ᠴᠠᠭᠠᠨ ᠦᠰᠦ ᠶᠢ ᠦᠭᠲᠡᠭᠡᠬᠦ ᠲᠤᠰᠤᠮ ᠤᠷᠭᠤᠳᠠᠭ ᠤᠤ︖
ᠨᠡᠶᠢᠲᠡᠯᠡᠭᠰᠡᠨ ᠴᠠᠭ᠄
2022/9/8
ᠴᠠᠭᠠᠨ ᠦᠰᠦ ᠶᠢ ᠦᠭᠲᠡᠭᠡᠬᠦ ᠲᠤᠰᠤᠮ ᠤᠷᠭᠤᠳᠠᠭ ᠤᠤ︖        ᠴᠠᠭᠠᠨ ᠦᠰᠦ ᠶᠠᠭᠠᠬᠢᠭᠠᠳ ᠤᠯᠠᠮ ᠨᠡᠮᠡᠭᠳᠡᠳᠡᠭ ᠪᠤᠢ︖ ᠵᠠᠷᠢᠮ ᠬᠥᠮᠥᠨ ᠤ ᠦᠵᠡᠬᠦ ᠪᠠᠷ᠂ ᠴᠠᠭᠠᠨ ᠦᠰᠦᠦᠭᠲᠡᠭᠡᠬᠦ ᠲᠤᠰᠤᠮ ᠨᠡᠮᠡᠭᠳᠡᠨ᠎ᠡ ᠭᠡᠵᠦ ᠪᠤᠢ᠃ ᠡᠨᠡ ᠨᠢ ᠡᠰᠢ ᠪᠠᠷᠢᠮᠲᠠ ᠲᠠᠢ ᠤᠤ︖ ᠬᠤᠨᠠᠨ ᠮᠤᠵᠢ ᠵᠢᠨᠠᠷᠠᠳ ᠤᠨ ᠡᠮᠨᠡᠯᠭᠡ ᠶᠢᠨ ᠬᠤᠷᠢᠶᠠᠨ ᠤ ᠠᠷᠠᠰᠤᠨ ᠤ ᠡᠮᠨᠡᠯᠬᠡ ᠶᠢᠨ ᠡᠷᠬᠢᠯᠡᠭᠴᠢ ᠡᠮᠴᠢ ᠰᠢᠶᠣᠣ ᠸᠧᠢ ᠷᠦᠩᠬᠡᠯᠡᠬᠦ ᠳᠡᠭᠡᠨ᠂ ᠡᠨᠡ ᠨᠢ ᠶᠠᠮᠠᠷᠴᠤ ᠰᠢᠨᠵᠢᠯᠡᠬᠦ ᠤᠬᠠᠭᠠᠨ ᠤ ᠡᠰᠢ ᠪᠠᠷᠢᠮᠲᠠ ᠦᠭᠡᠢ ᠶᠤᠮ ᠭᠡᠵᠡᠢ᠃     ᠲᠡᠭᠡᠪᠡᠯ᠂ ᠶᠠᠭᠠᠬᠢᠭᠠᠳ ᠬᠥᠮᠥᠨ ᠤ ᠨᠠᠰᠤ ᠨᠡᠮᠡᠭᠳᠡᠬᠦ ᠶᠢ ᠳᠠᠭᠠᠯᠳᠤᠨ᠂ ᠭᠡᠵᠢᠭᠡ ᠦᠰᠦ ᠨᠢ ᠪᠤᠭᠤᠷᠤᠯᠲᠤᠵᠤ᠂ ᠨᠡᠩ ᠴᠦ ᠵᠠᠯᠠᠭᠤᠴᠤᠳ ᠤᠨ ᠳᠤᠮᠳᠠ ᠪᠤᠭᠤᠷᠤᠯ ᠦᠰᠦ ᠲᠠᠢ ᠬᠥᠮᠥᠨ ᠣᠯᠠᠰᠢᠷᠠᠭᠰᠠᠨ ᠪᠣᠯ︖ ᠡᠭᠦᠨ ᠤ ᠲᠤᠬᠠᠶᠢᠰᠢᠶᠣᠣ ᠸᠧᠢ ᠷᠦᠩ ᠬᠡᠯᠡᠬᠦ ᠳᠡᠭᠡᠨ᠂ ᠵᠠᠯᠠᠭᠤ ᠬᠥᠮᠥᠨ ᠤ ᠭᠡᠵᠢᠭᠡ ᠨᠢ ᠳᠠᠰᠦ ᠬᠠᠷ᠎ᠠ ᠪᠠᠶᠢᠳᠠᠭ ᠨᠢ ᠦᠰᠦᠨ ‍ᠤᠤᠭ ᠲᠤ ᠬᠠᠷ᠎ᠠ ᠥᠩᠭᠡᠨ ᠤ ᠡᠳ᠋ ᠪᠠᠶᠢᠳᠠᠭ ᠠᠴᠠ ᠪᠣᠯᠤᠭᠰᠠᠨ ᠶᠤᠮ᠃ ᠨᠠᠰᠤ ᠨᠡᠮᠡᠭᠳᠡᠬᠦ ᠶᠢ ᠳᠠᠭᠠᠯᠳᠤᠨ᠂ᠦᠩᠬᠡᠨ ᠤ ᠡᠳ᠋ ᠤᠨ ᠢᠳᠡᠪᠬᠢ ᠴᠢᠨᠠᠷ ᠨᠢ ᠪᠠᠭᠤᠷᠠᠵᠤ᠂ ᠠᠭᠠᠵᠢᠮ ᠢᠶᠠᠷ ᠪᠤᠭᠤᠷᠤᠯᠲᠤᠳᠠᠭ ᠶᠤᠮ ᠪᠠᠶᠢᠨ᠎ᠠ᠃  ᠬᠠᠷ᠎ᠠ ᠥᠩᠭᠡᠨ ᠤ ᠡᠳ᠋ ᠡᠭᠦᠰᠬᠦ ᠶᠠᠪᠤᠴᠠ ᠳᠤ ᠵᠡᠰ᠂ ᠴᠠᠶᠢᠷ᠂ ᠲᠡᠮᠦᠷ ᠵᠡᠷᠭᠡ ᠪᠢᠴᠢᠯ ᠡᠯᠧᠮᠧᠨ᠋ᠲ ᠬᠡᠷᠡᠭᠲᠡᠢ᠃ᠬᠡᠷᠪᠡ ᠬᠥᠮᠥᠨ ᠤ ᠪᠡᠶ᠎ᠡ ᠳᠤ ᠡᠲᠡᠭᠡᠷ ᠡᠯᠧᠮᠧᠨ᠋ᠲ ᠳᠤᠲᠠᠭᠳᠠᠪᠠᠯ᠂ ᠬᠠᠷ᠎ᠠ ᠥᠩᠭᠡᠨ ᠤ ᠡᠳ᠋ ᠤᠨ ᠪᠣᠶ ᠪᠣᠯᠬᠤ ᠵᠢᠨᠥᠯᠥᠭᠡᠯᠡᠬᠦ ᠪᠣᠯᠬᠤᠷ ᠭᠡᠵᠢᠭᠡ ᠰᠢᠷᠠᠯᠠᠬᠤ ᠪᠤᠶᠤ ᠴᠢᠨᠠᠭᠰᠢᠯᠠᠭᠠᠳ‌‍ᠴᠠᠶᠢᠷᠠᠳᠠᠭ᠃ ᠡᠭᠦᠨ ᠠᠴᠠ ᠭᠠᠳᠠᠨ᠎ᠠ᠂ ᠤᠳᠤᠮᠰᠢᠯ᠂ ᠣᠶᠣᠨ ᠰᠠᠨᠠᠭᠠᠨ ᠤ ᠨᠥᠯᠥᠭᠡᠯᠡᠯ ᠵᠡᠷᠭᠡ ᠨᠢ ᠪᠠᠰᠠ ᠦᠰᠦ ᠴᠠᠶᠢᠬᠤ ᠶᠢᠨ ᠴᠢᠬᠤᠯᠠ ᠰᠢᠯᠲᠠᠭᠠᠨ ᠪᠤᠯᠵᠤ᠋ ᠪᠠᠶᠢᠭ᠎ᠠ ᠶᠤᠮ᠃        ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2