2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/11/9
ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠳᠤ᠄   2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠨᠥᠬᠦᠪᠦᠷᠢ ᠟ᠢᠢᠨ ᠲᠦᠷᠦ ᠟ᠢᠢᠨ ᠪᠣᠳᠣᠯᠭ᠎ᠠ ᠟ᠢᠶ ᠬᠡᠷᠡᠭᠵᠢᠭᠦᠯᠬᠦ ᠟ᠢᠶ ᠳᠥᠭᠦᠮᠴᠢᠯᠡᠬᠦ ᠬᠡᠮᠵᠢᠶ᠎ᠡ ᠟ᠢᠶ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ   ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠨᠥᠬᠦᠪᠦᠷᠢ ᠶᠢᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠡᠵᠡᠮᠰᠢᠨ᠂ ᠲᠠᠷᠢᠶᠠᠯᠠᠩ ᠤᠨ ᠡᠳ᠋ ᠤᠨ ᠵᠠᠰᠠᠭ ᠤᠨ ᠬᠤᠶᠠᠷ ᠶᠠᠮᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠣᠪᠴᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ︽ᠬᠤᠰᠢᠭᠤ ᠰᠢᠶᠠᠨ ︵ᠲᠣᠭᠤᠷᠢᠭ︶ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠪᠡᠯᠡ ᠮᠥᠩᠭᠦ ᠭᠤᠶᠤᠴᠢᠯᠠᠭᠰᠠᠨ ᠲᠤᠭ᠎ᠠ ᠬᠡᠮᠵᠢᠶ᠎ᠡ ᠨᠢ ᠲᠤᠬᠠᠢ ᠶᠢᠨ ᠵᠢᠯ ᠤᠨ ᠬᠡᠷᠡᠭᠯᠡᠵᠦ ᠪᠣᠯᠬᠤ ᠪᠡᠯᠡ ᠮᠥᠩᠭᠦ ︵ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠪᠠ ᠲᠣᠬᠢᠷᠠᠭᠤᠯᠬᠤ ᠪᠡᠯᠡ ᠮᠥᠩᠭᠦ ᠪᠠᠭᠲᠠᠨ᠎ᠠ︶ ᠶᠢᠨ ᠶᠡᠷᠦᠩᠬᠡᠢ ᠬᠡᠮᠵᠢᠶ᠎ᠡ ᠶᠢᠨ 110% ᠳᠤ ᠬᠦᠷᠦᠭᠰᠡᠨ ᠪᠠᠶᠢᠪᠠᠯ᠂ ᠬᠠᠮᠢᠶ᠎ᠠ ᠪᠦᠬᠦᠢ ᠬᠤᠰᠢᠭᠤ ᠰᠢᠶᠠᠨ ︵ᠲᠣᠭᠤᠷᠢᠭ︶ ᠨᠢ ᠴᠠᠭ ᠲᠤᠬᠠᠢ ᠳᠤᠨᠢ ᠠᠯᠪᠠᠨ ᠵᠠᠷ ᠨᠡᠶᠢᠲᠡᠯᠡᠵᠦ᠂ ᠨᠥᠬᠦᠪᠦᠷᠢ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠶᠢ ᠵᠣᠭᠰᠤᠭᠠᠬᠤ︾ ᠲᠣᠭᠲᠠᠭᠠᠯ ᠢ ᠳᠠᠭᠢᠵᠤ ᠬᠡᠷᠡᠭᠵᠢᠭᠦᠯᠬᠦ ᠦᠭᠡᠢ᠃ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠵᠢᠯ ᠠᠯᠤᠰᠯᠠᠨ ᠦᠷᠭᠦᠯᠵᠢᠯᠡᠨ ᠬᠡᠷᠡᠭᠵᠢᠭᠦᠯᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠰᠢᠨ ᠬᠤᠳᠠᠯᠳᠤᠨ ᠠᠪᠤᠭᠴᠢ ᠨᠥᠬᠦᠪᠦᠷᠢ ᠥᠭᠬᠦ ᠬᠢᠷᠢ ᠬᠡᠮ ᠤᠨ ᠱᠠᠭᠠᠷᠳᠠᠯᠭ᠎ᠠ ᠳᠤ ᠨᠡᠶᠢᠴᠡᠬᠦ ᠲᠠᠷᠢᠶᠠᠯᠠᠩ ᠤᠨ ᠮᠠᠰᠢᠨ ᠤ ᠦᠢᠯᠡᠳᠬᠦᠨ ᠢ ᠬᠤᠳᠠᠯᠳᠤᠨ ᠠᠪᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠭᠠᠷ ᠤᠲᠠᠰᠤᠨ ᠤ APP ᠵᠡᠷᠭᠡ ᠪᠠᠷ ᠳᠠᠮᠵᠢᠭᠤᠯᠤᠨ ᠨᠥᠬᠦᠪᠦᠷᠢ ᠭᠤᠶᠤᠴᠢᠯᠠᠬᠤ ᠭᠤᠶᠤᠴᠢᠯᠠᠯ ᠭᠠᠷᠭᠠᠵᠤ ᠪᠣᠯᠣᠨ᠎ᠠ᠂ ᠶᠠᠮᠠᠷᠪᠠ ᠨᠢᠭᠡᠴᠡ ᠪᠠ ᠬᠤᠪᠢ ᠬᠥᠮᠥᠨ ᠭᠡᠳ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠳᠥᠭᠦᠮᠴᠢᠯᠡᠯᠲᠡ ᠶᠢᠨ ᠬᠡᠮᠵᠢᠶ᠎ᠡ ᠶᠢ ᠬᠢᠵᠠᠭᠠᠷᠯᠠᠵᠤ ᠪᠣᠯᠬᠤ ᠦᠭᠡᠢ᠂ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃     ᠬᠤᠶᠠᠷ᠂ ᠭᠦᠢᠴᠡᠳᠬᠡᠬᠦ ᠨᠥᠬᠦᠪᠦᠷᠢ ᠶᠢᠨ ᠲᠤᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ    ᠮᠧᠬᠠᠨᠢᠭ ᠬᠤᠳᠠᠯᠳᠤᠨ ᠠᠪᠤᠭᠴᠢ ᠨᠥᠬᠦᠪᠦᠷᠢ ᠠᠪᠬᠤ ᠭᠤᠶᠤᠴᠢᠯᠠᠯ ᠢᠶᠠᠨ ᠲᠤᠰᠢᠶᠠᠬᠤ ᠦᠶ᠎ᠡ ᠳᠤ᠂ ᠰᠢᠨ᠎ᠡ ᠨᠥᠬᠦᠪᠦᠷᠢ ᠥᠭᠬᠦ ᠲᠤᠭ᠎ᠠ ᠶᠢᠨ ᠨᠠᠷᠢᠨ ᠬᠦᠰᠦᠨᠦᠭᠲᠦ ᠶᠢ ᠨᠡᠶᠢᠲᠡᠯᠡᠭᠰᠡᠨ ᠡᠳᠦᠷ ︵ᠡᠭᠦᠨ ᠳᠤ ᠪᠠᠭᠲᠠᠬᠤ ᠦᠭᠡᠢ︶ ᠠᠴᠠ ᠡᠮᠦᠨ᠎ᠡ ᠬᠤᠳᠠᠯᠳᠤᠨ ᠠᠪᠤᠭᠰᠠᠨ ᠮᠧᠬᠠᠨᠢᠭ ᠪᠠᠭᠠᠵᠢ ︵ᠪᠠᠷᠢᠮᠲᠠ ᠪᠢᠴᠢᠵᠦ ᠥᠭᠭᠦᠭᠰᠡᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶ ᠶᠢ ᠤᠤᠯ ᠤᠨ ᠨᠥᠬᠦᠪᠦᠷᠢ ᠥᠭᠬᠦ ᠲᠤᠭ᠎ᠠ ᠶᠢᠨ ᠨᠠᠷᠢᠨ ᠬᠦᠰᠦᠨᠦᠭᠲᠦ ᠪᠠᠷ ᠭᠦᠢᠴᠡᠳᠬᠡᠨ᠎ᠡ; ᠨᠡᠶᠢᠲᠡᠯᠡᠭᠰᠡᠨ ᠡᠳᠦᠷ ︵ᠪᠠᠭᠲᠠᠨ᠎ᠠ︶  ᠟ ᠣᠨ ᠲᠠᠷᠠᠭ᠎ᠠ ᠬᠤᠳᠠᠯᠳᠤᠨ ᠠᠪᠤᠭᠰᠠᠨ ᠮᠠᠰᠢᠨ ᠪᠠᠭᠠᠵᠢ ︵ᠪᠠᠷᠢᠮᠲᠠ ᠬᠢᠵᠦ ᠥᠭᠭᠦᠭᠰᠡᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶ ᠟ ᠲᠤ ᠨᠥᠬᠦᠪᠦᠷᠢ ᠥᠭᠬᠦ ᠰᠢᠨ᠎ᠡ ᠲᠤᠭ᠎ᠠ ᠶᠢᠨ ᠨᠠᠷᠢᠨ ᠬᠦᠰᠦᠨᠦᠭᠲᠦ ᠶᠣᠰᠣᠭᠠᠷ ᠬᠡᠷᠡᠭᠵᠢᠭᠦᠯᠦᠨ᠎ᠡ᠃     ᠭᠤᠷᠪᠠ᠂ ᠨᠥᠬᠦᠪᠦᠷᠢ ᠶᠢᠨ ︽ᠭᠤᠷᠪᠠ ᠶᠢ ᠨᠢᠭᠡᠳᠬᠡᠬᠦ︾ ᠶᠢ ᠭᠦᠢᠴᠡᠳᠬᠡᠬᠦ ᠠᠵᠢᠯ ᠟ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠢ    ︽ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠶᠢᠨ ︿ᠭᠤᠷᠪᠠ ᠶᠢ ᠨᠢᠭᠡᠳᠬᠡᠭᠰᠡᠨ﹀ ᠭᠦᠢᠴᠡᠳᠬᠡᠬᠦ ᠠᠷᠭ᠎ᠠ ᠮᠠᠶ᠋ᠢᠭ ᠢ ᠯᠠᠪᠳᠠᠭᠤᠨ ᠢᠶᠠᠷ ᠬᠡᠷᠡᠭᠵᠢᠭᠦᠯᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠲᠠᠷᠬᠠᠭᠠᠭᠰᠠᠨ ﹇2022﹈ 175 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠬᠡᠰᠡᠭ ᠭᠤᠣᠯᠳᠠᠯᠭ᠎ᠠ ᠲᠠᠢ ᠮᠠᠰᠢᠨ ᠪᠠᠭᠠᠵᠢ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠶᠢᠨ ︿ᠭᠤᠷᠪᠠ ᠶᠢ ᠨᠢᠭᠡᠳᠬᠡᠭᠰᠡᠨ﹀ ᠭᠦᠢᠴᠡᠳᠬᠡᠬᠦ ᠠᠵᠢᠯᠯᠠᠭᠠᠨ ᠤ ᠠᠷᠭ᠎ᠠ ᠮᠠᠶ᠋ᠢᠭ ᠢ ᠯᠠᠪᠳᠠᠭᠤᠨ ᠢᠶᠠᠷ ᠠᠬᠢᠭᠤᠯᠵᠤ᠂ ᠬᠤᠶᠠᠷ ᠬᠡᠮᠵᠢᠯᠲᠦ ᠺᠣᠳ᠋᠂ ᠭᠠᠷ ᠤᠲᠠᠰᠤᠨ ᠤ APP ᠪᠠ ᠳᠣᠬᠢᠭᠤᠷ ᠲᠤᠯᠤᠭᠠᠨ ᠣᠲᠣ ᠪᠠᠶᠢᠷᠢ ᠲᠣᠭᠲᠠᠭᠠᠬᠤ ᠦᠵᠦᠭᠦᠷ ᠵᠢᠴᠢ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠨᠥᠬᠦᠪᠦᠷᠢ ᠶᠢᠨ ᠬᠠᠮᠢᠶᠠᠷᠤᠯᠲᠠ ᠳᠤ ᠬᠦᠴᠦᠲᠡᠢ ᠲᠤᠯᠭᠠᠭᠤᠷᠢᠯᠠᠬᠤ ᠶᠢ ᠪᠡᠶᠡᠯᠡᠭᠦᠯᠦᠨ᠎ᠡ᠃ ᠡᠭᠦᠷᠭᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠣᠰ ᠲᠠᠰ ᠳᠠᠪᠬᠤᠷᠭ᠎ᠠ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠵᠢᠯᠣᠭᠤᠳᠤᠯᠭ᠎ᠠ ᠬᠢᠨᠠᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠪᠥᠷ ᠮᠣᠩᠭᠤᠯ ᠤᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮ ︵ᠰᠦᠯᠵᠢᠶᠡᠨ ᠤ ᠬᠠᠶ᠋ᠢᠭ᠄ http://neimeng.dtwl360.com︶ ᠲᠤ ᠣᠷᠣᠵᠤ ᠮᠠᠰᠢᠨ ᠪᠠᠭᠠᠵᠢ ᠵᠢᠴᠢ ᠠᠵᠢᠯ ᠤᠨ ᠪᠠᠶᠢᠳᠠᠯ ᠳᠤ ᠬᠢᠨᠠᠨ ᠬᠡᠮᠵᠢᠯᠲᠡ ᠬᠢᠨ᠎ᠡ᠃     ᠳᠥᠷᠪᠡ᠂ ᠲᠠᠷᠢᠶᠠᠯᠠᠩ ᠤᠨ ᠮᠠᠰᠢᠨ ᠤ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠨ᠎ᠡ    ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ︽ᠤᠯᠠᠭᠠᠨᠴᠠᠪ ᠬᠤᠲᠠ ᠶᠢᠨ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠬᠡᠷᠡᠭᠵᠢᠭᠦᠯᠬᠦ ᠲᠥᠰᠥᠯ︾ ︵ᠤᠯᠠᠭᠠᠨᠴᠠᠪ ᠲᠠᠷᠢᠶᠠᠯᠠᠩ ᠮᠠᠯ ᠠᠵᠤ ᠠᠬᠤᠢ ᠲᠠᠷᠬᠠᠭᠠᠭᠰᠠᠨ ︽2020︾ 248 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠡᠷᠡᠭᠯᠡᠭᠡᠨ ᠠᠴᠠ ᠭᠠᠷᠭᠠᠭᠰᠠᠨ ᠲᠠᠷᠢᠶᠠᠯᠠᠩ ᠤᠨ ᠮᠠᠰᠢᠨ ᠢ ᠡᠭᠡᠭᠦᠯᠦᠨ ᠬᠤᠷᠢᠶᠠᠬᠤ ᠠᠵᠤ ᠠᠬᠤᠶᠢᠯᠠᠯ ᠢ ᠦᠨᠡᠮᠰᠢᠬᠦ ᠪᠠ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠤᠨ ᠲᠠᠰ ᠳᠠᠷᠠᠭᠠᠯᠠᠯ ᠢ ᠴᠢᠩᠳᠠᠯᠠᠵᠤ᠂ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠭᠤᠶᠤᠴᠢᠯᠠᠯ ᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠤᠬᠠᠭᠤᠯᠭ᠎ᠠ ᠶᠢᠨ ᠬᠡᠯᠬᠢᠶ᠎ᠡ ᠶᠢ ᠤᠷᠲᠤᠳᠬᠠᠨ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠲᠣᠰ ᠭᠠᠵᠠᠷ ᠣᠷᠣᠨ ᠤ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢ ᠬᠡᠷᠡᠭᠵᠢᠭᠦᠯᠬᠦ ᠠᠬᠢᠴᠠ ᠶᠢ ᠪᠦᠲᠦᠮᠵᠢᠲᠡᠶ ᠠᠬᠢᠭᠤᠯᠬᠤ ᠬᠡᠷᠡᠭᠲᠡᠢ᠃ ᠢᠯᠠᠩᠭᠤᠶ᠎ᠠ ᠣᠳᠣᠬᠠᠨ ᠳᠤ ᠬᠡᠷᠡᠭᠯᠡᠭᠡᠨ ᠠᠴᠠ ᠭᠠᠷᠭᠠᠭᠰᠠᠨ ᠲᠠᠷᠢᠶᠠᠯᠠᠩ ᠤᠨ ᠮᠠᠰᠢᠨ ᠢ ᠡᠭᠡᠭᠦᠯᠦᠨ ᠬᠤᠷᠢᠶᠠᠬᠤ ᠠᠵᠤ ᠠᠬᠤᠶᠢᠯᠠᠯ ᠦᠭᠡᠢ ᠬᠤᠰᠢᠭᠤ ᠰᠢᠶᠠᠨ ᠨᠤᠭᠤᠳ ᠪᠣᠶᠢᠵᠢᠭᠤᠯᠬᠤ ᠪᠠ ᠵᠢᠯᠤᠭᠤᠳᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠢᠯ ᠤᠨ ᠳᠣᠲᠣᠷ᠎ᠠ ᠰᠢᠪᠲᠤᠯᠤᠯᠲᠠ ᠭᠠᠷᠭᠠᠬᠤ ᠦᠭᠡᠢ ᠪᠠᠶᠢᠬᠤ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃    ᠲᠠᠪᠤ᠂ ᠨᠥᠬᠦᠪᠦᠷᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠤᠯᠠᠮ ᠨᠢᠭᠡ ᠠᠯᠬᠤᠮ ᠠᠬᠢᠭᠤᠯᠤᠨ᠎ᠠ    ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠢ ᠪᠤᠯᠤᠩ ᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠂ ᠢᠯᠡ ᠪᠣᠯᠭᠠᠬᠤ ᠠᠭᠤᠯᠭ᠎ᠠ ᠶᠢ ᠪᠦᠷᠢᠨ ᠭᠦᠢᠴᠡᠳ ᠪᠣᠯᠭᠠᠬᠤ ᠪᠠ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠬᠦ ᠶᠢ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠣᠶᠢᠷ᠎ᠠ ᠶᠢᠨ ᠭᠤᠷᠪᠠᠨ ᠵᠢᠯ ᠤᠨ ᠨᠥᠬᠦᠪᠦᠷᠢ ᠶᠢᠨ ᠠᠰᠢᠭ ᠭᠥᠷᠳᠡᠬᠦ ᠡᠲᠡᠭᠡᠳ᠂ ᠠᠰᠠᠭᠤᠨ ᠯᠠᠪᠯᠠᠬᠤ ᠵᠠᠭᠠᠯᠳᠤᠬᠤ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠨᠥᠬᠦᠪᠦᠷᠢ ᠶᠢᠨ ᠪᠡᠯᠡ ᠮᠥᠩᠭᠦ ᠶᠢᠨ ᠬᠡᠪᠴᠢᠶ᠎ᠡ᠂ ᠪᠡᠯᠡ ᠮᠥᠩᠭᠦ ᠶᠢᠨ ᠬᠡᠷᠡᠭᠯᠡᠯᠲᠡ ᠪᠠ ᠳ᠋ᠦᠩᠨᠡᠨ ᠪᠤᠳᠤᠬᠤ ᠠᠬᠢᠴᠠ᠂ ᠨᠥᠬᠦᠪᠦᠷᠢ ᠶᠢᠨ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠳᠦᠷᠢᠮ ᠵᠡᠷᠭᠡ ᠡᠯ᠎ᠡ ᠲᠥᠷᠥᠯ ᠤᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠢᠯᠡ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠮᠠᠰᠢᠨ ᠬᠤᠳᠠᠯᠳᠤᠨ ᠠᠪᠤᠭᠴᠢ ᠶᠢᠨ ᠬᠤᠪᠢ ᠬᠥᠮᠥᠨ ᠤ ᠰᠡᠷᠭᠡᠭ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠦᠭᠡᠢ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠭᠦᠨᠵᠡᠭᠡᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠢᠯᠡ ᠲᠣᠳᠣ ᠪᠠᠶᠢᠬᠤ ᠶᠢ     ᠵᠢᠷᠭᠤᠭ᠎ᠠ᠂ ᠨᠥᠬᠦᠪᠦᠷᠢ ᠟ᠢᠢᠨ ᠪᠡᠯᠡ ᠮᠥᠩᠭᠦ ᠟ᠢᠢᠨ ᠬᠢᠨᠠᠯᠲᠠ ᠬᠠᠮᠢᠶᠠᠷᠤᠯᠲᠠ ᠟ᠢᠶ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ    ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠨᠥᠬᠦᠪᠦᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠬᠤᠭᠤᠴᠠᠭ᠎ᠠ ᠬᠢᠵᠠᠭᠠᠷᠯᠠᠨ ᠭᠦᠢᠴᠡᠳᠬᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠ᠋⌳ ᠟ᠣᠨ ᠵᠠᠰᠠᠭ ᠟ᠣᠨ ᠰᠠᠯᠠᠭ᠎ᠠ ᠮᠥᠴᠢᠷ ᠯᠦᠭᠡ ᠢᠳᠡᠪᠬᠢᠲᠡᠢ ᠪᠠᠷ ᠨᠡᠪᠲᠡᠷᠡᠯᠴᠡᠨ ᠵᠥᠪᠳᠡᠯᠴᠡᠵᠦ᠂ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠟ ᠲᠤᠨᠢ ᠰᠣᠯᠢᠵᠤ ᠥᠭᠬᠦ ᠪᠠᠷ ᠴᠢᠷᠮᠠᠶᠢᠵᠤ᠂ ᠮᠠᠰᠢᠨ ᠬᠤᠳᠠᠯᠳᠤᠨ ᠠᠪᠤᠭᠴᠢ ᠶᠢᠨ ᠬᠠᠤᠯᠢ ᠶᠣᠰᠣᠨ ᠟ᠣ ᠡᠷᠬᠡ ᠠᠰᠢᠭ ᠢ ᠦᠨᠡᠨᠬᠦ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠬᠠᠨᠤᠮᠵᠢ ᠶᠢᠨ ᠬᠡᠮᠵᠢᠶ᠎ᠡ ᠪᠣᠯᠣᠨ ᠤᠯᠠᠨ ᠲᠦᠮᠡᠨ ᠟ᠣ ᠬᠦᠷᠲᠡᠭᠡᠯ ᠟ᠣᠨ ᠲᠥᠷᠥᠭᠳᠡᠯ᢭ᠢ ᠳᠡᠭᠡᠭᠰᠢᠯᠡᠭᠦᠯᠬᠦ ᠬᠡᠷᠡᠭᠲᠡᠢ᠃ ᠲᠤᠯᠤᠭ᠎ᠠ᠂ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠴᠢᠩᠭ᠎ᠠ ᠰᠢᠳᠬᠡᠨ᠎ᠡ    ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠡᠪ ᠤᠨ ᠪᠤᠰᠤ ᠪᠠᠶᠢᠳᠠᠯ ᠢ ᠰᠠᠨᠠᠭᠠᠴᠢᠯᠠᠭ᠎ᠠ  ᠠᠴᠠ ᠪᠠᠨ ᠮᠡᠳᠡᠭᠦᠯᠬᠦ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠢᠮᠠᠭᠲᠠ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠳᠠᠯ ᠢᠶᠠᠷ ᠪᠠᠷᠢᠮᠲᠠ ᠪᠢᠴᠢᠵᠦ ᠥᠭᠬᠦ᠂ ᠬᠤᠳᠠᠯ ᠢᠶᠠᠷ ᠬᠤᠳᠠᠯᠳᠤᠨ ᠠᠪᠴᠤ ᠨᠥᠬᠦᠪᠦᠷᠢᠯᠡᠬᠦ ᠵᠡᠷᠭᠡ ᠦᠶᠯᠡ ᠪᠠᠶᠢᠳᠠᠯ ᠨᠢ ᠬᠦᠨᠳᠦ ᠨᠣᠴᠢᠲᠠᠢ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠬᠠᠮᠲᠤᠷᠠᠨ ᠪᠠᠶᠢᠴᠠᠭᠠᠨ ᠰᠢᠢᠳᠪᠦᠷᠢᠯᠡᠬᠦ ᠪᠠ ᠮᠤᠵᠢ ᠶᠢᠨ ᠬᠤᠭᠤᠷᠣᠨᠳᠣᠬᠢ ᠬᠤᠯᠪᠤᠭᠠᠯᠠᠨ ᠬᠥᠳᠡᠯᠦᠯᠴᠡᠵᠦ ᠰᠢᠢᠳᠪᠦᠷᠢᠯᠡᠬᠦ ᠲᠣᠭᠲᠠᠴᠠ ᠶᠢ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠪᠣᠳᠠᠲᠠᠢ ᠪᠠᠷ ᠰᠢᠢᠳᠪᠦᠷᠢᠯᠡᠬᠦ ᠶᠢ ᠴᠢᠩᠳᠠᠯᠠᠵᠤ᠂ ᠨᠡᠯᠢᠶᠡᠳ ᠬᠦᠨᠳᠦ ᠪᠤᠶᠤ ᠬᠦᠨᠳᠦ ᠨᠣᠴᠢᠲᠠᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠦᠯᠦᠨ ᠰᠢᠢᠳᠪᠦᠷᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠰᠠᠶᠢᠨ ᠰᠠᠶᠢᠬᠠᠨ ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠬᠤ ᠬᠡᠷᠡᠭᠲᠡᠢ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2