ᠵᠦᠸᠧᠽᠢ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/29
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ ᠵᠢᠷᠭᠤᠭᠠᠨ ᠠᠬᠢᠭᠤᠯᠬᠤ ᠳᠦᠷᠢᠮ ᠤᠨ ᠰᠤᠷᠤᠯᠴᠠᠯᠭ᠎ᠠ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 11 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠵᠦᠸᠧᠽᠢ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠢᠨ ᠯᠢ ᠬᠤᠸᠠ ᠪᠠᠯᠭᠠᠰᠤᠨ ᠤ ᠹᠦ᠋ ᠱᠧᠩ ᠲᠣᠰᠬᠤᠨ ᠤ ᠠᠷᠠᠳ ᠤᠨ ᠵᠥᠪᠯᠡᠯ ᠳᠤ ︽ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
   ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠨᠢ ᠵᠢᠷᠭᠤᠭᠠᠨ ᠠᠬᠢᠭᠤᠯᠬᠤ ᠳᠦᠷᠢᠮ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠠᠭᠤᠯᠭ᠎ᠠ ᠶᠢᠨ ᠲᠣᠭᠤᠷᠢᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠪᠣᠳᠠᠲᠠᠢ ᠲᠠᠢ ᠤᠶᠠᠯᠳᠤᠭᠤᠯᠤᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠳᠠᠶᠢᠴᠢᠯᠠᠨ ᠬᠥᠲᠥᠯᠥᠨ ᠵᠢᠯᠤᠭᠤᠳᠴᠤ ᠪᠠᠶᠢᠭᠠᠳ ᠵᠢᠷᠭᠤᠭᠠᠨ ᠠᠬᠢᠭᠤᠯᠬᠤ ᠳᠦᠷᠢᠮ ᠤᠨ ᠰᠤᠷᠤᠯᠴᠠᠯᠭ᠎ᠠ ᠤᠬᠠᠭᠤᠯᠭ᠎ᠠ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠤᠭᠴᠢ᠂ ᠡᠭᠦᠳᠦᠨ ᠪᠠᠶᠢᠭᠤᠯᠬᠤ ᠠᠵᠢᠯ ᠤᠨ ᠠᠵᠢᠯᠯᠠᠭᠴᠢ ᠪᠣᠯᠭᠠᠨ᠎ᠠ᠃ ᠡᠭᠦᠨ ᠤ ᠵᠡᠷᠭᠡ ᠳᠤ᠂ ᠠᠬᠢᠭᠤᠯᠬᠤ ᠳᠦᠷᠢᠮ ᠤᠨ ᠤᠬᠠᠭᠤᠯᠭ᠎ᠠ ᠶᠢᠨ ᠵᠢᠷᠭᠤᠭᠠᠨ ᠮᠠᠲ᠋ᠧᠷᠢᠶᠠᠯ ᠢ 20 ᠭᠠᠷᠤᠢ ᠬᠤᠪᠢ ᠲᠠᠷᠬᠠᠭᠠᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠤᠯᠢ ᠴᠠᠭᠠᠵᠠ ᠶᠢᠨ ᠡᠷᠬᠡ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠪᠠᠶᠢᠳᠠᠯ ᠤᠨ ᠳᠣᠣᠷᠠᠬᠢ ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠪᠠᠲᠤ ᠪᠠᠬᠢ ᠬᠠᠤᠯᠢ ᠪᠠᠷ ᠵᠠᠰᠠᠬᠤ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2