| ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨᠡᠵᠡᠮᠳᠡᠬᠦ ᠲᠣᠭᠲᠠᠴᠠ 1 ᠳ᠋ᠦ᠋ᠭᠡᠷ | ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡᠨᠡᠶᠢᠲᠡᠯᠡᠬᠦ ᠬᠤᠷᠠᠯ ᠬᠤᠷᠠᠯᠳᠤᠭᠤᠯᠵᠤ᠂ ᠠᠷᠪᠠᠳᠤᠭᠠᠷ | ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠦᠨᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠂ ᠬᠠᠮᠲᠤ ᠪᠠᠷ | ᠦᠵᠡᠵᠡᠭᠡᠶ᠎ᠡ᠃ | | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ | | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦᠲ᠋ᠥ᠋ᠰᠥᠯ ᠳᠤ ᠭᠤᠣᠯᠳᠠᠭᠤ ᠶᠠᠮᠠᠷ ᠶᠠᠮᠠᠷ ᠲᠣᠬᠢᠷᠠᠭᠤᠯᠤᠯᠲᠠ ᠬᠢᠭᠰᠡᠨ | ᠪᠣᠶ︖ | | ᠨᠢᠭᠡ ᠳᠤ᠂ ᠡᠪᠡᠳᠴᠢᠨ ᠤ ᠨᠡᠷ᠎ᠡ ᠶᠢ ᠰᠢᠨᠡᠴᠢᠯᠡᠪᠡ᠃ ︽ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ︾ ᠢ | ︽ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ︾ ᠭᠡᠵᠦ ᠥᠭᠡᠷᠡᠴᠢᠯᠡᠨ᠎ᠡ︔ | | ᠬᠤᠶᠠᠷ ᠲᠤ᠂ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠪᠠᠶᠢᠩᠭᠤᠵᠢᠭᠰᠠᠨ | ᠪᠠᠶᠢᠳᠠᠯᠲ᠋ᠣᠣᠷᠠ᠂ ᠭᠤᠣᠯᠳᠠᠭᠤ ᠸᠢᠷᠦ᠋ᠰ ᠤᠨ ᠣᠨᠳᠣᠣᠰᠢᠯ ᠤᠨ ᠬᠢᠨᠠᠨ ᠰᠢᠨᠵᠢᠯᠡᠯᠲᠡ᠂ ᠣᠨᠴᠠᠭᠠᠶ ᠬᠡᠷᠡᠭ ᠦᠨᠮᠡᠳᠡᠭᠦᠯᠦᠯᠲᠡ᠂ | ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ ᠬᠢᠨᠠᠨ ᠰᠢᠨᠵᠢᠯᠡᠯᠲᠡ᠂ᠰᠢᠯᠲᠠᠭᠠᠨ ᠨᠢ ᠲᠣᠳᠣᠷᠬᠠᠢ ᠦᠭᠡᠢ ᠠᠭᠤᠰᠬᠢᠨ | ᠦᠷᠪᠢᠰᠦᠯ ᠤᠨ ᠬᠢᠨᠠᠨ ᠰᠢᠨᠵᠢᠯᠡᠯᠲᠡ᠂ ᠬᠤᠲᠠ ᠶᠢᠨ ᠪᠣᠬᠢᠷᠤᠰᠤᠨ ᠤ ᠬᠢᠨᠠᠨ ᠰᠢᠨᠵᠢᠯᠡᠯᠲᠡ ᠵᠡᠷᠭᠡ ᠶᠢ ᠥᠷᠨᠢᠭᠦᠯᠦᠨ᠎ᠡ᠃ | ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯᠲ᠋ᠣᠣᠷᠠ᠂ ᠪᠥᠭᠡᠮ ᠬᠦᠴᠢᠯ ᠪᠠ ᠥᠳᠥᠭᠡᠭᠴᠢ ᠶᠢᠨ ᠪᠠᠶᠢᠴᠠᠭᠠᠨ ᠰᠢᠯᠭᠠᠯᠲᠠ | ᠬᠢᠨᠠᠨ ᠰᠢᠨᠵᠢᠯᠡᠯᠲᠠ᠂ᠬᠠᠯᠠᠭᠤᠷᠠᠯ ᠤᠨ ᠡᠭᠦᠳᠡᠨ ᠡᠮᠨᠡᠯᠭᠡ ᠶᠢᠨ ᠬᠢᠨᠠᠨ ᠰᠢᠨᠵᠢᠯᠡᠯᠲᠠ᠂ ᠭᠤᠣᠯᠳᠠᠯᠭ᠎ᠠ ᠲᠠᠢ | ᠪᠠᠶᠢᠭᠤᠯᠤᠮᠵᠢ ᠵᠢᠨᠬᠢᠨᠠᠨ ᠰᠢᠨᠵᠢᠯᠡᠯᠲᠠ ᠵᠡᠷᠭᠡ ᠶᠢ ᠨᠡᠮᠡᠭᠳᠡᠭᠦᠯᠦᠨ᠎ᠡ︔ | | ᠭᠤᠷᠪᠠ ᠳᠤ᠂ ᠪᠠᠶᠢᠴᠠᠭᠠᠨ ᠰᠢᠯᠭᠠᠬᠤ ᠠᠷᠭ᠎ᠠ ᠪᠣᠳᠣᠯᠭ᠎ᠠ ᠳᠤ ᠲᠣᠬᠢᠷᠠᠭᠤᠯᠤᠯᠲᠠ ᠬᠢᠨ᠎ᠡ᠃ ᠪᠥᠬᠦ ᠠᠷᠠᠳ ᠤᠨ | ᠪᠥᠭᠡᠮᠬᠦ᠋ᠴᠢᠯ ᠤᠨ ᠰᠢᠭᠰᠢᠨ ᠪᠠᠶᠢᠴᠠᠭᠠᠯᠲᠠ ᠶᠢ ᠳᠠᠭᠢᠵᠤ ᠥᠷᠨᠢᠭᠦᠯᠬᠦ ᠦᠭᠡᠢ᠂ ᠨᠡᠶᠢᠭᠡᠮ ᠲᠣᠭᠤᠷᠢᠭ ᠤᠨᠰᠠᠭᠤᠭᠠᠯᠢ ᠠᠷᠠᠳ | ᠬᠡᠷᠡᠭᠴᠡᠭᠡ ᠪᠠᠨ ᠦᠨᠳᠦᠰᠦᠯᠡᠨ ︽ᠪᠠᠶᠢᠴᠠᠭᠠᠯᠭᠠᠬᠤ ᠬᠦᠰᠡᠯ ᠲᠠᠢ ᠨᠢ ᠪᠠᠶᠢᠴᠠᠭᠠᠯᠭᠠᠵᠤ︾ ᠪᠣᠯᠣᠨ᠎ᠠ᠃ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠠᠰᠠᠷᠠᠮᠵᠢ ᠵᠢᠨᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠪᠠᠶᠢᠭᠤᠯᠤᠮᠵᠢ ᠶᠢᠨ | ᠠᠵᠢᠯᠲᠠᠨ ᠪᠠ ᠬᠠᠷᠠᠵᠤ ᠬᠠᠷᠠᠭᠠᠯᠵᠠᠬᠤᠠᠵᠢᠯᠲᠠᠳ ᠲᠤ ᠬᠢᠵᠢᠭ ᠳᠡᠯᠭᠡᠷᠡᠵᠦ ᠪᠠᠶᠢᠭ᠎ᠠ ᠬᠤᠭᠤᠴᠠᠭᠠᠨ ᠳᠤ ᠲᠣᠭᠲᠠᠮᠠᠯ | ᠬᠤᠭᠤᠴᠠᠭ᠎ᠠ ᠲᠠᠢ ᠪᠠᠷᠥᠳᠥᠭᠡᠭᠴᠢ ᠪᠤᠶᠤ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠠ ᠬᠢᠬᠦ ᠬᠡᠷᠡᠭᠲᠡᠢ᠃ | ᠨᠡᠶᠢᠭᠡᠮᠲ᠋ᠣᠭᠤᠷᠢᠭ ᠤᠨ ᠬᠦᠨᠳᠦ ᠡᠪᠡᠳᠴᠢᠨ ᠤ ᠠᠶᠤᠯ ᠲᠦᠭᠰᠢᠭᠦᠷᠢ ᠶᠡᠬᠡᠲᠡᠢ ᠬᠥᠮᠥᠰ ᠲᠤ ᠬᠠᠮᠢᠶ᠎ᠠ ᠪᠦᠬᠦᠢᠡᠪᠡᠳᠴᠢᠨ ᠤ | ᠢᠯᠡᠷᠡᠯ ᠭᠠᠷᠤᠭᠰᠠᠨ ᠤ ᠳᠠᠷᠠᠭ᠎ᠠ ᠥᠳᠥᠭᠡᠭᠴᠢ ᠪᠤᠶᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ︔ | | ᠳᠥᠷᠪᠡ ᠳᠤ᠂ ᠬᠠᠯᠳᠠᠪᠤᠷᠢᠯᠠᠬᠤ ᠡᠬᠢ ᠰᠤᠷᠪᠤᠯᠵᠢ ᠶᠢᠨ ᠬᠠᠮᠢᠶᠠᠷᠤᠯᠲᠠ ᠳᠤ ᠲᠣᠬᠢᠷᠠᠭᠤᠯᠤᠯᠲᠠ ᠬᠢᠨ᠎ᠡ᠃ | ᠰᠢᠨ᠎ᠡᠲ᠋ᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠢ ᠲᠤᠰᠠᠭᠠᠷᠯᠠᠬᠤ ᠠᠷᠭ᠎ᠠ ᠬᠡᠮᠵᠢᠶ᠎ᠡ ᠶᠢ ᠳᠠᠭᠢᠵᠤᠬᠡᠷᠡᠭᠵᠢᠭᠦᠯᠬᠦ ᠦᠭᠡᠢ | ᠂ ᠲᠠᠰ ᠲᠥᠷᠥᠯ ᠬᠤᠪᠢᠶᠠᠨ ᠭᠥᠯᠢᠶᠡᠨ ᠠᠪᠴᠤ ᠡᠮᠨᠡᠬᠦ ᠶᠢ ᠬᠡᠷᠡᠭᠵᠢᠭᠦᠯᠦᠨ᠎ᠡ︔ᠨᠢᠭᠲᠠ ᠣᠶᠢᠷᠠᠲᠤᠭᠰᠠᠳ ᠢ ᠳᠠᠭᠢᠵᠤ | ᠮᠠᠭᠠᠳᠯᠠᠨ ᠲᠣᠭᠲᠠᠭᠠᠬᠤ ᠦᠭᠡᠢ᠂ ᠥᠨᠳᠥᠷ ᠳᠣᠣᠷ᠎ᠠ ᠲᠠᠰ ᠤᠨᠲ᠋ᠦ᠋ᠭᠰᠢᠭᠦᠷᠢᠲᠦ ᠣᠷᠣᠨ ᠢ ᠳᠠᠭᠢᠵᠤ ᠵᠠᠭᠠᠭᠯᠠᠨ | ᠲᠣᠭᠲᠠᠭᠠᠬᠤ ᠦᠭᠡᠢ︔ | | ᠲᠠᠪᠤ ᠳᠤ᠂ ᠬᠢᠵᠢᠭ ᠳᠡᠯᠭᠡᠷᠡᠵᠦ ᠪᠠᠶᠢᠭ᠎ᠠ ᠬᠤᠭᠤᠴᠠᠭᠠᠨ ᠳᠤ ᠪᠠᠴᠢᠮ ᠰᠡᠷᠭᠡᠶᠢᠯᠡᠨ ᠬᠢᠵᠠᠭᠠᠷᠯᠠᠬᠤ ᠠᠷᠭ᠎ᠠ | ᠬᠡᠮᠵᠢᠶᠡᠠᠪᠴᠤ ᠪᠣᠯᠣᠨ᠎ᠠ᠃ | | ᠬᠢᠵᠢᠭ ᠦᠨᠪᠠᠶᠢᠳᠠᠯ ᠭᠡᠨᠡᠳᠲᠡ ᠳᠡᠯᠭᠡᠷᠡᠭᠰᠡᠨ ᠬᠤᠭᠤᠴᠠᠭᠠᠨ ᠳᠤ ᠳᠠᠷᠠᠭᠠᠬᠢ ᠪᠠᠴᠢᠮ ᠰᠡᠷᠭᠡᠶᠢᠯᠡᠨ ᠡᠵᠡᠮᠳᠡᠬᠦ | ᠠᠷᠭ᠎ᠠᠬᠡᠮᠵᠢᠶ᠎ᠡ ᠶᠢ ᠠᠪᠴᠤ ᠪᠣᠯᠣᠨ᠎ᠠ | | ᠬᠢᠵᠢᠭ ᠦᠨᠪᠠᠶᠢᠳᠠᠯ ᠭᠡᠨᠡᠳᠲᠡ ᠳᠡᠯᠭᠡᠷᠡᠭᠰᠡᠨ ᠬᠤᠭᠤᠴᠠᠭᠠᠨ ᠳᠤ᠂ ᠸᠢᠷᠦ᠋ᠰ ᠤᠨ ᠣᠨᠳᠣᠣᠰᠢᠯ ᠤᠨ ᠪᠠᠶᠢᠳᠠᠯ᠂ | ᠬᠢᠵᠢᠭ ᠤᠨ ᠪᠠᠶᠢᠳᠠᠯ ᠳᠡᠯᠭᠡᠷᠡᠭᠰᠡᠨ ᠬᠦᠴᠦᠯᠡᠴᠡ᠂ ᠡᠮᠴᠢᠯᠡᠭᠡᠨ ᠤ ᠡᠬᠢ ᠪᠠᠶᠠᠯᠢᠭ ᠤᠨ ᠳᠠᠭᠠᠭᠠᠴᠠᠪᠣᠯᠣᠨ ᠨᠡᠶᠢᠭᠡᠮ ᠤᠨ | ᠠᠵᠢᠯᠯᠠᠭᠠᠨ ᠤ ᠪᠠᠶᠢᠳᠠᠯ ᠵᠡᠷᠭᠡ ᠲᠠᠢ ᠤᠶᠠᠯᠳᠤᠭᠤᠯᠤᠨ ᠶᠡᠷᠦᠩᠬᠡᠶᠢᠯᠡᠭᠰᠡᠨ ᠦᠨᠡᠯᠡᠨᠵᠢᠱᠢᠯᠲᠡ ᠬᠢᠵᠦ᠂ ᠬᠥᠮᠥᠰ ᠤᠨ | ᠬᠠᠯᠳᠠᠪᠤᠷᠢᠯᠠᠬᠤ ᠨᠤᠷᠮ᠎ᠠ ᠪᠣᠯᠣᠨ ᠡᠮᠴᠢᠯᠡᠭᠡᠨ ᠤ ᠡᠬᠢ ᠪᠠᠶᠠᠯᠢᠭ ᠤᠨᠪᠠᠴᠢᠮ ᠱᠠᠭᠠᠷᠳᠠᠭᠳᠠᠬᠤ ᠬᠡᠮᠵᠢᠶ᠎ᠡ ᠵᠡᠷᠭᠡ ᠶᠢ | ᠦᠨᠳᠦᠰᠦᠯᠡᠨ᠂ ᠴᠠᠭ ᠲᠤᠬᠠᠢ ᠳᠤ ᠨᠢ᠂ ᠬᠠᠤᠯᠢ ᠶᠣᠰᠣᠭᠠᠷᠲ᠋ᠦ᠋ᠷ ᠴᠠᠭ ᠤᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠠᠪᠴᠤ ᠪᠣᠯᠣᠨ᠎ᠠ᠃ ᠰᠢᠨ᠎ᠡ ᠲᠢᠲᠢᠮᠯᠢᠭᠸᠢᠷᠦ᠋ᠰ ᠤᠨ ᠬᠢᠵᠢᠭ ᠤᠨ ᠪᠠᠶᠢᠳᠠᠯ ᠡᠭᠦᠰᠬᠦ᠂ ᠳᠡᠯᠭᠡᠷᠡᠬᠦ ᠦᠶ᠎ᠡ ᠳᠤ᠂ | ᠪᠠᠰᠠ ᠴᠠᠭ ᠤᠨ ᠪᠠᠶᠢᠳᠠᠯ ᠳ᠋ᠤ᠋ᠲ᠋ᠣᠬᠢᠷᠠᠭᠤᠯᠵᠤ᠂ ᠬᠠᠤᠯᠢ ᠶᠣᠰᠣᠭᠠᠷ᠂ ᠰᠣᠩᠭᠤᠯᠲᠠ ᠲᠠᠢ ᠪᠠᠷ ᠵᠠᠷᠢᠮ ᠪᠠᠴᠢᠮ ᠰᠡᠷᠭᠡᠶᠢᠯᠡᠨ | ᠡᠵᠡᠮᠳᠡᠬᠦ ᠠᠷᠭ᠎ᠠᠬᠡᠮᠵᠢᠶ᠎ᠡ ᠶᠢ ᠠᠪᠴᠤ ᠪᠣᠯᠣᠨ᠎ᠠ᠃ | | ᠠᠷᠪᠠᠳᠤᠭᠠᠷᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠴᠢᠬᠤᠯᠠ ᠪᠤᠰᠤ ᠲᠣᠮᠣ ᠬᠡᠯᠪᠡᠷᠢ ᠶᠢᠨ | ᠠᠵᠢᠯᠯᠠᠭ᠎ᠠ ᠵᠢᠲ᠋ᠦ᠋ᠷ ᠬᠤᠶᠢᠰᠢᠯᠠᠭᠤᠯᠬᠤ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠭᠠᠵᠠᠷ ᠤᠨ | ᠡᠵᠡᠩᠨᠡᠯᠲᠡ ᠵᠢᠨᠠᠵᠢᠯᠯᠠᠭ᠎ᠠ ᠶᠢ ᠲᠦᠷ ᠵᠣᠭᠰᠤᠭᠠᠬᠤ ᠶᠢ ᠪᠠᠭᠲᠠᠭᠠᠭᠰᠠᠨ ᠡᠳᠦᠢ ᠲᠡᠳᠦᠢ ᠠᠷᠭ᠎ᠠ ᠬᠡᠮᠵᠢᠶ᠎ᠡ ᠶᠢ ᠵᠢᠭᠰᠠᠭᠠᠪᠠ︔ | ᠮᠦᠽᠧᠢ᠂ ᠤᠷᠠᠯᠢᠭ ᠤᠨ ᠣᠷᠳᠣᠨ ᠵᠡᠷᠭᠡ ᠭᠡᠷ ᠳᠣᠲᠣᠷᠠᠬᠢ ᠤᠯᠠᠨ ᠨᠡᠶᠢᠲᠡ ᠶᠢᠨ ᠲᠠᠯᠠᠪᠤᠷ ᠲᠤ ᠬᠥᠮᠥᠨ ᠦᠲ᠋ᠤᠭᠠ ᠶᠢ | ᠬᠢᠵᠠᠭᠠᠷᠯᠠᠬᠤ ᠠᠷᠭ᠎ᠠ ᠬᠡᠮᠵᠢᠶ᠎ᠡ ᠠᠪᠤᠨ᠎ᠠ︔ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ᠨᠡᠶᠢᠭᠡᠮ ᠤᠨ ᠠᠰᠠᠷᠠᠮᠵᠢ ᠶᠢᠨ | ᠪᠠᠶᠢᠭᠤᠯᠤᠮᠵᠢ ᠵᠡᠷᠭᠡ ᠪᠠᠭᠤᠷᠠᠢ ᠬᠥᠮᠥᠰ ᠲᠥᠪᠯᠡᠷᠡᠭᠰᠡᠨ ᠲᠠᠯᠠᠪᠤᠷ ᠢ ᠴᠢᠩᠭᠠᠬᠠᠮᠢᠶᠠᠷᠤᠨᠠ︔ ᠣᠷᠭᠢᠯ ᠦᠶ᠎ᠡ ᠶᠢ | ᠵᠥᠷᠢᠭᠦᠯᠦᠨ ᠠᠵᠢᠯ ᠳᠤ ᠪᠠᠨ ᠭᠠᠷᠬᠤ ᠪᠠ ᠠᠵᠢᠯ ᠠᠴᠠ ᠪᠠᠨ ᠪᠠᠭᠤᠬᠤ᠂ᠤᠶᠠᠨ ᠬᠠᠳᠠᠨ ᠢᠶᠠᠷ ᠠᠵᠢᠯᠯᠠᠬᠤ ᠳᠦᠷᠢᠮ ᠢ | ᠬᠡᠷᠡᠭᠵᠢᠭᠦᠯᠬᠦ ᠪᠤᠶᠤ ᠭᠡᠷ ᠲᠤ ᠪᠠᠨ ᠰᠠᠭᠤᠵᠤ ᠠᠵᠢᠯᠯᠠᠬᠤᠵᠡᠷᠭᠡ ᠠᠷᠭ᠎ᠠ ᠬᠡᠮᠵᠢᠶ᠎ᠡ ᠠᠪᠤᠨ᠎ᠠ︔ ᠪᠠᠰᠠ ᠰᠤᠷᠭᠠᠨ | ᠬᠥᠮᠦᠵᠢᠯ ᠤᠨ ᠪᠠᠶᠢᠭᠤᠯᠤᠮᠵᠢ ᠠᠴᠠ ᠲᠦᠷ ᠴᠠᠭ ᠤᠨᠴᠢᠨᠠᠷᠲᠠᠢ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ | ᠶᠠᠪᠤᠭᠤᠯᠤᠨ᠎ᠠ᠃ ᠬᠢᠵᠢᠭ ᠤᠨ ᠪᠠᠶᠢᠳᠠᠯᠨᠠᠮᠳᠠᠬᠤ ᠳᠤ ᠬᠦᠷᠪᠡᠯ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ | ᠪᠠᠴᠢᠮ ᠰᠡᠷᠭᠡᠶᠢᠯᠡᠨᠬᠢᠵᠠᠭᠠᠷᠯᠠᠬᠤ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠬᠤ ᠪᠠᠷ ᠴᠠᠭ ᠲᠤᠬᠠᠢ ᠳᠤ ᠨᠢ | ᠵᠠᠷᠯᠠᠬᠤᠬᠡᠷᠡᠭᠲᠡᠢ᠃ | | ︱ ᠸᠢᠷᠦ᠋ᠰ ᠤᠨ ᠣᠨᠳᠣᠣᠰᠢᠯ ᠤᠨ ᠬᠢᠨᠠᠨ ᠰᠢᠨᠵᠢᠯᠡᠯᠲᠡ ︱ | | ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠯ ᠤᠨᠪᠠᠶᠢᠳᠠᠯ ᠢ ᠬᠡᠷᠬᠢᠨ ᠬᠠᠮᠤᠭ ᠤᠨ ᠲᠡᠷᠢᠭᠦᠨ ᠳᠤ ᠬᠢᠨᠠᠨ ᠰᠢᠨᠵᠢᠯᠡᠬᠦ | ᠪᠤᠢ︖ | | ᠬᠢᠵᠢᠭ ᠦᠨᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠢᠨ᠎ᠡ ᠱᠠᠲᠤᠨ ᠳᠤ ᠣᠷᠣᠭᠰᠠᠨ ᠠᠴᠠ ᠨᠠᠭᠠᠰᠢ᠂ | ᠡᠪᠡᠳᠴᠢᠨᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠬᠢᠨ ᠰᠢᠨ᠎ᠡ ᠲᠢᠲᠢᠮᠯᠢᠭ ᠸᠢᠷᠦ᠋ᠰ ᠦᠨᠣᠨᠳᠣᠣᠰᠢᠯ ᠢ | ᠬᠢᠨᠠᠨ ᠰᠢᠨᠵᠢᠯᠡᠬᠦ ᠠᠵᠢᠯ ᠤᠨ ᠲᠥᠰᠥᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ᠤᠤᠯ ᠤᠨ ᠠᠵᠢᠯ ᠤᠨ ᠰᠠᠭᠤᠷᠢᠨ | ᠳᠡᠭᠡᠷ᠎ᠡ᠂ ᠬᠢᠯᠢ ᠪᠠᠷ ᠣᠷᠣᠵᠤ ᠢᠷᠡᠭᠰᠡᠨ ᠬᠥᠮᠥᠰ᠂ ᠡᠮᠨᠡᠯᠭᠡ ᠳᠤ ᠣᠴᠢᠬᠤᠡᠪᠡᠳᠴᠢᠲᠡᠳ᠂ ᠭᠤᠣᠯᠳᠠᠯᠭ᠎ᠠ ᠲᠠᠢ ᠲᠠᠯᠠᠪᠤᠷ | ᠭᠠᠵᠠᠷ ᠪᠣᠯᠣᠨ ᠭᠤᠣᠯᠳᠠᠯᠭ᠎ᠠ ᠲᠠᠢ ᠬᠥᠮᠥᠰ ᠲᠤ ᠥᠷᠨᠢᠭᠦᠯᠬᠦᠦᠯᠢᠭᠡᠷ ᠠᠪᠴᠤ ᠰᠢᠯᠭᠠᠨ ᠪᠠᠶᠢᠴᠠᠭᠠᠯᠭᠠᠬᠤ ᠪᠠ ᠭᠧᠨ ᠤ | ᠳᠠᠷᠠᠭᠠᠯᠠᠯ ᠢ ᠰᠢᠯᠭᠠᠨ ᠪᠠᠶᠢᠴᠠᠭᠠᠬᠤ ᠠᠵᠢᠯ ᠢᠴᠢᠩᠭᠠᠳᠬᠠᠪᠠ᠃ ᠭᠠᠳᠠᠭᠠᠳᠤ ᠠᠴᠠ ᠣᠷᠣᠵᠤ ᠢᠷᠡᠭᠰᠡᠨ ᠡᠪᠡᠳᠴᠢᠨ ᠤ | ᠵᠢᠱᠢᠶ᠎ᠡ ᠶᠢ ᠬᠢᠨᠠᠨ ᠰᠢᠨᠵᠢᠯᠡᠬᠦᠲ᠋ᠠᠯᠠ ᠪᠠᠷ᠂ ᠪᠣᠭᠤᠮᠲᠠ ᠯᠤᠭ᠎ᠠ ᠶᠢᠨ ᠨᠢᠭᠲᠠ ᠬᠠᠮᠲᠤᠷᠠᠯᠴᠠᠭ᠎ᠠ ᠪᠠᠨ ᠴᠢᠩᠭᠠᠳᠬᠠᠵᠠᠢ᠃ | ᠲᠤᠬᠠᠢ ᠶᠢᠨ ᠭᠠᠵᠠᠷ ᠤᠨᠡᠪᠡᠳᠴᠢᠨ ᠤ ᠵᠢᠱᠢᠶ᠎ᠡ ᠶᠢ ᠬᠢᠨᠠᠨ ᠰᠢᠨᠵᠢᠯᠡᠬᠦ ᠲᠠᠯ᠎ᠠ ᠪᠠᠷ᠂ ᠮᠤᠵᠢ ᠨᠢᠭᠡᠪᠦᠷᠢ ᠬᠡᠰᠡᠭ ᠬᠤᠲᠠ | ᠪᠠᠡᠮᠨᠡᠯᠭᠡ ᠶᠢᠨ ᠬᠤᠷᠢᠶ᠎ᠠ ᠶᠢ ᠰᠣᠩᠭᠤᠨ ᠬᠢᠨᠠᠨ ᠰᠢᠨᠵᠢᠯᠡᠬᠦ ᠴᠡᠭ ᠪᠣᠯᠭᠠᠵᠤ᠂ ᠡᠭᠦᠳᠡᠨ ᠡᠮᠨᠡᠯᠭᠡ ᠵᠢᠨᠡᠪᠡᠳᠴᠢᠨ ᠤ ᠵᠢᠱᠢᠶ᠎ᠡ᠂ | ᠬᠦᠨᠳᠦ ᠡᠪᠡᠳᠴᠢᠲᠡᠨ ᠪᠠ ᠨᠠᠰᠤ ᠪᠠᠷᠠᠭᠰᠠᠨ ᠡᠪᠡᠳᠴᠢᠨ ᠤ ᠵᠢᠱᠢᠶ᠎ᠡ ᠳᠤ ᠵᠣᠬᠢᠬᠤᠲ᠋ᠤᠭᠠ ᠬᠡᠮᠵᠢᠶᠡᠨ ᠤ ᠰᠢᠨ᠎ᠡ ᠲᠢᠲᠢᠮᠯᠢᠭ | ᠸᠢᠷᠦ᠋ᠰ ᠲᠤ ᠬᠠᠯᠳᠠᠪᠤᠷᠢᠯᠠᠭᠳᠠᠭᠰᠠᠨ ᠡᠪᠡᠳᠴᠢᠨ ᠤ ᠵᠢᠱᠢᠶ᠎ᠡ ᠵᠢᠨᠥᠯᠢᠭᠡᠷ ᠠᠪᠬᠤ ᠪᠠ ᠭᠧᠨ ᠤ ᠳᠠᠷᠠᠭᠠᠯᠠᠯ ᠢ ᠨᠢ ᠬᠡᠮᠵᠢᠨ | ᠲᠣᠭᠲᠠᠭᠠᠵᠤ᠂ ᠰᠢᠨ᠎ᠡ ᠲᠢᠲᠢᠮᠯᠢᠭ ᠸᠢᠷᠦ᠋ᠰ ᠦᠨᠣᠨᠳᠣᠣᠰᠢᠬᠤ ᠬᠠᠨᠳᠤᠰᠢ ᠶᠢ ᠬᠥᠳᠡᠯᠦᠩᠭᠦᠢ ᠪᠠᠷ ᠬᠢᠨᠠᠨ ᠰᠢᠨᠵᠢᠯᠡᠵᠦ᠂ | ᠣᠨᠳᠣᠣᠰᠢᠭᠰᠠᠨ ᠰᠢᠨ᠎ᠡ ᠸᠢᠷᠦ᠋ᠰ ᠢᠴᠠᠭ ᠲᠤᠬᠠᠢ ᠳᠤ ᠨᠢ ᠢᠯᠡᠷᠡᠭᠦᠯᠬᠦ ᠶᠢᠨ ᠬᠠᠮᠲᠤ ᠲᠡᠭᠦᠨ ᠤ ᠠᠮᠢᠳᠤ ᠪᠣᠳᠠᠰ ᠤᠨ | ᠰᠤᠳᠤᠯᠤᠯ ᠤᠨ ᠥᠪᠡᠷᠮᠢᠴᠡᠴᠢᠨᠠᠷ ᠤᠨ ᠬᠤᠪᠢᠷᠠᠯᠲᠠ ᠶᠢ ᠦᠨᠡᠯᠡᠨ ᠵᠢᠱᠢᠵᠦ᠂ ᠬᠢᠵᠢᠭ ᠤᠨ ᠪᠠᠶᠢᠳᠠᠯ ᠢ ᠰᠤᠳᠤᠯᠤᠨ | ᠮᠠᠭᠠᠳᠯᠠᠬᠤ᠂ᠪᠠᠶᠢᠴᠠᠭᠠᠨ ᠰᠢᠯᠭᠠᠬᠤ ᠤᠷᠪᠠᠯᠵᠢ᠂ ᠸᠠᠺᠼᠢᠨ ᠪᠠ ᠡᠮ ᠢ ᠰᠤᠳᠤᠯᠤᠨ ᠨᠡᠭᠡᠭᠡᠬᠦ ᠵᠢᠴᠢ ᠦᠨᠡᠯᠡᠬᠦᠵᠡᠷᠭᠡ ᠳᠤ | ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ | | XBB ᠤᠨ ᠣᠳᠣᠬᠠᠨ ᠳᠤ ᠢᠯᠡᠷᠡᠭᠰᠡᠨ ᠣᠨᠴᠠᠯᠢᠭ ᠨᠢ ᠶᠠᠭᠤ ᠪᠤᠢ︖ ᠡᠪᠡᠳᠴᠢᠯᠡᠭᠦᠯᠬᠦ ᠴᠢᠳᠠᠯᠪᠠ ᠬᠤᠣᠷᠲᠤ | ᠴᠢᠨᠠᠷ ᠨᠢ ᠴᠢᠩᠭᠠᠷᠠᠭᠰᠠᠨ ᠤᠤ︖ | | ᠰᠢᠨ᠎ᠡᠲ᠋ᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢᠯᠡᠷᠡᠭᠰᠡᠨ ᠠᠴᠠ ᠨᠠᠭᠠᠰᠢ᠂ ᠮᠠᠨ ᠤ ᠤᠯᠤᠰ ᠰᠢᠨ᠎ᠡᠲ᠋ᠢᠲᠢᠮᠯᠢᠭ | ᠸᠢᠷᠦ᠋ᠰ ᠢ ᠬᠢᠨᠠᠨ ᠰᠢᠨᠵᠢᠯᠡᠬᠦ ᠠᠵᠢᠯ ᠢ ᠥᠷᠨᠢᠭᠦᠯᠦᠭᠰᠡᠭᠡᠷ ᠢᠷᠡᠵᠡᠶ᠃ ᠪᠦᠬᠦ ᠪᠥᠮᠪᠥᠷᠴᠡᠭ ᠤᠨᠪᠠᠶᠢᠳᠠᠯ ᠠᠴᠠ ᠦᠵᠡᠪᠡᠯ᠂ | XBBᠰᠢᠷᠢᠰ ᠣᠨᠳᠣᠣᠰᠢᠭᠰᠠᠨ | ᠸᠢᠷᠦ᠋ᠰ ᠨᠢ ᠭᠤᠣᠯᠳᠠᠭᠤ ᠠᠮᠧᠷᠢᠺᠠ᠂ ᠡᠨᠡᠳᠬᠡᠭ᠂ ᠮᠠᠯᠠᠶᠢᠰᠢᠶ᠎ᠠ ᠪᠣᠯᠣᠨᠰᠢᠩᠭᠠᠫᠤᠷ ᠵᠡᠷᠭᠡ ᠤᠯᠤᠰ ᠲᠤ ᠳᠡᠯᠭᠡᠷᠡᠵᠦ ᠪᠠᠶᠢᠨ᠎ᠠ᠃ | ᠣᠶᠢᠷ᠎ᠠ ᠶᠢᠨ ᠬᠤᠭᠤᠴᠠᠭᠠᠨ ᠳᠤ᠂ XBB ᠨᠢᠲ᠋ᠡᠯᠭᠡᠷᠡᠬᠦ ᠶᠠᠪᠤᠴᠠ ᠳᠤ ᠪᠠᠰᠠ ᠨᠢᠭᠡᠨ ᠰᠢᠨ᠎ᠡ ᠳᠡᠳ᠋ ᠰᠠᠯᠪᠤᠷᠢ XBB.1. | 5 ᠪᠣᠶ ᠪᠣᠯᠵᠠᠢ᠂ ᠡᠨᠡ ᠬᠦᠬᠤᠪᠢᠰᠤᠭᠰᠠᠨ ᠰᠠᠯᠪᠤᠷᠢ ᠸᠢᠷᠦ᠋ᠰ ᠨᠢ ᠠᠮᠧᠷᠢᠺᠠ ᠶᠢᠨ ᠣᠳᠣᠬᠠᠨ ᠤ ᠰᠢᠨ᠎ᠡ ᠲᠢᠲᠢᠮᠯᠢᠭ | ᠸᠢᠷᠦ᠋ᠰ ᠲᠦᠨᠡᠷᠪᠡᠭᠳᠡᠭᠰᠡᠳ ᠤᠨ ᠳᠣᠲᠣᠷ᠎ᠠ ᠨᠡᠯᠢᠶᠡᠳ ᠥᠨᠳᠥᠷ ᠬᠠᠷᠢᠴᠠᠯ ᠲᠠᠢ ᠪᠠᠶᠢᠭ᠎ᠠ ᠪᠥᠭᠡᠳ ᠨᠡᠮᠡᠭᠳᠡᠬᠦᠬᠠᠨᠳᠤᠰᠢ ᠲᠠᠢ | ᠪᠠᠶᠢᠨ᠎ᠠ᠃ ᠠᠮᠧᠷᠢᠺᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠡᠴᠡᠬᠢᠨᠠᠨ ᠰᠢᠨᠵᠢᠯᠡᠭᠰᠡᠨ ᠢᠶᠠᠷ | ᠢᠷᠡᠭᠡᠳᠦᠢ ᠶᠢᠨ ᠬᠡᠳᠦᠨ ᠭᠠᠷᠠᠭ ᠤᠨ ᠳᠣᠲᠣᠷ᠎ᠠ XBB.1.5 ᠨᠢ ᠣᠳᠣᠬᠠᠨ ᠤ ᠠᠮᠧᠷᠢᠺᠠ ᠳ᠋ᠤ᠋ᠲ᠋ᠡᠯᠭᠡᠷᠡᠵᠦ ᠪᠠᠶᠢᠭ᠎ᠠ BQ. | 1 ᠪᠣᠯᠣᠨ BQ.1. | 1 ᠶᠢ ᠣᠷᠣᠯᠠᠵᠤ᠂ᠠᠮᠧᠷᠢᠺᠠ ᠳᠤ ᠳᠡᠯᠭᠡᠷᠡᠬᠦ ᠭᠤᠣᠯ ᠣᠨᠳᠣᠣᠰᠢᠭᠰᠠᠨ ᠸᠢᠷᠦ᠋ᠰ ᠪᠣᠯᠵᠤ ᠮᠡᠳᠡᠨ᠎ᠡ ᠭᠡᠵᠦ ᠵᠢᠱᠢᠵᠦ ᠪᠠᠶᠢᠨ᠎ᠠ᠃ | | | 2023 ᠣᠨ ᠤ1 ᠳ᠋ᠦ᠋ᠭᠡᠷ ᠰᠠᠷ᠎ᠠ ᠶᠢᠨ 7 ᠤ ᠡᠳᠦᠷ ᠪᠣᠯᠲᠠᠯ᠎ᠠ᠂ ᠪᠥᠬᠦ ᠳᠡᠯᠡᠬᠡᠢ ᠶᠢᠨ 35 ᠤᠯᠤᠰ ᠪᠠ ᠭᠠᠵᠠᠷ | ᠣᠷᠣᠨ ᠳᠤ XBB.1.5 ᠶᠢ ᠬᠢᠨᠠᠨ ᠰᠢᠨᠵᠢᠯᠡᠵᠦᠣᠯᠣᠭᠰᠠᠨ ᠪᠠᠶᠢᠨ᠎ᠠ᠃ ᠮᠠᠨ ᠤ ᠤᠯᠤᠰ ᠤᠨ ᠬᠢᠨᠠᠨ ᠰᠢᠨᠵᠢᠯᠡᠭᠰᠡᠨ | ᠲᠤᠭ᠎ᠠ ᠪᠠᠷᠢᠮᠲᠠ ᠵᠢᠨᠢᠯᠡᠷᠡᠭᠦᠯᠦᠭᠰᠡᠨ ᠢᠶᠠᠷ᠂ 2022 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠣᠲᠣ ᠪᠣᠯᠲᠠᠯ᠎ᠠ | ᠂ᠮᠠᠨ ᠤ ᠤᠯᠤᠰ XBB ᠤᠨᠬᠤᠯᠪᠣᠭᠳᠠᠯ ᠪᠦᠬᠦᠢ ᠲᠤᠬᠠᠢ ᠶᠢᠨ ᠭᠠᠵᠠᠷ ᠤᠨ 16 ᠡᠪᠡᠳᠴᠢᠨ ᠤ ᠵᠢᠱᠢᠶ᠎ᠡ ᠶᠢ ᠬᠢᠨᠠᠨ | ᠰᠢᠨᠵᠢᠯᠡᠵᠦᠣᠯᠣᠭᠰᠠᠨ ᠪᠥᠭᠡᠳ ᠴᠥᠮ XBB.1 ᠶᠢᠨ ᠬᠤᠪᠢᠰᠤᠭᠰᠠᠨ ᠰᠠᠯᠪᠤᠷᠢᠪᠣᠯᠣᠨᠠ᠃ | | ᠤᠯᠠᠨᠵᠦ᠋ᠢᠯ ᠤᠨ ᠰᠤᠳᠤᠯᠭᠠᠨ ᠤ ᠦᠷ᠎ᠡ ᠳ᠋ᠦᠩ ᠠᠴᠠ ᠠᠪᠴᠤ ᠦᠵᠡᠪᠡᠯ᠂ XBB ᠤᠨ ᠬᠤᠪᠢᠰᠤᠭᠰᠠᠨ | ᠰᠠᠯᠪᠤᠷᠢ ᠶᠢ ᠨᠢ ᠬᠠᠮᠤᠭ ᠤᠨᠡᠷᠲᠡ ᠢᠯᠡᠷᠡᠭᠦᠯᠦᠭᠰᠡᠨ ᠠᠩᠬᠠᠨ ᠤ ᠸᠢᠷᠦ᠋ᠰ ᠪᠠ ᠡᠭᠦᠨ ᠠᠴᠠ ᠡᠮᠦᠨᠡᠬᠢ ᠬᠥᠮᠥᠰ ᠤᠨ | ᠠᠩᠬᠠᠷᠤᠯ ᠲᠠᠯᠪᠢᠵᠤᠪᠠᠶᠢᠭᠰᠠᠨ ᠣᠨᠳᠣᠣᠰᠢᠭᠰᠠᠨ ᠸᠢᠷᠦ᠋ᠰ ᠪᠣᠯᠬᠤ ᠳ᠋ᠧᠯᠲ᠋ᠠ ᠣᠨᠳᠣᠣᠰᠢᠭᠰᠠᠨ ᠸᠢᠷᠦ᠋ᠰ ᠪᠠ ᠤᠮᠢᠺᠷᠤᠨ | ᠮᠡᠲᠦ ᠵᠢᠨᠡᠷᠲᠡ ᠢᠯᠡᠷᠡᠭᠦᠯᠦᠭᠰᠡᠨ ᠬᠡᠳᠦᠨ ᠬᠤᠪᠢᠰᠤᠭᠰᠠᠨ ᠰᠠᠯᠪᠤᠷᠢ ᠲᠠᠢ ᠬᠠᠷᠢᠴᠠᠭᠤᠯᠪᠠᠯ ᠡᠭᠡᠯᠢᠯᠡᠭᠡ ᠵᠢᠨᠲ᠋ᠤᠲᠠᠭᠠᠨ | ᠵᠠᠶᠢᠯᠠᠬᠤ ᠴᠢᠳᠠᠪᠤᠷᠢ ᠨᠢ ᠢᠯᠡᠳᠲᠡ ᠨᠡᠮᠡᠭᠳᠡᠵᠡᠢ᠂ ᠡᠨᠡ ᠨᠢ ᠮᠥᠨ ᠴᠦ XBB ᠤᠨ ᠠᠮᠧᠷᠢᠺᠠᠵᠡᠷᠭᠡ ᠤᠯᠤᠰ ᠲᠠᠬᠢ | ᠬᠠᠯᠳᠠᠪᠤᠷᠢᠯᠠᠯ ᠤᠨ ᠲᠦᠭᠰᠢᠭᠦᠷᠢ ᠶᠢ ᠢᠯᠡᠳᠲᠡ ᠨᠡᠮᠡᠭᠳᠡᠭᠦᠯᠬᠦ ᠬᠠᠨᠳᠤᠰᠢ ᠶᠢ ᠪᠤᠢᠪᠣᠯᠭᠠᠭᠰᠠᠨ ᠪᠠᠶᠢᠨ᠎ᠠ᠃ ᠣᠳᠣᠬᠠᠨ ᠤ | ᠮᠡᠳᠡᠭᠡᠯᠡᠯ ᠪᠠ ᠰᠤᠳᠤᠯᠭᠠᠨ ᠠᠴᠠ ᠦᠵᠡᠪᠡᠯ᠂ XBBᠰᠢᠷᠢᠰ ᠣᠨᠳᠣᠣᠰᠢᠭᠰᠠᠨ ᠸᠢᠷᠦ᠋ᠰ ᠲᠤ ᠬᠠᠯᠳᠠᠪᠤᠷᠢᠯᠠᠭᠳᠠᠭᠰᠠᠨ | ᠬᠦᠨᠳᠦ ᠡᠪᠡᠳᠴᠢᠨ ᠪᠠ ᠨᠠᠰᠤ ᠪᠠᠷᠠᠭᠰᠠᠨᠡᠪᠡᠳᠴᠢᠨ ᠤ ᠵᠢᠱᠢᠶ᠎ᠡ ᠶᠢᠨ ᠨᠡᠮᠡᠭᠳᠡᠭᠰᠡᠨ ᠪᠠᠶᠢᠳᠠᠯ ᠠᠵᠢᠭᠯᠠᠭᠳᠠᠭᠰᠠᠨ ᠦᠭᠡᠢ᠂ | ᠥᠭᠡᠷ᠎ᠡ ᠪᠠᠷ ᠬᠡᠯᠡᠪᠡᠯᠲ᠋ᠡᠭᠦᠨ ᠤ ᠡᠪᠡᠳᠴᠢᠯᠡᠭᠦᠯᠬᠦ ᠴᠢᠳᠠᠯ ᠨᠢ ᠢᠯᠡᠷᠬᠡᠢ ᠨᠡᠮᠡᠭᠳᠡᠭᠰᠡᠨ ᠦᠭᠡᠢ᠃ | | ᠶᠠᠭᠤᠨ ᠳ᠋ᠤ᠋ᠬᠤᠳᠠ ᠶᠢᠨ ᠪᠣᠬᠢᠷ ᠤᠰᠤ ᠶᠢ ᠬᠢᠨᠠᠨ ᠰᠢᠨᠵᠢᠯᠡᠬᠦ ᠠᠷᠭ᠎ᠠ ᠶᠢ ᠠᠪᠬᠤ ᠪᠤᠢ︖ | | ᠰᠠᠭᠤᠭᠠᠯᠢᠠᠷᠠᠳ ᠤᠨ ᠠᠰᠠᠷ ᠤᠨ ᠪᠣᠬᠢᠷ ᠤᠰᠤᠨ ᠳᠤ ᠰᠢᠨ᠎ᠡ ᠲᠢᠲᠢᠮᠯᠢᠭ ᠸᠢᠷᠦ᠋ᠰ ᠤᠨ ᠬᠢᠨᠠᠨ ᠰᠢᠨᠵᠢᠯᠡᠯᠲᠡ ᠬᠢᠬᠦ | ᠨᠢᠲ᠋ᠤᠬᠠᠢ ᠶᠢᠨ ᠰᠠᠭᠤᠭᠠᠯᠢ ᠠᠷᠠᠳ ᠤᠨ ᠠᠰᠠᠷ ᠤᠨ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦᠦᠢᠯᠡᠳᠦᠯ ᠢ ᠨᠠᠩ | ᠰᠠᠶᠢᠨ ᠪᠠᠳᠠᠷᠠᠭᠤᠯᠵᠤ ᠪᠣᠯᠬᠤ ᠶᠤᠮ᠂ ᠰᠢᠶᠠᠩᠭᠠᠩ ᠨᠡᠶᠢᠭᠡᠮ ᠲᠣᠭᠤᠷᠢᠭ ᠤᠨ ᠪᠣᠬᠢᠷ ᠤᠰᠤᠶᠢ ᠬᠢᠨᠠᠨ ᠰᠢᠨᠵᠢᠯᠡᠬᠦ ᠪᠠᠷ | ᠳᠠᠮᠵᠢᠭᠤᠯᠤᠨ᠂ ᠬᠠᠯᠳᠠᠪᠤᠷᠢᠯᠠᠭᠰᠠᠳ ᠣᠷᠣᠰᠢᠵᠤ ᠮᠡᠳᠡᠬᠦ ᠣᠷᠣᠨ ᠪᠦᠰᠡ ᠵᠢᠴᠠᠭ ᠲᠤᠬᠠᠢ ᠳᠤ ᠨᠢ ᠢᠯᠡᠷᠡᠭᠦᠯᠵᠦ᠂ ᠠᠷᠭ᠎ᠠ | ᠴᠢᠨᠠᠷᠲᠠᠢ ᠬᠠᠯᠳᠠᠪᠤᠷᠢᠯᠠᠭᠰᠠᠳ ᠢ ᠤᠯᠠᠮ ᠨᠢᠭᠡ ᠠᠯᠬᠤᠮᠮᠥ᠋ᠷᠳᠡᠨ ᠢᠯᠡᠷᠡᠭᠦᠯᠵᠦ᠂ ᠵᠣᠬᠢᠬᠤ ᠬᠢᠵᠠᠭᠠᠷᠯᠠᠬᠤ ᠠᠷᠭ᠎ᠠ ᠬᠡᠮᠵᠢᠶ᠎ᠡ | ᠠᠪᠴᠦ ᠪᠠᠶᠢᠨ᠎ᠠ᠂ ᠡᠭᠦᠨ ᠢᠭᠤᠣᠯᠳᠠᠭᠤ ᠬᠢᠵᠢᠭ ᠤᠨ ᠪᠠᠶᠢᠳᠠᠯ ᠤᠨ ᠡᠬᠢᠨ ᠤ ᠬᠤᠭᠤᠴᠠᠭᠠᠨ ᠳᠤ ᠬᠠᠷᠠᠬᠠᠨ ᠶᠡᠭᠡ | ᠬᠡᠪᠴᠢᠶ᠎ᠡ ᠪᠡᠷᠲ᠋ᠡᠯᠭᠡᠷᠡᠭᠡ ᠦᠭᠡᠢ ᠦᠶ᠎ᠡ ᠳᠤ ᠬᠡᠷᠡᠭᠯᠡᠨ᠎ᠡ᠃ ᠪᠣᠬᠢᠷ ᠤᠰᠤ ᠶᠢ ᠴᠡᠪᠠᠷᠰᠢᠭᠦᠯᠬᠦ ᠦᠢᠯᠡᠳᠪᠦᠷᠢ ᠳᠤ | ᠰᠢᠨ᠎ᠡᠲ᠋ᠢᠲᠢᠮᠯᠢᠭ ᠸᠢᠷᠦ᠋ᠰ ᠤᠨ ᠬᠢᠨᠠᠨ ᠰᠢᠨᠵᠢᠯᠡᠯᠲᠡ ᠶᠢ ᠥᠷᠨᠢᠭᠦᠯᠪᠡᠯ᠂ ᠬᠠᠷᠢᠶ᠎ᠠ ᠲᠣᠭᠤᠷᠢᠭ ᠤᠨ ᠨᠠᠩ | ᠶᠡᠭᠡᠬᠡᠪᠴᠢᠶᠡᠨ ᠳᠠᠬᠢ ᠬᠥᠮᠥᠰ ᠤᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠤ ᠬᠠᠨᠳᠤᠰᠢ ᠵᠢᠨᠬᠤᠪᠢᠷᠠᠯᠲᠠ ᠶᠢ | ᠦᠨᠡᠯᠡᠨ ᠵᠢᠱᠢᠵᠦ ᠪᠣᠯᠣᠨ᠎ᠠ᠂ ᠡᠭᠦᠨ ᠢ ᠨᠠᠩ ᠣᠷᠳᠣ ᠬᠤᠭᠤᠴᠠᠭ᠎ᠠ ᠪᠠ ᠨᠠᠩ ᠶᠡᠭᠡᠬᠡᠪᠴᠢᠶᠡᠨ ᠤ ᠬᠢᠨᠠᠨ ᠰᠢᠨᠵᠢᠯᠡᠯᠲᠡ ᠳᠤ | ᠬᠡᠷᠡᠭᠯᠡᠵᠦ ᠪᠣᠯᠣᠨ᠎ᠠ᠃ ᠨᠡᠶᠢᠭᠡᠮ ᠲᠣᠭᠤᠷᠢᠭ ᠲᠤ ᠬᠢᠨᠠᠨᠰᠢᠨᠵᠢᠯᠡᠬᠦ ᠴᠡᠭ ᠪᠠᠶᠢᠷᠢᠯᠠᠭᠤᠯᠬᠤ ᠪᠠ ᠪᠣᠬᠢᠷ ᠤᠰᠤ ᠶᠢ | ᠴᠡᠪᠠᠷᠰᠢᠭᠦᠯᠬᠦ ᠦᠢᠯᠡᠳᠪᠦᠷᠢ ᠳᠤ ᠬᠢᠨᠠᠨᠰᠢᠨᠵᠢᠯᠡᠬᠦ ᠴᠡᠭ ᠪᠠᠶᠢᠷᠢᠯᠠᠭᠤᠯᠬᠤ ᠵᠣᠷᠢᠯᠭ᠎ᠠ ᠨᠢ ᠲᠣᠰ ᠲᠣᠰ ᠤᠨ ᠬᠢᠨᠢ | ᠭᠤᠣᠯᠳᠠᠯᠭ᠎ᠠ ᠲᠠᠢ ᠶᠤᠮ᠃ ᠣᠳᠣᠬᠢᠱᠠᠲᠤᠨ ᠳᠤ᠂ ᠮᠠᠨ ᠤ ᠤᠯᠤᠰ ᠤᠨ ᠳᠣᠲᠣᠷ᠎ᠠ ᠭᠠᠵᠠᠷ ᠤᠨ ᠰᠢᠨ᠎ᠡ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠨᠢᠮᠥ᠋ᠨ ᠬᠦ ᠳᠡᠯᠭᠡᠷᠡᠬᠦ ᠱᠠᠲᠤᠨ ᠳᠤ ᠪᠠᠨ ᠣᠷᠣᠰᠢᠵᠤ ᠪᠠᠶᠢᠨ᠎ᠠ᠂ ᠡᠶᠢᠮᠦ ᠠᠴᠠ ᠪᠢᠳᠡ ᠪᠥᠬᠦ | ᠤᠯᠤᠰ ᠤᠨᠨᠥ᠋ᠬᠦᠴᠡᠯ ᠲᠠᠢ ᠬᠤᠲᠠ ᠳᠤ ᠪᠣᠬᠢᠷ ᠤᠰᠤ ᠶᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠰᠢᠨ᠎ᠡ | ᠲᠢᠲᠢᠮᠯᠢᠭᠸᠢᠷᠦ᠋ᠰ ᠤᠨ ᠬᠠᠯᠳᠠᠪᠤᠷᠢᠯᠠᠯ ᠤᠨ ᠬᠦᠴᠦᠯᠡᠴᠡ᠂ ᠬᠤᠪᠢᠷᠠᠯᠲᠠ ᠶᠢᠨ ᠬᠠᠨᠳᠤᠰᠢ ᠵᠡᠷᠭᠡ ᠪᠠᠶᠢᠳᠠᠯ ᠢ | ᠬᠠᠪᠰᠤᠷᠤᠨᠦᠨᠡᠯᠡᠨ ᠵᠢᠱᠢᠵᠦ᠂ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠ ᠰᠡᠷᠭᠡᠶᠢᠯᠡᠨ ᠡᠵᠡᠮᠳᠡᠬᠦᠠᠵᠢᠯ ᠳᠤ | ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ ᠪᠠᠶᠢᠨ᠎ᠠ᠃ | | ︱ ᠸᠠᠺᠼᠢᠨ ᠤ ᠲᠠᠷᠢᠯᠭ᠎ᠠ ︱ | | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦᠲ᠋ᠥ᠋ᠰᠥᠯ ᠳᠤ ᠸᠠᠺᠼᠢᠨ ᠤ ᠲᠠᠷᠢᠯᠭ᠎ᠠ ᠶᠢᠨ ᠲᠠᠯ᠎ᠠ ᠪᠠᠷ ᠶᠠᠮᠠᠷ ᠶᠠᠮᠠᠷ | ᠭᠤᠣᠯᠳᠠᠯᠭ᠎ᠠ ᠲᠠᠢ ᠠᠵᠢᠯ ᠤᠨᠱᠠᠭᠠᠷᠳᠠᠯᠭ᠎ᠠ ᠳᠤᠷᠠᠳᠤᠭᠰᠠᠨ ᠪᠣᠶ︖ | | ᠨᠢᠭᠡᠳᠦᠭᠡᠷ ᠲᠤ᠂ ᠪᠠᠶᠢᠳᠠᠯ ᠢ ᠮᠡᠳᠡᠬᠦ᠂ ᠵᠥᠪᠰᠢᠶᠡᠷᠡᠬᠦ᠂ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠢ ᠪᠠᠷᠢᠮᠲᠠᠯᠠᠬᠤᠶᠢ | ᠤᠯᠠᠮ ᠨᠢᠭᠡ ᠠᠯᠬᠤᠮ ᠴᠢᠬᠤᠯᠠᠴᠢᠯᠠᠵᠤ᠂ 3 ᠨᠠᠰᠤᠨ ᠠᠴᠠ ᠳᠡᠭᠡᠭᠰᠢᠬᠢ ᠬᠥᠮᠥᠰ ᠲᠤ ᠴᠡᠭᠡᠷᠯᠡᠬᠦ ᠵᠦᠢᠯᠪᠠᠶᠢᠬᠤ ᠦᠭᠡᠢ ᠪᠣᠯ | ᠸᠠᠺᠼᠢᠨ ᠤ ᠲᠠᠷᠢᠯᠭ᠎ᠠ ᠬᠢᠬᠦ ᠶᠢ ᠵᠣᠷᠢᠭᠵᠢᠭᠤᠯᠤᠨ᠎ᠠ᠃ ᠡᠭᠦᠨ ᠠᠴᠠ ᠭᠠᠳᠠᠨ᠎ᠠ᠂ ᠣᠯᠠᠨᠲ᠋ᠦ᠋ᠮᠡᠨ ᠢᠯᠠᠩᠭᠤᠶ᠎ᠠ | ᠨᠠᠰᠤᠲᠠᠶᠢᠴᠤᠳ ᠤᠨ ᠪᠥᠬᠦ ᠶᠠᠪᠤᠴᠠ ᠶᠢᠨ ᠸᠠᠺᠼᠢᠨ ᠤ ᠲᠠᠷᠢᠯᠭ᠎ᠠ ᠬᠢᠬᠦ᠂ ᠨᠥᠬᠦᠴᠡᠯ ᠳ᠋ᠦᠨᠡᠶᠢᠴᠡᠪᠡᠯ ᠡᠭᠡᠯᠢᠯᠡᠭᠡ | ᠴᠢᠩᠭᠠᠳᠬᠠᠬᠤ ᠲᠠᠷᠢᠯᠭ᠎ᠠ ᠬᠢᠬᠦ ᠶᠢ ᠰᠠᠨᠠᠭᠠᠴᠢᠯᠠᠵᠤ ᠪᠠᠶᠢᠨ᠎ᠠ᠃ | | ᠬᠤᠶᠠᠳᠤᠭᠠᠷ ᠲᠤ᠂ ᠨᠥᠬᠦᠴᠡᠯ ᠳᠤ ᠨᠡᠶᠢᠴᠡᠬᠦ 18 ᠨᠠᠰᠤ ᠵᠢᠴᠢ 18 ᠨᠠᠰᠤᠨ ᠠᠴᠠ ᠳᠡᠭᠡᠭᠰᠢᠬᠢ ᠬᠥᠮᠥᠰ ᠲᠤ 1 | ᠤᠳᠠᠭ᠎ᠠ ᠵᠢᠨᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠬᠡᠷᠡᠭᠲᠡᠢ᠃ ᠡᠭᠡᠯᠢᠯᠡᠭᠡ ᠴᠢᠩᠭᠠᠳᠬᠠᠬᠤ ᠲᠠᠷᠢᠯᠭ᠎ᠠ | ᠬᠢᠬᠦᠶᠠᠪᠤᠴᠠ ᠳᠤ᠂ ᠬᠡᠯᠬᠢᠶ᠎ᠡ ᠡᠭᠡᠯᠢᠯᠡᠭᠡ ᠶᠢ ᠰᠣᠩᠭᠤᠭᠰᠠᠨ ᠴᠤ ᠲᠡᠷᠡ᠂ ᠢᠵᠢᠯᠢ ᠡᠭᠦᠰᠦᠯᠳᠦ ᠡᠭᠡᠯᠢᠯᠡᠭᠡᠶᠢ ᠰᠣᠩᠭᠤᠭᠰᠠᠨ | ᠴᠤ ᠲᠡᠷᠡ᠂ ᠬᠠᠮᠲᠤ ᠳᠤ ᠨᠢ ᠬᠢᠵᠦ ᠪᠣᠯᠬᠤ ᠦᠭᠡᠢ᠂ ᠵᠥᠪᠬᠡᠨ ᠨᠢᠭᠡ ᠶᠢ ᠨᠢ ᠰᠣᠩᠭᠤᠬᠤᠬᠡᠷᠡᠭᠲᠡᠢ ᠭᠡᠵᠦ ᠣᠨᠴᠠᠭᠠᠶᠢᠯᠠᠨ | ᠴᠢᠬᠤᠯᠠᠴᠢᠯᠠᠭᠰᠠᠨ ᠪᠠᠶᠢᠨ᠎ᠠ᠃ | | ᠭᠤᠷᠪᠠᠳᠤᠭᠠᠷ ᠲᠤ᠂ ᠬᠠᠯᠳᠠᠪᠤᠷᠢᠯᠠᠭᠳᠠᠬᠤ ᠲᠦᠭᠰᠢᠭᠦᠷᠢ ᠶᠡᠬᠡᠲᠡᠢ ᠬᠥᠮᠥᠰ᠂ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ᠂ ᠬᠦᠨᠳᠦ ᠰᠠᠭᠤᠷᠢ ᠡᠪᠡᠳᠴᠢᠨ ᠲᠠᠢ ᠬᠥᠮᠥᠰ᠂ ᠡᠭᠡᠯᠢᠯᠡᠭᠡ ᠶᠢᠨ ᠬᠤᠮᠰᠠᠳᠠᠯ ᠲᠠᠢ ᠬᠥᠮᠥᠰ | ᠵᠡᠷᠭᠡᠬᠠᠯᠳᠠᠪᠤᠷᠢᠯᠠᠭᠳᠠᠭᠰᠠᠨ ᠤ ᠳᠠᠷᠠᠭ᠎ᠠ ᠠᠮᠠᠷᠬᠠᠨ ᠬᠦᠨᠳᠦ ᠡᠪᠡᠳᠴᠢᠨ ᠡᠭᠦᠰᠬᠦ ᠬᠥᠮᠥᠰ ᠲᠤ ᠬᠤᠶᠠᠳᠠᠭᠢᠤᠳᠠᠭᠠᠨ ᠤ | ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠶᠢ ᠤᠯᠠᠮ ᠨᠢᠭᠡ ᠠᠯᠬᠤᠮ ᠴᠢᠬᠤᠯᠠᠴᠢᠯᠠᠵᠠᠢ᠃ᠬᠤᠶᠠᠳᠤᠭᠠᠷ ᠤᠳᠠᠭ᠎ᠠ ᠶᠢᠨ | ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠭᠡᠳ ᠨᠢᠭᠡᠳᠦᠭᠡᠷ ᠤᠳᠠᠭ᠎ᠠ ᠵᠢᠨᠡᠭᠡᠯᠢᠯᠡᠭᠡ ᠴᠢᠩᠭᠠᠳᠬᠠᠬᠤ ᠲᠠᠷᠢᠯᠭ᠎ᠠ ᠨᠢ 6 | ᠰᠠᠷ᠎ᠠ ᠠᠴᠠ ᠳᠡᠭᠡᠭᠰᠢ ᠠᠯᠤᠰᠯᠠᠬᠤ ᠬᠡᠷᠡᠭᠲᠡᠢ᠃ ᠡᠲᠡᠭᠡᠷᠲ᠋ᠦ᠋ᠭᠰᠢᠭᠦᠷᠢ ᠶᠡᠬᠡᠲᠡᠢ ᠬᠥᠮᠥᠰ᠂ ᠨᠠᠰᠤᠲᠠᠶᠢᠴᠤᠳ᠂ ᠰᠠᠭᠤᠷᠢ | ᠴᠢᠨᠠᠷᠲᠠᠢ ᠡᠪᠡᠳᠴᠢᠨ ᠲᠠᠢ ᠬᠥᠮᠥᠰ ᠦᠨᠬᠤᠶᠠᠳᠠᠭᠢ ᠤᠳᠠᠭᠠᠨ ᠤ ᠡᠭᠡᠯᠢᠯᠡᠭᠡ ᠶᠢ ᠴᠢᠩᠭᠠᠳᠬᠠᠬᠤ ᠪᠠᠷ ᠳᠠᠮᠵᠢᠭᠤᠯᠤᠨ | ᠲᠡᠳᠡᠨ ᠦᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢ ᠵᠣᠷᠢᠵᠤ ᠪᠠᠶᠢᠨ᠎ᠠ᠂ ᠡᠭᠦᠨ ᠳᠤ ᠪᠥᠬᠦ | ᠶᠠᠪᠤᠴᠠ ᠵᠢᠨᠲ᠋ᠠᠷᠢᠯᠭᠠ ᠶᠢᠨ ᠨᠣᠷᠮ᠎ᠠ ᠪᠠ ᠡᠭᠡᠯᠢᠯᠡᠭᠡ ᠶᠢ ᠴᠢᠩᠭᠠᠳᠬᠠᠬᠤ ᠲᠠᠷᠢᠯᠭ᠎ᠠ ᠶᠢᠨ ᠨᠣᠷᠮ᠎ᠠ ᠵᠢᠲ᠋ᠡᠭᠡᠭᠰᠢᠯᠡᠭᠦᠯᠬᠦ ᠨᠢ | ᠵᠠᠩᠭᠢᠯᠠᠭ᠎ᠠ ᠪᠣᠯᠣᠨ᠎ᠠ᠃ | | ᠬᠠᠯᠳᠠᠪᠤᠷᠢᠯᠠᠭᠳᠠᠭᠰᠠᠨ ᠤᠲ᠋ᠠᠷᠠᠭ᠎ᠠ ᠬᠡᠳᠦᠢ ᠬᠤᠭᠤᠴᠠᠭᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ | ᠬᠢᠵᠤ ᠪᠣᠯᠬᠤᠪᠣᠶ︖ | | ᠬᠡᠷᠪᠡᠪᠥ᠋ᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠠ ᠥᠳᠥᠭᠡᠭᠴᠢ ᠶᠢᠨ ᠰᠢᠯᠭᠠᠨ ᠪᠠᠶᠢᠴᠠᠭᠠᠯᠲᠠ ᠪᠠᠷ | ᠳᠡᠮᠵᠢᠨᠰᠢᠨᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠢ ᠨᠤᠲᠠᠯᠠᠭᠰᠠᠨ ᠪᠠᠶᠢᠪᠠᠯ᠂ ᠣᠶᠢᠷ᠎ᠠ ᠵᠢᠨᠬᠤᠭᠤᠴᠠᠭᠠᠨ ᠳᠤ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠰᠠᠨᠠᠭᠠᠴᠢᠯᠠᠬᠤ ᠦᠭᠡᠢ᠃ ᠣᠯᠠᠨ ᠵᠦᠢᠯ ᠤᠨ | ᠰᠤᠳᠤᠯᠭᠠᠨ ᠤ ᠢᠯᠡᠷᠡᠭᠦᠯᠦᠭᠰᠡᠨ ᠢᠶᠠᠷ᠂ ᠵᠥᠪᠬᠡᠨ ᠰᠢᠨ᠎ᠡ ᠲᠢᠲᠢᠮᠯᠢᠭ ᠸᠢᠷᠦ᠋ᠰ ᠲᠦᠬᠠᠯᠳᠠᠪᠤᠷᠢᠯᠠᠭᠳᠠᠭᠰᠠᠨ ᠠᠴᠠ ᠪᠣᠢ | ᠪᠣᠯᠤᠭᠰᠠᠨ ᠡᠭᠡᠯᠢᠯᠡᠭᠡ ᠶᠢᠨ ᠴᠢᠳᠠᠪᠤᠷᠢ ᠨᠢ ᠸᠢᠷᠦ᠋ᠰ ᠲᠦᠬᠠᠯᠳᠠᠪᠤᠷᠢᠯᠠᠭᠳᠠᠭᠰᠠᠨ ᠪᠠ ᠸᠠᠺᠼᠢᠨ ᠤ ᠲᠠᠷᠢᠯᠭ᠎ᠠ ᠬᠢᠭᠰᠡᠨ ᠠᠴᠠ | ᠪᠣᠢ ᠪᠣᠯᠤᠭᠰᠠᠨ ᠡᠭᠡᠯᠢᠯᠡᠭᠡ ᠵᠢᠨᠴᠢᠳᠠᠪᠤᠷᠢ ᠠᠴᠠ ᠪᠠᠭᠤᠷᠠᠢ ᠪᠠᠶᠢᠳᠠᠭ᠃ ᠡᠶᠢᠮᠦ ᠠᠴᠠ ᠵᠠᠷᠢᠮ ᠬᠥᠮᠥᠰ ᠡᠭᠡᠯᠢᠯᠡᠭᠡ ᠶᠢᠨ | ᠵᠢᠷᠤᠮ ᠵᠶ᠋ᠠᠷᠸᠠᠺᠼᠢᠨ ᠤ ᠲᠠᠷᠢᠯᠭ᠎ᠠ ᠬᠢᠬᠦ ᠴᠢᠬᠤᠯᠠ ᠲᠠᠢ ᠪᠠᠶᠢᠳᠠᠭ᠃ ᠣᠳᠣᠬᠠᠨ ᠤ ᠲᠣᠭᠲᠠᠭᠠᠯ ᠢ ᠦᠨᠳᠦᠰᠦᠯᠡᠪᠡᠯ᠂ | ᠬᠠᠯᠳᠠᠪᠤᠷᠢᠯᠠᠭᠳᠠᠭᠰᠠᠨ ᠴᠠᠭ ᠪᠠ ᠲᠠᠷᠢᠯᠭ᠎ᠠ ᠬᠢᠬᠦ ᠴᠠᠭ ᠤᠨ ᠬᠤᠭᠤᠷᠣᠨᠳᠣᠬᠢ ᠵᠠᠢ ᠨᠢ 6 ᠰᠠᠷ᠎ᠠ ᠡᠴᠠᠲ᠋ᠣᠷᠣᠭᠰᠢ ᠪᠠᠶᠢᠵᠤ | ᠪᠣᠯᠬᠤ ᠦᠭᠡᠢ᠃ ᠡᠭᠦᠨ ᠳᠤ ᠭᠤᠣᠯᠳᠠᠭᠤ ᠥᠩᠭᠡᠷᠡᠭᠰᠡᠨ ᠤ ᠬᠢᠨᠠᠨ ᠰᠢᠨᠵᠢᠯᠡᠯᠲᠡ ᠪᠠᠰᠤᠳᠤᠯᠭᠠᠨ ᠠᠴᠠ ᠦᠵᠡᠪᠡᠯ᠂ 6 | ᠰᠠᠷ᠎ᠠ ᠶᠢᠨ ᠳᠣᠲᠣᠷ᠎ᠠ ᠬᠠᠯᠳᠠᠪᠤᠷᠢᠯᠠᠭᠳᠠᠬᠤ ᠬᠠᠷᠢᠴᠠᠯ ᠨᠢ ᠲᠤᠶᠢᠯ ᠤᠨᠲ᠋ᠣᠣᠷᠠ ᠪᠠᠶᠢᠳᠠᠭ᠃ ᠬᠠᠯᠳᠠᠪᠤᠷᠢᠯᠠᠯ ᠪᠠ ᠸᠠᠺᠼᠢᠨ ᠤ | ᠲᠠᠷᠢᠯᠭ᠎ᠠ ᠶᠢᠨ ᠠᠯᠤᠰᠯᠠᠬᠤ ᠬᠤᠭᠤᠴᠠᠭ᠎ᠠ ᠨᠢᠦᠨᠡᠨ ᠳᠤ ᠪᠠᠨ ᠸᠠᠺᠼᠢᠨ ᠤ ᠲᠠᠷᠢᠯᠭ᠎ᠠ ᠶᠢᠨ ᠡᠭᠡᠯᠢᠯᠡᠭᠡ ᠶᠢᠨ ᠵᠢᠷᠤᠮ ᠤᠨ | ᠨᠢᠭᠡ ᠬᠡᠰᠡᠭ ᠮᠥᠨ᠂ᠸᠠᠺᠼᠢᠨ ᠤ ᠰᠤᠳᠤᠯᠭᠠᠨ ᠤ ᠭᠦᠨᠵᠡᠭᠡᠶᠢᠷᠡᠯ ᠵᠢᠴᠢ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦᠬᠡᠷᠡᠭᠴᠡᠭᠡ ᠶᠢ ᠳᠠᠭᠠᠯᠳᠤᠨ᠂ ᠡᠭᠡᠯᠢᠯᠡᠭᠡ ᠶᠢ ᠴᠢᠩᠭᠠᠳᠬᠠᠬᠤ ᠠᠷᠭ᠎ᠠ ᠪᠣᠳᠣᠯᠭ᠎ᠠ ᠳᠤ ᠴᠤ ᠬᠤᠯᠪᠣᠭᠳᠠᠯᠪᠦ᠋ᠬᠦᠢ | ᠲᠡᠭᠦᠯᠳᠡᠷᠵᠢᠭᠦᠯᠬᠦ ᠲᠣᠬᠢᠷᠠᠭᠤᠯᠤᠯᠲᠠ ᠬᠢᠬᠦ ᠪᠣᠯᠣᠨ᠎ᠠ᠂ ᠡᠭᠦᠨ ᠳᠤ ᠲᠠᠷᠢᠯᠭ᠎ᠠ ᠶᠢᠨ ᠠᠯᠤᠰᠯᠠᠬᠤᠬᠤᠭᠤᠴᠠᠭᠠ ᠪᠠᠭᠲᠠᠵᠤ | ᠪᠠᠶᠢᠳᠠᠭ᠃ | | ᠨᠠᠰᠤᠲᠠᠶᠢᠴᠤᠳᠰᠢᠨᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠯᠭᠡᠬᠦ ᠠᠴᠠ ᠭᠠᠳᠠᠨ᠎ᠠ ᠪᠠᠰᠠ ᠶᠠᠮᠠᠷ | ᠶᠠᠮᠠᠷᠸᠠᠺᠼᠢᠨ ᠤ ᠲᠠᠷᠢᠯᠭ᠎ᠠ ᠬᠢᠯᠭᠡᠬᠦ ᠪᠠᠷ ᠳᠠᠮᠵᠢᠭᠤᠯᠤᠨ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢᠠᠯᠢ | ᠴᠢᠳᠠᠬᠤ ᠪᠠᠷ ᠰᠡᠷᠭᠡᠶᠢᠯᠡᠬᠦ ᠪᠣᠶ︖ | | ᠨᠠᠰᠤᠲᠠᠶᠢᠴᠤᠳ ᠲᠤ᠋ᠠᠪᠴᠤ ᠬᠡᠯᠡᠪᠡᠯ᠂ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠠᠴᠠ ᠪᠣᠯᠵᠤ ᠵᠠᠷᠢᠮ | ᠬᠦᠨᠳᠦᠡᠪᠡᠳᠴᠢᠨ ᠤ ᠰᠢᠨᠵᠢ ᠢᠯᠡᠷᠡᠬᠦ ᠠᠴᠠ ᠭᠠᠳᠠᠨ᠎ᠠ᠂ ᠵᠠᠷᠢᠮ ᠸᠠᠺᠼᠢᠨ ᠤ ᠲᠠᠷᠢᠯᠭ᠎ᠠ ᠬᠢᠯᠭᠡᠬᠦ ᠪᠡᠷᠲ᠋ᠠᠮᠵᠢᠭᠤᠯᠤᠨ | ᠬᠠᠯᠳᠠᠪᠤᠷᠢᠲᠤ ᠲᠠᠭᠰᠢᠭᠤᠷ ᠤᠨ ᠸᠢᠷᠦ᠋ᠰ᠂ ᠠᠭᠤᠰᠬᠢᠨ ᠤ ᠦᠷᠪᠢᠰᠦᠯ ᠤᠨ ᠪᠥᠮᠪᠥᠭᠡᠨᠪᠠᠺᠲ᠋ᠧᠷᠢ ᠵᠡᠷᠭᠡ ᠨᠠᠰᠤᠲᠠᠶᠢᠴᠤᠳ ᠲᠤ | ᠠᠪᠴᠤ ᠬᠡᠯᠡᠪᠡᠯ ᠪᠠᠰᠠ ᠬᠦᠨᠳᠦ ᠡᠪᠡᠳᠴᠢᠨ ᠳᠤ ᠨᠡᠷᠪᠡᠭᠳᠡᠬᠦᠪᠠᠶᠢᠳᠠᠯ ᠢ ᠪᠣᠶ ᠪᠣᠯᠭᠠᠳᠠᠭ ᠬᠤᠯᠪᠣᠭᠳᠠᠯ ᠪᠦᠬᠦᠢ ᠡᠪᠡᠳᠴᠢᠨ ᠢ | ᠤᠷᠢᠳᠴᠢᠯᠠᠨ ᠰᠡᠷᠭᠡᠶᠢᠯᠡᠵᠦ ᠪᠣᠯᠣᠨ᠎ᠠ᠃ᠨᠠᠰᠤᠲᠠᠶᠢᠴᠤᠳ ᠨᠢᠭᠡ ᠲᠠᠯ᠎ᠠ ᠪᠠᠷ ᠥᠪᠡᠷ ᠤᠨ ᠪᠡᠶ᠎ᠡ ᠶᠢᠨ ᠡᠭᠡᠯᠢᠯᠡᠭᠡ ᠶᠢᠨ | ᠴᠢᠳᠠᠪᠤᠷᠢ ᠨᠢ ᠪᠠᠭᠤᠷᠠᠵᠤ᠂ᠨᠥᠭᠦᠭᠡ ᠲᠠᠯ᠎ᠠ ᠪᠠᠷ ᠣᠯᠠᠩᠬᠢ ᠨᠢ ᠤᠳᠠᠭᠠᠨ ᠴᠢᠨᠠᠷᠲᠠᠢ ᠰᠠᠭᠤᠷᠢ ᠴᠢᠨᠠᠷᠲᠠᠢ ᠡᠪᠡᠳᠴᠢᠨ ᠲᠠᠢ | ᠪᠠᠶᠢᠵᠤ᠂ᠬᠡᠷᠪᠡ ᠬᠠᠯᠳᠠᠪᠤᠷᠢᠲᠤ ᠲᠠᠭᠰᠢᠭᠤᠷ ᠪᠠ ᠠᠭᠤᠰᠬᠢᠨ ᠦᠷᠪᠢᠰᠦᠯ ᠤᠨ ᠪᠥᠮᠪᠥᠭᠡᠨ ᠪᠠᠺᠲ᠋ᠧᠷᠢ ᠳ᠋ᠦᠬᠠᠯᠳᠠᠪᠤᠷᠢᠯᠠᠭᠳᠠᠪᠠᠯ | ᠂ ᠬᠠᠯᠳᠠᠪᠤᠷᠢᠯᠠᠭᠳᠠᠭᠰᠠᠨ ᠡᠪᠡᠳᠴᠢᠨ ᠨᠢ ᠡᠲᠡᠭᠡᠷ ᠬᠥᠮᠥᠰ ᠤᠨ ᠳᠤᠮᠳᠠ ᠬᠦᠨᠳᠦᠡᠪᠡᠳᠴᠢᠨ ᠢ ᠡᠭᠦᠰᠬᠡᠵᠤ ᠮᠡᠳᠡᠨ᠎ᠡ᠃ | ᠡᠭᠦᠨ ᠠᠴᠠ ᠭᠠᠳᠠᠨ᠎ᠠ ᠵᠠᠷᠢᠮ ᠰᠤᠳᠤᠯᠭᠠᠨ ᠤ ᠢᠯᠡᠷᠡᠭᠦᠯᠦᠭᠰᠡᠨ ᠢᠶᠠᠷ᠂ ᠬᠠᠯᠳᠠᠪᠤᠷᠢᠯᠠᠭᠳᠠᠭᠰᠠᠨ ᠤ ᠳᠠᠷᠠᠭ᠎ᠠ᠂ ᠤᠤᠯ ᠤᠨ | ᠪᠠᠶᠢᠭᠰᠠᠨ ᠰᠠᠭᠤᠷᠢ ᠴᠢᠨᠠᠷᠲᠠᠢ ᠡᠪᠡᠳᠴᠢᠨ ᠡᠮᠭᠡᠭ᠂ᠵᠢᠱᠢᠶᠡᠯᠡᠪᠡᠯ ᠠᠭᠰᠠᠭ᠎ᠠ᠂ ᠠᠷᠬᠠᠭ ᠪᠦᠭᠯᠡᠷᠬᠡᠢ ᠴᠢᠨᠠᠷᠲᠤ ᠠᠭᠤᠰᠬᠢᠨ ᠤ | ᠡᠪᠡᠳᠴᠢᠨ᠂ ᠵᠢᠷᠦᠬᠡᠨᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠶᠢ ᠤᠯᠠᠮ ᠨᠢᠭᠡ ᠠᠯᠬᠤᠮ ᠬᠦᠨᠳᠦᠷᠡᠭᠦᠯᠦᠨ᠎ᠡ᠃ | ᠡᠶᠢᠮᠦ ᠡᠴᠡᠡᠶᠢᠮᠦᠷᠬᠦ ᠪᠠᠶᠢᠳᠠᠯ ᠤᠨ ᠳᠣᠣᠷ᠎ᠠ᠂ ᠸᠠᠺᠼᠢᠨ ᠤ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦᠨᠠᠰᠤᠲᠠᠶᠢᠴᠤᠳ ᠲᠤ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠯᠭᠡᠬᠦ ᠠᠴᠠ ᠭᠠᠳᠠᠨ᠎ᠠ ᠪᠠᠰᠠᠬᠠᠯᠳᠠᠪᠤᠷᠢᠲᠤ ᠲᠠᠭᠰᠢᠭᠤᠷ ᠤᠨ | ᠸᠠᠺᠼᠢᠨ᠂ ᠠᠭᠤᠰᠬᠢᠨ ᠦᠷᠪᠢᠰᠦᠯ ᠤᠨ ᠪᠠᠺᠲ᠋ᠧᠷᠢ ᠶᠢᠨ ᠸᠠᠺᠼᠢᠨ ᠤᠲ᠋ᠠᠷᠢᠯᠭᠠ ᠬᠢᠯᠭᠡᠵᠦ᠂ ᠲᠡᠳᠡᠨ ᠢ ᠨᠠᠩ ᠰᠠᠶᠢᠨ | ᠬᠠᠮᠠᠭᠠᠯᠠᠬᠤ ᠶᠢ ᠰᠠᠨᠠᠭᠤᠯᠵᠤ ᠪᠠᠶᠢᠨ᠎ᠠ᠃ | | ᠬᠡᠦᠬᠡᠳ ᠤᠨᠪᠠᠶᠢᠩᠭᠤ ᠶᠢᠨ ᠸᠠᠺᠼᠢᠨ ᠤ ᠲᠠᠷᠢᠯᠭ᠎ᠠ ᠶᠢ ᠬᠤᠶᠢᠰᠢᠯᠠᠭᠤᠯᠬᠤ ᠨᠢ ᠡᠩ ᠤᠨ ᠪᠠᠶᠢᠳᠠᠯ ᠳᠤ ᠦᠷ᠎ᠡ ᠳ᠋ᠦᠩ ᠢ | ᠨᠢᠨᠥ᠋ᠯᠥᠭᠡᠯᠡᠬᠦ ᠦᠭᠡᠢ᠂ ᠭᠡᠪᠡᠴᠦ ᠴᠠᠭ ᠲᠤᠬᠠᠢ ᠳᠤ ᠨᠢ ᠨᠥᠬᠦᠵᠦ ᠳᠠᠷᠢᠬᠤ ᠬᠡᠷᠡᠭᠲᠡᠢ | | ᠸᠠᠺᠼᠢᠨ ᠤᠦᠢᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠤᠰᠠᠳᠠ᠂ ᠨᠢᠭᠡ ᠳᠤ ᠴᠠᠭ ᠲᠤᠬᠠᠢ ᠳᠤ ᠨᠢ ᠸᠠᠺᠼᠢᠨ | ᠤᠲ᠋ᠠᠷᠢᠯᠭᠠ ᠬᠢᠯᠭᠡᠬᠦ ᠬᠡᠷᠡᠭᠲᠡᠢ᠂ ᠬᠤᠶᠠᠷ ᠲᠤ ᠪᠥᠬᠦ ᠶᠠᠪᠤᠴᠠ ᠶᠢᠨ ᠲᠠᠷᠢᠯᠭ᠎ᠠ ᠬᠢᠯᠭᠡᠬᠦ ᠬᠡᠷᠡᠭᠲᠡᠢ᠃ᠬᠡᠷᠪᠡ ᠲᠠᠷᠢᠯᠭ᠎ᠠ ᠶᠢ | ᠬᠤᠶᠢᠰᠢᠯᠠᠭᠤᠯᠪᠠᠯ ᠡᠩ ᠤᠨ ᠪᠠᠶᠢᠳᠠᠯ ᠳᠤ ᠦᠷ᠎ᠡ ᠳ᠋ᠦᠩ ᠢ ᠨᠥᠯᠥᠭᠡᠯᠡᠬᠦ ᠦᠭᠡᠢ᠂ᠭᠡᠪᠡᠴᠦ ᠬᠠᠯᠳᠠᠪᠤᠷᠢᠯᠠᠯ ᠤᠨ | ᠲᠦᠭᠰᠢᠭᠦᠷᠢ ᠶᠢ ᠨᠡᠮᠡᠭᠳᠡᠭᠦᠯᠦᠨ᠎ᠡ᠂ ᠤᠴᠢᠷ ᠨᠢ ᠪᠥᠬᠦ ᠶᠠᠪᠤᠴᠠ ᠵᠢᠨᠲ᠋ᠠᠷᠢᠯᠭᠠ ᠶᠢ ᠬᠢᠯᠭᠡᠭᠰᠡᠨ ᠦᠭᠡᠢ ᠪᠤᠶᠤ ᠸᠠᠺᠼᠢᠨ ᠤ | ᠲᠠᠷᠢᠯᠭ᠎ᠠ ᠬᠢᠯᠭᠡᠭᠡ ᠦᠭᠡᠢ ᠠᠴᠠ ᠡᠭᠡᠯᠢᠯᠡᠭᠡ ᠵᠢᠨᠴᠢᠳᠠᠪᠤᠷᠢ ᠨᠢ ᠪᠦᠷᠢᠮᠦᠰᠦᠨ ᠪᠣᠶ ᠪᠣᠯᠵᠤ ᠳᠡᠶᠢᠯᠦᠭᠡᠳᠦᠢ ᠪᠠᠶᠢᠵᠤ᠂ | ᠬᠠᠯᠳᠠᠪᠤᠷᠢᠯᠠᠯ ᠤᠨ ᠡᠬᠢ ᠡᠭᠦᠰᠪᠦᠷᠢᠢᠯᠡᠷᠡᠬᠦ ᠦᠶ᠎ᠡ ᠳᠤ ᠡᠪᠡᠳᠴᠢᠨ ᠡᠮᠭᠡᠭ ᠲᠤ ᠨᠡᠷᠪᠡᠭᠳᠡᠬᠦ ᠲᠦᠭᠰᠢᠭᠦᠷᠢ ᠭᠠᠷᠴᠤ ᠮᠡᠳᠡᠨ᠎ᠡ᠃ | ᠡᠶᠢᠮᠦ ᠡᠴᠡᠡᠯᠡ ᠭᠠᠵᠠᠷ ᠤᠨ ᠰᠡᠷᠭᠡᠶᠢᠯᠡᠬᠦ ᠲᠠᠷᠢᠯᠭ᠎ᠠ ᠶᠢᠨ ᠨᠢᠭᠡᠴᠢ ᠨᠢ ᠬᠡᠪ ᠤᠨ ᠠᠵᠢᠯ ᠢᠶᠠᠨ ᠡᠬᠢᠯᠡᠭᠦᠯᠦᠭᠰᠡᠨ ᠦᠲ᠋ᠠᠷᠠᠭᠠ | ᠸᠠᠺᠼᠢᠨ ᠤ ᠲᠠᠷᠢᠯᠭ᠎ᠠ ᠶᠢ ᠴᠠᠭ ᠲᠤᠬᠠᠢ ᠳᠤ ᠨᠢ ᠨᠥᠬᠦᠵᠦ ᠬᠢᠬᠦ ᠬᠡᠷᠡᠭᠲᠡᠢ᠂ ᠶᠠᠮᠠᠷ ᠸᠠᠺᠼᠢᠨᠤ ᠲᠠᠷᠢᠯᠭ᠎ᠠ ᠶᠢ ᠬᠢᠯᠭᠡᠭᠡ | ᠦᠭᠡᠢ᠂ ᠶᠠᠮᠠᠷ ᠸᠠᠺᠼᠢᠨ ᠢ ᠨᠥᠬᠦᠵᠦ ᠬᠢᠯᠭᠡᠬᠦ ᠴᠢᠬᠤᠯᠠᠲᠠᠢ ᠭᠡᠳᠡᠭ ᠢᠭᠡᠷ ᠤᠨ ᠠᠬᠠᠮᠠᠳ ᠨᠢᠭᠡᠪᠦᠷᠢ ᠲᠠᠷᠢᠯᠭ᠎ᠠ ᠶᠢᠨ | ᠦᠨᠡᠮᠯᠡᠯ ᠲᠠᠢ ᠪᠠᠶᠢᠵᠤ᠂ ᠲᠡᠷᠡ ᠲᠠᠷᠢᠯᠭ᠎ᠠ ᠶᠢᠨ ᠦᠨᠡᠮᠯᠡᠯᠲ᠋ᠡᠭᠡᠷᠡ ᠴᠥᠮ ᠲᠡᠮᠳᠡᠭᠯᠡᠯ ᠲᠠᠢ ᠪᠠᠶᠢᠳᠠᠭ᠃ ᠲᠣᠭᠲᠠᠭᠠᠯ ᠶᠣᠰᠣᠭᠠᠷ | ᠠᠯᠢ ᠠᠯᠢ ᠶᠢ ᠨᠢ ᠬᠢᠯᠭᠡᠭᠰᠡᠨ᠂ᠠᠯᠢ ᠠᠯᠢ ᠶᠢ ᠨᠢ ᠬᠢᠯᠭᠡᠭᠰᠡᠨ ᠦᠭᠡᠢ ᠭᠡᠳᠡᠭ ᠢ ᠲᠠᠷᠢᠯᠭ᠎ᠠ ᠶᠢᠨ ᠦᠨᠡᠮᠯᠡᠯ ᠢᠶᠠᠨ ᠠᠪᠴᠤ | ᠲᠠᠷᠢᠯᠭ᠎ᠠ ᠵᠢᠨᠨᠢᠭᠡᠴᠢ ᠳᠤ ᠣᠴᠢᠭᠰᠠᠨ ᠤ ᠳᠠᠷᠠᠭ᠎ᠠ᠂ ᠲᠠᠷᠢᠯᠭ᠎ᠠ ᠬᠢᠬᠦ ᠡᠮᠴᠢ ᠠᠴᠠ ᠬᠡᠦᠬᠡᠳ ᠤᠨ ᠪᠠᠶᠢᠳᠠᠯ ᠢ | ᠦᠨᠳᠦᠰᠦᠯᠡᠨᠬᠠᠷᠠᠭᠠᠯᠵᠠᠭᠰᠠᠨ ᠲᠣᠬᠢᠷᠠᠭᠤᠯᠤᠯᠲᠠ ᠬᠢᠨ᠎ᠡ᠃ ᠡᠨᠡ ᠬᠤᠭᠤᠴᠠᠭᠠᠨ ᠳᠤ᠂ ᠵᠠᠷᠢᠮ ᠬᠡᠦᠬᠡᠳ | ᠰᠢᠨᠡᠡᠪᠡᠳᠴᠢᠨ ᠤ ᠸᠢᠷᠦ᠋ᠰ ᠲᠤ ᠨᠡᠷᠪᠡᠭᠳᠡᠵᠦ᠂ ᠡᠪᠡᠳᠴᠢᠨ ᠨᠢ ᠨᠢᠭᠡᠨᠲᠡ ᠡᠳᠡᠭᠡᠷᠡᠭᠰᠡᠨ ᠪᠥᠭᠡᠳ ᠸᠠᠺᠼᠢᠨ ᠤᠲ᠋ᠠᠷᠢᠯᠭᠠ | ᠬᠢᠬᠦ ᠶᠢ ᠴᠡᠭᠡᠷᠯᠡᠬᠦ ᠡᠪᠡᠳᠴᠢᠨ ᠦᠭᠡᠢ ᠯᠡ ᠶᠤᠮ ᠪᠣᠯ ᠪᠠᠶᠢᠩᠭᠤ ᠶᠢᠨ ᠸᠠᠺᠼᠢᠨ ᠤ ᠲᠠᠷᠢᠯᠭᠠᠬᠢᠯᠭᠡᠬᠦ ᠪᠤᠶᠤ ᠨᠥᠬᠦᠵᠦ | ᠬᠢᠯᠭᠡᠵᠤ ᠪᠣᠯᠣᠨ᠎ᠠ᠃ | | ︱ ᠴᠠᠭᠠᠨ ᠰᠠᠷ᠎ᠠ ᠵᠢᠨᠬᠤᠭᠤᠴᠠᠭᠠᠨ ᠳᠤ ᠨᠤᠲᠤᠭ ᠲᠤ ᠪᠠᠨ ᠪᠤᠴᠠᠬᠤ ︱ | | ᠴᠠᠭᠠᠨᠰᠠᠷ᠎ᠠ ᠶᠢᠨ ᠠᠶᠠᠨᠴᠢᠨ ᠤ ᠲᠡᠭᠡᠭᠡᠪᠦᠷᠢ ᠶᠢᠨ ᠬᠤᠭᠤᠴᠠᠭᠠᠨ ᠳᠤ ᠬᠥᠮᠥᠰ ᠤᠨ ᠰᠢᠯᠵᠢᠯᠲᠡ ᠨᠡᠮᠡᠭᠳᠡᠨ᠎ᠡ᠂ᠲᠡᠭᠡᠪᠡᠯ | ᠬᠥᠮᠥᠰ ᠨᠢᠰᠬᠡᠯ᠂ ᠭᠠᠯᠲᠤ ᠲᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳ᠋ᠦᠰᠠᠭᠤᠬᠤ ᠳᠤ ᠪᠠᠨ ᠶᠠᠭᠤ ᠶᠢ | ᠠᠩᠬᠠᠷᠪᠠᠯ ᠵᠣᠬᠢᠬᠤ ᠪᠣᠶ︖ | | ᠬᠠᠯᠠᠭᠤᠷᠠᠬᠤ᠂ ᠬᠠᠭᠤᠷᠠᠢ ᠪᠠᠷ ᠬᠠᠨᠢᠶᠠᠯᠭᠠᠬᠤ᠂ ᠲᠠᠮᠢᠷᠳᠠᠬᠤ᠂ ᠬᠤᠭᠤᠯᠠᠢ ᠡᠪᠡᠳᠬᠦ ᠵᠡᠷᠭᠡ ᠡᠪᠡᠳᠴᠢᠨ ᠦᠢᠯᠡᠷᠡᠯ ᠲᠠᠢ | ᠬᠥᠮᠥᠰ ᠬᠠᠯᠳᠠᠪᠤᠷᠢᠯᠠᠯ ᠤᠨ ᠲᠦᠭᠰᠢᠭᠦᠷᠢ ᠠᠷᠢᠯᠠᠬᠤ ᠠᠴᠠ ᠡᠮᠦᠨ᠎ᠡ ᠣᠯᠠᠨ ᠨᠡᠶᠢᠲᠡ ᠵᠢᠨᠵᠠᠮ ᠬᠠᠷᠢᠯᠴᠠᠭᠠᠨ ᠤ ᠪᠠᠭᠠᠵᠢ | ᠬᠡᠷᠡᠭᠰᠡᠯ ᠳᠤ ᠰᠠᠭᠤᠬᠤ ᠠᠴᠠ ᠵᠠᠶᠢᠯᠠᠰᠬᠢᠵᠦ᠂ ᠬᠥᠮᠥᠨ ᠴᠤᠭᠯᠠᠷᠠᠭᠰᠠᠨᠭᠠᠵᠠᠷ ᠲᠤ ᠣᠴᠢᠬᠤ ᠦᠭᠡᠢ ᠪᠠᠶᠢᠬᠤ ᠬᠡᠷᠡᠭᠲᠡᠢ᠃ | ᠥᠪᠡᠷ ᠢᠶᠠᠨ ᠨᠡᠯᠢᠶᠡᠳ ᠶᠡᠭᠡ ᠬᠠᠯᠳᠠᠪᠤᠷᠢᠯᠠᠬᠤᠲ᠋ᠦ᠋ᠭᠰᠢᠭᠦᠷᠢ ᠲᠠᠢ ᠭᠡᠵᠦ ᠦᠵᠡᠭᠰᠡᠨ ᠬᠥᠮᠥᠰ ᠠᠶᠤᠯ ᠲᠦᠭᠰᠢᠭᠦᠷᠢ | ᠠᠷᠢᠯᠤᠭᠰᠠᠨ ᠤ ᠳᠠᠷᠠᠭ᠎ᠠ ᠰᠠᠶ᠋ᠢ ᠭᠠᠳᠠᠭᠰᠢᠭᠠᠷᠬᠤ ᠬᠡᠷᠡᠭᠲᠡᠢ᠃ | | ᠨᠢᠭᠲᠠᠪᠢᠲᠡᠭᠦᠮᠵᠢᠯᠡᠭᠰᠡᠨ ᠣᠷᠴᠢᠨ ᠲᠣᠭᠤᠷᠢᠨ᠂ ᠬᠥᠮᠥᠨ ᠬᠠᠷ᠎ᠠ ᠴᠤᠭᠯᠠᠷᠠᠭᠰᠠᠨ ᠲᠠᠯᠠᠪᠤᠷ ᠲᠤ᠂ ᠵᠢᠱᠢᠶᠡᠯᠡᠪᠡᠯᠨᠢᠰᠬᠡᠯ | ᠬᠦᠯᠢᠶᠡᠬᠦ ᠪᠠ ᠲᠡᠷᠭᠡ ᠬᠦᠯᠢᠶᠡᠬᠦ ᠦᠶ᠎ᠡ ᠳᠤ᠂ ᠨᠢᠰᠬᠡᠯ᠂ ᠭᠠᠯᠲᠤ ᠲᠡᠷᠭᠡ ᠵᠢᠴᠢ ᠮᠧᠲᠷᠣ᠋᠂ᠨᠡᠶᠢᠲᠡ ᠶᠢᠨ ᠮᠠᠰᠢᠨ ᠲᠡᠷᠭᠡ | ᠵᠡᠷᠭᠡ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤᠪᠦ᠋ᠬᠦ ᠶᠠᠪᠤᠴᠠ ᠳᠤ ᠠᠮᠠᠪᠴᠢ ᠪᠠᠨ ᠵᠥᠪ ᠵᠣᠬᠢᠰᠲᠠᠢ | ᠵᠡᠭᠦᠬᠦ ᠬᠡᠷᠡᠭᠲᠡᠢ᠃ | | ᠣᠯᠠᠨᠨᠡᠶᠢᠲᠡ ᠶᠢᠨ ᠲᠠᠯᠠᠪᠤᠷ ᠲᠤ ᠵᠦᠢ ᠵᠣᠬᠢᠰᠲᠠᠢ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠵᠤ᠂ᠣᠶᠢᠷ᠎ᠠ | ᠵᠠᠢ ᠠᠴᠠ ᠪᠤᠰᠤᠳ ᠲᠠᠢ ᠬᠠᠷᠢᠯᠴᠠᠬᠤ ᠶᠢ ᠪᠠᠭᠠᠰᠬᠠᠬᠤ ᠬᠡᠷᠡᠭᠲᠡᠢ᠃ | | ᠬᠤᠪᠢᠬᠥ᠋ᠮᠥᠨ ᠤ ᠠᠷᠢᠭᠤᠨ ᠴᠡᠪᠡᠷ ᠢ ᠰᠠᠶᠢᠲᠤᠷ ᠠᠩᠬᠠᠷᠴᠤ᠂ ᠢᠯᠠᠩᠭᠤᠶ᠎ᠠ ᠭᠠᠷ ᠤᠨ ᠠᠷᠢᠭᠤᠨ ᠴᠡᠪᠡᠷ ᠢᠶᠠᠨ | ᠴᠠᠭᠢᠮᠠᠭᠲᠠ ᠠᠩᠬᠠᠷᠴᠤ᠂ ᠨᠡᠶᠢᠲᠡ ᠶᠢᠨ ᠡᠳ᠋ ᠪᠣᠳᠠᠰ ᠲᠠᠢ ᠣᠶᠢᠷᠠᠳᠬᠤ ᠠᠴᠠ ᠵᠠᠶᠢᠯᠠᠰᠬᠢᠬᠦ ᠬᠡᠷᠡᠭᠲᠡᠢ᠃ᠬᠠᠨᠢᠶᠠᠯᠭᠠᠬᠤ | ᠪᠤᠶᠤ ᠨᠠᠶᠢᠲᠠᠭᠠᠬᠤ ᠳᠤ ᠪᠠᠨ ᠴᠠᠭᠠᠰᠤ ᠪᠤᠶᠤ ᠲᠣᠬᠤᠢ ᠪᠠᠷ ᠢᠶᠠᠨ ᠬᠠᠯᠬᠠᠯᠠᠵᠤ᠂ᠬᠡᠷᠡᠭᠯᠡᠵᠦ ᠥᠩᠭᠡᠷᠡᠭᠰᠡᠨ ᠴᠠᠭᠠᠰᠤ ᠪᠠᠨ ᠴᠠᠭ | ᠲᠤᠬᠠᠢ ᠳᠤ ᠨᠢ ᠬᠤᠭ ᠤᠨ ᠰᠠᠪᠠᠨ ᠳᠤ ᠬᠠᠶᠠᠨ᠎ᠠ᠃ ᠬᠡᠷᠪᠡᠠᠮᠢᠰᠬᠤᠯ ᠤᠨ ᠵᠠᠮ ᠤᠨ ᠰᠢᠭᠦᠷᠡᠳᠡᠰᠦ ᠲᠠᠢ ᠬᠦᠷᠦᠯᠴᠡᠪᠡᠯ᠂ | ᠴᠠᠭ ᠲᠤᠬᠠᠢ ᠳᠤ ᠨᠢ ᠭᠠᠷ ᠢᠶᠠᠨ ᠤᠬᠢᠶᠠᠬᠤᠪᠤᠶᠤ ᠭᠠᠷ ᠢᠶᠠᠨ ᠠᠷᠢᠭᠤᠳᠬᠠᠵᠤ᠂ ᠭᠠᠳᠠᠨ᠎ᠠ ᠭᠠᠷᠬᠤ ᠪᠤᠶᠤ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢᠬᠡᠷᠡᠭᠰᠡᠯ ᠳᠤ ᠰᠠᠭᠤᠬᠤ ᠳᠤ ᠪᠠᠨ ᠠᠯᠢ ᠴᠢᠳᠠᠬᠤ ᠪᠠᠷ ᠬᠤᠭᠤᠯᠠᠯᠠᠬᠤ ᠤᠳᠠᠭ᠎ᠠ ᠪᠠᠨ ᠪᠠᠭᠠᠰᠬᠠᠵᠤ᠂ | ᠠᠯᠢᠴᠢᠳᠠᠬᠤ ᠪᠠᠷ ᠣᠷᠭᠢᠯ ᠦᠶ᠎ᠡ ᠶᠢ ᠵᠥᠷᠢᠭᠦᠯᠦᠨ ᠬᠤᠭᠤᠯᠠᠯᠠᠬᠤ ᠬᠡᠷᠡᠭᠲᠡᠢ᠃ | | ᠴᠠᠭᠠᠨᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠣᠯᠠᠨ ᠲᠦᠮᠡᠨ ᠬᠢᠵᠢᠭ ᠤᠨ ᠪᠠᠶᠢᠳᠠᠯ | ᠢᠯᠡᠷᠡᠬᠦ ᠡᠴᠡᠡᠮᠦᠨᠡᠬᠢ ᠰᠢᠭ ᠴᠤᠭᠯᠠᠷᠠᠨ ᠨᠠᠶᠢᠷᠯᠠᠵᠤ ᠪᠣᠯᠣᠨ᠎ᠠ ᠦᠦ︖ ᠴᠤᠭᠯᠠᠷᠠᠯ ᠤᠨ ᠴᠢᠨᠠᠷᠲᠠᠢ ᠠᠵᠢᠯᠯᠠᠭ᠎ᠠ ᠳᠤ | ᠶᠠᠭᠤᠶᠠᠭᠤ ᠶᠢ ᠠᠩᠬᠠᠷᠪᠠᠯ ᠵᠣᠬᠢᠬᠤ ᠪᠣᠢ︖ | | ᠨᠢᠭᠡ ᠳᠤ᠂ ᠣᠯᠠᠨ ᠲᠦᠮᠡᠨ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠳᠡᠯᠭᠡᠷᠡᠵᠦ ᠪᠠᠶᠢᠭ᠎ᠠ ᠭᠠᠵᠠᠷ | ᠣᠷᠣᠨ ᠳ᠋ᠤ᠋ᠬᠦ᠋ᠷᠴᠦ ᠲᠥᠷᠥᠯ ᠰᠠᠲᠤᠨ ᠢᠶᠠᠨ ᠡᠷᠭᠢᠵᠦ ᠦᠵᠡᠬᠦ᠂ ᠵᠢᠭᠤᠯᠴᠢᠯᠠᠬᠤ ᠵᠡᠷᠭᠡ ᠠᠴᠠ ᠵᠠᠶᠢᠯᠠᠰᠬᠢᠬᠦ ᠵᠢᠰᠠᠨᠠᠭᠠᠴᠢᠯᠠᠵᠤ | ᠂ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠳᠡᠯᠭᠡᠷᠡᠵᠦ ᠪᠠᠶᠢᠭ᠎ᠠ ᠭᠠᠵᠠᠷ ᠣᠷᠣᠨ ᠤᠣᠯᠠᠨ ᠲᠦᠮᠡᠨ ᠨᠠᠭᠠᠰᠢ ᠴᠠᠭᠠᠰᠢ | ᠶᠠᠪᠤᠵᠤ ᠰᠠᠭᠤᠬᠤ ᠪᠠᠨ ᠪᠠᠭᠠᠰᠬᠠᠵᠤ᠂ ᠨᠠᠰᠤᠲᠠᠶᠢᠴᠤᠳ ᠵᠢᠴᠢ ᠬᠦᠨᠳᠦᠰᠠᠭᠤᠷᠢ ᠡᠪᠡᠳᠴᠢᠨ ᠲᠠᠢ ᠬᠥᠮᠥᠰ ᠠᠯᠢ | ᠴᠢᠳᠠᠬᠤ ᠪᠠᠷ ᠭᠠᠳᠠᠭᠰᠢ ᠭᠠᠷᠬᠤ ᠠᠴᠠ ᠵᠠᠶᠢᠯᠠᠰᠬᠢᠪᠡᠯ ᠵᠣᠬᠢᠨ᠎ᠠ᠃ | | ᠬᠤᠶᠠᠷ ᠲᠤ᠂ ᠠᠯᠢ ᠴᠢᠳᠠᠬᠤ ᠪᠠᠷ ᠭᠡᠷ ᠪᠦᠯᠢ ᠶᠢᠨ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠢ ᠠᠵᠢᠯᠯᠠᠭᠠᠡᠷᠬᠢᠯᠡᠬᠦ | ᠦᠭᠡᠢ ᠪᠠᠶᠢᠵᠤ᠂ ᠲᠥᠷᠥᠯ ᠰᠠᠳᠤᠨ ᠨᠠᠶᠢᠵᠠ ᠨᠥᠬᠦᠳ ᠤᠨ ᠨᠠᠶᠢᠷ ᠴᠤᠭᠯᠠᠭᠠᠨ ᠤ ᠬᠡᠪᠴᠢᠶ᠎ᠡ᠂ᠬᠥᠮᠥᠨ ᠤ ᠲᠤᠭ᠎ᠠ ᠪᠠᠨ | ᠪᠠᠭᠠᠰᠬᠠᠨ᠂ ᠨᠠᠶᠢᠷ ᠴᠤᠭᠯᠠᠭᠠᠨ ᠤ ᠴᠠᠭ ᠢᠶᠠᠨ ᠪᠣᠭᠤᠨᠢᠰᠬᠠᠵᠤ᠂ ᠥᠪᠡᠷ ᠤᠨ ᠵᠶ᠋ᠠᠨᠰᠡᠷᠭᠡᠶᠢᠯᠡᠯᠲᠡ ᠬᠠᠮᠠᠭᠠᠯᠠᠯᠲᠠ ᠪᠠᠨ | ᠴᠢᠩᠭᠠᠳᠬᠠᠬᠤ ᠬᠡᠷᠡᠭᠲᠡᠢ᠃ | | ᠭᠤᠷᠪᠠ ᠳᠤ᠂ ᠬᠢᠵᠢᠭ ᠤᠨ ᠪᠠᠶᠢᠳᠠᠯ ᠢ ᠦᠨᠳᠦᠰᠦᠯᠡᠵᠦ᠂ ᠠᠯᠢ ᠴᠢᠳᠠᠬᠤ ᠪᠠᠷ ᠶᠡᠭᠡ ᠬᠡᠪᠴᠢᠶᠡᠨ ᠤ | ᠰᠦᠮ᠎ᠡ ᠵᠢᠨᠴᠤᠭᠯᠠᠭᠠᠨ᠂ ᠲᠣᠮᠣ ᠬᠡᠯᠪᠡᠷᠢ ᠶᠢᠨ ᠲᠠᠰᠤᠯᠭᠠᠨ ᠤ ᠤᠷᠠᠨ ᠰᠠᠶᠢᠬᠠᠨ ᠤ ᠲᠣᠭᠯᠠᠯᠲᠠ᠂ ᠦᠵᠡᠭᠦᠯᠭᠡ | ᠵᠡᠷᠭᠡᠠᠵᠢᠯᠯᠠᠭᠠ ᠡᠷᠬᠢᠯᠡᠬᠦ ᠦᠭᠡᠢ ᠪᠠᠶᠢᠵᠤ᠂ ᠬᠥᠳᠡᠭᠡ ᠲᠣᠰᠬᠤᠨ ᠤ ᠵᠠᠬ᠎ᠠ ᠵᠡᠭᠡᠯᠢ ᠶᠢᠨ ᠠᠷᠠᠯᠵᠢᠶ᠎ᠠ ᠵᠢᠨᠬᠡᠪᠴᠢᠶ᠎ᠡ ᠪᠠ | ᠳᠠᠪᠲᠠᠮᠵᠢ ᠤᠳᠠᠭ᠎ᠠ ᠶᠢ ᠪᠠᠭᠠᠰᠬᠠᠵᠤ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ ᠵᠡᠷᠭᠡᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | | ᠴᠠᠭᠠᠨᠰᠠᠷ᠎ᠠ ᠶᠢᠨ ᠬᠤᠭᠤᠴᠠᠭᠠᠨ ᠳᠤ᠂ ᠬᠠᠯᠳᠠᠪᠤᠷᠢᠯᠠᠬᠤ ᠲᠦᠭᠰᠢᠭᠦᠷᠢ ᠶᠢ ᠭᠡᠷ ᠤᠨ | ᠨᠠᠰᠤᠲᠠᠶᠢᠴᠤᠳ ᠲᠤ ᠪᠠᠨᠲ᠋ᠠᠷᠬᠠᠭᠠᠬᠤ ᠠᠴᠠ ᠵᠠᠶᠢᠯᠠᠰᠬᠢᠨ᠎ᠡ | | ᠬᠢᠵᠢᠭ ᠦᠨᠪᠠᠶᠢᠳᠠᠯ ᠳᠡᠯᠭᠡᠷᠡᠬᠦ ᠬᠤᠭᠤᠴᠠᠭᠠᠨ ᠳᠤ᠂ ᠡᠷᠡᠭᠦᠯ ᠰᠠᠷᠠᠭᠤᠯ ᠢᠶᠠᠷ ᠴᠠᠭᠠᠨ ᠰᠠᠷ᠎ᠠ ᠪᠠᠨ ᠥᠩᠭᠡᠷᠡᠭᠦᠯᠬᠦᠪᠣᠯ | ᠣᠯᠠᠨ ᠲᠦᠮᠡᠨ ᠤ ᠬᠠᠮᠤᠭ ᠠᠴᠠ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠣᠯᠣᠨ᠎ᠠ᠃ ᠪᠢᠳᠡ ᠳᠣᠣᠷᠠᠬᠢᠬᠡᠳᠦᠨ | ᠲᠠᠯ᠎ᠠ ᠪᠠᠷ ᠠᠩᠬᠠᠷᠤᠨ ᠴᠢᠩᠭᠠᠳᠬᠠᠬᠤ ᠬᠡᠷᠡᠭᠲᠡᠢ᠄ | | ᠨᠢᠭᠡ ᠳᠤ᠂ ᠬᠤᠪᠢ ᠬᠥᠮᠥᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠵᠦ᠂ ᠭᠠᠷ ᠢᠶᠠᠨ ᠪᠠᠶᠢᠩᠭᠤ ᠤᠬᠢᠶᠠᠬᠤ᠂ | ᠠᠮᠠᠪᠴᠢ ᠵᠡᠭᠦᠬᠦ᠂ ᠦᠷᠭᠦᠯᠵᠢ ᠰᠠᠯᠬᠢ ᠨᠡᠪᠲᠡᠷᠡᠭᠦᠯᠬᠦ᠂ ᠨᠡᠶᠢᠲᠡ ᠶᠢᠨ ᠰᠠᠪᠬ᠎ᠠ ᠬᠡᠷᠡᠭᠯᠡᠬᠦᠵᠡᠷᠭᠡ ᠶᠢ ᠪᠠᠷᠢᠮᠲᠠᠯᠠᠵᠤ᠂ | ᠨᠡᠶᠢᠭᠡᠮ ᠤᠨ ᠬᠠᠷᠢᠯᠴᠠᠭᠠᠨ ᠤ ᠵᠠᠢ᠂ ᠬᠠᠨᠢᠶᠠᠬᠤ ᠶᠣᠰᠣ ᠳᠦᠷᠢᠮ᠂ᠴᠡᠪᠡᠷᠯᠡᠨ ᠠᠷᠢᠭᠤᠳᠬᠠᠬᠤ ᠵᠡᠷᠭᠡ ᠡᠷᠡᠭᠦᠯ ᠬᠠᠮᠠᠭᠠᠯᠠᠯ ᠤᠨ | ᠳᠠᠳᠬᠠᠯ ᠢ ᠪᠠᠲᠤᠯᠠᠵᠤ᠂ ᠬᠢᠵᠢᠭ ᠲᠦᠬᠠᠯᠳᠠᠪᠤᠷᠢᠯᠠᠭᠳᠠᠭᠠᠳ ᠡᠷᠡᠭᠦᠯᠵᠢᠭᠰᠡᠨ ᠤ ᠳᠠᠷᠠᠭ᠎ᠠ ᠴᠤ ᠭᠡᠰᠡᠨ ᠬᠤᠪᠢ ᠬᠥᠮᠥᠨ ᠤ | ᠬᠠᠮᠠᠭᠠᠯᠠᠯᠲᠠ ᠪᠠᠨᠰᠠᠶᠢᠲᠤᠷ ᠬᠢᠪᠡᠯ ᠵᠣᠬᠢᠨ᠎ᠠ᠃ | | ᠬᠤᠶᠠᠷ ᠲᠤ᠂ ᠵᠢᠮ᠎ᠡ ᠶᠣᠰᠣ ᠲᠠᠢ ᠠᠵᠢᠯᠯᠠᠵᠤ ᠠᠮᠠᠷᠠᠬᠤ᠂ ᠵᠦᠢ ᠵᠣᠬᠢᠰᠲᠠᠢ ᠢᠳᠡᠵᠦ ᠤᠤᠭᠤᠬᠤ᠂ | ᠬᠡᠮᠵᠢᠶ᠎ᠡ ᠳᠤ ᠪᠡᠨᠲ᠋ᠣᠬᠢᠷᠠᠭᠰᠠᠨ ᠬᠥᠳᠡᠯᠭᠡᠭᠡᠨ ᠬᠢᠬᠦ᠂ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠢ ᠪᠠᠲᠤᠯᠠᠬᠤ | ᠵᠡᠷᠭᠡᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠠᠷᠢᠮᠲᠠᠯᠠᠵᠤ᠂ ᠬᠤᠪᠢ ᠬᠥᠮᠥᠨ ᠤ ᠡᠪᠡᠳᠴᠢᠨ ᠢᠡᠰᠡᠷᠭᠦᠴᠡᠬᠦ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ | | ᠭᠤᠷᠪᠠ ᠳᠤ᠂ ᠠᠯᠢ ᠴᠢᠳᠠᠬᠤ ᠪᠠᠷ ᠭᠡᠷ ᠪᠦᠯᠢ ᠶᠢᠨ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠢ ᠠᠵᠢᠯᠯᠠᠭᠠᠡᠷᠬᠢᠯᠡᠬᠦ | ᠦᠭᠡᠢ᠂ ᠨᠠᠶᠢᠷ ᠴᠤᠭᠯᠠᠭᠠᠨ ᠳᠤ ᠣᠷᠤᠯᠴᠠᠬᠤ ᠦᠭᠡᠢ ᠪᠠᠶᠢᠵᠤ᠂ ᠭᠡᠷ ᠪᠦᠯᠢ ᠶᠢᠨ ᠲᠥᠷᠥᠯᠰᠠᠲᠤᠨ ᠤ ᠴᠤᠭᠯᠠᠷᠠᠨ ᠨᠠᠶᠢᠷᠯᠠᠬᠤ | ᠬᠥᠮᠥᠨ ᠤ ᠲᠤᠭ᠎ᠠ ᠶᠢ ᠪᠠᠭᠠᠰᠬᠠᠨ᠂ ᠨᠠᠶᠢᠷ ᠴᠤᠭᠯᠠᠭᠠᠨ ᠤ ᠴᠠᠭ ᠢᠪᠣᠭᠤᠨᠢᠰᠬᠠᠨᠠ᠃ ᠪᠠᠰᠠ ᠸᠢᠳᠢᠤ᠋᠂ ᠤᠲᠠᠰᠤ ᠪᠠᠷ | ᠳᠠᠮᠵᠢᠭᠤᠯᠤᠨ ᠬᠠᠷᠢᠯᠴᠠᠨ ᠢᠷᠦᠭᠡᠯ ᠵᠥᠩᠨᠡᠯᠲ᠋ᠡᠪᠰᠢᠭᠦᠯᠵᠦ᠂ ᠢᠯᠠᠩᠭᠤᠶ᠎ᠠ ᠬᠠᠯᠳᠠᠪᠤᠷᠢᠯᠠᠬᠤ ᠲᠦᠭᠰᠢᠭᠦᠷᠢ ᠶᠢ ᠭᠡᠷ ᠤᠨ | ᠨᠠᠰᠤᠲᠠᠶᠢᠴᠤᠳ ᠲᠤ ᠪᠠᠨᠲ᠋ᠠᠷᠬᠠᠭᠠᠬᠤ ᠠᠴᠠ ᠵᠠᠶᠢᠯᠠᠰᠬᠢᠬᠦ ᠬᠡᠷᠡᠭᠲᠡᠢ᠃ | | ᠳᠥᠷᠪᠡ ᠳᠤ᠂ ᠸᠠᠺᠼᠢᠨ ᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠭᠰᠡᠳ ᠪᠦᠬᠦ ᠶᠠᠪᠤᠴᠠ ᠶᠢᠨ ᠲᠠᠷᠢᠯᠭ᠎ᠠ | ᠪᠠᠴᠢᠩᠭᠠᠳᠬᠠᠬᠤ ᠲᠠᠷᠢᠯᠭ᠎ᠠ ᠶᠢ ᠠᠯᠢ ᠲᠦᠷᠭᠡᠨ ᠢᠶᠠᠷ ᠬᠢᠵᠦ᠂ ᠬᠤᠪᠢ ᠬᠥᠮᠥᠨ ᠪᠠ ᠭᠡᠷ ᠦᠨᠬᠥ᠋ᠮᠥᠰ ᠤᠨ ᠢᠶᠠᠨ ᠡᠷᠡᠭᠦᠯ | ᠮᠡᠨᠳᠦ ᠶᠢ ᠬᠠᠮᠠᠭᠠᠯᠠᠬᠤ ᠬᠡᠷᠡᠭᠲᠡᠢ᠃ | | ᠲᠠᠪᠤ ᠳᠤ᠂ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠪᠠᠨ ᠴᠢᠩᠭᠠᠳᠬᠠᠵᠤ᠂ ᠬᠤᠪᠢ ᠬᠥᠮᠥᠨ ᠪᠠ | ᠭᠡᠷ ᠦᠨᠬᠥ᠋ᠮᠥᠰ ᠤᠨ ᠢᠶᠠᠨ ᠡᠷᠡᠭᠦᠯ ᠮᠡᠨᠳᠦ ᠶᠢᠨ ᠪᠠᠶᠢᠳᠠᠯ ᠢ ᠨᠢᠭᠲᠠ ᠠᠩᠬᠠᠷᠴᠤ᠂ ᠬᠡᠷᠪᠡ ᠬᠠᠯᠠᠭᠤᠷᠠᠬᠤ᠂ᠬᠠᠭᠤᠷᠠᠢ ᠪᠠᠷ | ᠬᠠᠨᠢᠶᠠᠯᠭᠠᠬᠤ᠂ ᠲᠠᠮᠢᠷᠳᠠᠬᠤ᠂ ᠬᠤᠭᠤᠯᠠᠢ ᠡᠪᠡᠳᠬᠦ ᠵᠡᠷᠭᠡ ᠡᠪᠡᠳᠴᠢᠨ ᠤ ᠰᠢᠨᠵᠢᠢᠯᠡᠷᠡᠬᠦ᠂ ᠡᠰᠡᠬᠦᠯ᠎ᠡ ᠪᠥᠭᠡᠮ ᠬᠦᠴᠢᠯ ᠤᠨ | ᠠᠷᠭ᠎ᠠ ᠴᠢᠨᠠᠷ ᠢ ᠪᠠᠶᠢᠴᠠᠭᠠᠨ ᠭᠠᠷᠭᠠᠭᠰᠠᠨ ᠦᠶ᠎ᠡ ᠳᠤ᠂ ᠠᠯᠢᠴᠢᠳᠠᠬᠤ ᠪᠠᠷ ᠰᠠᠯᠬᠢ ᠨᠡᠪᠲᠡᠷᠡᠭᠰᠡᠨ᠂ ᠬᠠᠷᠢᠴᠠᠩᠭᠤᠢ ᠲᠤᠰᠠᠭᠠᠷ | ᠥᠷᠥᠭᠡ ᠳᠤ ᠰᠠᠭᠤᠵᠤ᠂ ᠬᠠᠮᠲᠤᠰᠠᠭᠤᠵᠤ ᠪᠠᠶᠢᠭ᠎ᠠ ᠬᠥᠮᠥᠰ ᠲᠠᠢ ᠪᠠᠨ ᠣᠶᠢᠷᠠᠳᠬᠤ ᠪᠠᠨ ᠴᠢᠳᠠᠬᠤ ᠶᠢᠨ ᠬᠢᠷᠢ ᠪᠠᠷ | ᠪᠠᠭᠠᠰᠬᠠᠨ᠂ ᠡᠪᠡᠳᠴᠢᠨ ᠦᠪᠠᠶᠢᠳᠠᠯ ᠢᠶᠠᠨ ᠨᠢᠭᠲᠠ ᠠᠩᠬᠠᠷᠴᠤ᠂ ᠬᠡᠷᠪᠡ ᠡᠪᠡᠳᠴᠢᠨ ᠤ ᠪᠠᠶᠢᠳᠠᠯ ᠨᠢ ᠬᠦᠨᠳᠦᠷᠡᠪᠡᠯ ᠴᠠᠭ | ᠲᠤᠬᠠᠢ ᠳ᠋ᠤ᠋ᠨᠢ ᠡᠮᠨᠡᠭᠦᠯᠬᠦ ᠬᠡᠷᠡᠭᠲᠡᠢ᠃ | |