ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠶᠠᠮᠤᠨ ᠣᠶᠢᠷ᠎ᠠ ᠳᠤ ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠶᠢᠨ | ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠮᠡᠳᠡᠭᠳᠡᠯ ᠳᠠᠷᠤᠮᠠᠯᠯᠠᠨ | ᠲᠠᠷᠬᠠᠭᠠᠵᠤ᠂ ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠬᠤ | ᠬᠡᠷᠡᠭᠲᠡᠢ ᠭᠡᠵᠦ ᠡᠯ᠎ᠡ ᠭᠠᠵᠠᠷ ᠤᠨ ᠬᠢᠨ ᠳᠤ ᠱᠠᠭᠠᠷᠳᠠᠪᠠ᠃ ᠬᠤᠲᠠ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ | ᠠᠮᠠ 300 ᠲᠦᠮᠡ ᠬᠦᠷᠬᠦ ᠦᠭᠡᠢ ᠬᠤᠲᠠ ᠳᠤ 150 ᠮᠧᠳ᠋ᠷ ᠠᠴᠠ ᠳᠡᠭᠡᠭᠰᠢᠬᠢ ᠬᠡᠲᠦ ᠥᠨᠳᠥᠷ ᠳᠠᠪᠬᠤᠷᠭ᠎ᠠ ᠶᠢᠨ | ᠪᠠᠷᠢᠯᠭ᠎ᠠ ᠶᠢ ᠰᠢᠨ᠎ᠡ ᠪᠠᠷ ᠪᠠᠶᠢᠭᠤᠯᠬᠤ᠂ ᠬᠤᠲᠠ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ 300 | ᠲᠦᠮᠡ ᠠᠴᠠ ᠳᠡᠭᠡᠭᠰᠢᠬᠢ ᠬᠤᠲᠠ ᠳᠤ 250 ᠮᠧᠳ᠋ᠷ ᠠᠴᠠ ᠳᠡᠭᠡᠭᠰᠢᠬᠢ ᠬᠡᠲᠦ ᠥᠨᠳᠥᠷ ᠳᠠᠪᠬᠤᠷᠭ᠎ᠠ ᠶᠢᠨ | ᠪᠠᠷᠢᠯᠭ᠎ᠠ ᠶᠢ ᠰᠢᠨ᠎ᠡ ᠪᠠᠷ ᠪᠠᠶᠢᠭᠤᠯᠬᠤ ᠳᠤ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠶᠣᠰᠣᠭᠠᠷ᠂ ᠴᠢᠬᠤᠯᠠ ᠶᠡᠭᠡ ᠣᠯᠠᠨ | ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠭᠠᠵᠤ ᠬᠤᠲᠠ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠬᠦ ᠬᠡᠷᠡᠭᠲᠡᠢ᠃ | |