ᠴᠠᠭ 2023-06-1510: 09 | ᠬᠦᠨᠳᠦᠲᠦ ᠵᠣᠴᠢᠨ ᠵᠦᠸᠧᠽᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠡᠯᠡ | ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ ᠼᠦᠢ ᠬᠤᠸᠠ ᠰᠢ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ | ᠴᠢᠬᠤᠯᠠ ᠠᠷᠭ᠎ᠠ ᠪᠠᠷᠢᠯ ᠮᠥᠨ᠂ ᠭᠤᠣᠯᠯᠠᠬᠤ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ | ᠲᠦᠷᠭᠡᠳᠬᠡᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠮᠠᠨ ᠤ ᠰᠢᠶᠠᠨ ᠤ ᠡᠬᠢ ᠪᠠᠶᠠᠯᠢᠭ ᠤᠨ ᠤᠭ ᠰᠤᠷᠪᠤᠯᠵᠢ | ᠪᠠ ᠠᠵᠤ ᠦᠢᠯᠡᠰ ᠤᠨ ᠣᠨᠴᠠᠯᠢᠭ ᠲᠤ ᠲᠦᠰᠢᠭᠯᠡᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ | ᠢᠳᠡᠪᠬᠢᠲᠡᠢ ᠪᠠᠷ ᠥᠷᠨᠢᠭᠦᠯᠦᠨ᠎ᠡ᠃ ᠲᠤᠰ ᠬᠤᠭᠤᠴᠠᠭᠠᠨ ᠳᠤ ᠵᠦᠸᠧᠽᠢ ᠰᠢᠶᠠᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ ᠼᠦᠢ ᠬᠤᠸᠠ | ᠰᠢ ᠶᠢ ᠤᠷᠢᠵᠤ ᠤᠯᠠᠨ ᠲᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃ | ᠰᠤᠷᠪᠤᠯᠵᠢᠯᠠᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠸ᠂ ᠰᠦᠯᠵᠢᠶᠡᠨ ᠳᠡᠭᠡᠷᠡᠬᠢ | ᠰᠣᠷᠪᠤᠯᠵᠢᠯᠠᠭ᠎ᠠ ᠳᠤ ᠠᠩᠬᠠᠷᠤᠯ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠲᠣᠰ ᠬᠤᠭᠤᠴᠠᠭᠠᠨ ᠤ | ᠰᠣᠷᠪᠤᠯᠵᠢᠯᠠᠭ᠎ᠠ ᠳᠤ᠂ ᠪᠢᠳᠡᠨ ᠤ ᠣᠯᠠᠨ ᠳᠤ ᠤᠷᠢᠵᠤ ᠠᠪᠴᠢᠷᠠᠭᠰᠠᠨ ᠵᠣᠴᠢᠨ ᠪᠣᠯ ᠵᠦᠸᠧᠽᠢ ᠰᠢᠶᠠᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ | ᠡᠷᠬᠢᠯᠡᠭᠴᠢ ᠼᠦᠢ ᠬᠤᠸᠠ ᠰᠢ ᠪᠣᠯᠣᠨ᠎ᠠ᠂ ᠼᠦᠢ ᠡᠷᠬᠢᠯᠡᠭᠴᠢ ᠲᠠ ᠰᠠᠶᠢᠨ ᠤᠣ︕ | ᠼᠦᠢ ᠬᠤᠸᠠ ᠰᠢ᠄ ᠬᠥᠲᠥᠯᠥᠭᠴᠢ ᠰᠠᠶᠢᠨ ᠤᠸ᠂ ᠰᠦᠯᠵᠢᠶᠡᠨ ᠤ ᠠᠨᠳᠠ ᠨᠠᠷ ᠰᠠᠶᠢᠨ ᠤᠸ︕ | ᠰᠤᠷᠪᠤᠯᠵᠢᠯᠠᠭᠴᠢ᠄ ᠲᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠬᠢᠴᠠ ᠶᠢᠨ ᠪᠠᠶᠢᠳᠠᠯ ᠢ | ᠶᠠᠷᠢᠭᠠᠴᠢ᠃ | ᠼᠦᠢ ᠬᠤᠸᠠ ᠰᠢ᠄ 1 ︱ 4 ᠰᠠᠷ᠎ᠠ ᠳᠤ᠂ ᠮᠠᠨ ᠤ ᠰᠢᠶᠠᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ | ᠪᠦᠯᠬᠦᠮ ᠳᠠᠭᠠᠭᠤᠯᠤᠨ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ᠂ 21 ᠲᠥᠷᠥᠯ ᠵᠦᠢᠯ ᠳᠤ ᠰᠢᠨ᠎ᠡ ᠪᠠᠷ | ᠭᠡᠷ᠎ᠡ ᠲᠣᠭᠲᠠᠵᠤ᠂ ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 34.72 ᠳ᠋ᠦᠩᠰᠢᠭᠤᠷ ᠲᠥᠭᠦᠷᠢᠭ ᠲᠤ | ᠬᠦᠷᠴᠡᠢ᠂ ᠡᠭᠦᠨ ᠳᠤ᠂ ᠣᠷᠣᠨ ᠤ ᠭᠠᠳᠠᠨᠠᠬᠢ ᠲᠥᠷᠥᠯ ᠵᠦᠢᠯ 10 ᠪᠠᠶᠢᠵᠤ᠂ ᠬᠡᠯᠡᠯᠴᠡᠭᠡᠷ ᠤᠨ ᠪᠡᠯᠡ | ᠣᠷᠣᠭᠤᠯᠤᠯᠲᠠ 28.08 ᠳ᠋ᠦᠩᠰᠢᠭᠤᠷ ᠲᠥᠭᠦᠷᠢᠭ ᠲᠤ ᠬᠦᠷᠴᠡᠢ︔ ᠣᠷᠣᠨ ᠤ ᠳᠣᠲᠣᠷᠠᠬᠢ ᠲᠥᠷᠥᠯ ᠵᠦᠢᠯ 11 | ᠪᠠᠶᠢᠵᠤ᠂ 6.64 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠵᠥᠪᠳᠡᠯᠴᠡᠨ᠎ᠡ᠃ ᠰᠢᠨ᠎ᠡ ᠪᠠᠷ ᠭᠡᠷ᠎ᠡ | ᠲᠣᠭᠲᠠᠭᠰᠠᠨ ᠣᠷᠣᠨ ᠤ ᠭᠠᠳᠠᠨᠠᠬᠢ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ ᠭᠠᠷᠳᠠᠮ ᠢ ᠭᠦᠢᠴᠡᠳᠬᠡᠵᠦ | ᠳᠠᠭᠤᠰᠬᠠᠭᠰᠠᠨ ᠨᠣᠷᠮ᠎ᠠ 80%᠂ ᠠᠵᠢᠯ ᠡᠬᠢᠯᠡᠭᠦᠯᠦᠭᠰᠡᠨ ᠨᠣᠷᠮ᠎ᠠ 40% ᠪᠣᠯᠣᠨ᠎ᠠ᠃ ᠪᠦᠬᠦ ᠰᠢᠶᠠᠨ ᠤ 18 | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠡᠬᠢᠯᠡᠭᠦᠯᠦᠨ ᠰᠡᠷᠭᠦᠭᠡᠵᠦ᠂ ᠡᠭᠦᠨ ᠳᠤ ᠣᠷᠣᠨ ᠤ | ᠭᠠᠳᠠᠨᠠᠬᠢ ᠲᠦᠷᠦᠯ ᠵᠦᠢᠯ 7᠂ ᠣᠷᠣᠨ ᠤ ᠳᠣᠲᠣᠷᠠᠬᠢ ᠲᠦᠷᠦᠯ ᠵᠦᠢᠯ 11 ᠪᠤᠢ᠃ ᠪᠣᠳᠠᠲᠠᠶᠢᠵᠢᠭᠤᠯᠤᠭᠰᠠᠨ | ᠪᠡᠯᠡ ᠮᠥᠩᠭᠦ 4%35 ᠳᠥᠢᠩᠰᠢᠭᠤᠷ ᠲᠥᠭᠦᠷᠢᠭ᠂ ᠡᠭᠦᠨ ᠲᠤ ᠣᠷᠣᠨ ᠣ ᠭᠠᠳᠠᠨᠠᠬᠢ ᠪᠡᠯᠡ ᠮᠥᠩᠭᠦ | 0%72 ᠳᠥᠢᠩᠰᠢᠭᠤᠷ ᠲᠥᠭᠦᠷᠢᠭ᠂ ᠣᠷᠣᠨ ᠣ ᠳᠣᠲᠣᠷᠠᠬᠢ ᠪᠡᠯᠡ ᠮᠥᠩᠭᠦ 3%63 ᠳᠥᠢᠩᠰᠢᠭᠤᠷ | ᠲᠥᠭᠦᠷᠢᠭ ᠪᠣᠯᠣᠨ᠎ᠠ᠃ | ᠰᠤᠷᠪᠤᠯᠵᠢᠯᠠᠭᠴᠢ᠄ ᠲᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠬᠦ ᠲᠠᠯ᠎ᠠ ᠪᠠᠷ | ᠬᠢ ᠪᠦᠲᠦᠮᠵᠢᠲᠡᠶ ᠠᠷᠭ᠎ᠠ ᠬᠢᠳᠡᠯ ᠢᠶᠠᠨ ᠶᠠᠷᠢᠭᠠᠴᠢ᠃ | ᠼᠦᠢ ᠬᠤᠸᠠ ᠰᠢ᠄ ᠨᠢᠭᠡ ᠳᠤ ᠤᠳᠤᠷᠢᠳᠤᠯᠭ᠎ᠠ ᠶᠢᠨ ᠠᠵᠤ ᠠᠬᠤᠶᠢᠯᠠᠯ᠂ ᠦᠢᠯᠡᠴᠢᠯᠡᠭᠡᠨ ᠤ ᠲᠥᠷᠥᠯ | ᠵᠦᠢᠯ ᠲᠠᠢ ᠬᠠᠷᠢᠯᠴᠠᠬᠤ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ᠳᠣᠲᠣᠨᠣ︾ ︽ᠴᠡᠪᠡᠷ︾ | ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠵᠤ᠂ ᠨᠢᠭᠡᠨᠲᠡ ᠭᠡᠷ᠎ᠡ ᠲᠣᠭᠲᠠᠭᠰᠠᠨ ᠪᠠ | ᠣᠲᠣ ᠶᠢᠨ ᠪᠠᠶᠢᠭ᠎ᠠ ᠲᠥᠷᠥᠯ ᠵᠦᠢᠯ ᠢ ᠮᠥᠷᠳᠡᠵᠦ᠂ ᠪᠥᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ | ᠦᠢᠯᠡᠴᠢᠯᠡᠭᠡ ᠶᠢ ᠲᠠᠰᠤᠷᠠᠯᠲᠠ ᠦᠭᠡᠢ ᠴᠢᠩᠭᠠᠳᠬᠠᠨ᠂ ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ | ᠥᠷᠭᠡᠳᠬᠡᠵᠦ᠂ ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠵᠥᠪᠳᠡᠯᠴᠡᠬᠦ᠂ ᠨᠢᠭᠡ ᠪᠦᠯᠦᠭ ᠢ ᠭᠡᠷ᠎ᠡ | ᠲᠣᠭᠲᠠᠬᠤ᠂ ᠨᠢᠭᠡ ᠪᠦᠯᠦᠭ ᠢ ᠪᠦᠲᠦᠭᠡᠨ ᠪᠠᠶᠢᠭᠤᠯᠬᠤ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ | ᠱᠠᠲᠤᠯᠢᠭ ᠠᠬᠢᠭᠤᠯᠬᠤ ᠪᠠᠶᠢᠷᠢᠰᠢᠯ ᠢ ᠴᠢᠷᠮᠠᠶᠢᠨ ᠪᠣᠶ ᠪᠣᠯᠭᠠᠨ᠎ᠠ᠃ ᠬᠤᠶᠠᠷ ᠲᠤ᠂ ︽ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭ᠎ᠠ︾ ᠶᠢᠨ ᠦᠢᠯᠡᠴᠢᠯᠡᠭᠡᠨ ᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ︽ | ᠳᠡᠯᠭᠡᠭᠦᠷ ᠤᠨ ᠪᠠᠭ᠎ᠠ ᠬᠤᠶᠠᠳᠤᠭᠠᠷ︾ ᠪᠠ ︽ᠲᠠᠪᠤᠨ ᠣᠳᠣᠨ ᠲᠠᠰ ᠤᠨ ᠦᠢᠯᠡᠴᠢᠯᠡᠭᠴᠢ︾ ᠶᠢᠨ ᠦᠵᠡᠯ | ᠤᠬᠠᠮᠰᠠᠷ ᠢ ᠴᠢᠩᠭᠠᠷᠠᠭᠤᠯᠤᠨ᠂ ᠨᠠᠷᠢᠯᠢᠭ ᠣᠨᠣᠴᠠᠲᠠᠢ ᠪᠠᠷ ᠬᠡᠯᠪᠡᠷᠢᠵᠢᠭᠰᠡᠨ ᠦᠢᠯᠡᠴᠢᠯᠡᠭᠡᠨ ᠤ ᠲᠣᠭᠲᠠᠴᠠ ᠶᠢ | ᠬᠡᠷᠡᠭᠵᠢᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ᠂ ᠠᠵᠢᠯᠴᠢᠨ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠢ ᠰᠠᠨᠠᠭ᠎ᠠ ᠠᠮᠤᠷ | ᠪᠡᠯᠡ ᠣᠷᠣᠭᠤᠯᠬᠤ᠂ ᠰᠠᠨᠠᠭ᠎ᠠ ᠠᠮᠤᠷ ᠬᠥᠭᠵᠢᠭᠦᠯᠬᠦ᠂ ᠰᠠᠨᠠᠭ᠎ᠠ ᠠᠮᠤᠷ ᠠᠮᠵᠢᠯᠲᠠ ᠣᠯᠬᠤ ᠳᠤ ᠲᠠᠭᠠᠯᠠᠮᠵᠢᠲᠠᠢ | ᠪᠣᠯᠭᠠᠨ᠎ᠠ᠃ ᠭᠤᠷᠪᠠ ᠳᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠳᠤ ᠬᠦᠴᠦ ᠨᠡᠮᠡᠷᠢᠯᠡᠨ᠎ᠡ᠃ ︽ᠴᠤᠪᠤᠷᠠᠯ ᠢᠶᠠᠷ ᠬᠠᠮᠤᠭ ᠤᠨ ᠰᠢᠯᠢᠳᠡᠭ᠂ | ᠭᠤᠭᠴᠤᠭ᠎ᠠ ᠪᠠᠷ ᠬᠠᠮᠤᠭ ᠤᠨ ᠴᠥᠭᠡᠨ᠂ ᠴᠠᠭ ᠢᠶᠠᠷ ᠬᠠᠮᠤᠭ ᠤᠨ ᠣᠬᠤᠷ᠂ ᠦᠢᠯᠡᠴᠢᠯᠡᠭᠡ ᠪᠠᠷ ᠬᠠᠮᠤᠭ ᠤᠨ ᠰᠠᠶᠢᠨ | ︾ ᠪᠠᠶᠢᠬᠤ ᠵᠠᠷᠴᠢᠮ ᠢ ᠢᠮᠠᠭᠲᠠ ᠪᠠᠷᠢᠮᠲᠠᠯᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ | ᠤᠳᠠᠭ᠎ᠠ ᠳᠤ ᠭᠦᠢᠴᠡᠳᠬᠡᠬᠦ︾᠂ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ | ᠲᠣᠭᠲᠠᠴᠠ ᠶᠢ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ | ︽ᠬᠠᠮᠤᠭ ᠤᠨ ᠴᠥᠭᠡᠨ ᠰᠠᠯᠠᠭ᠎ᠠ ᠮᠥᠴᠢᠷ ᠢ ᠡᠷᠢᠬᠦ︾᠂ ︽ᠬᠠᠮᠤᠭ ᠤᠨ ᠴᠥᠭᠡᠨ ᠵᠠᠮ ᠢᠶᠠᠷ ᠵᠠᠮᠨᠠᠬᠤ︾᠂ ︽ | ᠬᠠᠮᠤᠭ ᠤᠨ ᠪᠠᠭ᠎ᠠ ᠴᠠᠭ ᠵᠠᠷᠤᠴᠠᠭᠤᠯᠵᠤ︾᠂ ︽ᠬᠠᠮᠤᠭ ᠤᠨ ᠴᠥᠭᠡᠨ ᠮᠠᠲ᠋ᠧᠷᠢᠶᠠᠯ ᠢ ᠲᠤᠰᠢᠶᠠᠬᠤ︾ ᠪᠣᠯᠭᠠᠵᠤ᠂ | ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠬᠤ ᠠᠴᠠ ᠠᠰᠢᠭᠯᠠᠯᠲᠠ ᠳᠤ ᠣᠷᠣᠭᠤᠯᠬᠤ | ᠬᠦᠷᠲᠡᠯ᠎ᠡ᠂ ᠪᠥᠬᠦ ᠦᠶᠡᠯᠡᠯ ᠤᠨ ᠬᠤᠭᠤᠴᠠᠭᠠᠨ ᠳᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠠᠶᠢᠵᠢᠷᠠᠭᠤᠯᠵᠤ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠪᠥᠬᠦ ᠶᠠᠪᠤᠴᠠ ᠳᠤ ᠳᠡᠭᠡᠭᠰᠢᠯᠡᠭᠦᠯᠦᠨ᠎ᠡ᠃ | ᠰᠤᠷᠪᠤᠯᠵᠢᠯᠠᠭᠴᠢ᠄ ᠲᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠷᠠᠭᠠᠴᠢ ᠶᠢᠨ ᠠᠯᠬᠤᠮ ᠤᠨ | ᠠᠵᠢᠯ ᠤᠨ ᠲᠣᠬᠢᠷᠠᠭᠤᠯᠤᠯᠲᠠ ᠪᠠᠨ ᠶᠠᠷᠢᠭᠠᠴᠢ᠃ | ᠼᠦᠢ ᠬᠤᠸᠠ ᠰᠢ᠄ ᠨᠢᠭᠡ ᠳᠤ᠂ ᠨᠢᠭᠡᠨᠲᠡ ᠠᠵᠢᠯ ᠡᠬᠢᠯᠡᠭᠦᠯᠦᠭᠰᠡᠨ ᠲᠦᠷᠦᠯ ᠵᠦᠢᠯ ᠳᠤ ᠪᠦᠬᠦ | ᠬᠦᠴᠦᠨ ᠢᠶᠠᠷ ᠢᠶᠠᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠠᠬᠢᠴᠠ ᠶᠢ ᠠᠮᠵᠢᠵᠤ᠂ ᠠᠰᠢᠭᠯᠠᠯᠲᠠ ᠳᠤ | ᠣᠷᠣᠭᠤᠯᠬᠤ ᠶᠢ ᠪᠠᠲᠤᠯᠠᠵᠤ᠂ ᠰᠢᠨ᠎ᠡ ᠪᠠᠷ ᠭᠡᠷ᠎ᠡ ᠲᠣᠭᠲᠠᠭᠰᠠᠨ ᠲᠦᠷᠦᠯ ᠵᠦᠢᠯ ᠳᠤ ᠡᠮᠦᠨᠡᠬᠢ ᠬᠤᠭᠤᠴᠠᠭᠠᠨ ᠤ | ᠠᠵᠢᠯ ᠢ ᠭᠤᠣᠯᠳᠠᠯᠭ᠎ᠠ ᠲᠠᠢ ᠠᠳᠬᠤᠵᠤ᠂ ᠨᠠᠶᠢᠳᠠᠪᠤᠷᠢᠵᠢᠭᠤᠯᠬᠤ ᠶᠢ ᠠᠳᠬᠤᠵᠤ᠂ ᠠᠵᠢᠯ ᠡᠬᠢᠯᠡᠭᠦᠯᠬᠦ ᠶᠢ ᠠᠳᠬᠤᠵᠤ᠂ | ᠡᠷᠲᠡᠬᠡᠨ ᠦᠢᠯᠡᠳᠪᠦᠷᠢᠯᠡᠯ ᠳᠤ ᠣᠷᠣᠭᠤᠯᠵᠤ ᠦᠷ᠎ᠡ ᠪᠦᠲᠦᠮᠵᠢ ᠭᠠᠷᠭᠠᠨ᠎ᠠ᠃ ᠬᠤᠶᠠᠷ ᠲᠤ ᠬᠤᠳᠠᠯᠳᠤᠭᠠᠴᠢᠨ | ᠤᠷᠢᠬᠤ 15 ᠰᠠᠯᠪᠤᠷᠢ ᠪᠠᠭ᠎ᠠ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠷᠢᠵᠤ ᠲᠡᠵᠢᠭᠡᠨ | ᠦᠷᠡᠵᠢᠭᠦᠯᠬᠦ᠂ ᠰᠢᠨ᠎ᠡ ᠡᠨᠧᠷᠭᠢ᠂ ᠰᠣᠶᠣᠯ ᠵᠢᠭᠤᠯᠴᠢᠯᠠᠯ ᠡᠷᠡᠭᠦᠯ ᠬᠠᠮᠠᠭᠠᠯᠠᠯ ᠰᠤᠪᠢᠯᠠᠯᠲᠠ ᠵᠡᠷᠭᠡ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠨᠥᠬᠦᠪᠦᠷᠢᠯᠡᠵᠦ ᠬᠡᠯᠬᠢᠶᠡᠵᠢᠯ ᠢ | ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠳᠤᠭᠠᠷ ᠤᠯᠠᠷᠢᠯ ᠳᠤ ᠳᠠᠬᠢᠭᠠᠳ 20 ᠲᠥᠷᠥᠯ | ᠵᠦᠢᠯ ᠳᠤ ᠭᠠᠷ ᠤᠨ ᠥᠰᠥᠭ ᠵᠢᠷᠤᠵᠤ᠂ ᠪᠥᠬᠦ ᠵᠢᠯ ᠳᠤ 60 ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ | 27.19 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠶᠢ ᠪᠣᠳᠠᠲᠠᠶᠢᠵᠢᠭᠤᠯᠵᠤ᠂ ᠨᠡᠮᠡᠭᠳᠡᠯ ᠤᠨ | ᠬᠤᠷᠳᠤᠴᠠ ᠶᠢ 17% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠭᠤᠷᠪᠠ ᠳᠤ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠨᠥᠭᠡᠴᠡᠯᠡᠬᠦ ᠠᠵᠢᠯ ᠢ ᠬᠦᠴᠦᠯᠡᠨ ᠲᠡᠭᠦᠯᠳᠡᠷᠵᠢᠭᠦᠯᠦᠨ᠎ᠡ᠃ ᠪᠦᠬᠦ | ᠰᠢᠶᠠᠨ ᠤ ᠡᠯ᠎ᠡ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠲᠠᠢ ᠤᠶᠠᠯᠳᠤᠭᠤᠯᠤᠨ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ ᠠᠴᠠ ᠨᠥᠭᠡᠴᠡᠯᠡᠬᠦ ᠵᠦᠢᠯᠡᠰ ᠢ ᠢᠳᠡᠪᠬᠢᠲᠡᠢ ᠪᠠᠷ ᠴᠤᠭᠯᠠᠭᠤᠯᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠦᠢᠯᠡᠰ ᠤᠨ ᠨᠥᠭᠡᠴᠡᠯᠡᠬᠦ ᠬᠥᠮᠥᠷᠭᠡ ᠶᠢ ᠬᠥᠳᠡᠯᠦᠩᠭᠦᠢ ᠪᠠᠷ | ᠲᠣᠬᠢᠷᠠᠭᠤᠯᠬᠤ ᠪᠠ ᠨᠥᠬᠦᠪᠦᠷᠢᠯᠡᠨ ᠲᠡᠭᠦᠯᠳᠡᠷᠵᠢᠭᠦᠯᠦᠨ᠎ᠡ᠃ | | | ᠤᠷᠴᠢᠭᠤᠯᠤᠭᠴᠢ᠄ ᠪᠠᠶᠠᠨᠪᠠᠲᠦ | ᠨᠠᠶᠢᠷᠠᠭᠤᠯᠣᠭᠴᠢ᠄ ᠪᠠᠶᠠᠨᠪᠠᠲᠦ | | |