︽ᠵᠦᠸᠧᠽᠢ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠠᠵᠤ ᠦᠢᠯᠡᠰ ᠤᠨ | ᠬᠥᠭᠵᠢᠯᠲᠡ ᠶᠢ ᠲᠡᠳᠬᠦᠨ ᠳᠡᠮᠵᠢᠬᠦ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ | ᠶᠠᠪᠤᠭᠤᠯᠬᠤ ᠲᠤᠬᠠᠢ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠵᠦᠸᠧ ᠵᠧᠩ ᠠᠯᠪᠠᠨ ᠲᠠᠷᠬᠠᠭᠠᠭᠰᠠᠨ 〔2022〕 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠵᠢᠴᠢ ᠰᠢᠶᠠᠨ ᠳᠤ | ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠢ ᠳᠤ᠄ | ︽ᠵᠦᠸᠧᠽᠢ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠠᠵᠤ ᠦᠢᠯᠡᠰ ᠤᠨ | ᠬᠥᠭᠵᠢᠯᠲᠡ ᠶᠢ ᠲᠡᠳᠬᠦᠨ ᠳᠡᠮᠵᠢᠬᠦ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠢ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2021 ᠣᠨ ᠤ 15 ᠳ᠋ᠤᠭᠠᠷ ᠬᠤᠷᠠᠯᠳᠤᠭᠠᠨ ᠠᠴᠠ | ᠰᠤᠳᠤᠯᠤᠨ ᠵᠥᠪᠰᠢᠶᠡᠷᠡᠭᠡᠳ᠂ ᠤᠳᠤ ᠲᠠ ᠨᠠᠷ ᠲᠤ ᠳᠠᠷᠤᠮᠠᠯᠯᠠᠨ ᠲᠠᠷᠬᠠᠭᠠᠪᠠ᠂ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | 2022 ᠣᠨ ᠤ 3 ᠰᠠᠷ᠎ᠠ ᠶᠢᠨ 1 | | ᠵᠦᠸᠧᠽᠢ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠠᠵᠤ ᠦᠢᠯᠡᠰ ᠤᠨ ᠬᠥᠭᠵᠢᠯᠲᠡ ᠶᠢ | ᠲᠡᠳᠬᠦᠬᠦ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶ | ᠵᠦᠸᠧᠽᠢ ᠰᠢᠶᠠᠨ ᠤ ᠭᠠᠳᠠᠭᠠᠳᠤ ᠨᠡᠭᠡᠭᠡᠯᠲᠡ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢ ᠤᠯᠠᠮ | ᠨᠢᠭᠡ ᠠᠯᠬᠤᠮ ᠴᠢᠩᠭᠠᠷᠠᠭᠤᠯᠬᠤ ᠶᠢᠨ ᠲᠥᠯᠥᠭᠡ᠂ ᠮᠠᠨ ᠤ ᠰᠢᠶᠠᠨ ᠤ ᠠᠵᠤ ᠠᠬᠤᠢ ᠶᠢᠨ ᠪᠦᠲᠦᠴᠡ ᠶᠢᠨ | ᠲᠣᠬᠢᠷᠠᠭᠤᠯᠤᠯᠲᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ ᠮᠠᠨ ᠤ | ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠴᠢᠨᠠᠷ ᠰᠠᠶᠢᠲᠠᠢ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠂ | ᠤᠯᠠᠭᠠᠨᠴᠠᠪ ᠬᠤᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ︽ | ᠥᠪᠥᠷ ᠮᠣᠩᠭᠤᠯ ᠤᠨ ᠴᠠᠬᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠬᠠᠷᠠᠭᠠᠯᠵᠠᠯ ᠵᠢᠴᠢ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠠᠷᠭ᠎ᠠ ᠬᠡᠮᠵᠢᠶ᠎ᠡ ᠨᠦᠭᠦᠳ ︵ | ᠲᠤᠷᠰᠢᠨ ᠬᠡᠷᠡᠭᠵᠢᠭᠦᠯᠬᠦ︶︾ ᠢᠶᠠᠷ ᠯᠠᠪᠯᠠᠯᠲᠠ ᠪᠣᠯᠭᠠᠵᠤ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ᠂ | ︽ᠵᠦᠸᠧᠽᠢ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠠᠵᠤ ᠦᠢᠯᠡᠰ ᠤᠨ ᠬᠥᠭᠵᠢᠯᠲᠡ ᠶᠢ | ᠲᠡᠳᠬᠦᠬᠦ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠨ᠎ᠠ᠃ | ᠨᠢᠭᠡᠳᠦᠭᠡᠷ ᠵᠦᠢᠯ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠮᠠᠨ ᠤ ᠰᠢᠶᠠᠨ ᠤ ᠬᠡᠪᠴᠢᠶᠡᠨ ᠳᠠᠬᠢ | ᠲᠤᠰᠠᠭᠠᠷ ᠲᠣᠭᠠᠴᠠᠭ᠎ᠠ ᠬᠢᠬᠦ ᠬᠢᠷᠢ ᠬᠡᠮ ᠲᠠᠢ ᠪᠡᠯᠡ ᠣᠷᠣᠭᠤᠯᠵᠤ ᠡᠵᠡᠩᠨᠡᠬᠦ ᠭᠤᠣᠯ ᠴᠣᠭᠴᠠ ᠳᠤ ᠬᠡᠷᠡᠭᠯᠡᠵᠦ᠂ | ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠶᠢᠨ ᠬᠠᠮᠲᠤ | ᠵᠦᠸᠧᠽᠢ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠳᠤ ᠨᠡᠶᠢᠴᠡᠬᠦ ᠪᠥᠭᠡᠳ ᠰᠢᠨ᠎ᠡ ᠪᠠᠷ | ᠣᠷᠣᠭᠤᠯᠤᠭᠰᠠᠨ ᠠᠵᠤ ᠠᠬᠤᠶᠢᠯᠠᠯ ᠵᠢᠴᠢ ᠣᠲᠣ ᠶᠢᠨ ᠪᠠᠶᠢᠭ᠎ᠠ ᠳᠠᠬᠢᠨ ᠪᠡᠯᠡ ᠣᠷᠣᠭᠤᠯᠤᠭᠰᠠᠨ ᠠᠵᠤ | ᠠᠬᠤᠶᠢᠯᠠᠯ ᠳᠤ ᠬᠡᠷᠡᠭᠯᠡᠨ᠎ᠡ᠃ | ᠬᠤᠶᠠᠳᠤᠭᠠᠷ ᠵᠦᠢᠯ ᠮᠠᠨ ᠤ ᠰᠢᠶᠠᠨ ᠳᠤ ᠢᠷᠡᠵᠦ ᠪᠡᠯᠡ ᠣᠷᠣᠭᠤᠯᠤᠭᠰᠠᠨ ᠠᠵᠤ ᠠᠬᠤᠶᠢᠯᠠᠯ ᠨᠢ ᠬᠠᠩᠭᠠᠬᠤ | ᠭᠠᠵᠠᠷ ᠤᠨ ᠲᠠᠯᠠᠪᠠᠢ ᠶᠢ ᠤᠷᠢᠳ ᠢᠶᠠᠷ ᠲᠣᠭᠲᠠᠭᠠᠵᠤ᠂ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠦᠨ᠎ᠡ | ᠬᠠᠶᠠᠵᠤ ᠬᠤᠳᠠᠯᠳᠤᠬᠤ ᠠᠷᠭ᠎ᠠ ᠮᠠᠶ᠋ᠢᠭ ᠢᠶᠠᠷ ᠭᠠᠵᠠᠷ ᠰᠢᠷᠣᠢ ᠬᠡᠷᠡᠭᠯᠡᠬᠦ ᠡᠷᠬᠡ ᠶᠢ ᠣᠯᠣᠨ᠎ᠠ᠂ ᠭᠠᠵᠠᠷ ᠰᠢᠷᠣᠢ ᠶᠢ | ᠰᠢᠯᠵᠢᠭᠦᠯᠦᠨ ᠬᠤᠳᠠᠯᠳᠤᠬᠤ ᠬᠤᠭᠤᠴᠠᠭ᠎ᠠ ᠶᠢ ᠤᠯᠤᠰ ᠠᠴᠠ ᠲᠣᠭᠲᠠᠭᠠᠭᠰᠠᠨ ᠬᠠᠮᠤᠭ ᠤᠨ ᠥᠨᠳᠥᠷ | ᠬᠤᠭᠤᠴᠠᠭ᠎ᠠ ᠪᠠᠷ ᠭᠦᠢᠴᠡᠳᠬᠡᠵᠦ ᠪᠣᠯᠣᠨ᠎ᠠ᠂ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠤᠯᠤᠰ ᠤᠨ | ᠲᠣᠭᠲᠠᠭᠠᠯ ᠶᠣᠰᠣᠭᠠᠷ ᠬᠤᠭᠤᠴᠠᠭ᠎ᠠ ᠶᠢ ᠤᠷᠲᠤᠳᠬᠠᠨ᠎ᠠ᠃ | ᠭᠤᠷᠪᠠᠳᠤᠭᠠᠷ ᠵᠦᠢᠯ ᠳᠡᠯᠡᠬᠡᠢ ᠶᠢᠨ 500 ᠬᠦᠴᠦᠷᠬᠡᠭ᠂ ᠳᠤᠮᠳᠠᠳᠤ ᠤᠯᠤᠰ ᠤᠨ 500 ᠬᠦᠴᠦᠷᠬᠡᠭ᠂ ᠳᠤᠮᠳᠠᠳᠤ | ᠤᠯᠤᠰ ᠤᠨ ᠦᠢᠯᠡᠳᠬᠦ ᠦᠢᠯᠡᠰ ᠤᠨ 500 ᠬᠦᠴᠦᠷᠬᠡᠭ᠂ ᠳᠤᠮᠳᠠᠳᠤ ᠤᠯᠤᠰ ᠤᠨ ᠠᠷᠠᠳ ᠤᠨ ᠡᠵᠡᠩᠨᠡᠭᠰᠡᠨ ᠠᠵᠤ | ᠦᠢᠯᠡᠳᠪᠦᠷᠢ ᠶᠢᠨ 500 ᠬᠦᠴᠦᠷᠬᠡᠭ᠂ ᠳᠤᠮᠳᠠᠳᠤ ᠤᠯᠤᠰ ᠤᠨ ᠡᠮ ᠡᠮᠨᠡᠯᠭᠡ ᠶᠢᠨ ᠠᠵᠤ ᠦᠢᠯᠡᠳᠪᠦᠷᠢ ᠶᠢᠨ 100 | ᠬᠦᠴᠦᠷᠬᠡᠭ᠂ ᠲᠥᠪ ᠤᠨ ᠠᠵᠤ ᠠᠬᠤᠶᠢᠯᠠᠯ ᠮᠠᠨ ᠤ ᠰᠢᠶᠠᠨ ᠤ ᠰᠢᠨ᠎ᠡ ᠪᠠᠷ ᠪᠠᠶᠢᠭᠤᠯᠤᠭᠰᠠᠨ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠤ ᠪᠠᠶᠢᠭᠤᠯᠤᠮᠵᠢ ᠳᠤ ᠡᠷᠦᠬᠡ ᠠᠮᠠ ᠣᠷᠣᠭᠰᠠᠨ ᠪᠥᠭᠡᠳ ᠮᠠᠨ ᠤ ᠰᠢᠶᠠᠨ ᠤ ᠣᠨ ᠤ ᠠᠵᠤ | ᠠᠬᠤᠢ ᠳᠤ 10 ᠲᠦᠮᠡᠨ ᠲᠥᠭᠦᠷᠢᠭ ᠠᠴᠠ ᠳᠡᠭᠡᠭᠰᠢ ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ ᠰᠢᠶᠠᠨ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠤᠲᠠᠯᠠᠯᠲᠠ ᠪᠠᠷ | ᠲᠠᠮᠵᠢᠨ ᠨᠡᠭᠡᠭᠡᠨ ᠡᠷᠬᠢᠯᠡᠬᠦ ᠳᠤ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠭᠠᠳᠠᠷ ᠣᠷᠣᠨ ᠤ ᠶᠡᠷᠦᠩᠬᠡᠢ ᠬᠡᠯᠲᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ᠂ ᠪᠣᠷᠣᠯᠠᠭᠤᠯᠬᠤ᠂ ᠳ᠋ᠦᠩᠨᠡᠨ | ᠪᠤᠳᠤᠬᠤ᠂ ᠬᠠᠮᠢᠶᠠᠷᠬᠤ ᠡᠭᠦᠷᠭᠡ ᠴᠢᠳᠠᠪᠤᠷᠢ ᠲᠠᠢ ᠶᠡᠷᠦᠩᠬᠡᠢ ᠬᠡᠯᠲᠡᠰ ᠢᠶᠠᠨ ᠮᠠᠨ ᠤ ᠰᠢᠶᠠᠨ ᠳᠤ ᠡᠷᠦᠬᠡ ᠠᠮᠠ | ᠣᠷᠣᠭᠤᠯᠬᠤ ᠶᠢ ᠵᠣᠷᠢᠭᠵᠢᠭᠤᠯᠤᠨ᠎ᠠ᠃ᠵᠦᠸᠧᠽᠢ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠤᠳᠤᠷᠢᠳᠬᠤ ᠳᠤᠭᠤᠶᠢᠯᠠᠩ ᠤᠨ ᠮᠠᠭᠠᠳᠯᠠᠨ ᠲᠣᠭᠲᠠᠭᠠᠭᠰᠠᠨ ᠵᠦᠸᠧᠽᠢ ᠰᠢᠶᠠᠨ ᠤ ᠶᠡᠷᠦᠩᠬᠡᠢ ᠵᠠᠬᠢᠷᠭ᠎ᠠ ᠶᠢᠨ ᠠᠵᠤ | ᠠᠬᠤᠶᠢᠯᠠᠯ ︵ᠲᠡᠭᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠪᠤᠶᠤ ᠰᠠᠯᠪᠤᠷᠢ ᠪᠠᠶᠢᠭᠤᠯᠤᠮᠵᠢ ᠳᠤ ᠬᠠᠮᠢᠶᠠᠷᠤᠯᠲᠠ | ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠤᠨ ᠬᠠᠤᠯᠢ ᠶᠢᠨ | ᠡᠷᠬᠡᠲᠡᠨ ᠤ ᠪᠠᠶᠢᠭᠤᠯᠤᠮᠵᠢ︶ ᠢ ᠠᠩᠬ᠎ᠠ ᠤᠳᠠᠭ᠎ᠠ ᠳᠡᠯᠡᠬᠡᠢ ᠶᠢᠨ 500 ᠬᠦᠴᠦᠷᠬᠡᠭ ᠢᠶᠠᠷ ᠦᠨᠡᠯᠡᠨ ᠲᠣᠭᠲᠠᠭᠠᠭᠰᠠᠨ | ᠪᠠᠶᠢᠪᠠᠯ᠂ 500 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ︔ᠠᠩᠬ᠎ᠠ ᠤᠳᠠᠭ᠎ᠠ | ᠳᠤᠮᠳᠠᠳᠤ ᠤᠯᠤᠰ ᠤᠨ ᠠᠵᠤ ᠠᠬᠤᠶᠢᠯᠠᠯ ᠤᠨ 500 ᠬᠦᠴᠦᠷᠬᠡᠭ ᠢᠶᠠᠷ ᠦᠨᠡᠯᠡᠭᠳᠡᠭᠰᠡᠨ ᠪᠠᠶᠢᠪᠠᠯ᠂ 200 ᠲᠦᠮᠡᠨ | ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠵᠤ᠂ ᠠᠩᠬ᠎ᠠ ᠤᠳᠠᠭ᠎ᠠ ᠳᠤᠮᠳᠠᠳᠤ ᠤᠯᠤᠰ ᠤᠨ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠢᠶᠠᠷ ᠦᠨᠡᠯᠡᠭᠳᠡᠭᠰᠡᠨ ᠪᠠᠶᠢᠪᠠᠯ᠂ 100 | ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ | ︽ᠳᠡᠯᠡᠬᠡᠢ ᠶᠢᠨ 500 ᠬᠦᠴᠦᠷᠬᠡᠭ︾ ᠠᠵᠤ ᠠᠬᠤᠶᠢᠯᠠᠯ ᠢ ︽ᠡᠳ᠋ ᠪᠠᠶᠠᠯᠢᠭ︾ ᠰᠡᠳᠬᠦᠯ ᠤᠨ ᠬᠠᠮᠤᠭ ᠤᠨ | ᠰᠢᠨ᠎ᠡ ᠨᠡᠶᠢᠲᠡᠯᠡᠭᠰᠡᠨ ᠨᠡᠷᠡᠰ ᠢᠶᠠᠷ ᠪᠠᠷᠢᠮᠵᠢᠶ᠎ᠠ ᠪᠣᠯᠭᠠᠬᠤ ᠬᠡᠷᠡᠭᠲᠡᠢ︔ ︽ᠳᠤᠮᠳᠠᠳᠤ ᠤᠯᠤᠰ ᠤᠨ 500 ᠬᠦᠴᠦᠷᠬᠡᠭ | ︾᠂ ︽ᠳᠤᠮᠳᠠᠳᠤ ᠤᠯᠤᠰ ᠤᠨ ᠦᠶᠯᠡᠳᠬᠦ ᠦᠢᠯᠡᠰ ᠤᠨ 500 ᠬᠦᠴᠦᠷᠬᠡᠭ︾ ᠠᠵᠤ ᠠᠬᠤᠶᠢᠯᠠᠯ ᠢ ᠳᠤᠮᠳᠠᠳᠤ | ᠤᠯᠤᠰ ᠤᠨ ᠠᠵᠤ ᠠᠬᠤᠶᠢᠯᠠᠯ ᠤᠨ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠠᠵᠤ ᠠᠬᠤᠶᠢᠯᠠᠯᠲᠠᠨ ᠤ | ᠨᠡᠶᠢᠭᠡᠮᠯᠢᠭ ᠤᠨ ᠬᠠᠮᠤᠭ ᠤᠨ ᠰᠢᠨ᠎ᠡ ᠨᠡᠶᠢᠲᠡᠯᠡᠭᠰᠡᠨ ᠨᠡᠷᠡᠰ ᠢᠶᠠᠷ ᠪᠠᠷᠢᠮᠵᠢᠶ᠎ᠠ ᠪᠣᠯᠭᠠᠬᠤ ᠬᠡᠷᠡᠭᠲᠡᠢ︔ ︽ᠳᠤᠮᠳᠠᠳᠤ | ᠤᠯᠤᠰ ᠤᠨ ᠠᠷᠠᠳ ᠤᠨ ᠡᠵᠡᠩᠨᠡᠭᠰᠡᠨ 500 ᠬᠦᠴᠦᠷᠬᠡᠭ︾ ᠠᠵᠤ ᠠᠬᠤᠶᠢᠯᠠᠯ ᠢ ᠳᠤᠮᠳᠠᠳᠤ ᠶᠢᠨ ᠪᠥᠬᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠬᠠᠮᠤᠭ ᠤᠨ ᠰᠢᠨ᠎ᠡ ᠨᠡᠶᠢᠲᠡᠯᠡᠭᠰᠡᠨ | ᠨᠡᠷᠡᠰ ᠢᠶᠠᠷ ᠪᠠᠷᠢᠮᠵᠢᠶ᠎ᠠ ᠪᠣᠯᠭᠠᠬᠤ ᠬᠡᠷᠡᠭᠲᠡᠢ᠃ | ᠳᠥᠷᠪᠡᠳᠦᠭᠡᠷ ᠵᠦᠢᠯ ᠰᠢᠨ᠎ᠡ ᠪᠠᠷ ᠣᠷᠣᠭᠤᠯᠵᠤ ᠠᠪᠴᠢᠷᠠᠭᠰᠠᠨ ᠤᠯᠤᠰ ᠤᠨ ᠲᠠᠰ ᠤᠨ ᠢᠨᠵᠧᠨᠧᠷᠢᠩ ᠤᠨ ︵ | ᠮᠡᠷᠭᠡᠵᠢᠯ︶ ᠤᠨ ᠰᠤᠳᠤᠯᠭᠠᠨ ᠤ ᠲᠥᠪ᠂ ᠢᠨᠵᠧᠨᠧᠷᠢᠩ ᠤᠨ ︵ᠭᠤᠣᠯᠳᠠᠯᠭ᠎ᠠ ᠲᠠᠢ︶ ᠤᠨ ᠲᠤᠷᠰᠢᠯᠲᠠ ᠶᠢᠨ ᠲᠠᠰᠤᠭ | ᠂ ᠠᠵᠤ ᠠᠬᠤᠶᠢᠯᠠᠯ ᠤᠨ ᠮᠡᠷᠭᠡᠵᠢᠯ ᠤᠨ ᠲᠥᠪ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ᠂ | ᠠᠵᠢᠯᠯᠠᠬᠤ ᠲᠠᠯᠠᠪᠤᠷ ᠢ ᠵᠦᠸᠧᠽᠢ ᠰᠢᠶᠠᠨ ᠠᠴᠠ ᠰᠦᠢᠳᠬᠡᠯ ᠬᠤᠷᠢᠶᠠᠬᠤ ᠦᠭᠡᠢ ᠪᠠᠷ ᠬᠠᠩᠭᠠᠨ᠎ᠠ︔ᠥᠪᠡᠷᠲᠡᠭᠡᠨ | ᠵᠠᠰᠠᠬᠤ ᠣᠷᠣᠨ᠂ ᠤᠯᠠᠭᠠᠨᠴᠠᠪ ᠬᠤᠲᠠ ᠶᠢᠨ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠭᠥᠷᠳᠡᠭᠰᠡᠨ | ᠰᠠᠭᠤᠷᠢᠨ ᠳᠡᠭᠡᠷ᠎ᠡ᠂ ᠮᠠᠨ ᠤ ᠰᠢᠶᠠᠨ ᠨᠢᠭᠡ ᠤᠳᠠᠭ᠎ᠠ ᠶᠢᠨ ᠴᠢᠨᠠᠷᠲᠠᠢ ᠪᠠᠷ ᠳᠠᠬᠢᠨ 30 ᠲᠦᠮᠡᠨ ᠲᠥᠭᠦᠷᠢᠭ ᠤᠨ | ᠪᠡᠯᠡ ᠮᠥᠩᠭᠦ ᠶᠢᠨ ᠲᠡᠳᠬᠦᠮᠵᠢ ᠣᠯᠭᠤᠨ᠎ᠠ᠃ᠥᠪᠡᠷᠲᠡᠭᠡᠨ ᠵᠠᠰᠠᠬᠤ ᠣᠷᠣᠨ ᠤ ᠲᠠᠰ ᠤᠨ ᠢᠨᠵᠧᠨᠧᠷᠢᠩ ᠤᠨ | ᠮᠡᠷᠭᠡᠵᠢᠯ ᠤᠨ ᠰᠤᠳᠤᠯᠭᠠᠨ ᠤ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠵᠤ ᠠᠬᠤᠶᠢᠯᠠᠯ ᠤᠨ | ᠮᠡᠷᠭᠡᠵᠢᠯ ᠤᠨ ᠲᠥᠪ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠠᠺᠠᠳᠧᠮᠢᠴᠢ ᠲᠤᠰᠬᠠᠢ | ᠮᠡᠷᠭᠡᠵᠢᠯᠲᠡᠨ ᠤ ᠠᠵᠢᠯ ᠤᠨ ᠥᠷᠲᠡᠭᠡ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠰᠢᠨ᠎ᠡ ᠪᠠᠷ | ᠣᠷᠣᠭᠤᠯᠤᠨ ᠠᠪᠴᠢᠷᠠᠬᠤ ᠳᠤ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠨᠥᠬᠦᠪᠦᠷᠢ ᠶᠢ | ᠭᠥᠷᠳᠡᠭᠰᠡᠨ ᠰᠠᠭᠤᠷᠢᠨ ᠳᠡᠭᠡᠷ᠎ᠡ᠂ ᠮᠠᠨ ᠤ ᠰᠢᠶᠠᠨ ᠨᠢᠭᠡ ᠤᠳᠠᠭ᠎ᠠ ᠶᠢᠨ ᠴᠢᠨᠠᠷᠲᠠᠢ ᠪᠠᠷ ᠳᠠᠬᠢᠨ 10 ᠲᠦᠮᠡᠨ | ᠲᠥᠭᠦᠷᠢᠭ ᠤᠨ ᠪᠡᠯᠡ ᠮᠥᠩᠭᠦ ᠶᠢᠨ ᠲᠡᠳᠬᠦᠮᠵᠢ ᠣᠯᠭᠤᠨ᠎ᠠ᠃ | ᠲᠠᠪᠤᠳᠤᠭᠠᠷ ᠵᠦᠢᠯ ᠰᠢᠨ᠎ᠡ ᠪᠠᠷ ᠣᠷᠣᠭᠤᠯᠵᠤ ᠢᠷᠡᠭᠰᠡᠨ ᠠᠵᠤ ᠦᠢᠯᠡᠳᠪᠦᠷᠢ ᠶᠢᠨ ᠲᠥᠷᠥᠯ ᠵᠦᠢᠯ ᠲᠤ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 3000 ᠲᠦᠮᠡᠨ ᠲᠥᠭᠦᠷᠢᠭ ᠠᠴᠠ ᠳᠡᠭᠡᠭᠰᠢ ︵ᠭᠠᠵᠠᠷ | ᠰᠢᠷᠣᠢ ᠶᠢ ᠬᠢᠮᠳᠠ ᠪᠠᠷ ᠬᠤᠳᠠᠯᠳᠤᠬᠤ ᠣᠷᠣᠭᠤᠯᠤᠯᠲᠠ ᠶᠢ ᠪᠠᠭᠲᠠᠭᠠᠬᠤ ᠦᠭᠡᠢ︶ ᠲᠤ ᠬᠦᠷᠦᠭᠦᠯᠵᠦ᠂ ᠪᠡᠯᠡ | ᠣᠷᠣᠭᠤᠯᠤᠯᠲᠠ ᠶᠢᠨ ᠡᠷᠴᠢᠮᠢ 100 ᠲᠦᠮᠡᠨ ᠲᠥᠭᠦᠷᠢᠭ/ ᠮᠤ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ᠮᠦ | ᠪᠦᠷᠢ ᠶᠢᠨ ᠳᠤᠮᠳᠠᠴᠢ ᠪᠣᠳᠠᠲᠠᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 300 ᠲᠦᠮᠡᠨ | ᠲᠥᠭᠦᠷᠢᠭ ᠢ ᠳᠠᠪᠠᠭᠰᠠᠨ᠂ ᠮᠦ ᠪᠦᠷᠢ ᠶᠢᠨ ᠳᠤᠮᠳᠠᠴᠢ ᠣᠨ ᠤ ᠡᠵᠡᠩᠨᠡᠯᠲᠡ ᠶᠢᠨ ᠣᠷᠣᠯᠭ᠎ᠠ ᠨᠢ 500 ᠲᠦᠮᠡᠨ | ᠲᠥᠭᠦᠷᠢᠭ ᠢ ᠳᠠᠪᠠᠭᠰᠠᠨ ᠮᠥᠷᠲᠡᠭᠡᠨ ᠮᠠᠨ ᠤ ᠰᠢᠶᠠᠨ ᠤ ᠣᠨ ᠤ ᠠᠵᠤ ᠠᠬᠤᠢ ᠶᠢᠨ ᠬᠤᠪᠢ ᠨᠡᠮᠡᠷᠢ ᠨᠢ 200 | ᠲᠦᠮᠡᠨ ᠲᠥᠭᠦᠷᠢᠭ ᠠᠴᠠ ᠳᠡᠭᠡᠭᠰᠢ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 200 ᠲᠦᠮᠡᠨ | ᠲᠥᠭᠦᠷᠢᠭ ᠢᠶᠠᠷ ᠱᠠᠩᠨᠠᠨ᠎ᠠ᠃ᠮᠠᠨ ᠤ ᠰᠢᠶᠠᠨ ᠲᠦᠷᠦᠯ ᠵᠦᠢᠯ ᠳᠤ ᠬᠡᠷᠡᠭᠯᠡᠬᠦ ᠭᠠᠵᠠᠷ ᠢ ︽ᠭᠤᠷᠪᠠ ᠶᠢ ᠨᠠᠪᠲᠠᠷᠡᠭᠦᠯᠵᠦ | ᠨᠢᠭᠡ ᠶᠢ ᠲᠡᠭᠰᠢᠯᠡᠬᠦ︾ ᠬᠢᠷᠢ ᠲᠦᠪᠰᠢᠨ ︵ᠵᠠᠮ ᠨᠡᠪᠲᠡᠷᠡᠭᠦᠯᠬᠦ᠂ ᠤᠰᠤ ᠨᠡᠪᠲᠡᠷᠡᠭᠦᠯᠬᠦ᠂ ᠴᠠᠬᠢᠯᠭᠠᠨ ᠨᠡᠪᠲᠡᠷᠡᠭᠦᠯᠬᠦ︶ ᠳᠤ | ᠬᠦᠷᠭᠡᠬᠦ ᠶᠢ ᠪᠠᠲᠤᠯᠠᠬᠤ ᠶᠢᠨ ᠬᠠᠮᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠵᠣᠬᠢᠬᠤ | ᠬᠡᠮᠵᠢᠶᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠲᠡᠳᠬᠦᠮᠵᠢ ᠣᠯᠭᠤᠨ᠎ᠠ ︵︽ᠨᠢᠭᠡ | ᠬᠡᠷᠡᠭ ᠢ ᠨᠢᠭᠡ ᠵᠥᠪᠯᠡᠬᠦ︾ ᠶᠢ ᠬᠡᠷᠡᠭᠵᠢᠭᠦᠯᠦᠨ᠎ᠡ︶᠃ | ᠵᠢᠷᠭᠤᠳᠤᠭᠠᠷ ᠵᠦᠢᠯ ᠰᠢᠨ᠎ᠡ ᠪᠠᠷ ᠣᠷᠣᠭᠤᠯᠤᠭᠰᠠᠨ ᠠᠵᠤ ᠠᠬᠤᠶᠢᠯᠠᠯ ᠳᠤ᠂ ᠠᠵᠤ ᠦᠢᠯᠡᠳᠪᠦᠷᠢ ᠬᠤᠳᠠᠯᠳᠤᠭᠠᠨ ᠤ | ᠪᠦᠷᠢᠳᠬᠡᠨ ᠳᠠᠩᠰᠠᠯᠠᠭᠤᠯᠤᠭᠰᠠᠨ ᠡᠳᠦᠷ ᠠᠴᠠ ᠡᠬᠢᠯᠡᠨ ᠬᠤᠶᠠᠷ ᠵᠢᠯ ᠤᠨ ᠳᠣᠲᠣᠷ᠎ᠠ᠂ ᠪᠣᠳᠠᠲᠠᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ︵ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠣᠷᠣᠭᠤᠯᠤᠯᠲᠠ ᠶᠢ | ᠪᠠᠭᠲᠠᠭᠠᠬᠤ ᠦᠭᠡᠢ︶ ᠨᠢ ᠨᠡᠶᠢᠲᠡ 5000 ᠲᠦᠮᠡᠨ ᠲᠥᠭᠦᠷᠢᠭ ᠠᠴᠠ ᠳᠡᠭᠡᠭᠰᠢ ᠳᠤ ᠬᠦᠷᠦᠭᠰᠡᠨ ᠪᠠᠶᠢᠪᠠᠯ᠂ | ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠤᠳᠤᠷᠢᠳᠬᠤ ᠳᠤᠭᠤᠶᠢᠯᠠᠩ ᠢᠶᠠᠷ ᠨᠤᠲᠠᠯᠠᠭᠤᠯᠵᠤ᠂ | ᠲᠡᠭᠦᠨ ᠤ ᠪᠣᠳᠠᠲᠠᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠣᠭᠠᠨ ᠤ 0.5% ᠪᠠᠷ ᠠᠵᠤ | ᠠᠬᠤᠶᠢᠯᠠᠯ ︵ᠲᠥᠷᠥᠯ ᠵᠦᠢᠯ︶ ᠳᠤ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ︔ ᠨᠡᠶᠢᠲᠡ 1 | ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠲᠡᠭᠦᠨ ᠤ ᠪᠣᠳᠠᠲᠠᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠶᠢᠨ 1% ᠪᠠᠷ ᠠᠵᠤ ᠠᠬᠤᠶᠢᠯᠠᠯ ᠳᠤ ᠨᠢᠭᠡ ᠤᠳᠠᠭ᠎ᠠ ᠶᠢᠨ | ᠴᠢᠨᠠᠷᠲᠠᠢ ᠱᠠᠩᠨᠠᠯ ᠣᠯᠭᠤᠨ᠎ᠠ᠃ | ᠳᠣᠯᠣᠳᠤᠭᠠᠷ ᠵᠦᠢᠯ ᠵᠢᠭᠤᠯᠴᠢᠯᠠᠯ᠂ ᠪᠠᠷᠠᠭ᠎ᠠ ᠶᠢᠨ ᠭᠦᠢᠯᠭᠡᠭᠡᠨ᠂ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ | ᠦᠢᠯᠡᠰ ᠤᠨ ᠲᠥᠷᠥᠯ ᠵᠦᠢᠯ ᠤᠨ ᠬᠥᠭᠵᠢᠯᠲᠡ ᠢ ᠲᠦᠷᠭᠡᠳᠬᠡᠬᠦ ᠶᠢᠨ ᠲᠤᠰᠠᠳᠠ᠂ ᠰᠢᠨ᠎ᠡ ᠪᠠᠷ ᠣᠷᠣᠭᠤᠯᠵᠤ | ᠢᠷᠡᠭᠰᠡᠨ ᠵᠢᠭᠤᠯᠴᠢᠯᠠᠯ᠂ ᠪᠠᠷᠠᠭ᠎ᠠ ᠶᠢᠨ ᠭᠦᠢᠯᠭᠡᠭᠡᠨ᠂ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠦᠢᠯᠡᠰ | ᠤᠨ ᠲᠥᠷᠥᠯ ᠵᠦᠢᠯ ᠲᠤ ᠭᠤᠣᠯᠳᠠᠯᠭ᠎ᠠ ᠲᠠᠢ ᠠᠵᠤ ᠦᠢᠯᠡᠰ ᠤᠨ ᠲᠡᠳᠬᠦᠮᠵᠢ ᠣᠯᠭᠤᠨ᠎ᠠ᠃ᠠᠵᠤ ᠠᠬᠤᠶᠢᠯᠠᠯ ᠨᠢ | ᠠᠩᠬᠠᠨ ᠤ ᠦᠢᠯᠡᠳᠪᠦᠷᠢᠯᠡᠯ ᠡᠵᠡᠩᠨᠡᠯᠲᠡ ᠶᠢᠨ ᠣᠷᠣᠯᠭ᠎ᠠ ᠪᠠᠨ ᠣᠯᠣᠭᠰᠠᠨ ᠵᠢᠯ ᠠᠴᠠ ᠪᠠᠨ ᠡᠬᠢᠯᠡᠨ᠂ ᠵᠦᠸᠧᠽᠢ | ᠰᠢᠶᠠᠨ ᠤ ᠪᠣᠳᠠᠲᠤ ᠠᠵᠤ ᠠᠬᠤᠢ ᠳᠤ ᠦᠵᠡᠭᠦᠯᠦᠭᠰᠡᠨ ᠬᠤᠪᠢ ᠨᠡᠮᠡᠷᠢ ᠪᠠᠷ ᠢᠶᠠᠨ ᠯᠠᠪᠯᠠᠯᠲᠠ ᠶᠢᠨ ᠲᠤᠭ᠎ᠠ ᠪᠣᠯᠭᠠᠵᠤ᠂ | ᠲᠦᠷᠦᠭᠦᠦ ᠬᠤᠶᠠᠷ ᠵᠢᠯ ᠳᠤ 100% ᠪᠠᠷ ᠠᠵᠤ ᠦᠢᠯᠡᠰ ᠤᠨ ᠳᠡᠮᠵᠢᠯᠭᠡ ᠦᠵᠡᠭᠦᠯᠵᠦ᠂ ᠰᠡᠭᠦᠯ ᠤᠨ ᠭᠤᠷᠪᠠᠨ | ᠵᠢᠯ ᠳᠤ 50 % ᠪᠠᠷ ᠠᠵᠤ ᠦᠢᠯᠡᠰ ᠤᠨ ᠳᠡᠮᠵᠢᠯᠭᠡ ᠦᠵᠡᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠤᠨ ᠪᠣᠳᠠᠲᠠᠶᠢᠵᠢᠭᠤᠯᠤᠭᠰᠠᠨ ᠵᠢᠭᠤᠯᠴᠢᠯᠠᠯ ᠤᠨ ᠠᠵᠤ ᠠᠬᠤᠶᠢᠯᠠᠯ ᠳᠤ᠂ ᠵᠢᠭᠤᠯᠴᠢᠯᠠᠯ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠬᠠᠩᠭᠠᠵᠤ᠂ ᠲᠦᠷᠢᠶᠡᠰᠦᠯᠡᠭᠦᠯᠬᠦ ᠶᠣᠰᠣᠲᠠᠢ ᠶᠢ ᠨᠢ ᠲᠦᠷᠢᠶᠡᠰᠦᠯᠡᠭᠦᠯᠵᠦ᠂ | ᠰᠢᠯᠵᠢᠭᠦᠯᠦᠨ ᠥᠭᠬᠦ ᠶᠣᠰᠣᠲᠠᠢ ᠶᠢ ᠨᠢ ᠰᠢᠯᠵᠢᠭᠦᠯᠦᠨ ᠥᠭᠴᠦ ᠪᠣᠯᠣᠨ᠎ᠠ᠃ | ᠨᠠᠢᠮᠠᠳᠤᠭᠠᠷ ᠵᠦᠢᠯ ᠲᠣᠨᠣᠭᠯᠠᠯ ᠦᠢᠯᠡᠳᠬᠦ ᠦᠢᠯᠡᠰ᠂ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠳᠡᠭᠡᠳᠦ | ᠳᠣᠣᠷᠠᠳᠤ ᠤᠷᠤᠰᠬᠠᠯ ᠤᠨ ᠠᠵᠤ ᠦᠢᠯᠡᠰ ᠢ ᠨᠠᠶᠢᠳᠠᠪᠤᠷᠢᠵᠢᠭᠤᠯᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ | ᠦᠢᠯᠡᠳᠪᠦᠷᠢᠯᠡᠵᠦ ᠦᠢᠯᠡᠳᠦᠭᠰᠡᠨ ᠦᠢᠯᠡᠳᠬᠦᠨ ᠪᠠ ᠬᠠᠩᠭᠠᠭᠰᠠᠨ ᠬᠤᠯᠪᠣᠭᠳᠠᠯ ᠪᠦᠬᠦᠢ ᠦᠢᠯᠡᠴᠢᠯᠡᠭᠡ ᠶᠢ ᠠᠳᠠᠯᠢ | ᠨᠥᠬᠦᠴᠡᠯ ᠤᠨ ᠳᠣᠣᠷ᠎ᠠ᠂ ᠰᠢᠶᠠᠨ ᠤ ᠳᠣᠲᠣᠷ᠎ᠠ ᠪᠠᠨ ᠤᠷᠢᠳᠠᠪᠠᠷ ᠲᠠᠨᠢᠯᠴᠠᠭᠤᠯᠵᠤ ᠰᠣᠩᠭᠤᠨ ᠬᠡᠷᠡᠭᠯᠡᠨ᠎ᠡ᠃ | ᠶᠢᠰᠦᠳᠦᠭᠡᠷ ᠵᠦᠢᠯ ᠮᠠᠨ ᠤ ᠰᠢᠶᠠᠨ ᠳᠤ ᠮᠡᠷᠭᠡᠵᠢᠯ ᠤᠨ ᠰᠤᠳᠤᠯᠤᠨ ᠨᠡᠭᠡᠭᠡᠯᠲᠡ ᠬᠢᠬᠦ ᠶᠢᠨ ᠬᠠᠮᠲᠤ ᠲᠤᠬᠠᠢ ᠶᠢᠨ | ᠭᠠᠵᠠᠷ ᠲᠤᠨᠢ ᠤᠯᠠᠷᠢᠭᠤᠯᠤᠭᠰᠠᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 500 ᠲᠦᠮᠡᠨ | ᠲᠥᠭᠦᠷᠢᠭ ᠠᠴᠠ ᠳᠡᠭᠡᠭᠰᠢ ᠭᠠᠷᠭᠠᠭᠰᠠᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃ | ᠠᠷᠪᠠᠳᠤᠭᠠᠷ ᠵᠦᠢᠯ ᠵᠦᠸᠧᠽᠢ ᠰᠢᠶᠠᠨ ᠳᠤ ᠳᠠᠩᠰᠠᠯᠠᠭᠤᠯᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ᠂ | ᠪᠡᠶ᠎ᠡ ᠪᠠᠨ ᠳᠠᠭᠠᠭᠠᠵᠤ ᠲᠣᠭᠠᠴᠠᠭ᠎ᠠ ᠬᠢᠬᠦ ᠬᠢᠷᠢ ᠬᠡᠮ ᠲᠠᠢ ᠠᠵᠤ ᠠᠬᠤᠶᠢᠯᠠᠯ ᠱᠠᠩᠬᠠᠢ ᠱᠧᠨᠵᠧᠨ ᠤ ᠠᠷᠠᠯᠵᠢᠶᠠᠨ ᠤ | ᠭᠠᠵᠠᠷ ᠲᠤ ᠠᠩᠬ᠎ᠠ ᠤᠳᠠᠭ᠎ᠠ ᠵᠠᠬ᠎ᠠ ᠳᠡᠯᠭᠡᠭᠦᠷ ᠲᠤ ᠭᠠᠷᠬᠤ ᠶᠢ ᠪᠡᠶᠡᠯᠡᠭᠦᠯᠦᠭᠰᠡᠨ ᠪᠠᠶᠢᠪᠠᠯ᠂ ᠨᠢᠭᠡ ᠤᠳᠠᠭ᠎ᠠ ᠶᠢᠨ | ᠴᠢᠨᠠᠷᠲᠠᠢ ᠪᠠᠷ 100 ᠲᠦᠮᠡᠨ ᠲᠥᠭᠦᠷᠢᠭ ᠢᠶᠠᠷ ᠱᠠᠩᠨᠠᠨ᠎ᠠ︔ᠪᠥᠬᠦ ᠤᠯᠤᠰ ᠤᠨ ᠳᠤᠮᠳᠠ ᠵᠢᠵᠢᠭ ᠠᠵᠤ | ᠠᠬᠤᠶᠢᠯᠠᠯ ᠤᠨ ᠬᠤᠪᠢ ᠶᠢ ᠰᠢᠯᠵᠢᠭᠦᠯᠦᠨ ᠥᠭᠬᠦ ᠰᠢᠰᠲ᠋ᠧᠮ ︵ᠰᠢᠨ᠎ᠡ ᠭᠤᠷᠪᠠᠳᠤᠭᠠᠷ ᠰᠠᠮᠪᠠᠷ᠎ᠠ︶ ᠳᠤ ᠫᠠᠶᠢᠰᠠ | ᠡᠯᠭᠦᠭᠰᠡᠨ ᠪᠠᠶᠢᠪᠠᠯ᠂ 50 ᠲᠦᠮᠡᠨ ᠲᠥᠭᠦᠷᠢᠭ ᠤᠨ ᠵᠠᠷᠤᠳᠠᠯ ᠤᠨ ᠨᠥᠬᠦᠪᠦᠷᠢ ᠣᠯᠭᠤᠨ᠎ᠠ᠃ | ᠠᠷᠪᠠᠨ ᠨᠢᠭᠡᠳᠦᠭᠡᠷ ᠵᠦᠢᠯ ᠰᠢᠨ᠎ᠡ ᠪᠠᠷ ᠣᠷᠣᠭᠤᠯᠵᠤ ᠠᠪᠴᠢᠷᠠᠭᠰᠠᠨ ᠠᠵᠤ ᠠᠬᠤᠶᠢᠯᠠᠯ ᠤᠨ ᠳᠡᠭᠡᠳᠦ ᠲᠠᠰ ᠤᠨ | ᠬᠠᠮᠢᠶᠠᠷᠤᠭᠴᠢ ᠳᠤ ︵5 ᠨᠡᠷᠡᠰ ᠠᠴᠠ ᠬᠡᠲᠦᠷᠡᠬᠦ ᠦᠭᠡᠢ︶ ᠳᠤ ᠴᠢᠳᠠᠪᠤᠷᠢᠲᠠᠨ ᠤ ᠱᠠᠩᠨᠠᠯ ᠤᠨ ᠨᠥᠬᠦᠪᠦᠷᠢ | ᠣᠯᠭᠤᠵᠤ᠂ ᠱᠠᠩᠨᠠᠯ ᠤᠨ ᠨᠥᠬᠦᠪᠦᠷᠢ ᠶᠢᠨ ᠲᠤᠭ᠎ᠠ ᠬᠡᠮᠵᠢᠶ᠎ᠡ ᠶᠢ ᠲᠤᠬᠠᠢ ᠶᠢᠨ ᠵᠢᠯ ᠤᠨ ᠬᠤᠪᠢ ᠬᠥᠮᠥᠨ ᠤ ᠴᠠᠯᠢᠩ | ᠬᠥᠯᠥᠰᠦ ᠶᠢᠨ ᠠᠰᠢᠭ ᠣᠷᠣᠯᠭ᠎ᠠ ᠠᠴᠠ ᠵᠦᠸᠧᠽᠢ ᠰᠢᠶᠠᠨ ᠤ ᠪᠣᠳᠠᠲᠠᠢ ᠠᠵᠤ ᠠᠬᠤᠢ ᠳᠤ ᠦᠵᠡᠭᠦᠯᠦᠭᠰᠡᠨ ᠬᠤᠪᠢ | ᠨᠡᠮᠡᠷᠢ ᠶᠢᠨ 100% ᠪᠠᠷ ᠯᠠᠪᠯᠠᠯᠲᠠ ᠶᠢᠨ ᠲᠤᠭ᠎ᠠ ᠪᠣᠯᠭᠠᠵᠤ᠂ 5 ᠵᠢᠯ ᠳᠠᠷᠠᠭᠠᠯᠠᠨ ᠱᠠᠩᠨᠠᠵᠤ᠂ ᠱᠠᠩᠨᠠᠯ ᠤᠨ | ᠳᠠᠷᠠᠭ᠎ᠠ ᠵᠢᠯ ᠳᠤᠨᠢ ᠣᠯᠭᠤᠨ᠎ᠠ᠃ | ᠠᠷᠪᠠᠨ ᠬᠤᠶᠠᠳᠤᠭᠠᠷ ᠵᠦᠢᠯ ᠠᠳᠠᠯᠢ ᠨᠥᠬᠦᠴᠡᠯ ᠤᠨ ᠳᠣᠣᠷ᠎ᠠ᠂ ᠠᠵᠤ ᠠᠬᠤᠶᠢᠯᠠᠯ ᠨᠢ ᠲᠣᠰ ᠭᠠᠵᠠᠷ ᠤᠨ ᠠᠵᠢᠯᠲᠠᠨ | ᠠᠵᠢᠯᠴᠢᠨ ᠢ ᠤᠷᠢᠳᠠᠪᠠᠷ ᠤᠷᠢᠨ ᠬᠡᠷᠡᠭᠯᠡᠵᠦ᠂ ᠠᠵᠤ ᠠᠬᠤᠶᠢᠯᠠᠯ ᠨᠢ ᠵᠦᠸᠧᠽᠢ ᠰᠢᠶᠠᠨ ᠤ ᠬᠠᠷᠢᠶ᠎ᠠ ᠲᠠᠢ ᠵᠢᠩᠬᠢᠨᠢ | ᠠᠩᠭᠢ ᠵᠢᠴᠢ ᠲᠡᠭᠦᠨ ᠠᠴᠠ ᠳᠡᠭᠡᠭᠰᠢᠬᠢ ᠲᠡᠭᠦᠰᠦᠭᠰᠡᠳ ᠢ 1 ᠨᠡᠷ᠎ᠡ ᠡᠯᠰᠡᠨ ᠠᠪᠴᠤ ᠠᠵᠢᠯ ᠣᠯᠭᠤᠬᠤ ᠪᠦᠷᠢ᠂ | ᠨᠢᠭᠡ ᠵᠢᠯ ᠠᠴᠠ ᠳᠡᠭᠡᠭᠰᠢ ᠲᠣᠭᠲᠠᠪᠤᠷᠢᠲᠠᠢ ᠠᠵᠢᠯ ᠣᠯᠭᠤᠵᠤ᠂ ᠠᠵᠤ ᠠᠬᠤᠶᠢᠯᠠᠯ ᠳᠤ ᠬᠥᠮᠥᠨ ᠪᠦᠷᠢ ᠳᠤ 1000 | ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠵᠤ᠂ ᠬᠥᠮᠥᠨ ᠤ ᠲᠤᠭ᠎ᠠ ᠶᠢ ᠨᠡᠶᠢᠭᠡᠮ ᠤᠨ | ᠳᠠᠭᠠᠳᠬᠠᠯ ᠳᠤ ᠣᠷᠣᠯᠴᠠᠭᠰᠠᠨ ᠪᠣᠳᠠᠲᠠᠢ ᠬᠥᠮᠥᠨ ᠤ ᠲᠤᠭ᠎ᠠ ᠪᠠᠷ ᠪᠠᠷᠢᠮᠵᠢᠶ᠎ᠠ ᠪᠣᠯᠭᠠᠨ᠎ᠠ᠃ | ᠠᠷᠪᠠᠨ ᠭᠤᠷᠪᠠᠳᠤᠭᠠᠷ ᠵᠦᠢᠯ ᠵᠦᠸᠧᠽᠢ ᠰᠢᠶᠠᠨ ᠳᠤ ᠣᠷᠣᠵᠤ ᠰᠠᠭᠤᠭᠰᠠᠨ ᠭᠤᠣᠯᠳᠠᠯᠭ᠎ᠠ ᠲᠠᠢ ᠠᠵᠤ ᠦᠢᠯᠡᠰ ᠤᠨ | ᠪᠡᠯᠡ ᠣᠷᠣᠭᠤᠯᠤᠯᠲᠠ ᠶᠢᠨ ᠵᠦᠢᠯᠡᠰ ︵ᠮᠠᠨ ᠤ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠳᠤ ᠨᠡᠶᠢᠴᠡᠵᠦ᠂ ᠣᠷᠣᠭᠤᠯᠤᠯᠲᠠ ᠭᠠᠷᠭᠠᠯᠲᠠ ᠶᠢᠨ ᠬᠡᠪᠴᠢᠶ᠎ᠡ ᠶᠡᠭᠡ᠂ ᠮᠡᠷᠭᠡᠵᠢᠯ ᠤᠨ | ᠠᠭᠤᠯᠤᠭᠳᠠᠴᠠ ᠪᠠᠷ ᠥᠨᠳᠥᠷ᠂ ᠠᠵᠤ ᠠᠬᠤᠢ ᠶᠢᠨ ᠦᠷ᠎ᠡ ᠠᠰᠢᠭ ᠢᠶᠠᠷ ᠰᠠᠶᠢᠨ᠂ ᠡᠬᠢ ᠪᠠᠶᠠᠯᠢᠭ ᠤᠨ | ᠬᠤᠷᠣᠭᠳᠠᠯ ᠢᠶᠠᠷ ᠪᠠᠭ᠎ᠠ᠂ ᠬᠥᠭᠵᠢᠯᠲᠡ ᠶᠢᠨ ᠢᠷᠡᠭᠡᠳᠦᠢ ᠶᠢᠨ ᠲᠥᠯᠥᠪ ᠢᠶᠠᠷ ᠰᠠᠶᠢᠨ᠂ 10 ᠬᠥᠮᠥᠨ ᠠᠴᠠ ᠳᠡᠭᠡᠭᠰᠢ | ᠠᠵᠢᠯ ᠤᠨ ᠪᠠᠶᠢᠷᠢ ᠬᠠᠩᠭᠠᠨ᠎ᠠ︶ ᠳᠤ ︽ᠨᠢᠭᠡ ᠬᠡᠷᠡᠭ ᠢ ᠨᠢᠭᠡ ᠵᠥᠪᠯᠡᠬᠦ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ | ᠪᠣᠳᠣᠯᠭ᠎ᠠ ᠠᠪᠬᠤ︾ ᠠᠷᠭ᠎ᠠ ᠶᠢ ᠬᠡᠷᠡᠭᠵᠢᠭᠦᠯᠦᠨ᠎ᠡ᠃ᠪᠡᠯᠡ ᠣᠷᠣᠭᠤᠯᠤᠯᠲᠠ ᠶᠢᠨ ᠲᠤᠭ᠎ᠠ ᠨᠢ 5000 ᠲᠦᠮᠡᠨ | ᠲᠥᠭᠦᠷᠢᠭ ᠠᠴᠠ ᠳᠡᠭᠡᠭᠰᠢᠬᠢ ᠵᠦᠢᠯᠡᠰ ᠲᠤ ︽ᠨᠢᠭᠡ ᠭᠤᠣᠯᠳᠠᠯᠭ᠎ᠠ ᠲᠠᠢ ᠵᠦᠢᠯᠡᠰ᠂ ᠨᠢᠭᠡ ᠰᠢᠶᠠᠨ ᠤ ᠱᠠᠲᠤᠨ ᠤ | ᠤᠳᠤᠷᠢᠳᠤᠯᠭ᠎ᠠ᠂ ᠨᠢᠭᠡ ᠢᠵᠢ ᠬᠡᠷᠡᠭᠵᠢᠭᠦᠯᠬᠦ ᠲᠥᠰᠥᠯ᠂ ᠡᠴᠦᠰ ᠲᠤᠨᠢ ᠲᠤᠯᠲᠠᠯ᠎ᠠ ᠠᠳᠬᠤᠬᠤ︾ ᠠᠵᠢᠯ ᠤᠨ | ᠲᠣᠭᠲᠠᠴᠠ ᠶᠢ ᠬᠡᠷᠡᠭᠵᠢᠭᠦᠯᠵᠦ᠂ ᠵᠦᠢᠯᠡᠰ ᠤᠨ ᠦᠢᠯᠡᠴᠢᠯᠡᠭᠡ ᠶᠢ ᠴᠢᠩᠭᠠᠳᠬᠠᠨ᠎ᠠ᠃ | ᠠᠷᠪᠠᠨ ᠳᠥᠷᠪᠡᠳᠦᠭᠡᠷ ᠵᠦᠢᠯ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠬᠠᠮᠤᠭ ᠤᠨ ᠶᠡᠭᠡ ᠦᠷ᠎ᠡ | ᠪᠦᠲᠦᠮᠵᠢ ᠶᠢ ᠪᠠᠳᠠᠷᠠᠭᠤᠯᠬᠤ ᠶᠢᠨ ᠲᠥᠯᠥᠭᠡ᠂ ᠨᠡᠶᠢᠰᠯᠡᠯ ᠤᠨ ᠠᠵᠤ ᠦᠢᠯᠡᠰ ᠤᠨ ᠰᠢᠯᠵᠢᠯᠲᠡ ᠶᠢ ᠨᠠᠩ ᠰᠠᠶᠢᠨ | ᠵᠠᠯᠭᠠᠨ ᠠᠪᠴᠤ᠂ ᠪᠡᠭᠡᠵᠢᠩ ᠤᠨ ᠠᠵᠤ ᠠᠬᠤᠶᠢᠯᠠᠯ ᠤᠨ ᠮᠠᠨ ᠤ ᠰᠢᠶᠠᠨ ᠳᠤ ᠢᠷᠡᠵᠦ ᠪᠡᠯᠡ ᠣᠷᠣᠭᠤᠯᠬᠤ ᠶᠢ ᠲᠡᠳᠡᠨ | ᠠᠪᠴᠢᠷᠠᠵᠤ᠂ ᠪᠡᠭᠡᠵᠢᠩ ᠠᠴᠠ ᠮᠠᠨ ᠤ ᠰᠢᠶᠠᠨ ᠳᠤ ᠢᠷᠡᠵᠦ ᠪᠡᠯᠡ ᠣᠷᠣᠭᠤᠯᠤᠭᠰᠠᠨ ᠠᠵᠤ ᠠᠬᠤᠶᠢᠯᠠᠯ ᠳᠤ | ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠨᠡᠶᠢᠰᠯᠡᠯ ᠤᠨ ᠴᠢᠳᠠᠮᠵᠢ ᠶᠢ ᠲᠠᠷᠬᠠᠭᠠᠬᠤ ᠪᠠ ᠠᠵᠤ | ᠦᠢᠯᠡᠰ ᠤᠨ ᠰᠢᠯᠵᠢᠯᠲᠡ ᠶᠢ ᠵᠠᠯᠭᠠᠨ ᠠᠪᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠬᠦ ᠠᠴᠠ ᠭᠠᠳᠠᠨ᠎ᠠ᠂ | ᠪᠠᠰᠠ ᠳᠡᠭᠡᠷ᠎ᠡ ᠳᠤᠷᠠᠳᠤᠭᠰᠠᠨ ᠬᠠᠮᠢᠶ᠎ᠠ ᠪᠦᠬᠦᠢ ᠱᠠᠩᠨᠠᠯ ᠤᠨ ᠲᠥᠷᠥ ᠶᠢᠨ ᠪᠣᠳᠣᠯᠭ᠎ᠠ ᠵᠢᠴᠢ ᠪᠡᠭᠡᠵᠢᠩ ᠥᠪᠥᠷ | ᠮᠣᠩᠭᠤᠯ ᠤᠨ ᠬᠠᠮᠵᠢᠯᠴᠠᠬᠤ ᠠᠵᠤ ᠦᠢᠯᠡᠰ ᠤᠨ ᠲᠥᠷᠥᠯ ᠵᠦᠢᠯ ᠤᠨ ᠬᠠᠮᠢᠶ᠎ᠠ ᠪᠦᠬᠦᠢ ᠪᠡᠯᠡ ᠣᠷᠣᠭᠤᠯᠤᠯᠲᠠ ᠶᠢᠨ | ᠨᠥᠬᠦᠪᠦᠷᠢ ᠶᠢ ᠬᠦᠷᠲᠡᠵᠦ ᠪᠣᠯᠣᠨ᠎ᠠ᠃ | ᠠᠷᠪᠠᠨ ᠲᠠᠪᠤᠳᠤᠭᠠᠷ ᠵᠦᠢᠯ ᠡᠯ᠎ᠡ ᠨᠡᠶᠢᠭᠡᠮ ᠤᠨ ᠪᠦᠯᠬᠦᠮ᠂ ᠠᠵᠤ ᠠᠬᠤᠶᠢᠯᠠᠯ᠂ ᠠᠷᠠᠳ ᠤᠨ ᠵᠣᠬᠢᠶᠠᠨ | ᠪᠠᠶᠢᠭᠤᠯᠤᠯᠲᠠ ᠪᠣᠯᠣᠨ ᠲᠥᠷᠥᠯ ᠵᠦᠢᠯ ᠤᠨ ᠲᠠᠨᠢᠯᠴᠠᠭᠤᠯᠤᠭᠴᠢ ︵ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠠᠯᠪᠠᠨ ᠲᠤᠰᠢᠶᠠᠯᠲᠠᠨ ᠪᠠᠭᠲᠠᠬᠤ ᠦᠭᠡᠢ︶ ᠡᠯ᠎ᠡ ᠵᠦᠢᠯ ᠤᠨ ᠠᠷᠭ᠎ᠠ ᠵᠠᠮ ᠢᠶᠠᠷ ᠰᠢᠶᠠᠨ ᠤ ᠭᠠᠳᠠᠨᠠᠬᠢ ᠪᠡᠯᠡ | ᠣᠷᠣᠭᠤᠯᠤᠭᠴᠢ ᠶᠢ ᠰᠢᠭᠤᠳ ᠣᠷᠣᠭᠤᠯᠤᠨ ᠠᠪᠴᠢᠷᠠᠵᠤ ᠮᠠᠨ ᠤ ᠰᠢᠶᠠᠨ ᠳᠤ ᠦᠢᠯᠡᠳᠪᠦᠷᠢᠯᠡᠯ ᠤᠨ ᠴᠢᠨᠠᠷᠲᠠᠢ ᠠᠵᠤ | ᠠᠬᠤᠶᠢᠯᠠᠯ ᠡᠷᠭᠢᠯᠡᠭᠰᠡᠨ ᠪᠠᠶᠢᠪᠠᠯ᠂ ᠠᠵᠤ ᠠᠬᠤᠶᠢᠯᠠᠯ ᠢ ᠪᠣᠳᠠᠲᠠᠶᠢᠵᠢᠭᠤᠯᠤᠨ ᠠᠰᠢᠭᠯᠠᠯᠲᠠ ᠳᠤ ᠣᠷᠣᠭᠤᠯᠤᠭᠰᠠᠨ ᠤ | ᠳᠠᠷᠠᠭ᠎ᠠ᠂ ᠵᠠᠰᠠᠭ ᠤᠨ ᠣᠷᠳᠣᠨ ᠠᠴᠠ ᠪᠣᠳᠠᠲᠠᠢ ᠪᠣᠳᠠᠲᠠᠶᠢᠵᠢᠭᠤᠯᠤᠭᠰᠠᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠶᠡᠷᠦᠩᠬᠡᠢ ᠲᠤᠭ᠎ᠠ ᠪᠠᠷ ᠪᠤᠳᠤᠬᠤ ᠰᠠᠭᠤᠷᠢ ᠲᠤᠭ᠎ᠠ ᠪᠣᠯᠭᠠᠵᠤ ᠱᠠᠩᠨᠠᠨ᠎ᠠ᠃ ᠱᠠᠩᠨᠠᠬᠤ ᠲᠤᠭ᠎ᠠ | ᠬᠡᠮᠵᠢᠶ᠎ᠡ ᠨᠢ᠄ 0.3 ᠳ᠋ᠦᠩᠰᠢᠭᠤᠷ - 1 ᠳ᠋ᠦᠩᠰᠢᠭᠤᠷ ᠲᠥᠭᠦᠷᠢᠭ ᠢ 10 ᠲᠦᠮᠡᠨ ᠲᠥᠭᠦᠷᠢᠭ ᠢᠶᠠᠷ ᠱᠠᠩᠨᠠᠵᠤ᠂ | 1 ᠳ᠋ᠦᠩᠰᠢᠭᠤᠷ - 2 ᠳ᠋ᠦᠩᠰᠢᠭᠤᠷ ᠲᠥᠭᠦᠷᠢᠭ ᠢ 20 ᠲᠦᠮᠡᠨ ᠲᠥᠭᠦᠷᠢᠭ ᠢᠶᠠᠷ ᠱᠠᠩᠨᠠᠵᠤ᠂ 2 ᠳ᠋ᠦᠩᠰᠢᠭᠤᠷ | - 3 ᠳ᠋ᠦᠩᠰᠢᠭᠤᠷ ᠲᠥᠭᠦᠷᠢᠭ ᠢ 30 ᠲᠦᠮᠡᠨ ᠲᠥᠭᠦᠷᠢᠭ ᠢᠶᠠᠷ ᠱᠠᠩᠨᠠᠵᠤ᠂ 3 ᠳ᠋ᠦᠩᠰᠢᠭᠤᠷ - 5 | ᠳ᠋ᠦᠩᠰᠢᠭᠤᠷ ᠲᠥᠭᠦᠷᠢᠭ ᠢ 40 ᠲᠦᠮᠡᠨ ᠲᠥᠭᠦᠷᠢᠭ ᠢᠶᠠᠷ ᠱᠠᠩᠨᠠᠵᠤ᠂ 5 ᠳ᠋ᠦᠩᠰᠢᠭᠤᠷ ᠠᠴᠠ ᠳᠡᠭᠡᠭᠰᠢ ᠶᠢ ᠨᠢ | 50 ᠲᠦᠮᠡᠨ ᠲᠥᠭᠦᠷᠢᠭ ᠢᠶᠠᠷ ᠱᠠᠩᠨᠠᠨ᠎ᠠ᠃ | ᠠᠷᠪᠠᠨ ᠵᠢᠷᠭᠤᠳᠤᠭᠠᠷ ᠵᠦᠢᠯ ᠡᠵᠤ ᠠᠬᠤᠶᠢᠯᠠᠯ ᠨᠢ ᠦᠢᠯᠡᠳᠪᠦᠷᠢᠯᠡᠯ ᠤᠨ ᠠᠶᠤᠯᠭᠦᠢ ᠶᠢᠨ ᠡᠡ᠊ᠨᠳᠡᠯ᠂ ᠣᠷᠴᠢᠨ | ᠠᠬᠤᠢ ᠶᠢᠨ ᠬᠠᠮᠠᠭᠠᠯᠠᠯᠲᠠ᠂ ᠡᠨᠧᠷᠭᠢ ᠶᠢᠨ ᠬᠤᠷᠣᠭᠳᠠᠭᠤᠯᠤᠯ᠂ ᠤᠰᠤ ᠬᠡᠷᠡᠭᠯᠡᠬᠦ ᠬᠡᠮᠵᠢᠶ᠎ᠡ ᠨᠢ ᠪᠠᠷᠢᠮᠵᠢᠶ᠎ᠠ ᠠᠴᠠ | ᠬᠡᠲᠦᠷᠡᠭᠰᠡᠨ ᠵᠡᠷᠭᠡ ᠠᠰᠠᠭᠤᠳᠠᠯ ᠠᠴᠠ ᠪᠣᠯᠵᠤ ᠰᠢᠳᠬᠡᠭᠳᠡᠭᠰᠡᠨ ᠪᠠᠶᠢᠪᠠᠯ᠂ ᠲᠤᠰ ᠠᠷᠭ᠎ᠠ ᠬᠡᠮᠵᠢᠶ᠎ᠡ ᠳᠤ | ᠲᠣᠭᠲᠠᠭᠠᠭᠰᠠᠨ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠬᠦᠷᠳᠡᠬᠦ ᠦᠭᠡᠢ᠃ | ᠠᠷᠪᠠᠨ ᠳᠣᠯᠣᠳᠤᠭᠠᠷ ᠵᠦᠢᠯ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠠᠵᠤ | ᠠᠬᠤᠶᠢᠯᠠᠯ ᠤᠨ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠬᠠᠷᠢᠴᠠᠭ᠎ᠠ ᠨᠢ ᠡᠷᠬᠡᠪᠰᠢ ᠵᠦᠸᠧᠽᠢ ᠰᠢᠶᠠᠨ ᠳᠤ | ᠪᠠᠶᠢᠬᠤ ᠬᠡᠷᠡᠭᠲᠡᠢ ᠪᠥᠭᠡᠳ ᠮᠠᠨ ᠤ ᠰᠢᠶᠠᠨ ᠤ ᠡᠵᠡᠩᠨᠡᠯᠲᠡ ᠶᠢᠨ ᠬᠤᠭᠤᠴᠠᠭ᠎ᠠ ᠶᠢ 5 ᠵᠢᠯ ᠠᠴᠠ ᠳᠣᠣᠷ᠎ᠠ ᠪᠠᠶᠢᠯᠭᠠᠬᠤ | ᠦᠭᠡᠢ ᠭᠡᠵᠦ ᠠᠮᠠᠯᠠᠵᠤ᠂ ᠡᠨᠡ ᠬᠤᠭᠤᠴᠠᠭᠠᠨ ᠳᠤ ᠵᠦᠸᠧᠽᠢ ᠰᠢᠶᠠᠨ ᠠᠴᠠ ᠨᠡᠭᠦᠵᠦ ᠭᠠᠷᠤᠭᠰᠠᠨ ᠪᠠᠶᠢᠪᠠᠯ᠂ | ᠤᠤᠯ ᠤᠨ ᠬᠦᠷᠲᠡᠵᠦ ᠪᠠᠶᠢᠭᠰᠠᠨ ᠲᠡᠳᠬᠦᠮᠵᠢ ᠶᠢᠨ ᠨᠥᠬᠦᠪᠦᠷᠢ ᠮᠥᠩᠭᠦ ᠶᠢ ᠡᠷᠬᠡᠪᠰᠢ ᠪᠦᠬᠦᠨ ᠢ ᠪᠤᠴᠠᠭᠠᠬᠤ ᠬᠡᠷᠡᠭᠲᠡᠢ | ᠃ | ᠠᠷᠪᠠᠨ ᠨᠠᠢᠮᠠᠳᠤᠭᠠᠷ ᠵᠦᠢᠯ ᠲᠣᠰ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 3 ᠵᠢᠯ ᠪᠣᠯᠣᠨ᠎ᠠ᠂ ᠬᠡᠷᠪᠡ ᠤᠯᠤᠰ᠂ ᠥᠪᠡᠷᠲᠡᠭᠡᠨ ᠵᠠᠰᠠᠬᠤ | ᠣᠷᠣᠨ᠂ ᠤᠯᠠᠭᠠᠨᠴᠠᠪ ᠬᠤᠲᠠ ᠶᠢᠨ ᠵᠣᠬᠢᠴᠠᠩᠭᠤᠢ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠲᠠᠢ ᠲᠣᠬᠢᠶᠠᠯᠳᠤᠪᠠᠯ | ᠳᠠᠭᠢᠵᠤ ᠲᠣᠬᠢᠷᠠᠭᠤᠯᠤᠯᠲᠠ ᠬᠢᠨ᠎ᠡ᠃ | ᠠᠷᠪᠠ ᠶᠢᠰᠦᠳᠦᠭᠡᠷ ᠵᠦᠢᠯ ᠲᠣᠰ ᠠᠷᠭ᠎ᠠ ᠬᠡᠮᠵᠢᠶ᠎ᠡ ᠶᠢ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠦᠸᠧᠽᠢ ᠰᠢᠶᠠᠨ ᠤ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ |