ᠵᠦᠸᠧᠽᠢ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠲᠤᠰᠬᠠᠢ ᠰᠡᠳᠦᠪᠲᠦ ᠨᠠᠮ ᠤᠨ ᠬᠢᠴᠢᠶᠡᠯ ᠪᠠ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/23
   ᠰᠢᠶᠠᠨ ᠤ ᠨᠠᠮ ᠤᠨ ᠬᠤᠷᠢᠶ᠎ᠠ ᠶᠢᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠱᠠᠭᠠᠷᠳᠠᠯᠭ᠎ᠠ  ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 11 ᠰᠠᠷ᠎ᠠ ᠶᠢᠨ 9  ᠤ ᠡᠳᠦᠷ᠂ ᠵᠦᠸᠧᠽᠢ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾︱ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠪᠣᠯᠣᠨ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠵᠡᠢ᠃ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠠᠶᠢᠭᠤᠯᠤᠯᠭ᠎ᠠ ᠶᠢᠨ ᠨᠠᠮ ᠤᠨ ᠡᠭᠦᠷ᠂ ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ᠂ ᠳᠤᠮᠳᠠᠳᠤ ᠤᠯᠤᠰ ᠤᠨ ᠲᠡᠮᠦᠷ ᠵᠠᠮ ᠤᠨ ᠠᠷᠪᠠ ᠶᠢᠰᠦᠳᠦᠭᠡᠷ ᠲᠣᠪᠴᠢᠶ᠎ᠠ ᠶᠢᠨ ᠪᠦᠯᠦᠭᠯᠡᠯ ᠤᠨ ᠠᠭᠤᠷᠬᠠᠢ ᠶᠢᠨ ᠦᠢᠯᠡᠰ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠳ᠋ᠠ ᠰᠦ ᠵᠢᠢ ᠮᠤᠯᠢᠪᠳᠧᠨ ᠤ ᠠᠭᠤᠷᠬᠠᠢ ᠶᠢᠨ ᠲᠦᠷᠦᠯ ᠵᠦᠢᠯ ᠤᠨ ᠬᠡᠯᠲᠡᠰ ᠤᠨ ᠨᠠᠮ ᠤᠨ
   ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ︽ᠰᠢᠨ᠎ᠡ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ︾ ᠪᠠᠷ ᠭᠤᠣᠯ ᠰᠡᠳᠦᠪ ᠪᠣᠯᠭᠠᠵᠤ᠂ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠳᠤ ᠭᠦᠨᠵᠡᠭᠡᠢ ᠪᠥᠭᠡᠳ ᠪᠣᠳᠠᠲᠠᠢ ᠲᠠᠢ ᠣᠶᠢᠷᠠᠲᠤᠭᠰᠠᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠵᠤ᠂ ᠬᠤᠷᠠᠯ ᠳᠤ ᠣᠷᠣᠯᠴᠠᠭᠰᠠᠳ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠶᠢ ᠥᠷᠨᠢᠭᠦᠯᠪᠡ᠃
   ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠪᠠᠰᠠ ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠳᠤ ᠭᠤᠣᠯ ᠰᠡᠳᠦᠪᠲᠦ ᠬᠥᠮᠦᠵᠢᠯ ᠤᠨ ᠰᠤᠷᠤᠯᠴᠠᠬᠤ ᠮᠠᠲᠧᠷᠢᠶᠠᠯ ᠬᠦᠷᠭᠡᠵᠦ᠂ ᠠᠵᠤ ᠠᠬᠤᠶᠢᠯᠠᠯ ᠤᠨ ᠨᠠᠮ ᠤᠨ ᠭᠡᠰᠢᠭᠦᠨ ᠠᠵᠢᠯᠲᠠᠨ ᠠᠵᠢᠯᠴᠢᠨ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠭᠡᠰᠢᠭᠦᠨ ᠠᠵᠢᠯᠲᠠᠨ ᠠᠵᠢᠯᠴᠢᠨ ᠨᠢᠭᠡᠪᠦᠷᠢ ᠶᠢᠨ ᠲᠤᠬᠠᠶᠢᠯᠠᠭᠰᠠᠨ ᠠᠵᠢᠯ ᠤᠨ ᠲᠦᠪᠰᠢᠨ ᠤ ᠳᠡᠭᠡᠭᠰᠢᠯᠡᠯᠲᠡ ᠪᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠪᠡ᠃   ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠤᠣᠯ ᠰᠡᠳᠦᠪᠲᠦ ᠬᠥᠮᠦᠵᠢᠯ ᠤᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠣᠳᠠᠲᠠᠢ ᠢᠯᠡᠷᠡᠯ ᠪᠠᠶᠢᠵᠤ᠂ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠤ ᠤᠯᠤᠰ ᠲᠥᠷᠥ ᠶᠢᠨ ᠴᠢᠳᠠᠪᠤᠷᠢ᠂ ᠰᠡᠳᠬᠢᠬᠦ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠪᠡ᠃ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠭᠤᠣᠯ ᠰᠡᠳᠦᠪᠲᠦ ᠬᠥᠮᠦᠵᠢᠯ ᠢ ᠴᠢᠨᠠᠭᠰᠢᠳᠠ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠥᠷᠨᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠷᠭᠦᠯᠵᠢᠯᠡᠨ ᠭᠦᠨᠵᠡᠭᠡᠶᠢᠷᠡᠵᠦ᠂ ᠨᠠᠮ ᠤᠨ ᠪᠠᠶᠢᠭᠤᠯᠤᠯᠲᠠ ᠶᠢᠨ︽ᠬᠤᠪᠢᠰᠬᠠᠯᠲᠤ ᠬᠥᠳᠡᠯᠭᠡᠭᠦᠷ︾  ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2