ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠢ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2023/11/22
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠬᠠᠮᠲᠤᠷᠠᠨ ᠪᠠᠭᠤᠯᠭᠠᠭᠰᠠᠨ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠵᠤ ᠰᠡᠷᠭᠦᠭᠡᠨ ᠵᠠᠰᠠᠬᠤ ᠶᠢ ᠬᠥᠮᠥᠷᠭᠡ ᠳᠤ ᠣᠷᠣᠭᠤᠯᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠤᠬᠠᠢ ᠮᠡᠳᠡᠭᠳᠡᠯ︾ ︵ᠥᠪᠥᠷ ᠪᠠᠶᠢᠭᠠᠯᠢ ᠶᠢᠨ ᠡᠬᠢ ᠪᠠᠶᠠᠯᠢᠭ ᠲᠠᠷᠬᠠᠭᠠᠭᠰᠠᠨ ︽2023︾ 41 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠢᠨᠠᠨ ᠬᠠᠷᠭᠤᠭᠤᠯᠬᠤ ᠪᠠᠷ ᠳᠠᠮᠵᠢᠭᠠᠳ᠂ ᠮᠠᠨ ᠤ ᠰᠢᠶᠠᠨ ᠳᠤ 1.06 ᠲᠡᠭᠰᠢ ᠳᠥᠷᠪᠡᠯᠵᠢᠨ ᠺᠢᠯᠣᠮᠧᠲᠷ ᠲᠠᠯᠠᠪᠠᠶ ᠲᠠᠢ ᠲᠡᠦᠬᠡ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠲᠠᠢ᠂ ᠴᠥᠮ ᠵᠠᠰᠠᠭ ᠤᠨ ᠣᠷᠳᠣᠨ  ᠠᠴᠠ ᠰᠡᠷᠭᠦᠭᠡᠨ ᠵᠠᠰᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠲᠡᠦᠬᠡ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠪᠣᠳᠠᠲᠠᠢ ᠮᠡᠳᠡᠭᠡ ᠵᠠᠩᠭᠢ ᠶᠢ ᠳᠠᠭᠠᠯᠳᠤᠭᠤᠯᠤᠯ ᠬᠦᠰᠦᠨᠦᠭᠲᠦ ᠳᠤ ᠦᠵᠡ᠃ ︽ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠳᠦᠷᠢᠮ ᠢ ᠬᠡᠷᠡᠭᠵᠢᠭᠦᠯᠬᠦ ᠠᠷᠭ᠎ᠠ︾ ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠤ 56 ᠳ᠋ᠤᠭᠠᠷ ᠲᠣᠭᠠᠲᠤ ᠵᠠᠷᠯᠢᠭ︶ ᠶᠢᠨ ᠬᠤᠷᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 30 ᠡᠳᠦᠷ ︵ᠳᠠᠷᠤᠢ 2023 ᠣᠨ ᠤ 11 ᠰᠠᠷ᠎ᠠ ᠶᠢᠨ 15 ᠤ ᠡᠳᠦᠷ ᠠᠴᠠ 2023 ᠣᠨ ᠤ 12 ᠰᠠᠷ᠎ᠠ ᠶᠢᠨ 15 ᠤ ᠡᠳᠦᠷ ᠪᠣᠯᠲᠠᠯ᠎ᠠ︶᠂ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠵᠠᠷᠯᠠᠨ ᠨᠡᠶᠢᠲᠡᠯᠡᠭᠰᠡᠨ ᠠᠭᠤᠯᠭ᠎ᠠ ᠳᠤ ᠣᠨᠳᠣᠣ ᠰᠠᠨᠠᠯ ᠲᠠᠢ ᠪᠠᠶᠢᠪᠠᠯ᠂ ᠤᠲᠠᠰᠤ ᠢᠷᠡᠬᠦ᠂ ᠵᠠᠬᠢᠳᠠᠯ ᠢᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠲᠤᠰᠬᠠᠵᠤ ᠪᠣᠯᠣᠨ᠎ᠠ᠃ ᠬᠠᠷᠢᠯᠴᠠᠬᠤ ᠤᠲᠠᠰᠤ᠄ 13644743261 ᠬᠠᠶ᠋ᠢᠭ᠄ ᠵᠦᠸᠧᠽᠢ ᠰᠢᠶᠠᠨ ᠤ ᠵᠦᠸᠧᠽᠢ ᠱᠠᠨ ᠪᠠᠯᠭᠠᠰᠤᠨ ᠤ ᠶᠢᠩᠪᠢᠨ ᠵᠡᠭᠦᠨ ᠵᠡᠭᠡᠯᠢ ᠳᠠᠭᠠᠯᠳᠤᠭᠤᠯᠤᠯ᠄ ᠵᠦᠸᠧᠽᠢ ᠰᠢᠶᠠᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠮᠡᠳᠡᠭᠡ ᠵᠠᠩᠭᠢ ᠶᠢᠨ ᠬᠦᠰᠦᠨᠦᠭᠲᠦ ᠵᠢᠷᠤᠭ2023 ᠣᠨ ᠤ 11 ᠰᠠᠷ᠎ᠠ ᠶᠢᠨ 15                         ᠤᠷᠴᠢᠭᠤᠯᠤᠭᠴᠢ᠄ ᠪᠠᠶᠠᠨᠪᠠᠲᠤ                     ᠨᠠᠶᠢᠷᠠᠭᠤᠯᠤᠭᠴᠢ᠄ ᠪᠠᠶᠠᠨᠪᠠᠲᠤ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2