᠡ ᠶᠢᠨ ᠢᠨᠵᠧᠨᠧᠷᠢᠩ ᠢ ᠪᠠᠶᠢᠭᠤᠯᠬᠤ ᠪᠠᠷ ᠲᠥᠯᠥᠪᠯᠡᠵᠦ᠂ ᠲᠦᠷᠦᠭᠦᠬᠡᠨ᠂ ᠢᠨᠵᠧᠨᠧᠷᠢᠩ ᠢ ᠨᠢᠭᠡᠨᠲᠡ ᠬᠥᠷ ᠬᠥᠭᠵᠢᠶᠡᠨ ᠲᠠᠢ ᠡᠬᠢᠯᠡᠭᠦᠯᠵᠦ᠂ ᠭᠤᠶᠣ ᠰᠠᠶᠢᠬᠠᠨ ᠵᠢᠷᠤᠭ ᠤᠨ ᠬᠤᠩᠭᠢᠯ ᠤᠨ ᠵᠢᠷᠤᠭ ᠢ ᠤᠳᠠᠯ ᠦᠭᠡᠢ ᠡᠬᠢᠯᠡᠭᠦᠯᠬᠦ ᠪᠠᠷ ᠪᠠᠶᠢᠨ᠎ᠠ᠃
︽ᠵᠠᠭᠤᠨ ᠭᠠᠵᠠᠷ ᠤᠨ ᠵᠢᠷᠤᠭ ᠤᠨ ᠬᠤᠩᠭᠢᠯ︾ ᠤᠨ ᠢᠨᠵᠧᠨᠧᠷᠢᠩ ᠤᠨ ᠡᠬᠢᠯᠡᠯᠲᠡ ᠶᠢᠨ ᠴᠡᠭ ᠨᠢ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠴᠢ ᠰᠢᠶᠠ ᠶᠢᠩ ᠪᠠᠯᠭᠠᠰᠤᠨ ᠤ ᠶᠢᠦ ᠹᠠᠩ ᠶᠢᠩ ᠲᠣᠰᠬᠤᠨ ᠳᠤ ᠪᠠᠶᠢᠵᠤ᠂ ᠡᠴᠦᠰ ᠤᠨ ᠴᠡᠭ ᠨᠢ ᠬᠤᠩ ᠵᠣᠣ ᠰᠢᠶᠠᠩ ᠤᠨ ᠬᠤᠩ ᠱᠢ ᠶᠠ ᠦᠵᠡᠮᠵᠢ ᠶᠢᠨ ᠣᠷᠣᠨ ᠤ ᠡᠮᠦᠨ᠎ᠡ ᠶᠡᠭᠡ ᠡᠭᠦᠳᠡ ᠪᠠᠶᠢᠵᠤ᠂ ᠪᠥᠬᠦ ᠶᠠᠪᠤᠴᠠ ᠨᠢ ᠪᠠᠷᠤᠭ 45 ᠺᠢᠯᠣᠮᠧᠲᠷ ᠪᠠᠶᠢᠳᠠᠭ᠃ᠣᠳᠣᠬᠠᠨ ᠳᠤ᠂︽ᠵᠠᠭᠤᠨ ᠭᠠᠵᠠᠷ ᠤᠨ ᠵᠢᠷᠤᠭ ᠤᠨ ᠬᠤᠩᠭᠢᠯ︾︾ ᠤᠨ ᠲᠦᠮᠡᠨ ᠮᠦ ᠶᠢᠨ ᠬᠤᠸᠠᠷ ᠴᠡᠴᠡᠭ ᠲᠠᠷᠢᠬᠤ ᠠᠵᠢᠯ ᠶᠠᠭᠠᠷᠠᠯᠲᠠᠢ ᠬᠤᠭᠤᠴᠠᠭᠠᠨ ᠳᠤ ᠣᠷᠣᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢ ᠲᠡᠭᠰᠢᠯᠡᠬᠦ᠂ ᠲᠠᠯᠠᠪᠠᠢ ᠶᠢ ᠲᠡᠭᠰᠢᠯᠡᠬᠦ᠂ ᠲᠤᠬᠠᠢ ᠶᠢᠨ ᠭᠠᠵᠠᠷ ᠢ ᠴᠣᠬᠢᠬᠤ᠂ ᠬᠤᠭᠤᠯᠠᠢ ᠪᠤᠯᠠᠬᠤ᠂ ᠪᠣᠷᠳᠣᠭᠤᠷ ᠰᠠᠴᠤᠬᠤ ᠵᠡᠷᠭᠡ ᠠᠵᠢᠯ ᠢ ᠠᠵᠢᠯᠴᠢᠳ ᠡᠮᠬᠢ ᠵᠠᠮᠪᠠᠷᠠᠭ᠎ᠠ ᠲᠠᠢ ᠪᠠᠷ ᠬᠢᠵᠦ᠂ ᠲᠤᠬᠠᠢ ᠶᠢᠨ ᠲᠠᠯᠠᠪᠠᠢ ᠳᠤ ᠶᠠᠭᠠᠷᠠᠯᠲᠠᠢ ᠪᠠᠷ ᠬᠢᠵᠦ ᠪᠠᠶᠢᠯ᠎ᠠ᠃
ᠲᠤᠰ ᠲᠦᠷᠦᠯ ᠵᠦᠢᠯ ᠨᠢ ᠬᠤᠩ ᠱᠢ ᠶᠠ ᠪᠣᠯᠣᠨ ᠵᠢᠦ ᠯᠦᠩ ᠸᠠᠨ ᠬᠤᠶᠠᠷ ᠶᠡᠭᠡ ᠤᠯᠤᠰ ᠤᠨ 4A ᠳᠡᠰ ᠤᠨ ᠦᠵᠡᠮᠵᠢ ᠶᠢᠨ ᠣᠷᠣᠨ ᠤ ᠥᠪᠡᠷᠮᠢᠴᠡ ᠭᠠᠵᠠᠷ ᠵᠦᠢ ᠶᠢᠨ ᠪᠠᠶᠢᠷᠢᠰᠢᠯ ᠪᠣᠯᠣᠨ ᠠᠮᠢ ᠠᠬᠤᠢ ᠶᠢᠨ ᠳᠠᠪᠠᠭᠤᠯᠢᠭ ᠲᠤ ᠲᠦᠰᠢᠭᠯᠡᠵᠦ᠂ ᠣᠨᠴᠠ ᠣᠨᠴᠠᠯᠢᠭ ᠲᠠᠢ ᠠᠭᠤᠯᠠ᠂ ᠤᠰᠤ᠂ ᠤᠢ ᠰᠢᠭᠤᠢ᠂ ᠲᠠᠷᠢᠶᠠᠨ ᠭᠠᠵᠠᠷ ᠤᠨ ᠪᠠᠶᠢᠭᠠᠯᠢ ᠶᠢᠨ ᠦᠵᠡᠮᠵᠢ ᠶᠢ ᠭᠤᠣᠯᠳᠠᠯᠭ᠎ᠠ ᠲᠠᠢ ᠢᠯᠡᠷᠡᠭᠦᠯᠵᠦ᠂ ︽ᠮᠤᠨᠢ ᠠᠭᠤᠯᠠ ᠪᠠᠷ ᠬᠦᠷᠢᠶᠡᠯᠡᠭᠳᠡᠵᠦ᠂ ᠵᠤᠭᠠᠴᠠᠯ ᠤᠨ ᠴᠡᠴᠡᠷᠯᠢᠭ︾ ᠢᠶᠠᠷ ᠭᠤᠣᠯ ᠰᠡᠳᠦᠪ ᠪᠣᠯᠭᠠᠵᠤ᠂ 4800 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠵᠢᠭᠦᠯᠵᠦ᠂ ᠢᠨᠵᠧᠨᠧᠷᠢᠩ ᠤᠨ ᠲᠥᠯᠦᠪᠵᠢᠭᠦᠯᠭᠡ ᠶᠢᠨ ᠶᠡᠷᠦᠩᠬᠡᠢ ᠲᠠᠯᠠᠪᠠᠢ ᠲᠦᠮᠡ ᠰᠢᠬᠠᠮ ᠮᠦ ᠳᠤ ᠬᠦᠷᠴᠡᠢ᠃ᠤᠯᠠᠷᠢᠯ ᠢᠶᠠᠷ ᠲᠡᠭᠷᠢ ᠬᠥᠮᠥᠨ ᠤ ᠤᠳᠪᠠᠯᠠ᠂ ᠵᠠᠭᠤᠨ ᠬᠤᠨᠤᠭ ᠤᠨ ᠡᠪᠡᠰᠦ ᠵᠡᠷᠭᠡ ᠵᠠᠭᠤ ᠰᠢᠬᠠᠮ ᠲᠥᠷᠥᠯ ᠤᠨ ᠨᠢᠭᠡ ᠨᠠᠰᠤᠲᠤ ᠤᠷᠭᠤᠮᠠᠯ ᠤᠨ ᠴᠡᠴᠡᠭ ᠪᠠ ᠣᠯᠠᠨ ᠨᠠᠰᠤᠲᠤ ᠤᠷᠭᠤᠮᠠᠯ ᠤᠨ ᠴᠡᠴᠡᠭ ᠵᠢᠴᠢ ᠪᠠᠯ ᠤᠨ ᠰᠤᠷᠪᠤᠯᠵᠢ ᠪᠣᠯᠬᠤ ᠤᠷᠭᠤᠮᠠᠯ ᠪᠠ ᠠᠵᠤ ᠠᠬᠤᠢ ᠶᠢᠨ ᠲᠠᠷᠢᠮᠠᠯ ᠢ ᠳᠠᠷᠢᠵᠤ᠂ ᠱᠠᠲᠤᠨ ᠲᠠᠷᠢᠶᠠᠨ ᠤ ᠤᠷᠠᠯᠢᠭ᠂ ᠡᠬᠡ ᠭᠠᠵᠠᠷ ᠤᠨ ᠤᠷᠠᠯᠢᠭ᠂ ᠲᠠᠷᠢᠶᠠᠨ ᠭᠠᠵᠠᠷ ᠤᠨ ᠲᠠᠷᠢᠶᠠᠯᠠᠩ᠂ ᠬᠥᠷᠥᠰᠥ ᠰᠢᠷᠣᠢ ᠶᠢᠨ ᠨᠠᠷᠢᠨ ᠨᠢᠭᠤᠴᠠ᠂ ᠡᠷᠡᠭᠦᠯ ᠮᠡᠨᠳᠦ ᠶᠢᠨ ᠴᠡᠴᠡᠷᠯᠢᠭ ᠢ ᠠᠭᠤᠯᠵᠤ᠂ ᠭᠡᠷ ᠪᠦᠯᠢ ᠶᠢᠨ ᠵᠢᠭᠤᠯᠴᠢᠯᠠᠯ᠂ ᠰᠤᠳᠤᠯᠤᠨ ᠰᠤᠷᠴᠤ ᠲᠣᠭᠤᠷᠢᠨ ᠦᠵᠡᠬᠦ᠂ ᠬᠡᠷᠡᠯ ᠵᠢᠷᠤᠭ ᠠᠪᠬᠤ᠂ ᠴᠡᠴᠡᠭ ᠬᠤᠸᠠᠷ ᠰᠣᠨᠢᠷᠬᠠᠬᠤ᠂ ᠠᠮᠢ ᠠᠬᠤᠢ ᠶᠢᠨ ᠪᠦᠲᠦᠭᠡᠭᠳᠡᠬᠦᠨ ᠵᠢᠴᠢ ᠴᠡᠴᠡᠭ ᠡᠪᠡᠰᠦᠨ ᠤ ᠠᠵᠤ ᠦᠢᠯᠡᠰ ᠵᠡᠷᠭᠡ ᠣᠯᠠᠨ ᠡᠰᠢᠲᠦ ᠵᠢᠭᠤᠯᠴᠢᠯᠠᠯ ᠤᠨ ᠨᠠᠷᠠᠲᠤ ᠲᠡᠮᠳᠡᠭ ᠢ ᠪᠣᠶ ᠪᠣᠯᠭᠠᠨ᠎ᠠ᠃ᠲᠤᠬᠠᠢ ᠶᠢᠨ ᠦᠶ᠎ᠡ ᠳᠤ᠂ ᠠᠭᠤᠯᠠ  ᠨᠢ ᠲᠤᠩᠭᠠᠯᠠᠭ ᠤᠰᠤ ᠨᠢ ᠲᠤᠩᠭᠠᠯᠠᠭ ᠪᠠᠶᠢᠵᠤ᠂ ᠴᠡᠴᠡᠭ ᠤᠨ ᠲᠠᠷᠢᠶ᠎ᠠ ᠬᠥᠨᠳᠡᠢ ᠭᠠᠵᠠᠷ ᠤᠨ ᠰᠦᠷᠯᠢᠭ ᠰᠠᠶᠢᠬᠠᠨ ᠥᠩᠭᠡ ᠦᠵᠡᠮᠵᠢ ᠨᠢ ᠳᠡᠯᠡᠬᠡᠢ ᠶᠢᠨ ᠬᠥᠮᠥᠰ ᠤᠨ ᠨᠢᠳᠦᠨ ᠳᠤ ᠢᠯᠡᠷᠡᠬᠦ ᠪᠣᠯᠣᠨ᠎ᠠ᠃
︽ᠪᠢᠳᠡᠨ ᠤ ᠡᠨᠡ ᠬᠡᠰᠡᠭ ᠵᠤᠭᠠᠴᠠᠯ ᠢ ᠬᠥᠭᠵᠢᠭᠦᠯᠬᠦ ᠳᠤ ᠮᠠᠰᠢ ᠤᠯᠠᠨ ᠲᠦᠷᠦᠯ ᠵᠦᠢᠯ ᠪᠤᠢ᠂ ᠵᠠᠭᠤᠨ ᠭᠠᠵᠠᠷ ᠤᠨ ᠵᠢᠷᠤᠭ ᠤᠨ ᠬᠤᠩᠭᠢᠯ ᠪᠤᠢ᠂ ᠠᠷᠠᠳ ᠤᠨ ᠣᠷᠣᠨ ᠰᠠᠭᠤᠴᠠ ᠶᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠠᠴᠠ ᠬᠥᠮᠥᠰ ᠤᠨ ᠠᠮᠢᠳᠤᠷᠠᠯ ᠰᠠᠶᠢᠵᠢᠷᠠᠵᠤ᠂ ᠨᠥᠬᠦᠴᠡᠯ ᠰᠠᠶᠢᠵᠢᠷᠠᠵᠤ᠂ ᠡᠯ᠎ᠡ ᠲᠠᠯ᠎ᠠ ᠶᠢᠨ ᠨᠥᠬᠦᠴᠡᠯ ᠴᠦ ᠰᠠᠶᠢᠵᠢᠷᠠᠵᠤ᠂ ᠬᠥᠮᠥᠰ ᠤᠨ ᠰᠡᠳᠬᠢᠯ ᠰᠠᠨᠠᠭ᠎ᠠ ᠴᠤ ᠠᠳᠠᠯᠢ ᠦᠭᠡᠢ ᠪᠣᠯᠪᠠ᠂ ᠬᠥᠮᠥᠰ ᠲᠤ ᠡᠨᠡ ᠭᠠᠵᠠᠷ ᠤᠨ ᠨᠥᠬᠦᠴᠡᠯ ᠦᠨᠡᠬᠡᠷ ᠨᠡᠯᠢᠶᠡᠳ ᠰᠠᠶᠢᠨ ᠪᠠᠶᠢᠨ᠎ᠠ ᠭᠡᠳᠡᠭ ᠢ ᠬᠠᠷᠠᠭᠤᠯᠬᠤ ᠪᠣᠯᠣᠨ᠎ᠠ︾᠃ᠵᠦᠸᠧᠽᠢ ᠰᠢᠶᠠᠨ ᠤ ᠶᠢᠦ ᠹᠠᠩ ᠶᠢᠩ ᠲᠣᠰᠬᠤᠨ ᠤ ᠠᠷᠠᠳ ᠵᠠᠩ ᠷᠦ᠋ ᠰᠢᠸ ᠪᠦᠷ ᠢᠷᠡᠬᠦ ᠳᠤᠷᠠᠲᠠᠢ︾ᠭᠡᠵᠦ ᠪᠠᠶᠠᠷᠲᠠᠢ ᠪᠠᠷ ᠬᠡᠯᠡᠨ᠎ᠡ᠃ᠲᠥᠯᠥᠪᠯᠡᠭᠡ ᠶᠣᠰᠣᠭᠠᠷ᠂ ᠲᠥᠷᠥᠯ ᠵᠦᠢᠯ ᠤᠨ ᠣᠷᠣᠨ ᠤ ᠳᠣᠲᠣᠷ᠎ᠠ ᠵᠢᠩᠬᠢᠨᠢ ᠡᠮ ᠤᠨ ᠮᠠᠲ᠋ᠧᠷᠢᠶᠠᠯ ᠳᠠᠷᠢᠬᠤ ᠣᠷᠣᠨ᠂ ᠭᠦᠶᠦᠯᠲᠡ ᠶᠢᠨ ᠣᠷᠣᠨ᠂ ᠴᠡᠴᠡᠭ ᠤᠨ ᠲᠡᠯᠡᠶ ᠶᠢᠨ ᠳᠡᠯᠭᠡᠭᠦᠷ᠂ ᠪᠠᠯ ᠤᠨ ᠡᠬᠢ ᠰᠤᠷᠪᠤᠯᠵᠢ ᠶᠢᠨ ᠠᠵᠤ ᠦᠢᠯᠡᠰ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ᠂ ᠰᠤᠳᠤᠯᠤᠨ ᠰᠤᠷᠤᠯᠴᠠᠬᠤ ᠭᠡᠷ ᠤᠨ ᠭᠠᠳᠠᠨᠠᠬᠢ ᠬᠠᠶᠢᠨ ᠰᠦᠪᠡᠭᠴᠢᠯᠡᠯᠲᠡ ᠵᠡᠷᠭᠡ ᠣᠨᠴᠠᠯᠢᠭᠲᠤ ᠦᠵᠡᠮᠵᠢ ᠶᠢᠨ ᠵᠠᠩᠭᠢᠯᠠᠭ᠎ᠠ ᠶᠢᠨ ᠴᠡᠭ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠬᠤᠸᠠᠷ ᠴᠡᠴᠡᠭ ᠢ ᠨᠠᠩ ᠳᠡᠭᠡᠳᠦ ᠲᠠᠰ ᠤᠨ᠂ ᠰᠣᠨᠢᠷᠬᠠᠯᠲᠠᠢ ᠪᠣᠯᠭᠠᠵᠤ᠂ ᠰᠢᠨ᠎ᠡ ᠶᠠᠩᠵᠤ ᠮᠠᠶ᠋ᠢᠭ ᠭᠠᠷᠭᠠᠨ᠎ᠠ᠃ᠡᠭᠦᠨ ᠤ ᠬᠠᠮᠲᠤ᠂ ᠪᠠᠰᠠ ᠵᠠᠮ ᠳᠠᠭᠠᠤ ᠶᠢᠨ ᠠᠶᠢᠯ ᠲᠣᠰᠬᠤᠨ ᠤ ᠣᠨᠴᠠᠯᠢᠭᠲᠤ ᠤᠯᠠᠭ᠎ᠠ ᠥᠷᠲᠡᠭᠡ᠂ ᠣᠳᠣᠬᠢᠴᠢᠯᠠᠭᠰᠠᠨ ᠠᠷᠠᠳ ᠤᠨ ᠣᠷᠣᠨ ᠰᠠᠭᠤᠴᠠ ᠶᠢᠨ ᠬᠦᠷᠢᠶ᠎ᠡ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠵᠦ᠂ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠪᠠᠰᠠ ᠬᠡᠭᠡᠷ᠎ᠡ ᠬᠤᠨᠣᠭᠯᠠᠨ ᠨᠠᠷᠭᠢᠯᠳᠤᠬᠤ᠂ ᠴᠡᠴᠡᠭ ᠤᠨ ᠲᠠᠯᠠᠢ ᠶᠢᠨ ᠮᠠᠷᠠᠰᠤᠨ ᠴᠡᠴᠡᠭ᠂ ᠭᠡᠷᠡᠯ ᠵᠢᠷᠤᠭ ᠤᠨ ᠭᠠᠷᠠᠭ ᠵᠡᠷᠭᠡ ᠡᠯ᠎ᠡ ᠲᠦᠷᠦᠯ ᠤᠨ ᠭᠤᠣᠯ ᠰᠡᠳᠦᠪᠲᠦ ᠪᠠᠶᠠᠷ ᠳᠤᠷᠠᠰᠬᠠᠯ ᠤᠨ ᠠᠵᠢᠯᠯᠠᠭ᠎ᠠ ᠪᠣᠯᠣᠨ ᠲᠤᠰ ᠭᠠᠵᠠᠷ ᠤᠨ ᠲᠣᠰᠬᠤᠨ ᠤ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢ ᠪᠠᠶᠢᠭᠤᠯᠵᠤ᠂ ᠰᠣᠶᠣᠯ᠂ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠪᠣᠯᠣᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠵᠤᠭᠠᠴᠠᠯ ᠢ ᠤᠷᠢᠳᠤ ᠡᠮᠦᠨ᠎ᠡ ᠪᠠᠶᠢᠭ᠎ᠠ ᠦᠭᠡᠢ ᠲᠦᠷᠭᠡᠨ ᠬᠥᠭᠵᠢᠯᠲᠡ ᠲᠠᠢ ᠪᠣᠯᠭᠠᠵᠤ᠂ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ᠳᠠᠷᠠᠭ᠎ᠠ ᠶᠢᠨ ᠠᠯᠬᠤᠮ ᠳᠤ᠂ ᠵᠦᠸᠧᠽᠢ ᠰᠢᠶᠠᠨ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠳᠬᠤᠵᠤ᠂ ᠰᠣᠶᠣᠯ ᠪᠠ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠢ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢᠯᠠᠬᠤ ᠴᠢᠨᠠᠷᠲᠠᠢ ᠠᠵᠤ ᠦᠢᠯᠡᠰ ᠤᠨ ᠨᠢᠭᠡ ᠪᠣᠯᠭᠠᠬᠤ ᠶᠢ ᠪᠠᠷᠢᠮᠲᠠᠯᠠᠵᠤ᠂ ᠡᠯᠧᠮᠧᠨ᠋ᠲ ᠤᠨ ᠴᠢᠳᠠᠪᠬᠢ ᠶᠢ ᠲᠡᠭᠦᠯᠳᠡᠷᠵᠢᠭᠦᠯᠬᠦ᠂ ᠰᠣᠳᠣᠨ ᠵᠠᠮ ᠱᠤᠭᠤᠮ ᠢ ᠡᠭᠦᠳᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠥᠳᠡᠭᠡ ᠲᠣᠰᠬᠤᠨ ᠤ ᠵᠤᠭᠠᠴᠠᠯ ᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠶᠡᠭᠡ ᠦᠢᠯᠡᠳᠦᠯ ᠦᠵᠡᠭᠦᠯᠬᠦ ᠪᠣᠯᠭᠠᠬᠤ ᠬᠡᠷᠡᠭᠲᠡᠢ᠃                     ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2