ᠴᠠᠭ 2023-09-1211: 26 | ᠬᠦᠨᠳᠦᠲᠦ ᠵᠣᠴᠢᠨ | ᠲᠣᠪᠴᠢᠯᠠᠯ | ᠬᠥᠲᠥᠯᠥᠭᠴᠢ᠄ ᠥᠨᠥᠳᠥᠷ᠂ ᠪᠢᠳᠡ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠰᠦᠨ ᠰᠢᠸ ᠲᠤᠸ ᠨᠥᠬᠦᠷ ᠢ ᠤᠷᠢᠵᠤ ᠠᠪᠴᠢᠷᠠᠯ᠎ᠠ᠂ | 2022 ᠣᠨ ᠠᠴᠠ ᠨᠠᠰᠢ᠂ ᠰᠢᠶᠠᠨ ᠤ ᠬᠢᠨᠠᠨ ᠪᠤᠳᠤᠬᠤ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯ ᠬᠢᠵᠦ | ᠬᠠᠷᠢᠭᠤᠴᠠᠯᠭ᠎ᠠ ᠡᠭᠦᠷᠭᠡᠯᠡᠭᠡᠳ ᠢᠯᠡᠳᠲᠡ ᠦᠷ᠎ᠡ ᠪᠦᠲᠦᠮᠵᠢ ᠣᠯᠵᠠᠢ᠂ ᠲᠠ ᠬᠢᠨᠠᠨ ᠪᠤᠳᠤᠬᠤ ᠠᠵᠢᠯ ᠤᠨ ᠦᠷ᠎ᠡ | ᠪᠦᠲᠦᠮᠵᠢ ᠨᠢ ᠭᠤᠣᠯᠳᠠᠭᠤ ᠠᠯᠢ ᠠᠯᠢ ᠲᠠᠯ᠎ᠠ ᠪᠠᠷ ᠢᠯᠡᠷᠡᠵᠦ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠦᠸ︖ | | ᠰᠦᠨ ᠰᠢᠸ ᠲᠤᠤ᠄ 2022 ᠣᠨ ᠳᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠣᠯᠣᠨ | ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠤᠯᠭ᠎ᠠ ᠶᠢᠨ ᠤᠳᠤᠷᠢᠳᠤᠯᠭ᠎ᠠ ᠳᠣᠣᠷ᠎ᠠ᠂ ᠰᠢᠶᠠᠨ ᠤ ᠬᠢᠨᠠᠨ ᠪᠤᠳᠤᠬᠤ | ᠲᠣᠪᠴᠢᠶ᠎ᠠ ᠰᠢᠶᠠᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠨᠠᠨ ᠪᠤᠳᠤᠬᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ | ᠶᠣᠰᠣᠭᠠᠷ ᠪᠦᠬᠦ ᠲᠠᠯ᠎ᠠ ᠪᠠᠷ ᠭᠦᠢᠴᠡᠳᠬᠡᠵᠦ᠂ ᠪᠠᠶᠢᠩᠭᠤᠵᠢᠭᠰᠠᠨ︽ᠠᠵᠤ ᠠᠬᠤᠢ ᠶᠢᠨ ᠪᠡᠶ᠎ᠡ ᠶᠢᠨ ᠪᠠᠶᠢᠴᠠᠭᠠᠯᠲᠠ︾ ᠶᠢᠨ | ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠦᠬᠦ ᠵᠢᠯ ᠤᠨ ᠬᠢᠨᠠᠨ ᠪᠤᠳᠤᠬᠤ ᠬᠠᠷᠠᠯᠲᠠ ᠶᠢᠨ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠭᠦᠯᠪᠡ᠃ | ︵ᠨᠢᠭᠡ︶ ᠬᠢᠨᠠᠨ ᠪᠤᠳᠤᠬᠤ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠪᠠ᠃ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ | ᠰᠠᠯᠠᠭ᠎ᠠ ᠮᠥᠴᠢᠷ᠂ ᠭᠤᠣᠯᠳᠠᠯᠭ᠎ᠠ ᠲᠠᠢ ᠪᠡᠯᠡ ᠮᠥᠩᠭᠦ ᠶᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠲᠤᠪᠤᠶᠢᠯᠭᠠᠨ᠎ᠠ᠃ | ᠬᠢᠨᠠᠨ ᠪᠣᠳᠣᠯᠲᠠ ᠶᠢᠨ ᠶᠠᠰᠤ ᠴᠢᠨᠠᠷ ᠢᠯᠡᠳᠲᠡ ᠦᠷ᠎ᠡ ᠪᠦᠲᠦᠮᠵᠢ ᠣᠯᠪᠠ᠃ ︽ᠬᠢᠨᠠᠨ ᠪᠤᠳᠤᠬᠤ ᠬᠠᠤᠯᠢ︾ ︽ | ᠤᠯᠤᠰ ᠤᠨ ᠬᠢᠨᠠᠨ ᠪᠤᠳᠤᠬᠤ ᠪᠠᠷᠢᠮᠵᠢᠶ᠎ᠠ︾ ᠪᠠᠷ ᠦᠨᠳᠦᠰᠦᠨ ᠵᠢᠷᠤᠮᠯᠠᠯ ᠪᠣᠯᠭᠠᠵᠤ᠂ ᠦᠨᠳᠦᠰᠦᠨ ᠱᠠᠲᠤᠨ ᠤ ᠬᠢᠨᠠᠨ | ᠪᠤᠳᠤᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠴᠤᠪᠤᠷᠠᠯ ᠢ | ᠵᠢᠷᠤᠮᠵᠢᠭᠤᠯᠬᠤ ᠪᠠ ᠬᠢᠨᠠᠨ ᠪᠤᠳᠤᠬᠤ ᠲᠤᠬᠠᠶᠢᠯᠠᠭᠰᠠᠨ ᠠᠵᠢᠯ ᠢ ᠳᠡᠭᠡᠭᠰᠢᠯᠡᠭᠦᠯᠬᠦ ᠳᠦᠷᠢᠮ ᠢ ᠴᠢᠩᠭ᠎ᠠ ᠵᠢᠷᠤᠮᠯᠠᠵᠤ᠂ | ᠳᠦᠷᠢᠮ ᠤᠨ ᠲᠠᠯ᠎ᠠ ᠠᠴᠠ ᠬᠢᠨᠠᠨ ᠪᠤᠳᠤᠬᠤ ᠠᠵᠢᠯ ᠤᠨ ᠵᠢᠷᠤᠮᠯᠠᠬᠤ ᠳᠦᠷᠢᠮ ᠲᠠᠢ ᠪᠠᠶᠢᠬᠤ ᠶᠢ ᠪᠠᠲᠤᠯᠠᠨ᠎ᠠ᠃ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠭᠡᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠰᠢᠯᠢᠳᠡᠭ ᠲᠥᠷᠥᠯ ᠵᠦᠢᠯ ᠤᠨ ᠰᠢᠪᠲᠤᠯᠤᠯᠲᠠ ᠶᠢᠨ ᠲᠥᠰᠥᠯ ᠢ ᠨᠡᠶᠢᠲᠡᠯᠡᠵᠦ᠂ ᠰᠢᠪᠲᠤᠯᠤᠯᠲᠠ ᠶᠢᠨ ᠪᠦᠯᠬᠦᠮ | ᠨᠡᠶᠢᠲᠡ ᠶᠢ ᠵᠣᠬᠢᠶᠠᠨ ᠪᠠᠶᠢᠭᠤᠯᠵᠤ᠂ ᠬᠢᠨᠠᠨ ᠪᠣᠳᠣᠯᠲᠠ ᠶᠢᠨ ᠰᠣᠳᠣᠨ ᠪᠦᠲᠦᠭᠡᠯ ᠢ ᠡᠭᠦᠳᠬᠦ ᠳᠡᠭᠡᠷ᠎ᠡ ᠬᠦᠴᠦ | ᠲᠠᠯᠪᠢᠵᠤ᠂ ᠬᠠᠩᠭᠠᠨ ᠪᠣᠷᠣᠯᠠᠭᠤᠯᠬᠤ ᠰᠢᠰᠲ᠋ᠧᠮ ᠤᠨ ᠲᠤᠰᠬᠠᠢ ᠬᠢᠨᠠᠨ ᠪᠣᠳᠣᠯᠲᠠ ᠨᠢ ᠬᠤᠲᠠ ᠶᠢᠨ ᠰᠢᠯᠢᠳᠡᠭ | ᠲᠥᠷᠥᠯ ᠵᠦᠢᠯ ᠤᠨ ᠢᠷᠠᠭᠤ ᠠᠯᠳᠠᠷ ᠤᠨ ᠴᠣᠯᠠ ᠶᠢ ᠭᠥᠷᠳᠡᠪᠡ᠃ | ︵ᠬᠤᠶᠠᠷ︶ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠨ᠎ᠠ᠃ | ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠲᠣᠪᠣᠶᠢᠮ᠎ᠠ ᠪᠠᠶᠢᠷᠢᠨ ᠳᠤ ᠲᠠᠯᠪᠢᠵᠤ ᠠᠳᠬᠤᠬᠤ ᠶᠢ ᠪᠠᠷᠢᠮᠲᠠᠯᠠᠨ᠂ | ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠲᠤᠰᠬᠠᠢ ᠪᠠᠶᠢᠭᠤᠯᠤᠮᠵᠢ ᠶᠢ ᠪᠠᠶᠢᠭᠤᠯᠵᠤ᠂ | ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠠᠵᠢᠯᠲᠠᠨ ᠤ ᠬᠦᠴᠦᠨ ᠤ ᠲᠣᠬᠢᠷᠠᠭᠤᠯᠤᠯᠲᠠ ᠶᠢ | ᠴᠢᠩᠭᠠᠳᠬᠠᠪᠠ︔ ︽ᠬᠡᠨ ᠬᠢᠨᠠᠨ ᠪᠤᠳᠤᠵᠤ᠂ ᠬᠡᠨ ᠳᠠᠭᠠᠵᠤ ᠴᠡᠭᠴᠡᠯᠡᠨ ᠰᠠᠶᠢᠵᠢᠷᠠᠭᠤᠯᠬᠤ︾ ᠵᠠᠷᠴᠢᠮ ᠢ | ᠲᠣᠳᠣᠷᠬᠠᠶᠢᠯᠠᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠲᠣᠬᠢᠷᠠᠭᠤᠯᠬᠤ᠂ ᠡᠬᠡ ᠲᠠᠩᠰᠠ᠂ ᠵᠠᠷᠯᠠᠨ | ᠮᠡᠳᠡᠭᠳᠡᠬᠦ ᠵᠢᠴᠢ ᠰᠢᠯᠭᠠᠨ ᠬᠢᠨᠠᠬᠤ ᠳᠦᠷᠢᠮ ᠢ ᠪᠠᠶᠢᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠰᠢᠮᠳᠠᠭᠤᠯᠤᠨ ᠪᠠᠶᠢᠴᠠᠭᠠᠵᠤ ᠪᠠᠶᠢᠴᠠᠭᠠᠬᠤ ᠶᠢ ᠴᠢᠩᠭᠠᠳᠬᠠᠨ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ | ᠃ | ᠬᠥᠲᠥᠯᠥᠭᠴᠢ᠄ ᠰᠦᠨ ᠲᠣᠪᠴᠢᠶᠠᠨ ᠳᠠᠷᠤᠭ᠎ᠠ ᠠ᠂ ᠲᠠ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠭᠡᠰᠢᠭᠦᠨ ᠺᠠᠳ᠋ᠷᠴᠤᠳ ᠤᠨ ᠦᠵᠡᠯ ᠤᠬᠠᠮᠰᠠᠷ ᠪᠠ ᠤᠯᠤᠰ ᠲᠥᠷᠥ ᠶᠢᠨ ᠵᠣᠭᠰᠣᠴᠠ ᠶᠢ ᠬᠡᠷᠬᠢᠨ | ᠳᠡᠭᠡᠭᠰᠢᠯᠡᠭᠦᠯᠦᠭᠰᠡᠨ ᠢ ᠲᠠᠨᠢᠯᠴᠠᠭᠤᠯᠤᠭᠠᠳ ᠥᠭᠭᠦᠨ᠎ᠡ ᠦᠸ︖ | ᠰᠦᠨ ᠰᠢᠸ ᠲᠤᠤ᠄ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠭᠰᠠᠨ ᠠᠴᠠ ᠨᠠᠰᠢ᠂ ᠮᠠᠨ ᠤ ᠲᠣᠪᠴᠢᠶ᠎ᠠ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠶᠢᠷ᠎ᠠ ᠶᠢᠨ | ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠭᠰᠠᠭᠠᠷ ᠢᠷᠡᠵᠠᠢ᠃ | ︵ᠨᠢᠭᠡ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠣᠯᠣᠨ ᠪᠠᠶᠠᠯᠢᠭ | ᠠᠭᠤᠯᠤᠭᠳᠠᠬᠤᠨ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ | ᠦᠨᠡᠨᠬᠦ ᠪᠠᠲᠤ ᠴᠢᠩᠭ᠎ᠠ ᠤᠯᠤᠰ ᠲᠥᠷᠥ ᠶᠢᠨ ᠵᠣᠭᠰᠣᠯᠲᠠ ᠪᠠ ᠵᠥᠪ ᠣᠨᠣᠪᠴᠢᠲᠠᠶ ᠠᠵᠢᠯ ᠤᠨ ᠰᠡᠳᠬᠢᠴᠡ ᠪᠣᠯᠭᠠᠨ | ᠬᠤᠪᠢᠷᠠᠭᠤᠯᠵᠤ᠂ ᠬᠢᠨᠠᠨ ᠪᠣᠳᠣᠬᠤ ᠠᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ | ᠭᠠᠷᠳᠠᠬᠤ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠠᠶ ᠡᠷᠢᠨ ᠣᠯᠵᠤ᠂ ᠬᠠᠷᠠᠯᠲᠠ ᠶᠢᠨ ᠴᠢᠭᠯᠡᠯ ᠢᠶᠠᠷ | ᠬᠦᠴᠦᠯᠡᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠦᠨᠡᠨᠬᠦ ᠬᠢᠨᠠᠨ | ᠪᠣᠳᠣᠯᠲᠠ ᠶᠢᠨ ᠶᠡᠭᠡ ᠲᠠᠯ᠎ᠠ ᠳᠤ ᠦᠢᠯᠡᠴᠢᠯᠡᠬᠦ ᠴᠢᠳᠠᠪᠤᠷᠢ ᠪᠣᠯᠭᠠᠨ ᠬᠤᠪᠢᠷᠠᠭᠤᠯᠵᠤ᠂ ︽ᠬᠢᠨᠠᠨ ᠪᠤᠳᠤᠵᠤ ᠬᠢᠨᠠᠯᠲᠠ | ᠲᠠᠯᠪᠢᠬᠤ ᠳᠤ ᠡᠩ ᠲᠡᠷᠢᠭᠦᠨ ᠳᠤ ᠠᠵᠤ ᠠᠬᠤᠢ ᠶᠢᠨ ᠬᠢᠨᠠᠯᠲᠠ ᠲᠠᠯᠪᠢᠬᠤ︾ ᠪᠠᠶᠢᠷᠢ ᠲᠣᠭᠲᠠᠭᠠᠯᠲᠠ ᠶᠢ | ᠣᠨᠣᠪᠴᠢᠲᠠᠶ ᠡᠵᠡᠮᠰᠢᠵᠦ᠂ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠢ | ᠬᠠᠤᠯᠢ ᠶᠣᠰᠣᠨ ᠤ ᠦᠷ᠎ᠡ ᠠᠰᠢᠭ ᠢ ᠬᠢᠨᠠᠨ ᠪᠤᠳᠤᠬᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠪᠠᠶᠢᠩᠭᠤᠵᠢᠭᠤᠯᠤᠭᠰᠠᠨ ︽ᠠᠵᠤ ᠠᠬᠤᠢ ᠶᠢᠨ ᠪᠡᠶ᠎ᠡ ᠶᠢᠨ ᠪᠠᠶᠢᠴᠠᠭᠠᠯᠲᠠ︾ ᠶᠢᠨ ᠠᠵᠢᠯ ᠢ | ᠬᠢᠨᠠᠮᠠᠭᠠᠢ ᠰᠠᠶᠢᠲᠤᠷ ᠬᠢᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠨᠢᠭᠡ ᠴᠣᠭᠴᠠᠵᠢᠭᠤᠯᠤᠨ ᠠᠬᠢᠭᠤᠯᠵᠤ | ᠠᠰᠠᠭᠤᠳᠠᠯ ᠢ ᠢᠯᠡᠷᠡᠭᠦᠯᠬᠦ᠂ ᠬᠠᠮᠢᠶᠠᠷᠤᠯᠲᠠ ᠶᠢ ᠵᠢᠷᠤᠮᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ ᠬᠢᠨᠠᠨ | ᠪᠤᠳᠤᠬᠤ ᠬᠠᠷᠠᠯᠲᠠ ᠳᠡᠭᠡᠷ᠎ᠡ ᠦᠨᠡᠨᠬᠦ ᠢᠯᠡᠷᠡᠭᠦᠯᠬᠦ ᠬᠡᠷᠡᠭᠲᠡᠢ᠃ ᠬᠢᠨᠠᠨ ᠪᠤᠳᠤᠵᠤ ᠬᠢᠨᠠᠯᠲᠠ ᠲᠠᠯᠪᠢᠬᠤ ᠡᠭᠦᠷᠭᠡ | ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠢᠴᠡᠳᠬᠡᠵᠦ᠂ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠭᠤᠣᠯᠳᠠᠯᠭ᠎ᠠ ᠲᠠᠢ ᠪᠡᠯᠡ ᠮᠥᠩᠭᠦ ᠶᠢᠨ ᠲᠥᠷᠥᠯ ᠵᠦᠢᠯ ᠤᠨ ᠬᠢᠨᠠᠨ | ᠪᠤᠳᠤᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠢᠨᠠᠨ ᠪᠤᠳᠤᠬᠤ ᠶᠠᠰᠤ ᠴᠢᠨᠠᠷ ᠤᠨ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠨ᠂ ᠬᠢᠨᠠᠨ ᠪᠤᠳᠤᠵᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠪᠥᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠪᠠᠲᠤᠯᠠᠨ ᠬᠠᠮᠠᠭᠠᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠠᠶᠠᠨ ᠵᠠᠮ ᠳᠤ ᠬᠢᠨᠠᠨ ᠪᠤᠳᠤᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ | ︵ᠬᠤᠶᠠᠷ︶ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠭᠤᠣᠯ ᠴᠢᠬᠤᠯᠠ ᠠᠭᠤᠯᠭ᠎ᠠ ᠶᠢ | ᠣᠨᠣᠪᠴᠢᠲᠠᠢ ᠡᠵᠡᠮᠰᠢᠵᠦ᠂ ᠨᠠᠮ ᠤᠨ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢᠶᠠᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠤᠷᠳᠤ | ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠠᠵᠤ ᠠᠬᠤᠢ ᠶᠢᠨ ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ | ᠰᠠᠭᠤᠷᠢᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ | ᠬᠢᠨᠠᠨ ᠪᠤᠳᠤᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠰᠤᠷᠤᠯᠴᠠᠯᠭ᠎ᠠ ᠶᠢᠨ ᠦᠷ᠎ᠡ | ᠪᠦᠲᠦᠮᠵᠢ ᠶᠢ ᠬᠢᠨᠠᠨ ᠪᠤᠳᠤᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠣᠲᠣᠭᠠᠳᠤ ᠬᠥᠳᠡᠯᠭᠡᠬᠦ ᠬᠦᠴᠦᠨ | ᠪᠣᠯᠭᠠᠨ ᠬᠤᠪᠢᠷᠠᠭᠤᠯᠵᠤ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ | | ︵ᠭᠤᠷᠪᠠ︶ ᠰᠢᠨ᠎ᠡ ᠴᠠᠭ ᠦᠶ᠎ᠡ ᠶᠢᠨ ᠵᠠᠯᠠᠭᠤ ᠬᠢᠨᠠᠨ ᠪᠣᠳᠣᠬᠤ ᠺᠠᠳ᠋ᠷᠴᠤᠳ ᠲᠤ᠂ ᠲᠡᠳᠡᠨ ᠢ ᠨᠠᠮ ᠤᠨ ᠣᠨᠣᠯ | ᠪᠠ ᠱᠤᠭᠤᠮ ᠴᠢᠭᠯᠡᠯᠲᠡ ᠶᠢ ᠨᠠᠷᠢᠨ ᠬᠢᠨᠠᠮᠠᠭᠠᠢ ᠰᠤᠷᠤᠯᠴᠠᠵᠤ᠂ ᠲᠤᠰ ᠪᠡᠶ᠎ᠡ ᠶᠢᠨ ᠳᠠᠪᠲᠠᠯᠲᠠ ᠪᠠᠨ ᠲᠠᠰᠤᠷᠠᠯᠲᠠ | ᠦᠭᠡᠢ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ | ᠬᠢᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ | ᠡᠭᠦᠷᠭᠡ ᠪᠠᠨ ᠪᠣᠯᠭᠠᠵᠤ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠵᠠᠯᠠᠭᠤ ᠨᠠᠰᠤ ᠶᠢ ᠬᠥᠰᠡᠷᠳᠡᠭᠦᠯᠬᠦ ᠦᠭᠡᠢ ᠪᠠᠷ | ᠰᠢᠨ᠎ᠡ ᠴᠠᠭ ᠦᠶ᠎ᠡ ᠳᠤ ᠨᠡᠩ ᠭᠤᠶᠢᠳᠠ ᠰᠠᠶᠢᠬᠠᠨ ᠵᠠᠯᠠᠭᠤ ᠨᠠᠰᠤᠨ ᠤ ᠳᠠᠭᠤᠤ ᠶᠢ ᠪᠢᠴᠢᠭᠯᠡᠵᠦ᠂ ᠥᠪᠡᠷ ᠤᠨ ᠡᠭᠡᠯ | ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠪᠠᠳᠠᠷᠠᠭᠤᠯᠵᠤ᠂ ᠥᠪᠡᠷ ᠤᠨ | ᠪᠣᠳᠠᠲᠤ ᠠᠵᠢᠯᠯᠠᠭ᠎ᠠ ᠪᠠᠷ ᠢᠶᠠᠨ ᠨᠠᠮ ᠪᠣᠯᠣᠨ ᠤᠯᠤᠰ ᠤᠨ ᠦᠢᠯᠡᠰ ᠲᠤ ᠥᠪᠡᠷ ᠤᠨ ᠥᠴᠥᠬᠡᠨ ᠬᠦᠴᠦ ᠪᠠᠨ | ᠡᠷᠭᠦᠨ᠎ᠡ᠃ | ᠬᠥᠲᠥᠯᠥᠭᠴᠢ᠄ 2022 ᠣᠨ ᠳᠤ᠂ ᠡᠷᠬᠢᠮ ᠪᠠᠶᠢᠭᠤᠯᠤᠯᠭ᠎ᠠ ᠨᠠᠮ ᠤᠨ ᠪᠠᠶᠢᠭᠤᠯᠤᠯᠲᠠ ᠶᠢᠨ ᠲᠠᠯ᠎ᠠ ᠪᠠᠷ | ᠭᠤᠣᠯᠳᠠᠭᠤ ᠶᠠᠮᠠᠷ ᠶᠠᠮᠠᠷ ᠠᠵᠢᠯ ᠬᠢᠭᠰᠡᠨ ᠪᠣᠶ︖ | ᠰᠦᠨ ᠰᠢᠸ ᠲᠤᠤ᠄ ᠡᠨᠡ ᠵᠢᠯ ᠤᠨ ᠲᠤᠷᠰᠢ᠂ ᠮᠠᠨ ᠤ ᠪᠠᠶᠢᠭᠤᠯᠤᠯᠭ᠎ᠠ ᠢᠮᠠᠭᠲᠠ ᠨᠠᠮ ᠤᠨ ᠪᠠᠶᠢᠭᠤᠯᠤᠯᠲᠠ ᠶᠢᠨ | ᠠᠵᠢᠯ ᠢ ᠦᠷᠭᠦᠯᠵᠢᠯᠡᠨ ᠠᠳᠬᠤᠵᠤ᠂ ᠪᠦᠬᠦ ᠲᠠᠯ᠎ᠠ ᠪᠠᠷ ᠪᠣᠳᠣᠯᠬᠢᠯᠠᠵᠤ᠂ ᠨᠢᠭᠡᠳᠦᠯᠲᠡᠢ ᠲᠥᠯᠥᠪᠵᠢᠭᠦᠯᠦᠨ | ᠲᠣᠬᠢᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂︽ᠬᠢᠨᠠᠨ ᠪᠤᠳᠤᠬᠤ ᠠᠵᠢᠯ ᠢᠶᠠᠷ ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ ᠤᠨ | ᠪᠠᠶᠢᠭᠤᠯᠤᠯᠲᠠ ᠶᠢ ᠰᠠᠶᠢᠲᠤᠷ ᠠᠳᠬᠤᠵᠤ ᠬᠢᠨᠠᠨ ᠪᠣᠳᠣᠯᠲᠠ ᠶᠢ ᠠᠬᠢᠭᠤᠯᠬᠤ︾ᠠᠵᠢᠯ ᠤᠨ ᠰᠡᠳᠬᠢᠴᠡ ᠪᠠᠷ | ᠭᠤᠣᠯᠯᠠᠭᠤᠯᠤᠨ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠨᠠᠮ ᠤᠨ ᠰᠤᠷᠲᠠᠯ ᠤᠨ ᠠᠷᠢᠭᠤᠨ ᠴᠢᠬᠡᠴᠢ ᠪᠠᠷ | ᠵᠠᠰᠠᠭ ᠪᠠᠷᠢᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠢᠨᠠᠨ ᠪᠤᠳᠤᠬᠤ᠂ ᠨᠠᠮ ᠤᠨ | ᠪᠠᠶᠢᠭᠤᠯᠤᠯᠲᠠ ᠶᠢ ᠬᠠᠷᠢᠯᠴᠠᠨ ᠠᠬᠢᠭᠤᠯᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠰᠠᠶᠢᠨ | ᠰᠠᠶᠢᠬᠠᠨ ᠪᠠᠶᠢᠷᠢᠰᠢᠯ ᠢ ᠪᠦᠷᠢᠯᠳᠦᠭᠦᠯᠵᠡᠢ᠃ ᠡᠭᠦᠨ ᠳᠤ ᠭᠤᠣᠯᠳᠠᠭᠤ ᠳᠣᠣᠷᠠᠬᠢ ᠮᠡᠲᠦ ᠬᠡᠳᠦᠨ ᠲᠠᠯ᠎ᠠ ᠪᠤᠢ᠄ | ︵ᠨᠢᠭᠡ︶ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠣᠯᠵᠤ᠂︽ᠨᠢᠭᠡ ᠠᠵᠢᠯ ᠤᠨ ᠪᠠᠶᠢᠷᠢ ᠬᠤᠶᠠᠷ | ᠬᠠᠷᠢᠭᠤᠴᠠᠯᠭ᠎ᠠ︾ ᠶᠢ ᠢᠮᠠᠭᠲᠠ ᠪᠠᠲᠤ ᠴᠡᠭᠡᠵᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯᠯᠠᠭᠴᠢ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ | ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ︽ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠥᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠭᠰᠡᠨ ᠨᠠᠷᠢᠨ ᠲᠠᠩᠰᠠ︾ | ᠶᠢ ᠦᠨᠳᠦᠰᠦᠯᠡᠨ᠂ ᠨᠠᠷᠢᠨ ᠲᠠᠩᠰᠠ ᠶᠢᠨ ᠡᠭᠦᠷᠭᠡ ᠶᠢ ᠦᠨᠳᠦᠰᠦᠯᠡᠨ ᠵᠦᠢᠯ ᠳᠠᠷᠠᠭᠠᠯᠠᠨ ᠨᠠᠶᠢᠳᠠᠪᠤᠷᠢᠵᠢᠭᠤᠯᠤᠨ | ᠠᠬᠢᠭᠤᠯᠤᠨ᠎ᠠ᠃ ᠬᠤᠶᠠᠷ ᠲᠤ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠨ᠎ᠠ᠃ ᠨᠠᠮ ᠤᠨ ᠪᠠᠶᠢᠭᠤᠯᠤᠯᠲᠠ ᠶᠢᠨ | ᠠᠵᠢᠯ ᠬᠢᠭᠡᠳ ᠲᠣᠪᠴᠢᠶ᠎ᠠ ᠶᠢᠨ ᠭᠤᠣᠯᠳᠠᠯᠭ᠎ᠠ ᠲᠠᠢ ᠬᠢᠨᠠᠨ ᠪᠤᠳᠤᠬᠤ ᠲᠤᠬᠠᠶᠢᠯᠠᠭᠰᠠᠨ ᠠᠵᠢᠯ ᠢ ᠵᠡᠷᠭᠡᠪᠡᠷ | ᠲᠣᠬᠢᠷᠠᠭᠤᠯᠵᠤ᠂ ᠵᠡᠷᠭᠡᠪᠡᠷ ᠪᠠᠶᠢᠴᠠᠭᠠᠵᠤ᠂ ᠵᠡᠷᠭᠡᠪᠡᠷ ᠬᠢᠨᠠᠨ ᠰᠢᠯᠭᠠᠬᠤ ᠶᠢ ᠪᠠᠷᠢᠮᠲᠠᠯᠠᠵᠤ᠂ ᠣᠨ ᠤ ᠱᠠᠩᠨᠠᠵᠤ | ᠲᠣᠷᠭᠠᠬᠤ ᠬᠢᠨᠠᠨ ᠰᠢᠯᠭᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠢᠨᠠᠨ ᠪᠤᠳᠤᠬᠤ ᠲᠤᠬᠠᠶᠢᠯᠠᠭᠰᠠᠨ | ᠠᠵᠢᠯ ᠢ ᠰᠠᠶᠢᠲᠤᠷ ᠬᠢᠬᠦ ᠶᠢᠨ ᠬᠠᠮᠲᠤ ᠨᠠᠮ ᠤᠨ ᠪᠠᠶᠢᠭᠤᠯᠤᠯᠲᠠ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠭᠤᠷᠪᠠ ᠳᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠲᠤᠰᠬᠠᠢ ᠬᠥᠮᠥᠨ ᠲᠣᠬᠢᠷᠠᠭᠤᠯᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠭᠤᠯᠵᠤ᠂ ᠨᠠᠮ ᠤᠨ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠳᠦᠷᠢᠮ ᠢ ᠲᠣᠭᠲᠠᠭᠠᠨ᠎ᠠ᠃ ᠨᠢᠭᠡ ᠲᠠᠯ᠎ᠠ ᠪᠠᠷ ᠨᠠᠮ ᠤᠨ | ᠪᠠᠶᠢᠭᠤᠯᠤᠯᠲᠠ ᠶᠢ ᠠᠳᠬᠤᠵᠤ᠂ ᠨᠢᠭᠡ ᠲᠠᠯ᠎ᠠ ᠪᠠᠷ ᠲᠤᠬᠠᠶᠢᠯᠠᠭᠰᠠᠨ ᠠᠵᠢᠯ ᠢᠶᠠᠨ ᠠᠬᠢᠭᠤᠯᠵᠤ᠂ ᠬᠢᠨᠠᠨ ᠪᠤᠳᠤᠬᠤ | ᠵᠦᠢᠯᠡᠰ ᠤᠨ ᠲᠥᠯᠥᠪᠯᠡᠭᠡ ᠶᠣᠰᠣᠭᠠᠷ ᠠᠷᠪᠠᠨ ᠲᠥᠰᠥᠪ ᠤᠨ ᠨᠢᠭᠡᠴᠢ ᠶᠢᠨ ᠡᠳ᠋ ᠤᠨ ᠵᠠᠰᠠᠭ ᠤᠨ ᠲᠥᠰᠥᠪ ᠤᠨ | ᠭᠦᠢᠴᠡᠳᠬᠡᠯ ᠪᠠ ᠪᠤᠰᠤᠳ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠶᠢ | ᠪᠡᠶᠡᠯᠡᠭᠦᠯᠵᠦ᠂ ᠤᠯᠤᠰ ᠤᠨ ᠥᠮᠴᠢᠯᠡᠯ ᠤᠨ ᠬᠤᠶᠠᠷ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢ ᠠᠯᠳᠠᠪᠤᠷᠢ | ᠵᠢᠴᠢ ᠪᠤᠰᠤᠳ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠶᠢ ᠪᠡᠶᠡᠯᠡᠭᠦᠯᠵᠦ᠂ ᠨᠠᠮ | ᠵᠠᠰᠠᠭ ᠤᠨ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠷᠪᠠᠨ ᠬᠤᠶᠠᠷ ᠭᠤᠣᠯ | ᠬᠠᠷᠢᠭᠤᠴᠠᠯᠭᠠᠲᠠᠨ ᠤ ᠲᠤᠰᠢᠶᠠᠯ ᠤᠨ ᠬᠤᠭᠤᠴᠠᠭᠠᠨ ᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ | ᠵᠡᠷᠭᠡ ᠶᠢ ᠪᠡᠶᠡᠯᠡᠭᠦᠯᠪᠡ᠃ | ︵ᠬᠤᠶᠠᠷ︶ᠭᠤᠣᠯᠳᠠᠯᠭ᠎ᠠ ᠲᠠᠢ ᠨᠠᠮ ᠤᠨ ᠪᠠᠶᠢᠭᠤᠯᠤᠯᠲᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠦᠷᠭᠦᠯᠵᠢᠯᠡᠨ ᠬᠦᠴᠦᠯᠡᠨ ᠠᠬᠢᠭᠤᠯᠵᠤ᠂ 2022 ᠣᠨ ᠳᠤ ᠰᠢᠶᠠᠨ ᠤ ᠨᠠᠮ ᠤᠨ ᠬᠤᠷᠢᠶ᠎ᠠ ᠶᠢᠨ︽ᠦᠬᠡᠨᠴᠡ ᠲᠤᠷᠤᠢ | ᠠᠯᠵᠠᠭᠤ ᠬᠤᠶᠢᠷᠭᠤ ᠰᠤᠯᠠ ᠵᠠᠳᠠᠭᠠᠢ᠂ ᠤᠳᠠᠭᠠᠰᠢᠷᠠᠭᠤᠯᠤᠨ ᠬᠤᠶᠢᠰᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ︾ | ᠵᠠᠰᠠᠯᠲᠠ ᠶᠢ ᠭᠦᠨᠵᠡᠭᠡᠶᠢᠷᠡᠭᠦᠯᠬᠦ ᠠᠵᠢᠯ ᠤᠨ ᠲᠥᠰᠥᠯ ᠤᠨ ᠱᠠᠭᠠᠷᠳᠠᠯᠭ᠎ᠠ ᠶᠣᠰᠣᠭᠠᠷ ᠥᠷᠨᠢᠭᠦᠯᠬᠦ ᠬᠡᠷᠡᠭᠲᠡᠢ᠃ ᠮᠠᠨ ᠤ | ᠲᠣᠪᠴᠢᠶ᠎ᠠ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠣᠷᠣᠰᠢᠵᠤ ᠪᠠᠶᠢᠭ᠎ᠠ ︽ᠦᠬᠡᠨᠴᠡ ᠲᠤᠷᠤᠢ ᠠᠯᠵᠠᠭᠤ | ᠬᠤᠶᠢᠷᠭᠤ᠂ ᠬᠤᠶᠢᠰᠢᠯᠠᠭᠤᠯᠬᠤ᠂ ᠬᠤᠶᠢᠷᠭᠤ ᠬᠤᠶᠢᠷᠭᠤ︾ ᠪᠠᠶᠢᠬᠤ ᠠᠰᠠᠭᠤᠳᠠᠯ ᠢ ᠦᠵᠡᠯ ᠰᠠᠨᠠᠭᠠᠨ ᠤ ᠡᠬᠢ | ᠰᠤᠷᠪᠤᠯᠵᠢ ᠠᠴᠠ ᠨᠢ ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠵᠤ᠂ ᠬᠢᠨᠠᠨ ᠪᠤᠳᠤᠬᠤ ᠪᠠᠶᠢᠭᠤᠯᠭ᠎ᠠ᠂ ᠡᠩ | ᠲᠡᠷᠢᠭᠦᠨ ᠳᠤ ᠤᠯᠤᠰ ᠲᠥᠷᠥ ᠶᠢᠨ ᠪᠠᠶᠢᠭᠤᠯᠭ᠎ᠠ ᠶᠢᠨ ᠲᠠᠨᠢᠯᠲᠠ ᠶᠢ ᠳᠡᠭᠡᠭᠰᠢᠯᠡᠭᠦᠯᠵᠦ᠂ ᠬᠢᠨᠠᠨ ᠪᠣᠳᠣᠯᠲᠠ ᠶᠢᠨ | ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠰᠠᠬᠢᠯᠭ᠎ᠠ ᠪᠠᠲᠤ ᠣᠪᠣᠷ ᠰᠤᠷᠲᠠᠯ ᠢ ᠬᠤᠪᠢᠷᠠᠭᠤᠯᠬᠤ ᠬᠤᠶᠠᠷ | ᠲᠠᠯ᠎ᠠ ᠠᠴᠠ ᠵᠠᠰᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ᠂ | ᠬᠦᠨᠳᠦ ᠡᠭᠦᠷᠭᠡ ᠶᠢ ᠡᠭᠦᠷᠭᠡᠯᠡᠬᠦ᠂ ᠪᠣᠳᠠᠲᠤ ᠠᠮᠵᠢᠯᠲᠠ ᠶᠢ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ ᠶᠢ ᠪᠤᠢ | ᠪᠣᠯᠭᠠᠵᠤ᠂ ᠨᠠᠷᠢᠨ ᠪᠣᠳᠠᠲᠠᠢ ᠠᠳᠬᠤᠬᠤ ᠳᠡᠭᠡᠷ᠎ᠡ ᠬᠦᠴᠦ ᠣᠷᠣᠭᠤᠯᠵᠤ᠂ ᠥᠪᠡᠷ ᠤᠨ ᠪᠠᠶᠢᠴᠠᠭᠠᠯᠲᠠ ᠪᠠᠷ ᠳᠠᠮᠵᠢᠨ | ᠨᠠᠮ ᠤᠨ ᠭᠡᠰᠢᠭᠦᠨ ᠺᠠᠳ᠋ᠷ ᠤᠨ ᠳᠤᠮᠳᠠ ᠣᠷᠣᠰᠢᠵᠤ ᠪᠠᠶᠢᠭ᠎ᠠ︽ᠦᠬᠡᠨᠴᠡ ᠲᠤᠷᠤᠢ ᠠᠯᠵᠠᠭᠤ ᠬᠤᠶᠢᠷᠭᠤ ᠰᠤᠯᠠ | ᠵᠠᠳᠠᠭᠠᠢ᠂ ᠤᠳᠠᠭᠠᠰᠢᠷᠠᠭᠤᠯᠤᠨ ᠬᠤᠶᠢᠰᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ︾5 ᠠᠰᠠᠭᠤᠳᠠᠯ ᠢ ᠢᠯᠡᠷᠡᠭᠦᠯᠵᠦ᠂ | 2022 ᠣᠨ ᠤ 10 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠵᠤ᠂ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠪᠠ᠃ | ︵ᠭᠤᠷᠪᠠ︶ ᠬᠢᠨᠠᠨ ᠪᠣᠳᠣᠬᠤ ᠪᠠᠶᠢᠭᠤᠯᠭ᠎ᠠ ᠨᠢ ᠵᠠᠰᠠᠭ ᠤᠨ ᠣᠷᠳᠣᠨ ᠤ ᠠᠵᠤ ᠠᠬᠤᠢ ᠶᠢᠨ ᠬᠢᠨᠠᠯᠲᠠ | ᠲᠠᠯᠪᠢᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠲᠤᠶᠢᠯ ᠤᠨ | ᠴᠢᠬᠤᠯᠠ᠂ ᠮᠠᠨ ᠤ ᠲᠣᠪᠴᠢᠶ᠎ᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠦᠷᠭᠦᠯᠵᠢ ᠠᠳᠬᠤᠵᠤ᠂ ᠲᠣᠭᠲᠠᠮᠠᠯ | ᠬᠤᠭᠤᠴᠠᠭ᠎ᠠ ᠲᠠᠢ ᠪᠠᠷ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ | ᠠᠰᠠᠭᠤᠳᠠᠯ ᠢ ᠰᠤᠳᠤᠯᠤᠨ ᠮᠠᠭᠠᠳᠯᠠᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠣᠭᠲᠠᠮᠠᠯ | ᠬᠤᠭᠤᠴᠠᠭ᠎ᠠ ᠲᠠᠢ ᠪᠠᠷ ᠬᠤᠪᠢᠳᠠᠨ ᠬᠠᠮᠢᠶᠠᠷᠴᠤ ᠪᠠᠶᠢᠭ᠎ᠠ ᠰᠲ᠋ᠣᠺ ᠤᠨ ᠲᠠᠰᠤᠭ ᠤᠨ ᠬᠠᠮᠢᠶ᠎ᠠ ᠪᠦᠬᠦᠢ ᠬᠥᠮᠥᠰ ᠢ | ᠴᠢᠭᠯᠡᠭᠦᠯᠬᠦ ᠴᠢᠨᠠᠷᠲᠠᠢ ᠪᠠᠷ ᠬᠥᠲᠥᠯᠥᠨ ᠵᠢᠯᠤᠭᠤᠳᠬᠤ ᠶᠢᠨ ᠬᠠᠮᠲᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠤᠳᠤᠷᠢᠳᠬᠤ ᠺᠠᠳ᠋ᠷ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠴᠢᠬᠤᠯᠠ | ᠠᠭᠤᠯᠭ᠎ᠠ ᠪᠣᠯᠭᠠᠵᠤ᠂ ᠵᠢᠷᠭᠢᠶ᠎ᠡ ᠶᠢᠨ ᠠᠵᠢᠯ ᠤᠨ ᠪᠦᠯᠦᠭᠯᠡᠯ ᠤᠨ ᠬᠡᠪ ᠤᠨ ᠠᠵᠢᠯ ᠤᠨ ᠳᠦᠷᠢᠮ ᠢ ᠪᠠᠶᠢᠭᠤᠯᠵᠤ᠂ | ᠴᠢᠩᠭ᠎ᠠ ᠬᠠᠮᠢᠶᠠᠷᠴᠤ᠂ ᠶᠠᠷᠢᠶ᠎ᠠ ᠬᠡᠯᠡᠯᠴᠡᠭᠡᠨ ᠤ ᠴᠢᠨᠠᠷᠲᠠᠢ᠂ ᠬᠡᠯᠪᠡᠷᠢᠯ ᠤᠨ ᠴᠢᠨᠠᠷᠲᠠᠢ ᠵᠣᠬᠢᠰ ᠦᠭᠡᠢ ᠶᠠᠷᠢᠶ᠎ᠠ | ᠬᠡᠯᠡᠯᠴᠡᠭᠡᠨ ᠤ ᠠᠰᠠᠭᠤᠳᠠᠯ ᠪᠤᠢ ᠪᠣᠯᠬᠤ ᠠᠴᠠ ᠵᠠᠶᠢᠯᠠᠰᠬᠢᠬᠦ ᠬᠡᠷᠡᠭᠲᠡᠢ᠃ | ᠤᠷᠴᠢᠭᠤᠯᠤᠭᠴᠢ᠄ ᠪᠠᠶᠠᠨᠪᠠᠲᠦ | ᠨᠠᠶᠢᠷᠠᠭᠤᠯᠣᠭᠴᠢ᠄ ᠪᠠᠶᠠᠨᠪᠠᠲᠦ | | |