︽ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ | ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠶᠢᠨ | ᠪᠡᠯᠡ ᠣᠷᠣᠭᠤᠯᠤᠯᠲᠠ ﹇2012﹈ 2492 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ | ᠦᠨᠡᠯᠡᠨ ᠵᠢᠱᠢᠬᠦ ᠠᠵᠢᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠵᠢᠭᠦᠯᠬᠦ︶︾ ︵ᠥᠪᠥᠷ ᠲᠣᠭᠲᠠᠭᠤᠨ | ᠲᠠᠷᠬᠠᠭᠠᠭᠰᠠᠨ ﹇2016﹈ 1 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ | ᠂ ᠥᠪᠥᠷ ᠮᠣᠩᠭᠤᠯ ᠤᠨ ᠢ ᠳ᠋ᠦᠩ ᠪᠦᠯᠦᠭᠯᠡᠯ ᠤᠨ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠨᠢ ᠥᠪᠥᠷ ᠮᠣᠩᠭᠤᠯ ᠤᠨ ᠵᠥᠩ ᠵᠢᠢ ᠢᠨᠵᠧᠨᠧᠷᠢᠩ ᠤᠨ ᠯᠠᠪᠯᠠᠯᠭ᠎ᠠ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ | ᠲᠦᠭᠰᠢᠭᠦᠷᠢ ᠶᠢᠨ ᠦᠨᠡᠯᠡᠨ ᠵᠢᠱᠢᠯᠲᠡ ᠶᠢ ᠪᠡᠶᠡᠯᠡᠭᠦᠯᠦᠨ᠎ᠡ᠂ ᠡᠳᠦᠭᠡ ᠬᠤᠯᠪᠣᠭᠳᠠᠯ ᠪᠦᠬᠦᠢ ᠪᠠᠶᠢᠳᠠᠯ ᠢ ᠢᠯᠡ | ᠨᠡᠶᠢᠲᠡᠯᠡᠶ᠎ᠡ᠃ | ᠨᠢᠭᠡ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠨᠡᠷᠡᠶᠢᠳᠦᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠵᠢᠢ | ᠴᠢᠩ ᠰᠢᠶᠠ ᠤᠰᠤᠨ ᠴᠥᠭᠦᠷᠥᠮ | ᠬᠤᠶᠠᠷ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠶᠢᠮᠣ ᠪᠠᠶᠢᠳᠠᠯ | ᠵᠢᠢ ᠴᠢᠩ ᠰᠢᠶᠠ ᠬᠠᠪᠴᠢᠯ ᠤᠨ ᠤᠰᠤᠨ ᠴᠥᠭᠦᠷᠥᠮ ᠨᠢ ᠵᠦᠸᠧᠽᠢ ᠰᠢᠶᠠᠨ ᠤ ᠬᠢᠵᠠᠭᠠᠷ ᠲᠠᠬᠢ ᠬᠠᠲᠤᠨ | ᠭᠤᠣᠯ ᠤᠨ ᠰᠠᠪᠠ ᠭᠠᠵᠠᠷ ᠤᠨ ᠨᠢᠭᠡᠳᠦᠭᠡᠷ ᠳᠡᠰ ᠤᠨ ᠴᠢᠳᠬᠤᠯᠠᠩ ᠪᠣᠯᠬᠤ ᠳ᠋ᠠ ᠾᠧᠢ ᠾᠧ ᠭᠤᠣᠯ ᠤᠨ | ᠴᠢᠳᠬᠤᠯᠠᠩ ᠪᠣᠯᠬᠤ ᠵᠢᠢ ᠴᠢᠩ ᠶᠢᠩ ᠭᠧᠦ ᠳᠡᠭᠡᠷ᠎ᠡ ᠪᠠᠶᠢᠷᠢᠯᠠᠵᠤ᠂ ᠬᠠᠰᠢᠯᠭ᠎ᠠ ᠶᠢᠨ ᠪᠠᠶᠢᠷᠢᠯᠠᠯ ᠨᠢ ᠵᠦᠸᠧᠽᠢ | ᠰᠢᠶᠠᠨ ᠤ ᠬᠤᠲᠠ ᠠᠴᠠ ᠪᠠᠷᠤᠭ 42km ᠵᠠᠶᠢᠲᠠᠢ ᠪᠠᠶᠢᠳᠠᠭ᠃ᠭᠤᠣᠯ ᠡᠭᠦᠷᠭᠡ ᠪᠣᠯ ᠭᠠᠩ ᠬᠠᠭᠰᠠᠷᠠᠭᠠᠨ ᠲᠠᠢ | ᠲᠡᠮᠡᠴᠡᠵᠦ ᠪᠠᠴᠢᠮ ᠪᠠᠶᠢᠳᠠᠯ ᠢ ᠠᠷᠭᠠᠴᠠᠨ᠎ᠠ᠃ᠪᠠᠷᠢᠯᠭ᠎ᠠ ᠶᠢᠨ ᠳᠡᠰ ᠨᠢ Ⅳ ᠳᠡᠰ᠂ ᠪᠠᠷᠢᠯᠭ᠎ᠠ ᠶᠢᠨ ᠬᠡᠪᠴᠢᠶ᠎ᠡ ᠨᠢ | ᠪᠠᠭ᠎ᠠ ︵1︶ ᠬᠡᠯᠪᠡᠷᠢ᠂ ᠭᠤᠣᠯ ᠪᠠᠷᠢᠯᠭ᠎ᠠ ᠶᠢᠨ ᠳᠡᠰ ᠨᠢ 4 ᠳᠡᠰ᠂ ᠭᠤᠣᠯ ᠪᠤᠰᠤ ᠪᠠᠷᠢᠯᠭ᠎ᠠ ᠶᠢᠨ ᠳᠡᠰ ᠨᠢ 5 | ᠳᠡᠰ᠂ ᠲᠦᠷ ᠴᠠᠭ ᠤᠨ ᠪᠠᠷᠢᠯᠭ᠎ᠠ ᠶᠢᠨ ᠳᠡᠰ ᠨᠢ 5 ᠳᠡᠰ ᠪᠣᠯᠣᠨ᠎ᠠ᠃ᠦᠶᠡᠷ ᠤᠨ ᠤᠰᠤᠨ ᠤ ᠪᠠᠷᠢᠮᠵᠢᠶ᠎ᠠ ᠶᠢ 50 | ᠵᠢᠯ ᠳᠤ ᠨᠢᠭᠡ ᠤᠳᠠᠭ᠎ᠠ ᠲᠣᠬᠢᠷᠠᠭᠤᠯᠵᠤ᠂ ᠦᠶᠡᠷ ᠤᠨ ᠤᠰᠤᠨ ᠤ ᠪᠠᠷᠢᠮᠵᠢᠶ᠎ᠠ ᠶᠢ 500 ᠵᠢᠯ ᠳᠤ ᠨᠢᠭᠡ ᠤᠳᠠᠭ᠎ᠠ | ᠬᠠᠷᠭᠤᠭᠤᠯᠬᠤ ᠪᠠᠷ ᠲᠥᠯᠥᠪᠯᠡᠨ᠎ᠡ᠃ | ᠤᠰᠤᠨ ᠴᠥᠭᠦᠷᠥᠮ ᠤᠨ ᠪᠠᠷᠢᠯᠭ᠎ᠠ ᠨᠢ ᠭᠤᠣᠯᠳᠠᠭᠤ ᠶᠡᠭᠡ ᠬᠠᠰᠢᠯᠭ᠎ᠠ ︵ᠪᠠᠷᠤᠭᠰᠢᠨ ᠪᠧᠲ᠋ᠤᠨ ᠤ ᠭᠤᠣᠯ ᠬᠡᠷᠡᠮ | ᠣᠪᠣᠭᠠᠯᠠᠭᠰᠠᠨ ᠴᠢᠯᠠᠭᠤᠨ ᠬᠠᠰᠢᠯᠭ᠎ᠠ︶᠂ ᠡᠷᠭᠢ ᠶᠢᠨ ᠬᠠᠵᠠᠭᠤ ᠶᠢᠨ ᠵᠠᠳᠠᠭᠠᠢ ᠮᠠᠶ᠋ᠢᠭ ᠤᠨ ᠦᠶᠡᠷ ᠪᠢᠯᠬᠠᠬᠤ ᠵᠠᠮ᠂ | ᠦᠶᠡᠷ ᠵᠠᠯᠠᠬᠤ ᠡᠯᠡᠰᠦ ᠵᠠᠯᠠᠬᠤ ᠨᠦᠬᠡ᠂ ᠤᠰᠤ ᠬᠠᠩᠭᠠᠬᠤ ᠨᠦᠬᠡ ᠪᠠᠷ ᠪᠦᠷᠢᠯᠳᠦᠭᠰᠡᠨ ᠪᠠᠶᠢᠳᠠᠭ᠃ᠤᠰᠤᠨ | ᠴᠥᠭᠦᠷᠥᠮ ᠤᠨ ᠶᠡᠷᠦᠩᠬᠡᠢ ᠪᠠᠭᠲᠠᠭᠠᠮᠵᠢ ᠨᠢ 998 ᠲᠦᠮᠡᠨ m3᠂ ᠦᠬᠦᠮᠡᠯ ᠪᠠᠭᠲᠠᠭᠠᠮᠵᠢ ᠨᠢ 13.17 ᠲᠦᠮᠡᠨ | m3 ᠪᠠᠶᠢᠵᠤ᠂ ᠶᠡᠭᠡ ᠬᠠᠰᠢᠯᠭ᠎ᠠ ᠳᠤ ᠪᠠᠷᠤᠭᠰᠢᠨ ᠪᠧᠲ᠋ᠤᠨ ᠤ ᠭᠤᠣᠯ ᠬᠡᠷᠡᠮ ᠤᠨ ᠴᠢᠯᠠᠭᠤᠨ ᠬᠠᠰᠢᠯᠭ᠎ᠠ ᠶᠢ | ᠳᠠᠷᠤᠵᠤ᠂ ᠬᠠᠰᠢᠯᠭ᠎ᠠ ᠶᠢᠨ ᠣᠷᠣᠢ ᠶᠢᠨ ᠡᠷᠭᠦᠭᠳᠡᠴᠡ ᠨᠢ 1351.00m᠂ ᠬᠠᠮᠤᠭ ᠤᠨ ᠶᠡᠭᠡ ᠬᠠᠰᠢᠯᠭ᠎ᠠ ᠶᠢᠨ | ᠥᠨᠳᠥᠷ ᠨᠢ 35.00m᠂ ᠬᠠᠰᠢᠯᠭ᠎ᠠ ᠶᠢᠨ ᠣᠷᠣᠢ ᠶᠢᠨ ᠣᠷᠳᠣ ᠨᠢ 519.00m᠂ ᠬᠠᠰᠢᠯᠭ᠎ᠠ ᠶᠢᠨ | ᠣᠷᠣᠢ ᠶᠢᠨ ᠥᠷᠭᠡᠨ ᠨᠢ 7m ᠪᠠᠶᠢᠳᠠᠭ᠃ᠰᠢᠩᠯᠢ ᠶᠢᠨ ᠲᠣᠬᠢᠷᠠᠭᠤᠯᠤᠯᠲᠠ ᠪᠠ ᠶᠡᠷᠦᠩᠬᠡᠶᠢᠯᠡᠨ ᠵᠠᠳᠠᠯᠵᠤ | ᠠᠳᠠᠯᠢᠳᠬᠠᠨ ᠰᠣᠩᠭᠤᠬᠤ ᠪᠠᠷ ᠳᠡᠮᠵᠢᠨ᠂ ᠬᠡᠪ ᠤᠨ ᠤᠰᠤᠨ ᠲᠦᠪᠰᠢᠨ 1343.00m᠂ ᠲᠣᠭᠲᠠᠮᠠᠯ ᠤᠰᠤᠨ | ᠲᠦᠪᠰᠢᠨ 1333.0m᠂ ᠪᠤᠴᠠᠯᠲᠠ ᠶᠢᠨ ᠤᠰᠤᠨ ᠤ ᠣᠷᠳᠣ ᠨᠢ 1.652m ᠪᠣᠯᠣᠨ᠎ᠠ ᠭᠡᠵᠦ ᠲᠣᠭᠲᠠᠭᠠᠭᠰᠠᠨ | ᠪᠠᠶᠢᠨ᠎ᠠ᠃ ᠢ ᠰᠢᠩᠯᠢ ᠶᠢᠨ ᠲᠣᠬᠢᠷᠠᠭᠤᠯᠤᠯᠲᠠ ᠪᠠ ᠶᠡᠷᠦᠩᠬᠡᠶᠢᠯᠡᠭᠰᠡᠨ ᠵᠠᠳᠠᠯᠤᠯᠲᠠ ᠶᠢᠨ ᠠᠳᠠᠯᠢᠳᠬᠠᠨ | ᠰᠣᠩᠭᠤᠬᠤ ᠪᠠᠷ ᠳᠡᠮᠵᠢᠨ᠂ ᠬᠡᠪ ᠤᠨ ᠤᠰᠤᠨ ᠲᠦᠪᠰᠢᠨ 1343.00m᠂ ᠪᠤᠴᠠᠯᠲᠠ ᠶᠢᠨ ᠤᠰᠤᠨ ᠤ ᠣᠷᠳᠣ | ᠨᠢ 1.652m ᠪᠣᠯᠣᠨ᠎ᠠ᠃ | ᠵᠢᠢ ᠴᠢᠩ ᠰᠢᠶᠠ ᠤᠰᠤᠨ ᠴᠥᠭᠦᠷᠥᠮ ᠢ ᠪᠠᠶᠢᠭᠤᠯᠤᠭᠰᠠᠨ ᠤ ᠳᠠᠷᠠᠭ᠎ᠠ᠂ ᠵᠦᠸᠧᠽᠢ ᠰᠢᠶᠠᠨ ᠤ ᠴᠢ ᠰᠢᠶᠠ ᠶᠢᠩ | ᠪᠠᠯᠭᠠᠰᠤᠨ ᠤ ᠥᠪᠥᠷ ᠮᠣᠩᠭᠤᠯ ᠤᠨ ᠥᠪᠥᠷ ᠮᠣᠩᠭᠤᠯ ᠤᠨ ᠢᠳᠦᠶᠢᠩ ᠪᠦᠯᠦᠭᠯᠡᠯ ᠤᠨ ᠳ᠋ᠦᠩ ᠰᠢᠩ ᠬᠢᠮᠢ ᠶᠢᠨ | ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠴᠢ 300 ᠲᠦᠮᠡᠨ m3/a ᠤᠰᠤ | ᠬᠠᠩᠭᠠᠵᠤ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠢ ᠪᠠᠭᠠᠰᠬᠠᠨ᠎ᠠ᠃ᠡᠶᠢᠮᠦ ᠠᠴᠠ ᠵᠢᠢ ᠴᠢᠩ ᠰᠢᠶᠠ | ᠬᠠᠪᠴᠢᠯ ᠤᠨ ᠤᠰᠤᠨ ᠴᠥᠭᠦᠷᠥᠮ ᠢ ᠪᠠᠶᠢᠭᠤᠯᠬᠤ ᠪᠣᠯ ᠵᠦᠸᠧᠽᠢ ᠰᠢᠶᠠᠨ ᠤ ᠴᠢ ᠰᠢᠶᠠ ᠶᠢᠩ ᠪᠠᠯᠭᠠᠰᠤᠨ ᠤ ᠠᠵᠤ | ᠦᠢᠯᠡᠳᠪᠦᠷᠢ ᠳᠤ ᠬᠡᠷᠡᠭᠯᠡᠬᠦ ᠤᠰᠤᠨ ᠤ ᠰᠤᠷᠪᠤᠯᠵᠢ ᠶᠢᠨ ᠪᠠᠴᠢᠮ ᠱᠠᠭᠠᠷᠳᠠᠯᠭ᠎ᠠ ᠪᠣᠯᠣᠨ᠎ᠠ᠃ | ᠲᠣᠰ ᠲᠥᠷᠥᠯ ᠵᠦᠢᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠭᠠᠵᠠᠷ ᠲᠠᠲᠠᠪᠤᠷᠢᠯᠠᠭᠰᠠᠨ ᠲᠠᠯᠠᠪᠠᠶ ᠨᠢ | 685.68 ᠮᠦ ᠪᠠᠶᠢᠵᠤ᠂ ᠡᠭᠦᠨ ᠳᠤ ᠭᠠᠵᠠᠷ ᠲᠠᠲᠠᠪᠤᠷᠢᠯᠠᠭᠰᠠᠨ ᠲᠠᠯᠠᠪᠠᠶ ᠨᠢ 545.29 ᠮᠦ᠂ ᠲᠦᠷ ᠬᠡᠷᠡᠭᠯᠡᠭᠰᠡᠨ | ᠭᠠᠵᠠᠷ ᠨᠢ 140.39 ᠮᠦ ᠪᠣᠯᠣᠨ᠎ᠠ᠃ | ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 38691.71 ᠲᠦᠮᠡᠨ ᠲᠥᠭᠦᠷᠢᠭ ᠪᠠᠶᠢᠵᠤ᠂ ᠪᠡᠯᠡ | ᠮᠥᠩᠭᠦ ᠶᠢ ᠪᠦᠬᠦᠨ ᠢ ᠠᠵᠤ ᠠᠬᠤᠶᠢᠯᠠᠯ ᠥᠪᠡᠷ ᠢᠶᠠᠨ ᠴᠤᠭᠯᠠᠭᠤᠯᠤᠨ᠎ᠠ᠃ | ᠭᠤᠷᠪᠠ᠂ ᠦᠨᠡᠯᠡᠨ ᠵᠢᠱᠢᠬᠦ ᠨᠢᠭᠡᠴᠢ | ᠨᠢᠭᠡᠴᠡ ᠶᠢᠨ ᠨᠡᠷᠡᠶᠢᠳᠦᠯ᠄ ᠥᠪᠥᠷ ᠮᠣᠩᠭᠤᠯ ᠤᠨ ᠳᠤᠮᠳᠠᠳᠤ ᠤᠯᠤᠰ ᠤᠨ ᠬᠤᠭᠤᠷᠣᠨᠳᠣᠬᠢ ᠢᠨᠵᠧᠨᠧᠷᠢᠩ ᠤᠨ | ᠯᠠᠪᠯᠠᠯᠭ᠎ᠠ ᠥᠭᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠨᠢᠭᠡᠴᠡ ᠶᠢᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠨᠬᠤᠸᠠ ᠵᠡᠭᠦᠨ ᠵᠡᠭᠡᠯᠢ ᠶᠢᠨ ᠰᠢᠨᠬᠤᠸᠠ | ᠾᠦᠢ B2309 | ᠬᠠᠷᠢᠯᠴᠠᠬᠤ ᠬᠥᠮᠥᠨ᠄ ᠰᠢᠦᠢ ᠰᠢᠨ ᠬᠤᠸᠠ | ᠬᠠᠷᠢᠯᠴᠠᠬᠤ ᠤᠲᠠᠰᠤ᠄ 15804715092 | E-mail: nmgzj365@163.com | ᠳᠥᠷᠪᠡ᠂ ᠪᠦᠲᠦᠭᠡᠨ ᠪᠠᠶᠢᠭᠤᠯᠬᠤ ᠨᠢᠭᠡᠴᠢ | ᠨᠢᠭᠡᠴᠡ ᠶᠢᠨ ᠨᠡᠷᠡᠶᠢᠳᠦᠯ᠄ ᠥᠪᠥᠷ ᠮᠣᠩᠭᠤᠯ ᠤᠨ ᠢ ᠳ᠋ᠦᠩ ᠪᠦᠯᠦᠭᠯᠡᠯ ᠤᠨ ᠳ᠋ᠦᠩ ᠰᠢᠩ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠬᠠᠷᠢᠯᠴᠠᠬᠤ ᠬᠥᠮᠥᠨ᠄ ᠵᠧᠩ ᠯᠧ | ᠬᠠᠷᠢᠯᠴᠠᠬᠤ ᠤᠲᠠᠰᠤ᠄ 15247466999 | ᠲᠠᠪᠤ᠂ ᠯᠠᠪᠯᠠᠨ ᠠᠰᠠᠭᠤᠬᠤ ᠵᠦᠢᠯ | ᠣᠯᠠᠨ ᠨᠡᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠭᠡᠪᠡᠯ᠄ ᠲᠠ ᠲᠤᠰ ᠵᠦᠢᠯᠡᠰ ᠢ ᠬᠡᠷᠡᠭᠵᠢᠭᠦᠯᠬᠦ ᠳᠤ ᠶᠠᠮᠠᠷ | ᠰᠠᠨᠠᠭᠤᠯᠭ᠎ᠠ ᠪᠠ ᠰᠠᠨᠠᠯ ᠲᠠᠢ ᠪᠤᠢ᠃ | ᠵᠢᠷᠭᠤᠭ᠎ᠠ᠂ ᠢᠯᠡ ᠨᠡᠶᠢᠲᠡᠯᠡᠬᠦ ᠲᠣᠳᠣᠷᠬᠠᠶᠢᠯᠠᠯᠲᠠ | 1. ᠲᠤᠰ ᠤᠳᠠᠭᠠᠨ ᠤ ᠣᠯᠠᠨ ᠨᠡᠶᠢᠲᠡ ᠶᠢᠨ ᠰᠠᠨᠠᠯ ᠢ ᠵᠠᠬᠢᠳᠠᠯ᠂ ᠹᠠᠺᠰ᠂ ᠡᠯᠧᠺᠲᠷᠣᠨ ᠰᠢᠤᠳᠠᠨ ᠵᠦᠢᠯ | ᠵᠡᠷᠭᠡ ᠪᠢᠴᠢᠭ ᠤᠨ ᠬᠡᠯᠪᠡᠷᠢ ᠪᠠᠷ ᠪᠦᠲᠦᠭᠡᠨ ᠪᠠᠶᠢᠭᠤᠯᠬᠤ ᠨᠢᠭᠡᠴᠡ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ | ᠠᠶᠤᠯ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠲᠠᠢ ᠬᠠᠷᠢᠯᠴᠠᠵᠤ ᠪᠣᠯᠣᠨ᠎ᠠ᠃ | 2᠂ ᠵᠠᠷᠯᠠᠨ ᠨᠡᠶᠢᠲᠡᠯᠡᠬᠦ ᠶᠢᠨ ᠡᠬᠢᠯᠡᠵᠦ ᠳᠠᠭᠤᠰᠬᠤ ᠴᠠᠭ᠄ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ 15 | ᠡᠳᠦᠷ ᠤᠨ ᠳᠣᠲᠣᠷ᠎ᠠ᠃ | 3. ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠰᠠᠨᠠᠭᠤᠯᠭ᠎ᠠ ᠪᠤᠶᠤ ᠰᠠᠨᠠᠯ ᠢ ᠢᠯᠡ ᠨᠡᠶᠢᠲᠡᠯᠡᠭᠰᠡᠨ ᠬᠤᠭᠤᠴᠠᠭᠠᠨ ᠳᠤ | ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠢᠭᠡᠴᠡ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠤᠨ | ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠭᠰᠠᠨ ᠨᠢᠭᠡᠴᠡ ᠳᠤ | ᠳᠤᠷᠠᠳᠴᠤ ᠪᠣᠯᠣᠨ᠎ᠠ᠃ | ᠵᠠᠷᠯᠠᠨ ᠨᠡᠶᠢᠲᠡᠯᠡᠭᠰᠡᠨ ᠨᠢᠭᠡᠴᠢ᠄ ᠥᠪᠥᠷ ᠮᠣᠩᠭᠤᠯ ᠤᠨ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠨᠡᠭᠡᠭᠡᠨ ᠬᠥᠭᠵᠢᠭᠦᠯᠬᠦ ᠣᠷᠣᠨ ᠵᠦᠸᠧ ᠽᠢ ᠶᠤᠸᠠᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ | ᠵᠠᠷᠯᠠᠨ ᠨᠡᠶᠢᠲᠡᠯᠡᠭᠰᠡᠨ ᠴᠠᠭ᠄ 2022 ᠣᠨ ᠤ 8 ᠰᠠᠷ᠎ᠠ ᠶᠢᠨ 25 | | |