ᠵᠦᠸᠧᠽᠢ ᠰᠢᠶᠠᠨ ᠤ ᠨᠠᠮ ᠤᠨ ᠬᠤᠷᠢᠶᠠᠨ ᠤ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/9
 ᠣᠶᠢᠷ᠎ᠠ ᠳᠤ᠂ ᠵᠦᠸᠧᠽᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠢ ᡁᠢ ᠵᠢᠶᠦ᠋ᠨ ᠰᠢᠶᠠᠨ ᠤ ᠨᠠᠮ ᠤᠨ ᠬᠤᠷᠢᠶᠠᠨ ᠤ ᠬᠢᠨᠠᠯᠲᠠ ᠲᠠᠯᠪᠢᠵᠤ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠩᠬᠠᠳᠤᠭᠠᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠬᠢᠨᠠᠯᠲᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠬᠦ ᠲᠤᠬᠠᠢ ᠠᠷᠪᠠᠨ ᠵᠤᠷᠪᠤᠰ ᠰᠠᠨᠠᠯ︾ ︽ᠵᠦᠸᠧᠽᠢ ᠰᠢᠶᠠᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾ ︽ᠵᠦᠸᠧᠽᠢ ᠰᠢᠶᠠᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ᠎ᠠ᠃ ᠰᠢᠶᠠᠨ ᠤ ᠨᠠᠮ ᠤᠨ ᠬᠤᠷᠢᠶᠠᠨ ᠤ ᠬᠢᠨᠠᠯᠲᠠ ᠲᠠᠯᠪᠢᠵᠤ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠯ᠎ᠡ ᠪᠦᠷᠢᠯᠳᠦᠭᠦᠨ ᠨᠢᠭᠡᠴᠡ ᠶᠢᠨ ᠲᠤᠰᠬᠠᠢ ᠲᠤᠰᠢᠶᠠᠯᠲᠤ ᠬᠠᠷᠢᠭᠤᠴᠠᠯᠭᠠᠲᠠᠨ ᠪᠠ ᠬᠤᠯᠪᠣᠭᠠᠴᠢᠨ ᠬᠤᠷᠠᠯ ᠳᠤ ᠣᠷᠣᠯᠴᠠᠪᠠ᠃
    ᠬᠤᠷᠠᠯ ᠠᠴᠠ᠂ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠢ ᠠᠬᠢᠭᠤᠯᠬᠤ ᠪᠣᠯ ᠰᠢ ᠶᠢᠨ ᠫᠢᠩ  ᠤ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠣᠨ᠎ᠠ᠂ ᠮᠥᠨᠴᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠴᠢᠨᠠᠭᠰᠢᠳᠠ ᠲᠣᠳᠣᠷᠬᠠᠶᠢᠯᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠢᠨᠠᠯᠲᠠ ᠶᠢᠨ ᠭᠤᠣᠯᠯᠠᠬᠤ ᠪᠠᠶᠢᠷᠢ ᠰᠠᠭᠤᠷᠢ ᠶᠢ ᠲᠤᠪᠤᠶᠢᠯᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠳᠣᠲᠣᠭᠠᠳᠤ ᠶᠢᠨ ᠬᠢᠨᠠᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠬᠦ᠂ ᠪᠦᠬᠦ ᠲᠠᠯ᠎ᠠ ᠪᠠᠷ ᠬᠢᠨᠠᠯᠲᠠ ᠲᠠᠯᠪᠢᠬᠤ ᠲᠤᠰᠢᠶᠠᠯ ︽1+9︾ ᠋ ᠶᠢᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ ᠪᠠᠷ ᠵᠢᠯᠣᠭᠤᠳᠤᠯᠭ᠎ᠠ ᠪᠣᠯᠭᠠᠵᠤ ᠡᠯ᠎ᠡ ᠲᠦᠷᠦᠯ ᠤᠨ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠬᠠᠮᠵᠢᠯᠴᠠᠭᠤᠯᠬᠤ ᠶᠢ ᠠᠬᠢᠭᠤᠯᠬᠤ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠯᠠᠪᠳᠠᠭᠤᠨ ᠪᠠᠲᠤᠲᠠᠢ ᠥᠷᠨᠢᠬᠦ ᠶᠢ ᠠᠬᠢᠭᠤᠯᠬᠤ ᠬᠡᠷᠡᠭᠲᠡᠢ᠃ ᠡᠯ᠎ᠡ ᠬᠢᠨᠠᠯᠲᠠ ᠲᠠᠯᠪᠢᠬᠤ ᠬᠠᠷᠢᠭᠤᠴᠠᠯᠭ᠎ᠠ ᠲᠠᠢ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠢᠨᠠᠯᠲᠠ ᠲᠠᠯᠪᠢᠬᠤ ᠲᠥᠯᠥᠪᠯᠡᠭᠡ ᠲᠣᠭᠲᠠᠭᠠᠵᠤ᠂ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠬᠢᠨᠠᠯᠲᠠ ᠲᠠᠯᠪᠢᠬᠤ ᠦᠷ᠎ᠡ ᠪᠦᠲᠦᠭᠡᠯ ᠪᠣᠯᠣᠨ ᠦᠷ᠎ᠡ ᠠᠰᠢᠭ ᠢ ᠥᠷᠭᠡᠳᠬᠡᠵᠦ᠂ ᠬᠢᠨᠠᠯᠲᠠ ᠲᠠᠯᠪᠢᠬᠤ ᠶᠢ ᠨᠡᠪᠲᠡᠷᠡᠭᠦᠯᠬᠦ ᠲᠣᠭᠲᠠᠴᠠ ᠶᠢ ᠲᠠᠰᠤᠷᠠᠯᠲᠠ ᠦᠭᠡᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2