ᠵᠦᠸᠧᠽᠢ ᠰᠢᠶᠠᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤᠮᠳᠠ ᠪᠠᠨ︽ᠵᠥᠷᠢᠴᠡᠯᠢ ᠳᠡᠭᠡᠭᠰᠢ ᠲᠤᠰᠢᠶᠠᠬᠤ | ᠦᠭᠡᠢ᠂ ᠠᠮᠤᠷ ᠲᠦᠪᠰᠢᠨ ᠪᠠᠶᠢᠬᠤ ᠳᠤ ᠤᠴᠢᠷ ᠭᠠᠷᠬᠤ ᠦᠭᠡᠢ᠂ ᠦᠢᠯᠡᠴᠢᠯᠡᠭᠡ ᠶᠢ ᠰᠠᠶᠢᠲᠤᠷ ᠬᠢᠬᠦ ᠦᠭᠡᠢ︾ᠭᠡᠬᠦ | ᠣᠶᠢᠯᠠᠭᠠᠭᠳᠠᠬᠤᠨ ᠢ ᠪᠠᠷᠢᠮᠲᠠᠯᠠᠵᠤ᠂ ᠵᠦᠸᠧᠽᠢ ᠰᠢᠶᠠᠨ ᠤ︽ᠨᠢᠭᠡ ᠦᠷᠳᠡᠭᠡ ᠮᠠᠶ᠋ᠢᠭ ᠤᠨ ᠵᠥᠷᠢᠴᠡᠯ ᠵᠠᠭᠤᠷᠠᠯᠳᠤᠭᠠᠨ ᠢ | ᠡᠶᠡᠳᠡᠭᠦᠯᠦᠨ ᠰᠢᠢᠳᠪᠦᠷᠢᠯᠡᠬᠦ ᠲᠥᠪ ᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ | ᠲᠦᠪᠰᠢᠨ ᠢ ᠬᠦᠴᠦᠯᠡᠨ ᠳᠡᠭᠡᠭᠰᠢᠯᠡᠭᠦᠯᠵᠡᠢ᠃ | | ︽ᠨᠢᠭᠡ ᠪᠦᠯᠦᠭ ᠳᠦᠷᠢᠮ︾ ᠢ ᠪᠠᠶᠢᠭᠤᠯᠵᠤ ᠰᠠᠭᠤᠷᠢ ᠶᠢ ᠪᠠᠲᠤᠳᠬᠠᠨ᠎ᠠ᠃ ︽ᠨᠢᠭᠡ ᠯᠡ ᠥᠷᠲᠡᠭᠡᠨ ᠤ ᠬᠡᠯᠪᠡᠷᠢ︾ | ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠢ ᠪᠠᠶᠢᠭᠤᠯᠵᠤ ᠳᠠᠭᠤᠰᠬᠤ ᠠᠴᠠ ᠡᠮᠦᠨ᠎ᠡ᠂ | ᠵᠦᠸᠧᠽᠢ ᠰᠢᠶᠠᠨ ᠤ ᠬᠢᠨ ᠴᠠᠭ ᠲᠤᠬᠠᠢ ᠳᠤᠨᠢ ᠲᠣᠭᠲᠠᠭᠠᠵᠤ ᠳᠠᠷᠤᠮᠠᠯᠯᠠᠨ ᠲᠠᠷᠬᠠᠭᠠᠵᠠᠢ︾ᠭᠡᠵᠦ ᠬᠡᠯᠡᠪᠡ᠃ ᠵᠥᠷᠢᠴᠡᠯ | ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ | ᠨᠡᠶᠢᠭᠡᠮ ᠤᠨ ᠵᠥᠷᠢᠴᠡᠯ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠢ ᠬᠡᠷᠡᠭᠵᠢᠭᠦᠯᠬᠦ ᠰᠠᠨᠠᠯ ︵ᠲᠤᠷᠰᠢᠨ | ᠬᠡᠷᠡᠭᠵᠢᠭᠦᠯᠬᠦ︶︾ ︽ᠪᠥᠬᠦ ᠰᠢᠶᠠᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠠᠷᠢᠯᠭᠠᠬᠤ | ᠲᠤᠰᠬᠠᠢ ᠠᠵᠢᠯᠯᠠᠭ᠎ᠠ ᠶᠢ ᠬᠤᠯᠪᠤᠭᠠᠯᠠᠨ ᠲᠥᠪᠯᠡᠷᠡᠭᠦᠯᠬᠦ ᠪᠠ ᠪᠠᠶᠢᠩᠭᠤᠵᠢᠭᠤᠯᠤᠨ ᠥᠷᠨᠢᠭᠦᠯᠬᠦ ᠲᠤᠬᠠᠢ ᠬᠡᠷᠡᠭᠵᠢᠭᠦᠯᠬᠦ | ᠲᠥᠰᠥᠯ︾ ︽ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ︽ | ᠭᠤᠷᠪᠠᠨ ᠡᠶᠡᠳᠡᠭᠦᠯᠭᠡ ᠶᠢ ᠬᠤᠯᠪᠣᠯᠳᠤᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ ︵ | ᠲᠤᠷᠰᠢᠨ ᠬᠡᠷᠡᠭᠵᠢᠭᠦᠯᠬᠦ︶︾ ︽ᠵᠦᠸᠧᠽᠢ ᠰᠢᠶᠠᠨ ᠤ ᠵᠠᠰᠠᠭ ᠵᠠᠬᠢᠷᠭᠠᠨ ᠤ ᠡᠶᠡᠳᠡᠭᠦᠯᠭᠡ ᠶᠢᠨ ᠠᠵᠢᠯ ᠤᠨ ᠳᠦᠷᠢᠮ ︵ | ᠲᠤᠷᠰᠢᠨ ᠬᠡᠷᠡᠭᠵᠢᠭᠦᠯᠬᠦ︶︾ ︽ᠠᠷᠠᠳ ᠤᠨ ᠡᠶᠡᠳᠡᠭᠦᠯᠦᠭᠴᠢ ᠶᠢᠨ ᠬᠡᠷᠡᠭ ᠢᠶᠠᠷ ᠨᠥᠬᠦᠪᠦᠷᠢ ᠵᠠᠷᠤᠳᠠᠯ ᠢ ᠲᠣᠭᠲᠠᠭᠠᠬᠤ | ᠪᠠᠲᠤᠯᠠᠭ᠎ᠠ ᠶᠢᠨ ᠳᠦᠷᠢᠮ ᠤᠨ ᠠᠵᠢᠯ ᠤᠨ ᠬᠡᠷᠡᠭᠵᠢᠭᠦᠯᠬᠦ ᠲᠥᠰᠥᠯ︾ ᠵᠡᠷᠭᠡ ᠨᠢᠭᠡ ᠪᠦᠯᠦᠭ ᠳᠦᠷᠢᠮ ᠤᠨ ᠲᠥᠰᠥᠯ᠂ | ᠳᠦᠷᠢᠮ ᠲᠣᠭᠲᠠᠴᠠ ᠶᠢᠨ ᠳᠡᠰ ᠳᠠᠪᠬᠤᠷᠭ᠎ᠠ ᠠᠴᠠ ︽ᠭᠤᠷᠪᠠᠨ ᠲᠣᠬᠢᠷᠠᠭᠤᠯᠤᠯᠲᠠ ᠶᠢ ᠬᠤᠯᠪᠣᠯᠳᠤᠭᠤᠯᠬᠤ︾ ᠠᠵᠢᠯ ᠤᠨ | ᠠᠷᠭ᠎ᠠ ᠬᠡᠮᠵᠢᠶ᠎ᠡ᠂ ᠠᠵᠢᠯᠯᠠᠭᠠᠨ ᠤ ᠳᠡᠰ ᠳᠠᠷᠠᠭᠠᠯᠠᠯ ᠵᠡᠷᠭᠡ ᠶᠢ ᠤᠯᠠᠮ ᠨᠢᠭᠡ ᠠᠯᠬᠤᠮ ᠵᠢᠷᠤᠮᠵᠢᠭᠤᠯᠤᠨ ᠲᠣᠳᠣᠷᠬᠠᠶᠢᠯᠠᠵᠤ᠂ | ᠡᠭᠦᠨ ᠤ ᠬᠠᠮᠲᠤ ᠵᠥᠷᠢᠴᠡᠯ ᠵᠢᠭᠤᠷᠠᠯᠳᠤᠭᠠᠨ ᠢ ᠬᠦᠯᠢᠶᠡᠨ ᠠᠪᠴᠤ ᠰᠢᠢᠳᠪᠦᠷᠢᠯᠡᠬᠦ᠂ ᠡᠶᠡᠳᠡᠭᠦᠯᠬᠦ᠂ ᠰᠢᠯᠵᠢᠭᠦᠯᠦᠨ ᠲᠤᠰᠢᠶᠠᠬᠤ | ᠵᠡᠷᠭᠡ ᠡᠯ᠎ᠡ ᠵᠠᠩᠭᠢᠯᠠᠭ᠎ᠠ ᠶᠢᠨ ᠠᠵᠢᠯ ᠢ ᠲᠣᠳᠣᠷᠬᠠᠢ ᠪᠣᠯᠭᠠᠨ ᠵᠢᠷᠤᠮᠵᠢᠭᠤᠯᠵᠤ᠂ ᠪᠦᠬᠦ ᠰᠢᠶᠠᠨ ᠤ ᠵᠥᠷᠢᠴᠡᠯ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠠᠵᠢᠯ ᠳᠤ ᠬᠦᠴᠦᠲᠡᠢ ᠪᠥᠭᠡᠳ ᠪᠦᠲᠦᠮᠵᠢᠲᠡᠶ ᠪᠠᠷ ᠦᠢᠯᠡᠴᠢᠯᠡᠵᠦ᠂ ᠪᠠᠰᠠ | ᠵᠦᠸᠧᠽᠢ ᠰᠢᠶᠠᠨ ᠤ ︽ᠨᠢᠭᠡ ᠦᠷᠳᠡᠭᠡᠯᠢᠭ ᠬᠡᠯᠪᠡᠷᠢ︾ ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ | ᠲᠥᠪ ᠢ ᠪᠠᠶᠢᠭᠤᠯᠬᠤ ᠳᠤ ᠳᠦᠷᠢᠮ ᠤᠨ ᠰᠠᠭᠤᠷᠢ ᠶᠢ ᠤᠷᠢᠳᠴᠢᠯᠠᠨ ᠪᠠᠲᠤᠳᠬᠠᠵᠠᠢ᠃ | | ︽ᠨᠢᠭᠡ ᠤᠳᠠᠭ᠎ᠠ ᠭᠦᠶᠦᠵᠦ︾ ᠲᠠᠪᠴᠠᠩ ᠪᠠᠶᠢᠭᠤᠯᠬᠤ ᠳᠤ ᠠᠩᠬᠠᠷᠤᠯ ᠢᠶᠠᠨ ᠬᠠᠨᠳᠤᠭᠤᠯᠤᠨ᠎ᠠ᠃ ᠠᠮᠤᠷ ᠠᠮᠤᠭᠤᠯᠠᠩ | ᠭᠠᠷᠮᠠᠭᠠᠢ ᠬᠥᠷᠥᠩᠭᠡᠲᠡᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ᠂ ᠬᠤᠲᠠ ᠶᠢᠨ ᠬᠡᠪᠴᠢᠶᠡᠨ ᠳᠠᠬᠢ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢ ᠭᠦᠨᠵᠡᠭᠡᠢ ᠠᠬᠢᠭᠤᠯᠬᠤ ᠶᠠᠪᠤᠴᠠ ᠳᠤ᠂ ᠵᠦᠸᠧᠽᠢ | ᠰᠢᠶᠠᠨ︽ᠬᠠᠮᠤᠭ ᠤᠯᠠᠨ ᠳᠠᠭᠠᠨ ᠨᠢᠭᠡ ᠤᠳᠠᠭ᠎ᠠ ᠭᠦᠶᠦᠬᠦ︾ᠥᠭᠡᠷᠡᠴᠢᠯᠡᠯᠲᠡ ᠶᠢ ᠵᠥᠷᠢᠴᠡᠯ ᠵᠠᠭᠤᠷᠠᠯᠳᠤᠭᠠᠨ ᠢ ᠡᠶᠡᠳᠡᠭᠦᠯᠦᠨ | ᠰᠢᠢᠳᠪᠦᠷᠢᠯᠡᠬᠦ ᠬᠦᠷᠢᠶᠡᠨ ᠳᠤ ᠭᠦᠨᠵᠡᠭᠡᠶᠢᠷᠡᠭᠦᠯᠵᠦ᠂ ᠪᠣᠳᠠᠲᠠᠶᠢᠵᠢᠭᠤᠯᠵᠤ᠂ ᠰᠠᠶᠢᠲᠤᠷ ᠬᠢᠵᠦ᠂ ᠲᠡᠷᠢᠭᠦᠨ ᠤ ᠭᠠᠵᠠᠷ ᠣᠷᠣᠨ ᠤ | ᠠᠵᠢᠯ ᠤᠨ ᠲᠤᠷᠰᠢᠯᠭ᠎ᠠ ᠪᠠᠷ ᠭᠦᠢᠴᠡᠳ ᠲᠣᠯᠢ ᠪᠣᠯᠭᠠᠵᠤ᠂ ᠰᠢᠶᠠᠨ ᠤ ᠬᠡᠪᠴᠢᠶᠡᠨ ᠤ ᠠᠵᠢᠯ ᠤᠨ ᠪᠣᠳᠠᠲᠠᠢ ᠲᠠᠢ ᠪᠠᠨ | ᠤᠶᠠᠯᠳᠤᠭᠤᠯᠵᠤ᠂ ︽ᠵᠠᠭᠠᠯᠳᠤᠯᠭ᠎ᠠ ᠶᠢ ᠬᠦᠯᠢᠶᠡᠨ ᠠᠪᠬᠤ᠂ ᠡᠷᠭᠢᠯᠳᠦᠭᠦᠯᠬᠦ᠂ ᠱᠠᠯᠠᠪᠳᠠᠭᠤᠯᠤᠨ ᠭᠦᠢᠴᠡᠳᠬᠡᠬᠦ︾ᠵᠡᠷᠭᠡ | ᠶᠠᠪᠤᠴᠠ ᠶᠢᠨ ᠲᠣᠭᠤᠷᠢᠨ ᠳᠤ᠂ ᠵᠦᠸᠧᠽᠢ ᠰᠢᠶᠠᠨ ᠤ︽ᠨᠢᠭᠡ ᠦᠷᠳᠡᠭᠡ ᠮᠠᠶ᠋ᠢᠭ ᠤᠨ ᠵᠥᠷᠢᠴᠡᠯ ᠵᠠᠭᠤᠷᠠᠯᠳᠤᠭᠠᠨ ᠢ | ᠡᠶᠡᠳᠡᠭᠦᠯᠦᠨ ᠰᠢᠢᠳᠪᠦᠷᠢᠯᠡᠬᠦ ᠲᠥᠪ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠪᠣᠯᠣᠨ ᠠᠵᠢᠯ ᠤᠨ ᠠᠵᠢᠯᠯᠠᠭᠠᠨ ᠤ | ᠲᠣᠭᠲᠠᠴᠠ ᠶᠢ ᠲᠣᠭᠲᠠᠭᠠᠵᠠᠢ᠃ ᠶᠡᠷᠦᠩᠬᠡᠶᠢᠯᠡᠨ ᠰᠤᠳᠤᠯᠵᠤ ᠨᠤᠲᠠᠯᠠᠭᠰᠠᠨ ᠤ ᠳᠠᠷᠠᠭ᠎ᠠ᠂ ᠵᠦᠸᠧᠽᠢ ᠰᠢᠶᠠᠨ ᠤ ︽ᠨᠢᠭᠡ | ᠥᠷᠲᠡᠭᠡ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠢ ᠵᠢᠩᠬᠢᠨᠢ ᠪᠠᠷ | ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠪᠠ︔ ᠲᠥᠪ ᠲᠤ 3 ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ | ᠲᠣᠬᠢᠷᠠᠭᠤᠯᠵᠤ᠂ ᠵᠢᠴᠢ ᠬᠦᠯᠢᠶᠡᠨ ᠠᠪᠴᠤ ᠰᠢᠢᠳᠪᠦᠷᠢᠯᠡᠬᠦ᠂ ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠬᠦ ᠵᠡᠷᠭᠡ | 3 ᠴᠢᠳᠠᠮᠵᠢ ᠶᠢᠨ ᠲᠠᠰᠤᠭ᠂ ᠡᠭᠦᠨ ᠤ ᠬᠠᠮᠲᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠴᠠᠭ ᠲᠤᠬᠠᠢ ᠳᠤᠨᠢ ᠬᠠᠮᠢᠶ᠎ᠠ | ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠢ ᠴᠤᠭᠯᠠᠭᠤᠯᠤᠨ ᠵᠥᠷᠢᠴᠡᠯ ᠢ ᠬᠤᠯᠪᠤᠭᠠᠯᠠᠨ ᠲᠣᠬᠢᠷᠠᠭᠤᠯᠬᠤ ᠳᠤ | ᠣᠷᠣᠯᠴᠠᠭᠤᠯᠵᠤ᠂ ︽ᠨᠢᠭᠡ ᠯᠡ ᠥᠷᠲᠡᠭᠡ ᠳᠤ ᠭᠥᠯᠢᠶᠡᠨ ᠠᠪᠴᠤ ᠰᠢᠢᠳᠪᠦᠷᠢᠯᠡᠬᠦ᠂ ᠪᠦᠲᠦᠮᠵᠢᠲᠡᠶ ᠪᠠᠷ ᠢᠯᠭᠠᠨ | ᠲᠣᠳᠣᠯᠠᠬᠤ᠂ ᠨᠠᠷᠢᠯᠢᠭ ᠣᠨᠣᠴᠠᠲᠠᠢ ᠪᠠᠷ ᠰᠠᠯᠭᠠᠨ ᠲᠣᠬᠢᠷᠠᠭᠤᠯᠬᠤ᠂ ᠲᠤᠬᠠᠢ ᠶᠢᠨ ᠭᠠᠵᠠᠷ ᠲᠤᠨᠢ ᠡᠶᠡᠳᠡᠭᠦᠯᠦᠨ | ᠰᠢᠢᠳᠪᠦᠷᠢᠯᠡᠬᠦ᠂ ᠬᠤᠯᠪᠤᠭᠠᠯᠠᠨ ᠲᠣᠬᠢᠷᠠᠭᠤᠯᠵᠤ ᠬᠤᠯᠪᠤᠭᠠᠯᠠᠨ ᠰᠢᠢᠳᠪᠦᠷᠢᠯᠡᠬᠦ᠂ ᠴᠠᠭ ᠲᠤᠬᠠᠢ ᠳᠤᠨᠢ ᠰᠢᠪᠠᠳᠠᠨ | ᠰᠢᠢᠳᠪᠦᠷᠢᠯᠡᠭᠦᠯᠬᠦ᠂ ᠬᠠᠤᠯᠢ ᠶᠣᠰᠣᠭᠠᠷ ᠬᠥᠲᠥᠯᠥᠨ ᠵᠢᠯᠤᠭᠤᠳᠬᠤ︾ ᠵᠠᠭᠪᠤᠷ ᠢ ᠬᠡᠷᠡᠭᠵᠢᠭᠦᠯᠦᠨ᠂ ᠦᠨᠳᠦᠰᠦᠨ ᠱᠠᠲᠤᠨ ᠤ | ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠳᠤ ︽ᠨᠢᠭᠡ ᠯᠡ ᠡᠭᠦᠳᠡ ᠪᠠᠷ ᠣᠷᠣᠵᠤ᠂ ᠬᠠᠮᠤᠭ ᠤᠨ ᠠᠷᠪᠢᠨ ᠳᠠᠭᠠᠨ ᠨᠢᠭᠡ | ᠯᠡ ᠤᠳᠠᠭ᠎ᠠ ᠭᠦᠶᠦᠬᠦ︾ ᠶᠢ ᠪᠠᠲᠤᠯᠠᠵᠤ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ᠂ ᠠᠮᠤᠷ ᠲᠦᠪᠰᠢᠨ ᠢᠶᠠᠷ ᠬᠡᠷᠡᠭ | ᠭᠠᠷᠬᠤ ᠦᠭᠡᠢ᠂ ᠦᠢᠯᠡᠴᠢᠯᠡᠭᠡ ᠶᠢ ᠣᠷᠣ ᠦᠭᠡᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︽ᠨᠢᠭᠡ ᠥᠷᠲᠡᠭᠡᠨ ᠤ ᠬᠡᠯᠪᠡᠷᠢ︾ ᠶᠢᠨ ᠲᠣᠭᠤᠷᠢᠨ ᠳᠤ ᠠᠵᠢᠯ ᠢᠶᠠᠨ ᠠᠬᠢᠭᠤᠯᠤᠨ᠎ᠠ᠃ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ︽ᠹᠥ᠋ᠩᠴᠢᠶᠤᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠦᠨ᠎ᠡ ︱ ᠡᠨᠡ ᠪᠣᠯ ᠵᠦᠸᠧᠽᠢ ᠰᠢᠶᠠᠨ ᠤ︽ᠨᠢᠭᠡ ᠦᠷᠳᠡᠭᠡᠯᠢᠭ ᠬᠡᠯᠪᠡᠷᠢ︾ ᠶᠢᠨ | ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠤᠨ ᠪᠠᠶᠢᠭᠤᠯᠤᠯᠲᠠ ᠶᠢᠨ ᠡᠬᠢᠨ ᠤ ᠦᠶ᠎ᠡ ᠳᠤ | ᠲᠣᠳᠣᠷᠬᠠᠢ ᠲᠣᠭᠲᠠᠭᠠᠭᠰᠠᠨ ᠠᠵᠢᠯ ᠤᠨ ᠣᠶᠢᠯᠠᠭᠠᠭᠳᠠᠬᠤᠨ ᠪᠣᠯᠣᠨ᠎ᠠ᠃ ᠡᠨᠡ ᠬᠦ ᠣᠶᠢᠯᠠᠭᠠᠭᠳᠠᠬᠤᠨ ᠢ ᠦᠨᠳᠦᠰᠦᠯᠡᠨ᠂ | ᠵᠦᠸᠧᠽᠢ ᠰᠢᠶᠠᠨ ᠤ︽ᠨᠢᠭᠡ ᠦᠷᠳᠡᠭᠡ ᠮᠠᠶ᠋ᠢᠭ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠨᠢ | ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠭᠤᠣᠯᠳᠠᠭᠤᠯᠵᠤ᠂ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ | ︽ᠠᠷᠠᠳ ᠤᠯᠠᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠵᠢᠭᠤᠷᠠᠯᠳᠤᠭᠠᠨ ᠢ ᠰᠢᠢᠳᠪᠦᠷᠢᠯᠡᠬᠦ︾ᠶᠡᠷᠦᠩᠬᠡᠢ ᠠᠵᠢᠯ ᠤᠨ | ᠴᠢᠭᠯᠡᠯ ᠢ ᠲᠣᠭᠲᠠᠭᠠᠵᠤ᠂︽︿ᠨᠢᠭᠡ ᠦᠷᠳᠡᠭᠡ ᠮᠠᠶ᠋ᠢᠭ ᠤᠨ ᠵᠥᠷᠢᠴᠡᠯ ᠢ ᠨᠠᠮᠳᠠᠭᠤᠯᠵᠤ᠂︿ᠨᠢᠭᠡ ᠡᠭᠦᠳᠡ﹀ ᠪᠠᠷ ᠠᠷᠠᠳ ᠤᠨ ᠬᠦᠴᠢᠷ | ᠵᠣᠪᠠᠭᠤᠷᠢ ᠶᠢ ᠰᠢᠢᠳᠪᠦᠷᠢᠯᠡᠬᠦ︾ᠤᠷᠢᠶ᠎ᠠ ᠶᠢ ᠳᠤᠷᠠᠳᠴᠤ᠂ ︽ᠨᠢᠭᠡ ᠦᠷᠳᠡᠭᠡ ᠮᠠᠶ᠋ᠢᠭ ᠢᠶᠠᠷ ᠬᠦᠯᠢᠶᠡᠨ ᠠᠪᠴᠤ ᠰᠢᠢᠳᠪᠦᠷᠢᠯᠡᠬᠦ᠂ | ᠪᠦᠬᠦᠨ ᠢ ᠬᠠᠮᠤᠷᠤᠨ ᠰᠢᠢᠳᠪᠦᠷᠢᠯᠡᠬᠦ᠂ ᠨᠢᠭᠡ ᠬᠡᠯᠬᠢᠶ᠎ᠡ ᠪᠠᠷ ᠦᠢᠯᠡᠴᠢᠯᠡᠬᠦ︾ᠵᠠᠭᠪᠤᠷ ᠢ ᠬᠡᠷᠡᠭᠵᠢᠭᠦᠯᠪᠡ︔ ᠵᠥᠷᠢᠴᠡᠯ ᠢ | ᠡᠶᠡᠳᠡᠭᠦᠯᠦᠨ ᠰᠢᠢᠳᠪᠦᠷᠢᠯᠡᠬᠦ ᠠᠵᠢᠯ ᠤᠨ ᠳᠤᠮᠳᠠ ︽ᠡᠷᠬᠡ ᠲᠡᠭᠰᠢ ᠲᠥᠪ ᠭᠤᠣᠯᠴᠢ᠂ ᠬᠠᠤᠯᠢ ᠶᠣᠰᠣᠭᠠᠷ ᠡᠶᠡᠳᠡᠭᠦᠯᠬᠦ︾ | ᠵᠠᠷᠴᠢᠮ ᠢ ᠪᠠᠷᠢᠮᠲᠠᠯᠠᠵᠤ᠂ ᠡᠭᠦᠨ ᠤ ᠬᠠᠮᠲᠤ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠶᠠᠷᠢᠬᠤ ᠪᠠᠷ ᠳᠠᠮᠵᠢᠭᠤᠯᠵᠤ᠂ | ︽ᠲᠦᠮᠡᠨ ᠬᠡᠷᠡᠭ ᠡᠶᠡᠲᠡᠢ ᠪᠣᠯᠪᠠᠰᠤ ᠡᠷᠬᠢᠮ᠂ ᠨᠠᠶᠢᠷ ᠲᠠᠯᠪᠢᠪᠠᠰᠤ ᠭᠤᠷᠪᠠᠨ ᠬᠤᠪᠢ︾ᠭᠡᠬᠦ ᠣᠶᠢᠯᠠᠭᠠᠭᠳᠠᠬᠤᠨ ᠢ ᠬᠤᠶᠠᠷ | ᠲᠠᠯ᠎ᠠ ᠶᠢᠨ ᠲᠤᠬᠠᠢ ᠶᠢᠨ ᠬᠥᠮᠥᠨ ᠤ ᠰᠡᠳᠬᠢᠯ ᠳᠤ ᠬᠠᠳᠠᠩᠰᠢᠭᠤᠯᠵᠤ᠂ ᠵᠥᠷᠢᠴᠡᠯ ᠵᠠᠭᠤᠷᠠᠯᠳᠤᠭᠠᠨ ᠢ ᠡᠶᠡᠳᠡᠭᠦᠯᠦᠨ | ᠰᠢᠢᠳᠪᠦᠷᠢᠯᠡᠬᠦ ᠠᠵᠢᠯ ᠳᠤ ᠨᠡᠩ ᠰᠠᠶᠢᠨ ᠦᠢᠯᠡᠴᠢᠯᠡᠵᠦ᠂ ︽ᠵᠠᠭᠤᠷᠠᠯᠳᠤᠭᠠᠨ ᠢ ᠰᠢᠢᠳᠪᠦᠷᠢᠯᠡᠬᠦ᠂ ᠬᠠᠭᠤᠴᠢᠨ ᠬᠤᠷᠣᠰᠤᠯ ᠢ | ᠠᠷᠢᠯᠭᠠᠬᠤ᠂ ᠵᠥᠷᠢᠴᠡᠯ ᠢ ᠠᠷᠢᠯᠭᠠᠬᠤ᠂ ᠵᠠᠭᠤᠷᠠᠯᠳᠤᠭᠠᠨ ᠢ ᠵᠣᠭᠰᠤᠭᠠᠬᠤ︾ᠬᠠᠷᠠᠯᠲᠠ ᠳᠤ ᠬᠦᠷᠴᠦ᠂ ᠠᠷᠠᠳ ᠤᠯᠠᠨ ᠤ | ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ | ᠬᠡᠷᠡᠭᠲᠡᠢ᠃ | ︽ᠨᠢᠭᠡ ᠬᠡᠷᠡᠮ︾ ᠢ ᠨᠠᠭᠠᠵᠤ ᠶᠣᠰᠣ ᠳᠦᠷᠢᠮ ᠢ ᠲᠣᠳᠣᠷᠬᠠᠢ ᠪᠣᠯᠭᠠᠬᠤ ᠬᠡᠷᠡᠭᠲᠡᠢ᠃ ︽ᠨᠢᠭᠡ ᠬᠤᠪᠢ ᠶᠢᠨ | ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ︾᠂ ᠵᠦᠸᠧᠽᠢ ᠰᠢᠶᠠᠨ ᠤ ︽ᠨᠢᠭᠡ ᠥᠷᠲᠡᠭᠡᠨ ᠤ | ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠨᠢ ᠠᠩᠬ᠎ᠠ ᠡᠭᠦᠳᠬᠦ ᠱᠠᠲᠤᠨ ᠤ ᠬᠥᠮᠥᠨ | ᠴᠥᠭᠡᠨ᠂ ᠰᠠᠭᠤᠷᠢ ᠨᠢᠮᠭᠡᠨ ᠪᠣᠳᠠᠲᠤ ᠬᠦᠴᠢᠷᠳᠡᠯ ᠢ ᠢᠯᠠᠨ ᠳᠠᠪᠠᠵᠤ᠂ ᠳᠦᠷᠢᠮ ᠤᠨ ᠰᠢᠨ᠎ᠡ ᠶᠢ ᠡᠭᠦᠳᠬᠦ ᠪᠠᠷ ᠬᠦᠴᠦᠯᠡᠨ | ᠴᠢᠷᠮᠠᠶᠢᠵᠤ᠂ ᠵᠦᠸᠧᠽᠢ ᠰᠢᠶᠠᠨ ᠤ ︽ᠨᠢᠭᠡ ᠯᠡ ᠥᠷᠲᠡᠭᠡᠨ ᠤ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ | ᠰᠢᠢᠳᠪᠦᠷᠢᠯᠡᠬᠦ ᠲᠥᠪ ᠤᠨ ︽ᠦᠢᠯᠡᠴᠢᠯᠡᠭᠡᠨ ᠤ ᠴᠤᠪᠤᠷᠠᠯ ᠵᠢᠷᠤᠭ︾ ︽ᠡᠶᠡᠳᠡᠭᠦᠯᠬᠦ ᠠᠵᠢᠯ ᠤᠨ ᠵᠠᠷᠴᠢᠮ︾ ︽ᠵᠥᠷᠢᠴᠡᠯ | ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠳᠦᠷᠢᠮ︾ ︽ᠬᠤᠭᠤᠴᠠᠭ᠎ᠠ ᠲᠣᠭᠲᠠᠭᠠᠨ | ᠰᠢᠢᠳᠪᠦᠷᠢᠯᠡᠵᠦ ᠳᠠᠭᠤᠰᠬᠠᠭᠠᠳ ᠬᠠᠷᠢᠭᠤ ᠮᠡᠳᠡᠭᠳᠡᠬᠦ ᠳᠦᠷᠢᠮ︾ ︽ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠬᠦ | ᠳᠦᠷᠢᠮ︾ ︽ᠠᠵᠢᠯ ᠤᠨ ᠰᠠᠬᠢᠯᠭ᠎ᠠ ᠪᠠᠲᠤ︾ ᠵᠡᠷᠭᠡ ᠳᠦᠷᠢᠮ ᠲᠣᠭᠲᠠᠴᠠ ᠶᠢᠨ ᠲᠣᠭᠲᠠᠭᠠᠯ ᠢ ᠲᠣᠭᠲᠠᠭᠠᠨ ᠨᠡᠶᠢᠲᠡᠯᠡᠵᠦ᠂ | ᠡᠭᠦᠨ ᠤ ᠬᠠᠮᠲᠤ ᠳᠡᠭᠡᠷ᠎ᠡ ᠳᠤᠷᠠᠳᠤᠭᠰᠠᠨ ᠳᠦᠷᠢᠮ ᠢ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ | ᠴᠠᠭᠠᠵᠠ ᠶᠢᠨ ᠡᠶᠡᠳᠡᠭᠦᠯᠭᠡ ᠶᠢᠨ ︽ᠭᠤᠷᠪᠠᠨ ᠡᠶᠡᠳᠡᠭᠦᠯᠭᠡ ᠶᠢ ᠬᠤᠯᠪᠣᠯᠳᠤᠭᠤᠯᠬᠤ︾ ᠭᠤᠣᠯ ᠠᠭᠤᠯᠭ᠎ᠠ ᠵᠡᠷᠭᠡ ᠲᠠᠢ ᠬᠠᠮᠲᠤ | ᠳᠤᠨᠢ ᠭᠠᠷᠭᠠᠵᠤ᠂ ︽ᠨᠢᠭᠡ ᠯᠡ ᠥᠷᠲᠡᠭᠡᠨ ᠤ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ | ᠰᠠᠬᠢᠯᠭ᠎ᠠ ᠪᠠᠲᠤ ᠶᠣᠰᠣ ᠳᠦᠷᠢᠮ ᠢ ᠲᠣᠳᠣᠷᠬᠠᠶᠢᠯᠠᠵᠤ᠂ ᠠᠵᠢᠯᠲᠠᠨ ᠢ ᠴᠠᠭ ᠢᠮᠠᠭᠲᠠ ᠰᠤᠷᠤᠯᠴᠠᠭᠤᠯᠵᠤ᠂ ᠬᠢᠨᠠᠮᠠᠭᠠᠢ | ᠬᠡᠷᠡᠭᠵᠢᠭᠦᠯᠦᠭᠦᠯᠵᠦ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠪᠠ ᠶᠠᠰᠤ | ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠤᠯᠠᠨ ᠲᠦᠮᠡᠨ ᠳᠤ ᠨᠡᠩ ᠰᠢᠯᠢᠳᠡᠭ ᠦᠢᠯᠡᠴᠢᠯᠡᠭᠡ | ᠬᠠᠩᠭᠠᠵᠤ ᠴᠢᠳᠠᠨ᠎ᠠ; ᠡᠭᠦᠨ ᠤ ᠵᠡᠷᠭᠡ ᠳᠤ᠂ ︽ᠳᠦᠷᠢᠮ ᠲᠣᠭᠲᠠᠭᠠᠯ︾ ᠢ ᠬᠡᠷᠡᠮ ᠳᠤ ᠭᠠᠷᠭᠠᠭᠰᠠᠨ ᠨᠢ ᠪᠠᠰᠠ ᠠᠵᠢᠯ | ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠣᠶᠢᠯᠠᠭᠠᠭᠤᠯᠵᠤ᠂ ᠬᠢᠨᠠᠯᠲᠠ ᠲᠠᠯᠪᠢᠬᠤ ᠠᠷᠭ᠎ᠠ ᠵᠠᠮ ᠣᠯᠭᠤᠵᠤ᠂ ᠣᠯᠠᠨ | ᠲᠦᠮᠡᠨ ᠳᠤ ᠬᠠᠯᠠᠭᠤᠨ ᠳᠣᠲᠣᠨᠣ᠂ ᠬᠠᠯᠠᠭᠤᠨ ᠳᠣᠲᠣᠨᠣ ᠲᠥᠷᠥᠭᠳᠡᠯ ᠣᠯᠭᠤᠵᠤ᠂ ︽ᠨᠢᠭᠡ ᠯᠡ ᠥᠷᠲᠡᠭᠡᠨ ᠤ ᠮᠠᠶ᠋ᠢᠭ︾ | ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠠᠵᠢᠯ ᠤᠨ ᠲᠤᠰᠬᠠᠶᠢᠵᠢᠯᠲᠠ᠂ ᠥᠨᠳᠥᠷ ᠦᠷ᠎ᠡ | ᠠᠰᠢᠭᠲᠤ᠂ ᠠᠷᠠᠳ ᠲᠤ ᠲᠥᠬᠦᠮ ᠦᠵᠡᠭᠦᠯᠬᠦ ᠶᠢ ᠠᠬᠢᠭᠤᠯᠬᠤ ᠳᠤ ᠠᠰᠢᠭᠲᠠᠢ ᠶᠤᠮ ᠭᠡᠵᠡᠢ᠃ {ᠤᠳᠠᠭ᠎ᠠ ᠶᠢᠨ ᠨᠢᠭᠡ ᠯᠡ | ᠥᠷᠲᠡᠭᠡᠨ ᠤ ᠮᠠᠶ᠋ᠢᠭ ᠤᠨ︾ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠠᠵᠢᠯ ᠤᠨ ᠲᠤᠰᠬᠠᠶᠢᠵᠢᠯᠲᠠ᠂ | ᠥᠨᠳᠥᠷ ᠦᠷ᠎ᠡ ᠠᠰᠢᠭᠲᠤ᠂ ᠠᠷᠠᠳ ᠲᠤ ᠲᠥᠬᠦᠮ ᠦᠵᠡᠭᠦᠯᠬᠦ ᠳᠤ ᠠᠰᠢᠭᠲᠠᠢ ᠶᠤᠮ᠃ | ︽ᠬᠡᠯᠬᠢᠶ᠎ᠡ︾ ᠳᠤ ᠦᠢᠯᠡᠴᠢᠯᠡᠭᠡᠳ ᠪᠣᠳᠠᠲᠤ ᠪᠦᠲᠦᠮᠵᠢ ᠣᠯᠪᠠ᠃ ᠵᠦᠸᠧᠽᠢ ᠰᠢᠶᠠᠨ ᠤ ︽ᠨᠢᠭᠡ ᠯᠡ ᠥᠷᠲᠡᠭᠡᠨ ᠤ | ᠬᠡᠯᠪᠡᠷᠢ︾ ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠢ ᠪᠣᠳᠠᠲᠤ ᠴᠣᠭᠴᠠ ᠪᠣᠯᠭᠠᠨ | ᠠᠵᠢᠯᠯᠠᠭᠤᠯᠤᠭᠰᠠᠨ ᠠᠴᠠ ᠨᠠᠰᠢ᠂ ᠶᠡᠷᠦᠩᠬᠡᠶᠢᠯᠡᠨ ᠵᠠᠰᠠᠬᠤ ᠲᠥᠪ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠲᠥᠪ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠡᠶᠡᠳᠡᠭᠦᠯᠬᠦ ᠲᠥᠪ᠂ ᠠᠷᠠᠳ ᠤᠨ ᠡᠶᠡᠳᠡᠭᠦᠯᠬᠦ ᠲᠥᠪ | ᠵᠡᠷᠭᠡ ᠲᠠᠢ ᠭᠦᠢᠴᠡᠳ ᠠᠭᠤᠰᠤᠯᠴᠠᠵᠤ᠂ ᠠᠵᠢᠯ ᠲᠥᠷᠥᠯ ᠤᠨ ᠴᠢᠨᠠᠷᠲᠠᠢ ᠲᠤᠰᠬᠠᠢ ᠮᠡᠷᠭᠡᠵᠢᠯ ᠤᠨ ᠴᠢᠨᠠᠷᠲᠠᠢ ᠲᠣᠬᠢᠷᠠᠭᠤᠯᠬᠤ | ᠺᠣᠮᠢᠰ᠂ ᠬᠠᠤᠯᠢ ᠴᠠᠭᠠᠵᠠ ᠶᠢᠨ ᠵᠥᠪᠯᠡᠯᠭᠡ᠂ ᠰᠡᠳᠬᠢᠴᠡ ᠶᠢᠨ ᠦᠢᠯᠡᠴᠢᠯᠡᠭᠡ᠂ ᠠᠯᠪᠠᠨ ᠭᠡᠷᠡᠴᠢᠯᠡᠭᠡ᠂ ᠦᠨᠡᠯᠡᠨ ᠵᠢᠱᠢᠯᠲᠡ᠂ | ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠵᠡᠷᠭᠡ ᠨᠡᠶᠢᠭᠡᠮ ᠤᠨ ᠬᠦᠴᠦᠨ ᠢ ᠥᠷᠭᠡᠨ ᠢᠶᠠᠷ ᠰᠢᠩᠭᠡᠬᠡᠨ ᠠᠪᠴᠤ᠂ | ᠡᠭᠦᠨ ᠤ ᠬᠠᠮᠲᠤ 34 ᠠᠵᠢᠯ ᠲᠦᠷᠦᠯ ᠤᠨ ᠰᠠᠯᠠᠭ᠎ᠠ ᠮᠥᠴᠢᠷ ᠢ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠳᠤ | ᠣᠷᠣᠯᠴᠠᠬᠤ ᠨᠢᠭᠡᠴᠢ ᠳᠤ ᠣᠷᠣᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ | ᠴᠢᠳᠠᠪᠤᠷᠢᠲᠠᠨ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ | ᠬᠠᠤᠯᠢ ᠴᠠᠭᠠᠵᠠ ᠶᠢᠨ ᠡᠶᠡᠳᠡᠭᠦᠯᠭᠡ ᠶᠢᠨ ︽ᠨᠢᠭᠡ ᠦᠷᠳᠡᠭᠡᠯᠢᠭ ᠬᠡᠯᠪᠡᠷᠢ︾ ᠶᠢᠨ ᠵᠠᠪᠰᠠᠷ ᠦᠭᠡᠢ ᠵᠠᠯᠭᠠᠯᠳᠤᠭᠤᠯᠬᠤ ᠵᠠᠮ ᠢ | ᠪᠦᠬᠦ ᠲᠠᠯ᠎ᠠ ᠪᠠᠷ ᠨᠠᠪᠲᠠᠷᠡᠭᠦᠯᠵᠦ᠂ ᠤᠯᠠᠨ ᠲᠦᠮᠡᠨ ᠳᠤ ᠪᠦᠬᠦᠨ ᠢ ᠬᠠᠮᠤᠷᠤᠭᠰᠠᠨ᠂ ᠪᠦᠬᠦ ᠬᠦᠷᠢᠶ᠎ᠡ᠂ ᠪᠦᠬᠦ ᠶᠠᠪᠤᠴᠠ ᠶᠢᠨ | ︽ᠬᠡᠯᠬᠢᠶ᠎ᠡ︾ ᠶᠢᠨ ᠰᠢᠯᠢᠳᠡᠭ ᠦᠢᠯᠡᠴᠢᠯᠡᠭᠡ ᠶᠢ ᠬᠠᠩᠭᠠᠪᠠ᠃ ᠣᠳᠣᠬᠠᠨ ᠳᠤ᠂ ᠨᠢᠭᠡᠨᠲᠡ ᠲᠣᠬᠢᠷᠠᠭᠤᠯᠤᠭᠰᠠᠨ 3 ᠠᠵᠢᠯᠲᠠᠨ | ᠨᠢᠭᠡᠨᠲᠡ ᠲᠣᠭᠲᠠᠭᠰᠠᠨ ᠠᠵᠢᠯ ᠤᠨ ᠳᠠᠷᠠᠭᠠᠯᠠᠯ ᠶᠣᠰᠣᠭᠠᠷ ᠵᠠᠭᠠᠯᠳᠤᠯᠭ᠎ᠠ ᠶᠢ ᠭᠥᠯᠢᠶᠡᠨ ᠠᠪᠬᠤ᠂ ᠡᠷᠭᠢᠯᠲᠡ ᠳᠤ | ᠣᠷᠣᠭᠤᠯᠬᠤ᠂ ᠬᠢᠨᠠᠨ ᠵᠢᠯᠤᠭᠤᠳᠴᠤ ᠰᠢᠪᠠᠳᠠᠨ ᠰᠢᠢᠳᠪᠦᠷᠢᠯᠡᠭᠦᠯᠬᠦ᠂ ᠵᠣᠬᠢᠶᠠᠨ ᠪᠠᠶᠢᠭᠤᠯᠤᠨ ᠵᠥᠪᠳᠡᠯᠴᠡᠵᠦ ᠰᠤᠳᠤᠯᠤᠨ | ᠮᠠᠭᠠᠳᠯᠠᠬᠤ ᠵᠡᠷᠭᠡ ᠠᠵᠢᠯ ᠢ ᠥᠷᠨᠢᠭᠦᠯᠪᠡ︔ ᠪᠦᠬᠦ ᠰᠢᠶᠠᠨ ᠢᠶᠠᠷ ᠢᠶᠠᠨ ᠵᠠᠭᠠᠯᠳᠤᠯᠭ᠎ᠠ ᠶᠢ ᠬᠦᠯᠢᠶᠡᠨ ᠠᠪᠴᠤ | ᠨᠠᠮᠳᠠᠭᠤᠯᠤᠭᠰᠠᠨ᠂ ᠡᠷᠭᠢᠯᠲᠡ ᠳᠤ ᠣᠷᠣᠭᠤᠯᠵᠤ ᠰᠢᠢᠳᠪᠦᠷᠢᠯᠡᠭᠰᠡᠨ ᠬᠡᠷᠡᠭ 1215 ᠬᠤᠪᠢ ᠵᠥᠷᠢᠴᠡᠯ ᠵᠢᠭᠤᠷᠠᠯᠳᠤᠭᠠᠨ ᠢ | ᠰᠢᠢᠳᠪᠦᠷᠢᠯᠡᠪᠡ᠂ ᠡᠭᠦᠨ ᠤ ᠳᠣᠲᠣᠷ᠎ᠠ ᠠᠷᠠᠳ ᠤᠨ ᠡᠶᠡᠳᠡᠭᠦᠯᠭᠡ 242 ᠬᠤᠪᠢ᠂ ᠵᠠᠰᠠᠭ ᠵᠠᠬᠢᠷᠭᠠᠨ ᠤ ᠡᠶᠡᠳᠡᠭᠦᠯᠭᠡ 370 | ᠬᠤᠪᠢ᠂ ᠬᠠᠤᠯᠢ ᠴᠠᠭᠠᠵᠠ ᠶᠢᠨ ᠡᠶᠡᠳᠡᠭᠦᠯᠭᠡ 603 ᠬᠤᠪᠢ ︵ᠵᠠᠭᠠᠯᠳᠤᠬᠤ ᠠᠴᠠ ᠡᠮᠦᠨ᠎ᠡ 316 ᠬᠤᠪᠢ᠂ | ᠵᠠᠭᠠᠯᠳᠤᠯᠭ᠎ᠠ ᠶᠢᠨ ᠳᠤᠮᠳᠠ 287 ᠬᠤᠪᠢ ᠪᠤᠢ︶ ᠪᠤᠢ᠃ | ︽ᠠᠷᠠᠳ ᠲᠦᠮᠡᠨ ᠳᠤ ᠦᠢᠯᠡᠴᠢᠯᠡᠬᠦ ᠳᠤ ᠲᠡᠭᠦᠰᠬᠡᠯ ᠭᠡᠵᠦ ᠪᠠᠶᠢᠬᠤ ᠦᠭᠡᠢ᠂ ᠨᠢᠭᠡ ᠯᠡ ᠥᠷᠲᠡᠭᠡᠨ ᠤ ᠮᠠᠶ᠋ᠢᠭ ᠤᠨ | ᠪᠦᠲᠦᠭᠡᠨ ᠪᠠᠶᠢᠭᠤᠯᠤᠯᠲᠠ ᠬᠡᠵᠢᠶᠡᠳᠡ ᠳᠠᠭᠤᠰᠤᠰᠢ ᠦᠭᠡᠢ ᠶᠤᠮ︾ ᠵᠦᠸᠧᠽᠢ ᠰᠢᠶᠠᠨ ᠤ︽ᠨᠢᠭᠡ ᠦᠷᠳᠡᠭᠡ ᠮᠠᠶ᠋ᠢᠭ ᠤᠨ | ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠨᠢ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠶᠢ | ᠪᠠᠷᠢᠮᠲᠠᠯᠠᠵᠤ᠂ ᠵᠥᠷᠢᠴᠡᠯ ᠢ ᠰᠢᠢᠳᠪᠦᠷᠢᠯᠡᠬᠦ ᠠᠵᠢᠯ ᠢ ᠨᠡᠩ ᠬᠠᠯᠠᠭᠤᠨ ᠲᠠᠢ᠂ ᠣᠨᠣᠪᠴᠢᠲᠠᠢ᠂ ᠬᠤᠷᠳᠤᠴᠠ ᠲᠠᠢ ᠪᠣᠯᠭᠠᠵᠠᠢ︔ | ᠯᠠᠪᠳᠠᠶ᠎ᠠ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠠᠮᠤᠷ | ᠠᠮᠤᠭᠤᠯᠠᠩ ᠤᠨ ᠭᠠᠷᠮᠠᠭᠠᠢ ᠪᠡᠯᠡ ᠮᠥᠩᠭᠦ᠂ ᠬᠠᠤᠯᠢᠵᠢᠯ ᠤᠨ ᠭᠠᠷᠮᠠᠭᠠᠢ ᠪᠡᠯᠡ ᠮᠥᠩᠭᠦ ᠶᠢᠨ ᠪᠠᠶᠢᠭᠤᠯᠤᠯᠲᠠ ᠶᠢ ᠳᠡᠮᠵᠢᠬᠦ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠵᠠᠮ ᠳᠡᠭᠡᠷ᠎ᠡ ᠡᠷᠴᠢ | ᠵᠣᠷᠢᠭ ᠢᠶᠠᠨ ᠬᠥᠪᠴᠢᠯᠡᠵᠦ᠂ ᠰᠢᠨᠲᠠᠷᠠᠰᠢ ᠦᠭᠡᠢ ᠴᠢᠷᠮᠠᠶᠢᠨ ᠠᠵᠢᠯᠯᠠᠬᠤ ᠪᠣᠯᠣᠨ᠎ᠠ︕ | | |