ᠥᠪᠥᠷ ᠮᠣᠩᠭᠤᠯ ᠤᠨ ᠵᠦᠸᠧᠽᠢ ᠰᠢᠶᠠᠨ᠄ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ︽ᠰᠢᠨ᠎ᠡ ᠬᠠᠭᠤᠳᠠᠰᠤ︾ ᠶᠢ ᠵᠢᠷᠤᠭᠯᠠᠬᠤ ᠬᠡᠷᠡᠭᠲᠡᠢ
ᠨᠡᠶᠢᠲᠡᠯᠡᠭᠰᠡᠨ ᠴᠠᠭ᠄
2023/11/15
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠥᠪᠥᠷ ᠮᠣᠩᠭᠤᠯ ᠤᠨ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠮᠵᠢᠯᠲᠠ ᠲᠠᠢ ᠲᠤᠷᠰᠢᠯᠭ᠎ᠠ ᠶᠢ ᠪᠠᠬᠢᠵᠢᠭᠦᠯᠦᠨ ᠥᠷᠭᠡᠳᠬᠡᠵᠦ᠂ ᠳᠠᠪᠠᠭᠤᠯᠢᠭ ᠢᠶᠠᠨ ᠴᠢᠩᠭᠠᠳᠬᠠᠨ ᠣᠨᠴᠠᠯᠢᠭ ᠢᠶᠠᠨ ᠡᠭᠦᠳᠬᠦ᠂ ᠪᠠᠭᠤᠷᠠᠢ ᠲᠠᠯ᠎ᠠ ᠶᠢ ᠰᠢᠪᠲᠤᠯᠤᠨ ᠳᠤᠲᠠᠭᠤᠳᠠᠯ ᠢᠶᠠᠨ ᠨᠥᠬᠦᠪᠦᠷᠢᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠦᠨᠳᠦᠰᠦᠨ ᠱᠠᠲᠤ ᠶᠢ ᠠᠳᠬᠤᠨ ᠰᠠᠭᠤᠷᠢ ᠶᠢ ᠲᠠᠯᠪᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃    ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠬᠤ ᠦᠢᠯᠡᠳᠦᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠲᠣᠭᠲᠠᠴᠠ ᠶᠢ ᠪᠦᠷᠢᠨ ᠪᠠᠶᠢᠭᠤᠯᠤᠨ᠎ᠠ᠃ ︽ᠲᠣᠰᠬᠤᠨ ᠢ ᠬᠦᠴᠦᠷᠬᠡᠭᠵᠢᠭᠦᠯᠬᠦ ᠠᠵᠢᠯᠯᠠᠭ᠎ᠠ ᠶᠢᠨ ᠲᠥᠰᠥᠯ︾ ᠢ ᠲᠣᠭᠲᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ︽ᠲᠠᠪᠤᠨ ᠶᠡᠭᠡ ᠬᠥᠭᠵᠢᠭᠦᠯᠦᠨ ᠮᠠᠨᠳᠤᠭᠤᠯᠬᠤ︾ ᠡᠭᠦᠷᠭᠡ ᠶᠢ ᠬᠡᠷᠡᠭᠵᠢᠭᠦᠯᠬᠦ ᠶᠢᠨ ᠲᠣᠭᠤᠷᠢᠨ ᠳᠤ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠤᠶᠠᠯᠳᠤᠭᠤᠯᠤᠨ᠂ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠪᠠᠷ ᠭᠦᠢᠴᠡᠳᠬᠡᠯ ᠲᠤᠭ᠎ᠠ ᠪᠣᠯᠭᠠᠵᠤ᠂ ︽ᠵᠠᠮᠴᠢᠯᠠᠬᠤ ᠲᠣᠰᠬᠤᠨ︾ ︽ᠰᠢᠯᠢᠳᠡᠭ ᠲᠣᠰᠬᠤᠨ ᠢ ᠡᠭᠦᠳᠬᠦ ᠲᠣᠰᠬᠤᠨ︾ ︽ᠰᠠᠭᠤᠷᠢ ᠶᠢ ᠴᠢᠩᠭᠠᠳᠬᠠᠬᠤ ᠲᠣᠰᠬᠤᠨ︾ ᠵᠡᠷᠭᠡ 3 ᠵᠦᠢᠯ ᠤᠨ ᠲᠥᠷᠥᠯ ᠬᠡᠯᠪᠡᠷᠢ ᠶᠢᠨ ᠪᠠᠷᠢᠮᠵᠢᠶ᠎ᠠ ᠶᠢ ᠮᠡᠳᠡᠭᠦᠯᠦᠨ᠎ᠡ᠃ 2023 ᠣᠨ ᠤ ᠰᠡᠭᠦᠯᠴᠢ ᠪᠣᠯᠬᠤ ᠳᠤ᠂︽ᠵᠠᠮᠴᠢᠯᠠᠬᠤ ᠲᠣᠰᠬᠤᠨ︾ ᠢ 20%᠂︽ᠰᠢᠯᠢᠳᠡᠭ ᠲᠣᠰᠬᠤᠨ︾ ᠢ 60% ᠢ ᠪᠠᠶᠢᠭᠤᠯᠵᠤ᠂ ᠦᠯᠡᠳᠡᠭᠰᠡᠨ 20% ᠢ ᠨᠢ ︽ᠴᠢᠶᠠᠩ ᠵᠢᠢ ᠲᠣᠰᠬᠤᠨ︾ᠪᠣᠯᠭᠠᠬᠤ ᠪᠠᠷ ᠲᠥᠯᠥᠪᠯᠡᠵᠦ ᠪᠤᠢ᠃
ᠵᠦᠸᠧᠽᠢ ᠰᠢᠶᠠᠨ ᠤ ᠱᠢ ᠪᠠ ᠲᠠᠢ ᠪᠠᠯᠭᠠᠰᠤᠨ ᠤ ᠬᠠᠯᠠᠭᠠᠶᠢᠲᠤ ᠲᠣᠰᠬᠤᠨ ᠤ ᠦᠬᠡᠷ ᠲᠡᠵᠢᠭᠡᠬᠦ ᠲᠠᠯᠠᠪᠠᠢ    ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠴᠢᠳᠠᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠤᠨ ᠴᠢᠳᠠᠪᠤᠷᠢᠲᠠᠨ ᠢ ᠨᠡᠶᠢᠭᠡᠮ ᠨᠡᠶᠢᠲᠡ ᠠᠴᠠ ᠰᠢᠯᠢᠳᠡᠭ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠪᠠᠶᠠᠵᠢᠯ ᠤᠨ ᠳᠠᠭᠠᠭᠤᠯᠤᠭᠴᠢ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠬᠤᠳᠠᠯᠳᠤᠭ᠎ᠠ ᠡᠷᠭᠢᠯᠡᠬᠦ ᠰᠢᠯᠢᠳᠡᠭ ᠬᠥᠮᠥᠰ ᠢ ᠲᠣᠰᠬᠤᠨ ᠳᠤ ᠢᠯᠡ ᠪᠠᠷ ᠤᠷᠢᠨ ᠤᠷᠢᠵᠤ ᠲᠤᠰᠢᠶᠠᠯ ᠡᠭᠦᠷᠭᠡᠯᠡᠭᠦᠯᠵᠦ ᠂ ᠬᠢᠷᠢ ᠬᠡᠮ ᠤᠨ ᠬᠢᠨᠠᠨ ᠬᠠᠷᠭᠤᠭᠤᠯᠤᠯᠲᠠ᠂ ᠪᠢᠷ ᠤᠨ ᠰᠢᠯᠭᠠᠯᠲᠠ᠂ ᠨᠢᠭᠤᠷᠲᠠᠨ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ᠂ ᠪᠠᠶᠢᠴᠠᠭᠠᠯᠲᠠ᠂ ᠢᠯᠡ ᠨᠡᠶᠢᠲᠡᠯᠡᠬᠦ ᠵᠡᠷᠭᠡ ᠠᠯᠢ ᠣᠯᠠᠨ ᠶᠠᠪᠤᠴᠠ ᠪᠠᠷ ᠳᠡᠮᠵᠢᠨ᠂ 50 ︽ᠲᠦᠷᠦᠭᠦᠴᠢ ᠭᠠᠯᠠᠭᠤ ᠶᠢᠨ ᠢᠨᠵᠧᠨᠧᠷᠢᠩ ᠤᠨ ᠦᠢᠯᠡᠴᠢᠯᠡᠭᠡᠨ ᠤ ᠠᠵᠢᠯᠲᠠᠨ︾ ᠢ ᠡᠯᠰᠡᠵᠦ᠂ ᠳᠤᠮᠳᠠᠴᠢ ᠪᠠᠷ 28 ᠨᠠᠰᠤᠲᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ 2 ᠬᠥᠮᠥᠨ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ 25 ᠬᠥᠮᠥᠨ᠂ ᠨᠠᠮ ᠤᠨ ᠭᠡᠰᠢᠭᠦᠨ ᠲᠠᠢ 14 ᠬᠥᠮᠥᠨ ᠡᠯᠰᠡᠨ᠎ᠡ᠃
   ︽ᠲᠠᠷᠢᠶᠠᠯᠠᠭᠴᠢᠳ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ︾ ᠬᠥᠳᠡᠭᠡ ᠲᠣᠰᠬᠤᠨ ᠤ ᠵᠠᠰᠠᠯᠲᠠ ᠶᠢᠨ ᠭᠤᠣᠯᠯᠠᠭᠴᠢ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢᠨ ᠰᠤᠷᠤᠭᠴᠢᠳ ᠰᠢᠨ᠎ᠡ ᠪᠠᠷ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ︽ᠲᠣᠰᠬᠤᠨ ᠤ ᠲᠣᠭᠲᠠᠭᠠᠯ ᠠᠷᠠᠳ ᠤᠨ ᠭᠡᠷ᠎ᠡ︾ ᠶᠢ ᠳᠡᠯᠭᠡᠨ ᠦᠵᠡᠭᠦᠯᠪᠡ    ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠬᠠᠮᠲᠤ ᠶᠢᠨ ᠠᠵᠤ ᠠᠬᠤᠢ ᠵᠡᠷᠭᠡ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ᠂ ᠤᠷᠢᠳ ᠬᠤᠵᠢᠳ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ᠂︽ᠲᠠᠷᠢᠶᠠᠯᠠᠭᠴᠢ ᠶᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ︾ ᠶᠢᠨ ᠬᠥᠳᠡᠭᠡ ᠲᠣᠰᠬᠤᠨ ᠤ ᠵᠠᠰᠠᠯᠲᠠ ᠶᠢᠨ ᠭᠤᠣᠯᠯᠠᠭᠴᠢ ᠬᠦᠴᠦᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ᠂︽ᠲᠦᠷᠦᠭᠦᠴᠢ ᠭᠠᠯᠠᠭᠤ ᠶᠢᠨ ᠢᠨᠵᠧᠨᠧᠷᠢᠩ︾  ᠤᠨ ᠦᠢᠯᠡᠴᠢᠯᠡᠭᠡᠨ ᠤ ᠬᠥᠮᠥᠰ ᠤᠨ ᠪᠣᠯᠪᠠᠰᠤᠷᠠᠯ ᠤᠨ ᠠᠩᠭᠢ ᠵᠡᠷᠭᠡ ᠶᠢ 5 ᠬᠤᠭᠤᠴᠠᠭ᠎ᠠ ᠡᠷᠬᠢᠯᠡᠵᠦ᠂ ᠰᠢᠶᠠᠩ ᠪᠠᠯᠭᠠᠰᠤᠨ ᠤ ᠺᠠᠳ᠋ᠷ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠳᠤ ᠲᠤᠰᠢᠶᠠᠯ ᠬᠠᠷᠢᠭᠤᠴᠠᠵᠤ ᠰᠣᠩᠭᠤᠨ ᠰᠢᠯᠵᠢᠭᠦᠯᠬᠦ ᠰᠤᠷᠤᠬᠴᠢ ᠶᠢᠨ ᠪᠣᠯᠪᠠᠰᠤᠷᠠᠯ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠡᠢ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2