ᠡᠳ᠋ ᠤᠨ ᠵᠠᠰᠠᠭ ᠤᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ ᠡᠳ᠋ ᠤᠨ ᠵᠠᠰᠠᠭ ᠤᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2023/11/9
ᠴᠠᠭ 2023-08-03 10: 00  ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠸᠠᠩ ᠵᠢᠶᠦ᠋ᠨ ᠲᠣᠪᠴᠢᠯᠠᠯ    ᠬᠥᠲᠥᠯᠥᠭᠴᠢ᠄ ᠡᠨᠡ ᠵᠢᠯ ᠠᠴᠠ ᠨᠠᠰᠢ᠂ ᠮᠠᠨ ᠤ ᠰᠢᠶᠠᠨ ᠤ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠵᠤ᠂ ᠢᠯᠡᠳᠲᠡ ᠦᠷ᠎ᠡ ᠪᠦᠲᠦᠮᠵᠢ ᠣᠯᠵᠠᠢ᠂ ᠲᠠ ᠲᠦᠷᠦᠭᠦᠸ ᠬᠠᠭᠠᠰ ᠵᠢᠯ ᠤᠨ ᠪᠥᠬᠦ ᠰᠢᠶᠠᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠠᠵᠢᠯᠯᠠᠭᠠᠨ ᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠸ︖   ᠸᠠᠩ ᠵᠢᠶᠦ᠋ᠨ᠄ ᠡᠨᠡ ᠵᠢᠯ ᠠᠴᠠ ᠨᠠᠰᠢ᠂ ᠮᠠᠨ ᠤ ᠲᠣᠪᠴᠢᠶ᠎ᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠨ ᠣᠷᠣᠵᠤ᠂ ᠪᠥᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠳᠤ ︽ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ︾ ᠰᠠᠶᠢᠨ ᠰᠠᠶᠢᠬᠠᠨ ᠪᠠᠶᠢᠳᠠᠯ ᠢᠯᠡᠷᠡᠵᠡᠢ᠃ ᠲᠦᠷᠦᠭᠦᠸ ᠬᠠᠭᠠᠰ ᠵᠢᠯ ᠳᠤ᠂ ᠮᠠᠨ ᠤ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 16500 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠤᠨ ᠲᠣᠭᠠᠨ ᠤ 72.72% ︵ᠪᠡᠶᠡᠯᠡᠭᠦᠯᠦᠭᠰᠡᠨ ᠠᠬᠢᠴᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠪᠠ︶ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1994 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ 13.75% ᠪᠠᠷ ᠨᠡᠮᠡᠭᠳᠡᠪᠡ᠃ ᠡᠭᠦᠨ ᠳᠤ᠄ ᠭᠠᠶᠢᠯᠢ ᠶᠢᠨ ᠣᠷᠣᠯᠭ᠎ᠠ ᠶᠢ 13561 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3048 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 28.99% ᠪᠠᠶᠢᠵᠤ᠂ ᠪᠥᠬᠦ ᠣᠷᠣᠯᠭ᠎ᠠ ᠶᠢᠨ 82.19% ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ 2939 ᠲᠦᠮᠡᠨ ᠲᠥᠭᠦᠷᠢᠭ ︵ᠰᠤᠷᠭᠠᠨ ᠬᠥᠮᠦᠵᠢᠯ ᠤᠨ ᠨᠡᠮᠡᠯᠲᠡ ᠶᠢ ᠪᠠᠭᠲᠠᠭᠠᠨ᠎ᠠ︶ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1054 ᠲᠦᠮᠡᠨ ᠲᠥᠭᠦᠷᠢᠭ ᠬᠠᠰᠤᠵᠤ᠂ 26.40% ᠪᠠᠷ ᠬᠠᠰᠤᠭᠳᠠᠵᠤ᠂ ᠪᠥᠬᠦ ᠣᠷᠣᠯᠭ᠎ᠠ ᠶᠢᠨ 17.81% ᠶᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ 119701 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠵᠠᠷᠤᠯᠭ᠎ᠠ ᠠᠴᠠ 100875 ᠲᠦᠮᠡᠨ ᠲᠥᠭᠦᠷᠢᠭ ᠵᠠᠷᠤᠴᠠᠭᠤᠯᠵᠤ᠂ ᠵᠠᠷᠤᠯᠭ᠎ᠠ 18826 ᠲᠦᠮᠡᠨ ᠲᠥᠭᠦᠷᠢᠭ ᠨᠡᠮᠡᠭᠳᠡᠪᠡ᠃ ᠡᠭᠦᠨ ᠳᠤ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠵᠡᠷᠭᠡ ᠨᠠᠢᠮᠠᠨ ᠵᠦᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠶᠢ 81621 ᠲᠦᠮᠡᠨ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 68.19% ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ 5989 ᠲᠦᠮᠡᠨ ᠲᠥᠭᠦᠷᠢᠭ ᠤᠨ ᠵᠠᠷᠤᠯᠭ᠎ᠠ ᠨᠡᠮᠡᠭᠳᠡᠵᠦ᠂ 7.92% ᠢᠶᠠᠷ ᠨᠡᠮᠡᠭᠳᠡᠪᠡ᠃    ᠬᠥᠲᠥᠯᠥᠭᠴᠢ᠄ ᠡᠨᠡ ᠵᠢᠯ ᠠᠴᠠ ᠨᠠᠰᠢ ᠮᠠᠨ ᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠡᠳ᠋ ᠤᠨ ᠵᠠᠰᠠᠭ ᠤᠨ ᠠᠷᠠᠳ ᠲᠤ ᠠᠰᠢᠭ ᠬᠦᠷᠲᠡᠭᠡᠬᠦ ᠭᠤᠣᠯᠳᠠᠯᠭ᠎ᠠ ᠲᠠᠢ ᠵᠠᠷᠤᠯᠭ᠎ᠠ ᠶᠢ ᠪᠠᠲᠤᠯᠠᠬᠤ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖     ᠸᠠᠩ ᠵᠢᠶᠦ᠋ᠨ᠄ ᠮᠠᠨ ᠤ ᠲᠣᠪᠴᠢᠶ᠎ᠠ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠳ᠋ ᠤᠨ ᠬᠦᠴᠦᠨ ᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠨᠳᠤᠯᠭᠠᠲᠤ ᠬᠦᠴᠦᠨ ᠢ ᠦᠨᠡᠨ ᠬᠦ ᠪᠠᠲᠤᠯᠠᠵᠤ᠂ ᠠᠵᠤ ᠠᠬᠤᠢ ᠶᠢᠨ ᠶᠡᠭᠡ ᠬᠡᠮᠵᠢᠶ᠎ᠡ ᠶᠢ ᠲᠣᠭᠲᠠᠪᠤᠷᠢᠵᠢᠭᠤᠯᠤᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠤ ᠴᠢᠬᠤᠯᠠ ᠦᠢᠯᠡᠳᠦᠯ ᠪᠠᠳᠠᠷᠠᠭᠤᠯᠤᠨ᠎ᠠ᠃ ᠨᠢᠭᠡ ᠳᠤ ︽ᠭᠤᠷᠪᠠ ᠶᠢ ᠪᠠᠲᠤᠯᠠᠬᠤ︾ ᠪᠡᠯᠡ ᠮᠥᠩᠭᠦ ᠶᠢᠨ ᠵᠠᠷᠤᠯᠭ᠎ᠠ ᠶᠢ ᠭᠦᠢᠴᠡᠳ ᠴᠢᠩᠭᠠᠷᠠᠭᠤᠯᠪᠠ᠃ ᠵᠠᠷᠤᠯᠭ᠎ᠠ ᠶᠢᠨ ᠳᠤᠮᠳᠠᠬᠢ ︽ᠭᠤᠷᠪᠠᠨ ᠪᠠᠲᠤᠯᠠᠭ᠎ᠠ︾ ᠶᠢᠨ ᠲᠡᠷᠢᠭᠦᠯᠡᠬᠦ ᠲᠡᠰ ᠳᠠᠷᠠᠭᠠᠯᠠᠯ ᠢ ᠪᠠᠷᠢᠮᠲᠠᠯᠠᠵᠤ᠂ 2023 ᠣᠨ ᠳᠤ ︽ᠭᠤᠷᠪᠠᠨ ᠪᠠᠲᠤᠯᠠᠭ᠎ᠠ︾ ᠶᠢᠨ ᠬᠡᠷᠡᠭᠴᠡᠭᠡᠨ ᠤ ᠲᠤᠭ᠎ᠠ ᠶᠢ ᠵᠢᠯ ᠤᠨ ᠡᠬᠢᠨ ᠤ ᠲᠥᠰᠥᠪ ᠤᠨ ᠲᠣᠬᠢᠷᠠᠭᠤᠯᠤᠯᠲᠠ ᠳᠤ ᠭᠦᠢᠴᠡᠳ ᠲᠤᠭ᠎ᠠ ᠪᠠᠷ ᠣᠷᠣᠭᠤᠯᠬᠤ ᠶᠢᠨ ᠬᠠᠮᠲᠤ ᠵᠠᠷᠤᠯᠭ᠎ᠠ ᠶᠢᠨ ᠪᠦᠲᠦᠴᠡ ᠳᠤ ᠲᠣᠬᠢᠷᠠᠭᠤᠯᠤᠯᠲᠠ ᠬᠢᠵᠦ᠂ ᠡᠩ ᠤᠨ ᠴᠢᠨᠠᠷᠲᠠᠢ ᠪᠠ ᠪᠠᠴᠢᠮ ᠬᠡᠷᠡᠭᠴᠡᠭᠡᠨ ᠤ ᠪᠤᠰᠤ᠂ ᠬᠠᠲᠠᠭᠤ ᠪᠤᠰᠤ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠨ᠎ᠠ᠃  ᠲᠦᠷᠦᠭᠦᠦ ᠬᠠᠭᠠᠰ ᠵᠢᠯ ᠳᠤ ᠪᠦᠬᠦ ᠰᠢᠶᠠᠨ ᠤ ︽ᠭᠤᠷᠪᠠ  ᠶᠢ ᠪᠠᠲᠤᠯᠠᠬᠤ︾ ᠶᠢᠨ ᠵᠠᠷᠤᠯᠭ᠎ᠠ 74370 ᠲᠦᠮᠡᠨ ᠲᠥᠭᠦᠷᠢᠭ ᠲᠤ ᠬᠦᠷᠴᠦ᠂ ᠪᠦᠬᠦ ᠵᠠᠷᠤᠯᠭ᠎ᠠ  ᠶᠢᠨ 62.13%  ᠶᠢ ᠡᠵᠡᠯᠡᠵᠦ᠂ ᠡᠳ᠋ ᠤᠨ ᠬᠦᠴᠦᠨ ᠲᠤᠶᠢᠯ ᠤᠨ ᠪᠠᠭᠤᠷᠠᠢ᠂ ᠬᠥᠮᠥᠷᠭᠡ  ᠶᠢᠨ ᠵᠣᠭᠤᠰ ᠲᠤᠶᠢᠯ ᠤᠨ ᠪᠠᠴᠢᠮ ᠪᠠᠶᠢᠭ᠎ᠠ ᠨᠥᠬᠦᠴᠡᠯ ᠳᠣᠣᠷ᠎ᠠ ︽ᠭᠤᠷᠪᠠ  ᠶᠢ ᠪᠠᠲᠤᠯᠠᠬᠤ︾ ᠶᠢ ᠪᠠᠲᠤᠯᠠᠵᠤ᠂ ᠠᠶᠤᠯ ᠲᠦᠭᠰᠢᠭᠦᠷᠢ  ᠶᠢ ᠰᠡᠷᠭᠡᠶᠢᠯᠡᠨ᠂ ᠬᠤᠪᠣᠷ ᠨᠠᠨᠳᠢᠨ ᠡᠳ᠋ ᠤᠨ ᠵᠠᠰᠠᠭ ᠤᠨ ᠪᠡᠯᠡ ᠮᠥᠩᠭᠦ  ᠶᠢ ᠠᠷᠠᠳ ᠤᠨ ᠠᠮᠢᠳᠤᠷᠠᠯ  ᠢ ᠲᠣᠭᠲᠠᠭᠤᠨ ᠪᠠᠶᠢᠯᠭᠠᠬᠤ ᠵᠠᠩᠭᠢᠯᠠᠭ᠎ᠠ  ᠶᠢᠨ ᠭᠠᠵᠠᠷ ᠲᠤ ᠦᠨᠡᠨᠬᠦ ᠬᠡᠷᠡᠭᠯᠡᠭᠰᠡᠨ ᠪᠠᠶᠢᠨ᠎ᠠ᠃ ᠬᠤᠶᠠᠷ ᠲᠤ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠵᠠᠷᠤᠯᠭ᠎ᠠ ᠶᠢ ᠤᠷᠢᠳᠠᠪᠠᠷ ᠬᠦᠴᠦᠯᠡᠨ᠎ᠡ᠃ ᠠᠷᠠᠳ ᠲᠤ ᠭᠤᠣᠯᠳᠠᠯᠭ᠎ᠠ ᠲᠠᠢ ᠠᠰᠢᠭ ᠬᠦᠷᠲᠡᠭᠡᠬᠦ ᠪᠠᠷ ᠦᠨᠳᠦᠰᠦ ᠪᠣᠯᠭᠠᠵᠤ᠂ ᠣᠯᠠᠨ ᠨᠡᠶᠢᠲᠡ ᠶᠢᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠠᠵᠢᠯ ᠣᠯᠭᠤᠯᠲᠠ ᠶᠢᠨ ᠨᠥᠬᠦᠪᠦᠷᠢ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠬᠦᠷᠢᠶᠡᠨ ᠳᠠᠬᠢ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠎ᠡ᠃ ᠲᠦᠷᠦᠭᠦᠸ ᠬᠠᠭᠠᠰ ᠵᠢᠯ ᠳᠤ᠂ ᠪᠥᠬᠦ ᠰᠢᠶᠠᠨ ᠤ ᠨᠠᠢᠮᠠᠨ ᠵᠦᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠶᠢ 81621 ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 68.19% ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ 5989 ᠲᠦᠮᠡᠨ ᠲᠥᠭᠦᠷᠢᠭ ᠤᠨ ᠵᠠᠷᠤᠯᠭ᠎ᠠ ᠨᠡᠮᠡᠭᠳᠡᠵᠦ᠂ 7.92% ᠢᠶᠠᠷ ᠨᠡᠮᠡᠭᠳᠡᠨ᠂ ᠠᠷᠠᠳ ᠣᠯᠠᠨ ᠤ ᠦᠨᠳᠦᠰᠦᠨ ᠠᠮᠢᠳᠤᠷᠠᠯ ᠪᠠ ᠦᠨᠳᠦᠰᠦᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠦᠨᠡᠨ ᠬᠦ ᠪᠠᠲᠤᠯᠠᠪᠠ᠃ ᠭᠤᠷᠪᠠ ᠳᠤ᠂ ᠰᠢᠭᠤᠳ ᠬᠦᠷᠬᠦ ᠪᠡᠯᠡ ᠮᠥᠩᠭᠦ ᠶᠢᠨ ᠵᠠᠷᠤᠯᠭ᠎ᠠ ᠶᠢ ᠤᠨᠢᠨ ᠳᠡᠭᠡᠷ᠎ᠡ ᠨᠢ ᠬᠦᠴᠦᠯᠡᠨ᠎ᠡ᠃ ᠰᠢᠭᠤᠳ ᠬᠦᠷᠬᠦ ᠪᠡᠯᠡ ᠮᠥᠩᠭᠦ ᠶᠢ ᠬᠢᠨᠠᠨ ᠡᠵᠡᠮᠳᠡᠬᠦ ᠰᠢᠰᠲ᠋ᠧᠮ ᠳᠤ ᠲᠦᠰᠢᠭᠯᠡᠨ᠂ ᠪᠡᠯᠡ ᠮᠥᠩᠭᠦ ᠶᠢᠨ ᠲᠥᠰᠥᠪ ᠢ ᠰᠠᠯᠭᠠᠨ ᠪᠠᠭᠤᠯᠭᠠᠬᠤ᠂ ᠪᠡᠯᠡ ᠮᠥᠩᠭᠦ ᠣᠯᠭᠤᠬᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠨᠥᠬᠦᠪᠦᠷᠢ ᠣᠯᠭᠤᠬᠤ ᠪᠥᠬᠦ ᠶᠠᠪᠤᠴᠠ ᠶᠢ ᠨᠢᠭᠲᠠ ᠮᠥᠷᠳᠡᠵᠦ᠂ ᠰᠢᠭᠤᠳ ᠬᠦᠷᠬᠦ ᠪᠡᠯᠡ ᠮᠥᠩᠭᠦ ᠶᠢᠨ ᠠᠮᠤᠷ ᠲᠦᠪᠰᠢᠨ᠂ ᠲᠣᠭᠲᠠᠭᠠᠯ ᠳᠤ ᠨᠡᠶᠢᠴᠡᠭᠰᠡᠨ ᠠᠵᠢᠯᠯᠠᠭᠠᠨ ᠢ ᠦᠨᠡᠨᠬᠦ ᠪᠠᠲᠤᠯᠠᠨ᠎ᠠ᠃ ᠣᠲᠣ ᠪᠣᠯᠲᠠᠯ᠎ᠠ᠂ ᠳᠡᠭᠡᠳᠦ ᠱᠠᠲᠤᠨ  ᠠᠴᠠ ᠮᠠᠨ ᠤ ᠰᠢᠶᠠᠨ ᠤ ᠰᠢᠭᠤᠳ ᠬᠦᠷᠬᠦ ᠪᠡᠯᠡ ᠮᠥᠩᠭᠦ ᠶᠢᠨ ᠭᠦᠢᠴᠡᠳᠬᠡᠯ ᠲᠤᠭ᠎ᠠ ᠶᠢ 73270 ᠲᠦᠮᠡᠨ ᠲᠥᠭᠦᠷᠢᠭ ᠬᠤᠪᠢᠶᠠᠷᠢᠯᠠᠨ ᠪᠠᠭᠤᠯᠭᠠᠵᠤ᠂ 73270 ᠲᠦᠮᠡᠨ ᠲᠥᠭᠦᠷᠢᠭ ᠬᠤᠪᠢᠶᠠᠷᠢᠯᠠᠨ᠂ ᠬᠤᠪᠢᠶᠠᠷᠢᠯᠠᠯᠲᠠ ᠶᠢᠨ ᠠᠬᠢᠴᠠ ᠶᠢ 100% ᠳᠤ ᠬᠦᠷᠭᠡᠪᠡ︔ ᠵᠠᠷᠤᠯᠭ᠎ᠠ 42773 ᠲᠦᠮᠡᠨ ᠲᠥᠭᠦᠷᠢᠭ ᠲᠤ ᠬᠦᠷᠴᠦ᠂ ᠵᠠᠷᠤᠯᠭ᠎ᠠ ᠶᠢᠨ ᠠᠬᠢᠴᠠ 58.4% ᠳᠤ ᠬᠥᠷᠪᠡ᠃ ᠳᠥᠷᠪᠡ ᠳᠤ ᠬᠥᠳᠡᠭᠡ ᠲᠣᠰᠬᠤᠨ ᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠦᠨᠡᠨ ᠬᠦ ᠡᠳ᠋ ᠤᠨ ᠵᠠᠰᠠᠭ ᠤᠨ ᠵᠣᠯᠭᠠᠭᠤᠯᠬᠤ ᠪᠡᠯᠡ ᠮᠥᠩᠭᠦ ᠶᠢ ᠰᠢᠯᠵᠢᠭᠦᠯᠦᠨ ᠥᠭᠬᠦ ᠠᠵᠢᠯ ᠢ ᠰᠠᠶᠢᠲᠤᠷ ᠬᠢᠵᠦ᠂ 2023 ᠣᠨ ᠳᠤ ᠳᠡᠭᠡᠳᠦ ᠱᠠᠲᠤᠨ  ᠠᠴᠠ ᠮᠠᠨ ᠤ ᠰᠢᠶᠠᠨ ᠤ ᠡᠳ᠋ ᠤᠨ ᠵᠠᠰᠠᠭ ᠤᠨ ᠵᠣᠯᠭᠠᠭᠤᠯᠬᠤ ᠪᠡᠯᠡ ᠮᠥᠩᠭᠦ ᠶᠢ ᠨᠡᠶᠢᠲᠡ 14791 ᠲᠦᠮᠡᠨ ᠲᠥᠭᠦᠷᠢᠭ ᠪᠠᠭᠤᠯᠭᠠᠵᠤ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ 8608.36 ᠲᠦᠮᠡᠨ ᠲᠥᠭᠦᠷᠢᠭ ᠵᠠᠷᠤᠴᠠᠭᠤᠯᠵᠤ᠂ ᠵᠠᠷᠤᠯᠭ᠎ᠠ ᠶᠢᠨ ᠠᠬᠢᠴᠠ 58.2% ᠲᠤ ᠬᠥᠷᠪᠡ᠃ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠠᠵᠢᠯ ᠢ ᠰᠠᠶᠢᠲᠤᠷ ᠬᠢᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠵᠢᠷᠤᠮᠵᠢᠯ ᠪᠠ ᠬᠠᠮᠢᠶᠠᠷᠤᠯᠲᠠ ᠶᠢ ᠴᠢᠩᠭᠠᠳᠬᠠᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ 2023 ᠣᠨ ᠳᠤ 14900 ᠲᠦᠮᠡᠨ ᠲᠥᠭᠦᠷᠢᠭ ᠢ ᠡᠮᠬᠢᠯᠡᠨ ᠨᠡᠶᠢᠯᠡᠭᠦᠯᠵᠦ᠂ 6 ᠰᠠᠷ᠎ᠠ ᠶᠢᠨ ᠰᠡᠭᠦᠯᠴᠢ ᠪᠣᠯᠲᠠᠯ᠎ᠠ᠂ 13639 ᠲᠦᠮᠡᠨ ᠲᠥᠭᠦᠷᠢᠭ ᠢ ᠡᠮᠬᠢᠯᠡᠨ ᠨᠡᠶᠢᠯᠡᠭᠦᠯᠵᠦ᠂ ᠬᠠᠷᠠᠯᠲᠠ ᠶᠢᠨ ᠡᠭᠦᠷᠭᠡ ᠪᠠᠨ 91.54% ᠪᠠᠷ ᠪᠡᠶᠡᠯᠡᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠦᠢᠯᠡᠳᠪᠦᠷᠢᠯᠡᠯ ᠤᠨ ᠬᠥᠭᠵᠢᠯᠲᠡ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠪᠦᠲᠦᠮᠵᠢᠲᠡᠶ ᠳᠡᠮᠵᠢᠬᠦ ᠪᠠᠷ ᠲᠥᠯᠥᠪᠯᠡᠵᠦ ᠪᠣᠶ᠃ ᠲᠠᠪᠤ ᠳᠤ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠲᠠᠷᠬᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠡᠯ᠎ᠡ ᠵᠦᠢᠯ ᠟ᠣᠨ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠠᠪᠴᠤ᠂ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠟ᠣᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠮᠡᠳᠡᠭᠡ ᠵᠠᠩᠭᠢ ᠴᠤᠭᠯᠠᠭᠤᠯᠬᠤ ᠶᠢ ᠴᠢᠩᠭᠠᠷᠠᠭᠤᠯᠵᠤ᠂ ᠢᠯᠡ ᠨᠡᠶᠢᠲᠡᠯᠡᠵᠦ ᠢᠯᠡ ᠪᠣᠯᠭᠠᠬᠤ ᠶᠢ ᠴᠢᠩᠭᠠᠳᠬᠠᠨ᠂ ᠡᠯ᠎ᠡ ᠵᠦᠢᠯ ᠟ᠣᠨ ᠨᠥᠬᠦᠪᠦᠷᠢ ᠶᠢ ᠴᠠᠭ ᠲᠤᠬᠠᠢ ᠟ ᠲᠤᠨᠢ ᠭᠦᠢᠴᠡᠳ ᠲᠤᠭ᠎ᠠ ᠪᠠᠷ ᠨᠥᠬᠦᠪᠦᠷᠢ ᠥᠭᠬᠦ ᠡᠲᠡᠭᠡᠳ ᠟ᠣᠨ ᠭᠠᠷ ᠲᠤ ᠣᠯᠭᠤᠬᠤ ᠶᠢ ᠪᠠᠲᠤᠯᠠᠬᠤ ᠬᠡᠷᠡᠭᠲᠡᠢ᠃ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ︽ᠪᠦᠬᠦᠨ ᠳᠤ ᠲᠣᠬᠢᠷᠠᠬᠤ ᠺᠠᠷᠲ︾ ᠢ ᠣᠯᠭᠤᠬᠤ ᠠᠵᠢᠯ ᠤᠷᠤᠭᠰᠢᠲᠠᠢ ᠠᠬᠢᠪᠠ᠃ 1-6 ᠰᠠᠷ᠎ᠠ ᠳᠤ᠂ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠨᠡᠶᠢᠲᠡ 14223 ᠲᠦᠮᠡᠨ ᠲᠥᠭᠦᠷᠢᠭ ᠲᠠᠷᠬᠠᠭᠠᠵᠤ᠂ ᠨᠥᠬᠦᠪᠦᠷᠢ ᠮᠥᠩᠭᠦ ᠶᠢᠨ ᠲᠤᠭ᠎ᠠ ᠨᠢ 8 ᠬᠦᠷᠢᠶ᠎ᠡ ᠴᠠᠷᠠᠭ᠎ᠠ ᠶᠢᠨ 32 ᠲᠥᠷᠥᠯ ᠤᠨ 38 ᠵᠦᠢᠯ ᠳᠤ ᠬᠤᠯᠪᠣᠭᠳᠠᠵᠤ᠂ ᠬᠤᠲᠠ ᠬᠥᠳᠡᠭᠡ ᠶᠢᠨ 572093 ᠬᠥᠮᠥᠨ ︵ᠤᠳᠠᠭ᠎ᠠ︶ ᠳᠤ ᠠᠰᠢᠭ ᠬᠦᠷᠲᠡᠭᠡᠪᠡ᠃    ᠬᠥᠲᠥᠯᠥᠭᠴᠢ᠄ ᠮᠠᠨ ᠤ ᠰᠢᠶᠠᠨ ᠤ ᠡᠳ᠋ ᠤᠨ ᠵᠠᠰᠠᠭ ᠤᠨ ᠰᠢᠰᠲ᠋ᠧᠮ ᠤᠨ ︽ᠲᠠᠪᠤᠨ ᠶᠡᠭᠡ ᠡᠭᠦᠷᠭᠡ︾ ᠶᠢ ᠲᠤᠤᠱᠯᠠᠭᠤᠯᠬᠤ ᠳᠤ ᠶᠠᠮᠠᠷ ᠶᠠᠮᠠᠷ ᠠᠵᠢᠯ ᠬᠢᠭᠰᠡᠨ ᠪᠣᠶ︖   ᠸᠠᠩ ᠵᠢᠶᠦ᠋ᠨ᠄ ᠳᠡᠭᠡᠷ᠎ᠡ ᠬᠠᠭᠠᠰ ᠵᠢᠯ ᠳᠤ᠂ ᠮᠠᠨ ᠤ ᠲᠣᠪᠴᠢᠶ᠎ᠠ ︽ᠲᠠᠪᠤᠨ ᠶᠡᠭᠡ ᠡᠭᠦᠷᠭᠡ︾ ᠶᠢ ᠲᠤᠤᠱᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠡᠳ᠋ ᠤᠨ ᠵᠠᠰᠠᠭ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳ᠋ ᠤᠨ ᠵᠠᠰᠠᠭ ᠲᠤ ᠬᠤᠯᠪᠣᠭᠳᠠᠬᠤ ᠪᠣᠳᠠᠲᠠᠢ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠣᠭᠤᠷᠢᠨ ᠳᠤ᠂ ᠰᠡᠳᠬᠢᠴᠡ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃    ᠨᠢᠭᠡ᠂ ᠮᠠᠨ ᠟ᠣ ᠤᠯᠤᠰ ᠟ᠣᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠟ᠣ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ᠃ 2023 ᠣᠨ ᠳᠤ᠂ ᠮᠠᠨ ᠤ ᠰᠢᠶᠠᠨ ᠬᠤᠯᠪᠣᠭᠳᠠᠯ ᠪᠦᠬᠦᠢ ᠪᠡᠯᠡ ᠮᠥᠩᠭᠦ ᠶᠢ ᠨᠡᠶᠢᠲᠡ 1872 ᠲᠦᠮᠡᠨ ᠲᠥᠭᠦᠷᠢᠭ ᠪᠠᠭᠤᠯᠭᠠᠨ ᠥᠭᠴᠦ᠂ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠠᠵᠢᠯᠯᠠᠭ᠎ᠠ ︵ᠲᠠᠷᠢᠶᠠᠯᠠᠩ ᠤᠨ ᠡᠬᠢ ᠪᠠᠶᠠᠯᠢᠭ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠡᠯᠡ ᠮᠥᠩᠭᠦ︶᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ᠂ ᠲᠠᠷᠢᠶᠠᠨ ᠭᠠᠵᠠᠷ ᠤᠨ ᠬᠠᠮᠠᠭᠠᠯᠠᠯᠲᠠ ᠬᠢᠭᠡᠳ ᠶᠠᠰᠤ ᠴᠢᠨᠠᠷ ᠤᠨ ᠳᠡᠭᠡᠭᠰᠢᠯᠡᠯᠲᠡ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠲᠥᠷᠥᠯ ᠵᠦᠢᠯ᠂ ᠲᠠᠷᠢᠶᠠᠨ ᠭᠠᠵᠠᠷ ᠤᠨ ᠶᠠᠰᠤ ᠴᠢᠨᠠᠷ ᠤᠨ ᠵᠡᠷᠭᠡ ᠳᠡᠰ ᠤᠨ ᠦᠨᠡᠯᠡᠯᠲᠡ ᠶᠢᠨ ᠲᠥᠷᠥᠯ ᠵᠦᠢᠯ᠂ ᠲᠠᠷᠢᠶᠠᠯᠠᠩ ᠤᠨ ᠮᠠᠰᠢᠨ ᠢ ᠰᠤᠯᠠᠷᠠᠭᠤᠯᠬᠤ ᠶᠢ ᠭᠤᠣᠯᠳᠠᠯᠭ᠎ᠠ ᠲᠠᠢ ᠳᠡᠮᠵᠢᠪᠡ᠃    ᠬᠤᠶᠠᠷ᠂ ᠤᠯᠤᠰ ᠤᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠢ ᠪᠠᠶᠢᠭᠤᠯᠬᠤ ᠲᠠᠯ᠎ᠠ ᠪᠠᠷ᠃ ᠮᠠᠨ ᠤ ᠲᠣᠪᠴᠢᠶ᠎ᠠ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ  ᠶᠢ ᠲᠦᠯᠬᠢᠨ ᠠᠬᠢᠭᠤᠯᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ  ᠶᠢ ᠴᠢᠩᠭ᠎ᠠ ᠵᠢᠷᠤᠮᠯᠠᠨ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ᠂ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠴᠢᠨᠠᠷ ᠰᠠᠶᠢᠲᠠᠢ ᠮᠠᠯ ᠠᠵᠤ ᠠᠬᠤᠢ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢᠨ ᠰᠢᠰᠲ᠋ᠥᠮ ᠢ ᠪᠠᠶᠢᠭᠤᠯᠬᠤ ᠳᠤ ᠡᠳ᠋ ᠤᠨ ᠬᠦᠴᠦᠨ ᠤ ᠪᠠᠲᠤᠯᠠᠭ᠎ᠠ ᠬᠠᠩᠭᠠᠨ᠎ᠠ᠃ ᠣᠲᠣ ᠪᠣᠯᠲᠠᠯ᠎ᠠ ᠳᠡᠭᠡᠳᠦ ᠱᠠᠲᠤᠨ ᠤ ᠲᠤᠰᠬᠠᠢ ᠪᠡᠯᠡ ᠮᠥᠩᠭᠦ ᠶᠢ ᠮᠠᠨ ᠤ ᠰᠢᠶᠠᠨ ᠤ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠡᠯᠡ ᠮᠥᠩᠭᠦ ᠶᠢ ᠨᠡᠶᠢᠲᠡ 2900 ᠲᠦᠮᠡᠨ ᠲᠥᠭᠦᠷᠢᠭ ᠣᠯᠬᠤ ᠪᠠᠷ ᠴᠢᠷᠮᠠᠶᠢᠵᠤ᠂ ᠭᠤᠣᠯᠳᠠᠭᠤ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠦᠷᠢ᠂ ᠠᠮᠤ ᠲᠣᠰᠣ ᠭᠠᠷᠳᠠᠭ ᠲᠣᠮᠣ ᠰᠢᠶᠠᠨ ᠢ ᠱᠠᠩᠨᠠᠬᠤ᠂ ᠤᠰᠤᠨ ᠠᠰᠢᠭᠯᠠᠯᠲᠠ ᠶᠢᠨ ᠬᠥᠭᠵᠢᠯᠲᠡ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢ ᠳᠡᠮᠵᠢᠬᠦ ᠳᠤ ᠬᠡᠷᠡᠭᠯᠡᠨ᠎ᠡ᠃ ᠡᠭᠦᠨ ᠤ ᠵᠡᠷᠭᠡ ᠳᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢ 70 ᠲᠦᠮᠡᠨ ᠲᠥᠭᠦᠷᠢᠭ ᠣᠯᠬᠤ ᠪᠠᠷ ᠢᠳᠡᠪᠬᠢᠲᠡᠢ ᠴᠢᠷᠮᠠᠶᠢᠵᠤ᠂ ︽ᠰᠢᠯᠭᠠᠷᠠᠭᠰᠠᠨ ᠲᠠᠬᠢᠶ᠎ᠠ︾ ᠶᠢᠨ ᠭᠠᠵᠠᠷ ᠤᠨ ᠲᠡᠮᠳᠡᠭᠲᠦ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢᠨ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠬᠠᠷᠢᠴᠠᠯ ᠢ 60% ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠤᠷᠢᠳᠠᠪᠠᠷ ᠪᠠᠲᠤᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤᠯᠠᠭ᠎ᠠ ᠬᠠᠩᠭᠠᠨ᠎ᠠ᠃ ᠨᠥᠭᠦᠭᠡ ᠲᠠᠯ᠎ᠠ ᠪᠠᠷ᠂ ᠮᠠᠨ ᠤ ᠲᠣᠪᠴᠢᠶ᠎ᠠ ᠰᠢᠶᠠᠨ ᠤ ᠳᠣᠲᠣᠷᠠᠬᠢ ᠮᠠᠨ ᠤ ᠰᠢᠶᠠᠨ ᠤ ᠲᠠᠷᠢᠶᠠᠯᠠᠩ ᠳᠤ ᠬᠤᠯᠪᠣᠭᠳᠠᠬᠤ 4 ᠳᠠᠭᠠᠳᠬᠠᠯ ᠢ ᠢᠳᠡᠪᠬᠢᠲᠡᠢ ᠵᠣᠬᠢᠴᠠᠭᠤᠯᠵᠤ᠂ 2023 ᠣᠨ ᠤ 4 ᠰᠠᠷ᠎ᠠ ᠶᠢᠨ 30 ᠤ ᠡᠳᠦᠷ ᠪᠣᠯᠲᠠᠯ᠎ᠠ᠂ ᠵᠦᠸᠧᠽᠢ ᠰᠢᠶᠠᠨ ᠤ ᠪᠠᠶᠠᠨᠰᠢᠯᠢ ᠪᠠᠯᠭᠠᠰᠤ᠂ ᠬᠤᠩ ᠵᠣᠣ ᠰᠢᠶᠠᠩ᠂ ᠳ᠋ᠠ ᠢᠦᠢ ᠱᠣ ᠰᠢᠶᠠᠩ᠂ ᠯᠢ ᠬᠤᠸᠠ ᠪᠠᠯᠭᠠᠰᠤ᠂ ᠱᠢ ᠪᠠ ᠲᠠᠢ ᠪᠠᠯᠭᠠᠰᠤ᠂ ᠵᠦᠸᠧᠽᠢ ᠱᠠᠨ ᠪᠠᠯᠭᠠᠰᠤ ᠵᠡᠷᠭᠡ 6 ᠰᠢᠶᠠᠩ ᠪᠠᠯᠭᠠᠰᠤᠨ ᠤ 38 ᠵᠠᠰᠠᠭ ᠵᠠᠬᠢᠷᠭᠠᠨ ᠤ ᠲᠣᠰᠬᠤᠨ ᠳᠤ 112 ᠤᠳᠠᠭ᠎ᠠ ᠶᠢᠨ ᠲᠠᠷᠢᠶᠠᠴᠢᠨ ᠡᠷᠦᠬᠡ ᠳᠤ 2959 ᠰᠠᠭᠠᠯᠢ ᠶᠢᠨ ᠦᠨᠢᠶ᠎ᠡ ᠶᠢ ᠳᠠᠭᠠᠳᠬᠠᠨ ᠥᠭᠴᠦ᠂ ᠳᠠᠭᠠᠳᠬᠠᠯ ᠤᠨ ᠬᠠᠭᠤᠳᠠᠰᠤᠨ ᠳᠤ ᠭᠠᠷ ᠤᠨ ᠥᠰᠥᠭ ᠵᠢᠷᠤᠭᠰᠠᠨ ᠳᠠᠭᠠᠳᠬᠠᠯ ᠤᠨ ᠵᠠᠷᠤᠳᠠᠯ ᠨᠢ 147.95 ᠲᠦᠮᠡᠨ ᠲᠥᠭᠦᠷᠢᠭ ᠪᠠᠶᠢᠵᠤ᠂ ᠮᠠᠯᠴᠢᠨ ᠲᠠᠷᠢᠶᠠᠴᠢᠨ ᠳᠤ 2959 ᠲᠦᠮᠡᠨ ᠲᠥᠭᠦᠷᠢᠭ ᠤᠨ ᠲᠦᠭᠰᠢᠭᠦᠷᠢ ᠶᠢᠨ ᠪᠠᠲᠤᠯᠠᠭ᠎ᠠ ᠬᠠᠩᠭᠠᠪᠠ︔ ᠣᠳᠣᠬᠠᠨ ᠳᠤ 5 ᠰᠢᠶᠠᠩ ᠪᠠᠯᠭᠠᠰᠤᠨ ᠤ 15 ᠵᠠᠰᠠᠭ ᠵᠠᠬᠢᠷᠭᠠᠨ ᠤ ᠭᠠᠴᠠᠭᠠᠨ ᠤ 34 ᠡᠷᠦᠬᠡ ᠤᠳᠠᠭ᠎ᠠ ᠶᠢᠨ ᠲᠠᠷᠢᠶᠠᠴᠢᠨ ᠡᠷᠦᠬᠡ ᠳᠤ ᠲᠥᠯᠥᠪᠦᠷᠢ ᠥᠭᠴᠦ᠂ ᠲᠥᠯᠥᠪᠦᠷᠢ ᠥᠭᠬᠦ ᠵᠣᠭᠤᠰ ᠤᠨ ᠲᠤᠭ᠎ᠠ ᠨᠢ 34 ᠲᠦᠮᠡᠨ ᠲᠥᠭᠦᠷᠢᠭ ᠪᠣᠯᠣᠨ᠎ᠠ᠃    ᠭᠤᠷᠪᠠ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ᠃ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠢᠳᠡᠪᠬᠢᠲᠡᠢ ᠪᠠᠷ ᠨᠠᠮᠳᠠᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠦᠢᠯᠡᠴᠢᠯᠡᠬᠦ ᠠᠵᠢᠯ ᠢ ᠨᠡᠩ ᠰᠠᠶᠢᠲᠤᠷ ᠲᠡᠳᠬᠦᠨ ᠮᠠᠨ ᠤ ᠲᠣᠪᠴᠢᠶ᠎ᠠ ᠶᠢᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠦᠢᠯᠡᠴᠢᠯᠡᠭᠡᠨ ᠤ ᠲᠥᠪ ᠢᠳᠡᠪᠬᠢᠲᠡᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ ᠂ ᠪᠥᠬᠦ ᠵᠢᠯ ᠤᠨ ᠠᠵᠢᠯ ᠤᠨ ᠲᠥᠯᠥᠪᠯᠡᠭᠡ ᠶᠣᠰᠣᠭᠠᠷ᠂ ᠠᠵᠤ ᠠᠬᠤᠶᠢᠯᠠᠯ ᠢ ᠲᠤᠶᠢᠯᠪᠤᠷᠢᠲᠠᠢ ᠬᠠᠪᠰᠤᠷᠤᠨ ᠬᠦᠴᠢᠷᠳᠡᠯ ᠠᠴᠠ ᠠᠩᠭᠢᠵᠢᠷᠠᠭᠤᠯᠵᠤ᠂ ᠰᠢᠶᠠᠨ ᠤ ᠬᠡᠪᠴᠢᠶᠡᠨ ᠳᠠᠬᠢ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠠᠶᠢᠬᠤ ᠪᠠᠶᠢᠳᠠᠯ ᠢ ᠬᠤᠪᠢᠷᠠᠭᠤᠯᠬᠤ ᠶᠢᠨ ᠲᠥᠯᠥᠭᠡ᠂ ᠵᠢᠯ ᠤᠨ ᠡᠬᠢᠨ ᠠᠴᠠ ᠡᠬᠢᠯᠡᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢ ᠢᠳᠡᠪᠬᠢᠲᠡᠢ ᠪᠠᠷ ᠵᠣᠬᠢᠴᠠᠭᠤᠯᠵᠤ᠂ ᠦᠢᠯᠡᠳᠪᠦᠷᠢᠯᠡᠯ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠨ ᠯᠠᠪᠯᠠᠵᠤ᠂ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠳᠤ ᠡᠬᠡ ᠲᠠᠩᠰᠠ ᠪᠠᠶᠢᠭᠤᠯᠤᠭᠰᠠᠨ ᠪᠠᠶᠢᠨ᠎ᠠ ᠃ 6 ᠰᠠᠷ᠎ᠠ ᠶᠢᠨ 8 ᠤ ᠡᠳᠦᠷ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠤ ᠳᠣᠲᠣᠷᠠᠬᠢ ᠡᠯ᠎ᠡ ᠲᠣᠮᠣ ᠪᠠᠩᠬᠢ᠂ ᠠᠵᠤ ᠠᠬᠤᠶᠢᠯᠠᠯ ᠤᠨ ᠲᠥᠯᠥᠭᠡᠯᠡᠭᠴᠢ᠂ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠵᠡᠷᠭᠡ ᠲᠠᠢ ᠬᠠᠮᠲᠤᠷᠠᠨ ︽ᠵᠠᠰᠠᠭ ᠪᠠᠩᠬᠢ ᠠᠵᠤ ᠠᠬᠤᠶᠢᠯᠠᠯ︾ ᠢ ᠵᠣᠯᠭᠠᠭᠤᠯᠬᠤ ᠬᠤᠷᠠᠯ ᠬᠢᠪᠡ᠃ ᠭᠤᠷᠪᠠᠳᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠰᠢᠶᠠᠨ ᠤ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 270318 ᠲᠦᠮᠡᠨ ᠲᠥᠭᠦᠷᠢᠭ ᠲᠤ ᠬᠦᠷᠴᠡᠢ᠃ ᠡᠭᠦᠨ ᠤ ᠳᠣᠲᠣᠷ᠎ᠠ᠄ ᠭᠠᠴᠠᠭ᠎ᠠ ᠪᠠᠯᠭᠠᠰᠤᠨ ᠤ ᠪᠠᠩᠬᠢ ᠶᠢᠨ ᠡᠯ᠎ᠡ ᠵᠦᠢᠯ ᠤᠨ ᠵᠢᠭᠡᠯᠡᠯᠭᠡ ᠶᠢ ᠨᠡᠶᠢᠳᠠ 16024 ᠲᠦᠮᠡᠨ ᠲᠥᠭᠦᠷᠢᠭ ᠲᠠᠯᠪᠢᠪᠠ; ᠲᠠᠷᠢᠶᠠᠯᠠᠩ ᠤᠨ ᠪᠠᠩᠬᠢ ᠶᠢᠨ ᠡᠯ᠎ᠡ ᠵᠦᠢᠯ ᠤᠨ ᠵᠢᠭᠡᠯᠡᠯᠭᠡ ᠶᠢ ᠨᠡᠶᠢᠲᠡ 6025 ᠲᠦᠮᠡᠨ ᠲᠥᠭᠦᠷᠢᠭ ᠲᠠᠯᠪᠢᠪᠠ︔ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠬᠤᠷᠰᠢᠶ᠎ᠠ ᠶᠢᠨ ᠡᠯ᠎ᠡ ᠵᠦᠢᠯ ᠤᠨ ᠵᠢᠭᠡᠯᠡᠯᠭᠡ ᠶᠢ ᠨᠡᠶᠢᠲᠡ 46883 ᠲᠦᠮᠡᠨ ᠲᠥᠭᠦᠷᠢᠭ ᠲᠠᠯᠪᠢᠪᠠ︔ ᠦᠢᠯᠡᠳᠪᠦᠷᠢ ᠬᠤᠳᠠᠯᠳᠤᠭᠠᠨ ᠤ ᠪᠠᠩᠬᠢ  ᠶᠢᠨ ᠡᠯ᠎ᠡ ᠵᠦᠢᠯ ᠤᠨ ᠵᠢᠭᠡᠯᠡᠯᠭᠡ  ᠶᠢ ᠨᠡᠶᠢᠲᠡ 1639 ᠲᠦᠮᠡᠨ ᠲᠥᠭᠦᠷᠢᠭ ᠲᠠᠯᠪᠢᠪᠠ ᡽ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠡᠯ᠎ᠡ ᠵᠦᠢᠯ ᠤᠨ ᠵᠢᠭᠡᠯᠡᠯᠭᠡ ᠶᠢ ᠨᠡᠶᠢᠲᠡ 54886 ᠲᠦᠮᠡᠨ ᠲᠥᠭᠦᠷᠢᠭ ᠲᠠᠯᠪᠢᠪᠠ᠃                             ᠤᠷᠴᠢᠭᠤᠯᠤᠭᠴᠢ᠄ ᠪᠠᠶᠠᠨᠪᠠᠲᠦ                         ᠨᠠᠶᠢᠷᠠᠭᠤᠯᠣᠭᠴᠢ᠄ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2