ᠴᠠᠭ 2023-09-2010: 03 | ᠯᠢᠨ ᠼᠤᠤ ᠲᠣᠪᠴᠢᠶ᠎ᠠ ᠶᠢᠨ ᠳᠠᠷᠤᠭ᠎ᠠ ᠯᠢ ᠴᠧᠩ ᠶᠢᠩ | ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠣᠪᠴᠢᠯᠠᠯ ᠪᠣᠯ ᠪᠦᠬᠦ ᠰᠢᠶᠠᠨ ᠤ ᠤᠢ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠬᠥᠭᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ | ᠪᠣᠯᠣᠨ᠎ᠠ᠂ ᠡᠭᠦᠨ ᠳᠤ ᠨᠣᠭᠤᠭᠠᠷᠠᠭᠤᠯᠵᠤ ᠣᠶᠢᠵᠢᠭᠤᠯᠵᠤ ᠡᠪᠡᠰᠦ ᠲᠠᠷᠢᠬᠤ᠂ ᠤᠢ ᠰᠢᠭᠤᠢ ᠨᠤᠲᠤᠭ ᠪᠡᠯᠴᠢᠭᠡᠷ ᠤᠨ | ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ᠂ ᠤᠢ ᠰᠢᠭᠤᠢ ᠨᠤᠲᠤᠭ ᠪᠡᠯᠴᠢᠭᠡᠷ ᠤᠨ ᠡᠪᠡᠳᠴᠢᠨ ᠬᠤᠷᠣᠬᠠᠢ ᠶᠢᠨ | ᠬᠥᠨᠥᠭᠡᠯ ᠢ ᠰᠡᠷᠭᠡᠶᠢᠯᠡᠨ ᠵᠠᠰᠠᠵᠤ ᠬᠢᠵᠢᠭ ᠪᠠᠶᠢᠴᠠᠭᠠᠬᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ | ᠵᠡᠷᠭᠡ ᠪᠣᠳᠠᠲᠠᠢ ᠠᠵᠢᠯ ᠪᠤᠢ᠃ ᠤᠷᠳᠤ ᠬᠤᠭᠤᠴᠠᠭᠠᠨ ᠤ ᠲᠤᠷᠰᠢ᠂ ᠮᠠᠨ ᠤ ᠰᠢᠶᠠᠨ ᠤ ᠤᠢ ᠰᠢᠭᠤᠢ ᠡᠪᠡᠰᠦ | ᠪᠡᠯᠴᠢᠭᠡᠷ ᠤᠨ ᠲᠣᠪᠴᠢᠶ᠎ᠠ ᠪᠣᠬᠢᠷᠲᠤᠯ ᠦᠭᠡᠢ ᠠᠮᠢ ᠠᠬᠤᠢ ᠶᠢ ᠬᠥᠭᠵᠢᠭᠦᠯᠬᠦ᠂ ᠠᠮᠢ ᠠᠬᠤᠢ ᠶᠢᠨ ᠳᠠᠪᠠᠭᠤᠯᠢᠭ ᠢ | ᠵᠤᠵᠠᠭᠠᠳᠬᠠᠬᠤ ᠵᠡᠷᠭᠡ ᠲᠠᠯ᠎ᠠ ᠪᠠᠷ ᠮᠠᠰᠢ ᠤᠯᠠᠨ ᠠᠵᠢᠯ ᠬᠢᠵᠡᠢ᠃ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠣ︕ ᠡᠨᠡ ᠪᠣᠯ ᠵᠦᠸᠧᠽᠢ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠡᠭᠦᠳᠡ ᠡᠷᠦᠬᠡ ᠶᠢᠨ ᠰᠦᠯᠵᠢᠶ᠎ᠡ ᠶᠢᠨ ︽ᠰᠦᠯᠵᠢᠶᠡᠨ ᠳᠡᠭᠡᠷᠡᠬᠢ | ᠰᠣᠷᠪᠤᠯᠵᠢᠯᠠᠭ᠎ᠠ︾ ᠪᠤᠯᠤᠩ ᠪᠣᠯᠣᠨ᠎ᠠ᠂ ᠲᠠ ᠨᠠᠷ ᠤᠨ ᠣᠷᠳᠣ ᠬᠤᠭᠤᠴᠠᠭᠠᠨ ᠤ ᠲᠤᠷᠰᠢ ᠵᠦᠸᠧᠽᠢ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠡᠭᠦᠳᠡ ᠡᠷᠦᠬᠡ ᠶᠢᠨ ᠰᠦᠯᠵᠢᠶ᠎ᠡ ᠶᠢ ᠳᠡᠮᠵᠢᠵᠦ ᠬᠠᠯᠠᠮᠵᠢᠯᠠᠭᠰᠠᠨ ᠳᠤ | ᠲᠠᠯᠠᠷᠬᠠᠵᠤ ᠪᠠᠶᠢᠨ᠎ᠠ︕ ᠰᠢᠶᠠᠨ ᠤ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠲᠣᠪᠴᠢᠶ᠎ᠠ ᠶᠢᠨ ᠯᠢ ᠴᠧᠩ | ᠢᠩ ᠨᠥᠬᠦᠷ ᠥᠨᠥᠳᠥᠷ ᠤᠨ ᠰᠦᠯᠵᠢᠶᠡᠨ ᠳᠤ ᠣᠷᠣᠵᠤ ᠪᠠᠶᠢᠭ᠎ᠠ ᠨᠢ ᠡᠨᠡ ᠪᠣᠯᠣᠨ᠎ᠠ᠃ ᠯᠢ ᠲᠣᠪᠴᠢᠶᠠᠨ | ᠳᠠᠷᠤᠭ᠎ᠠ ᠳᠤ ᠰᠠᠶᠢᠨ ᠪᠠᠶᠢᠨ᠎ᠠ ᠤᠣ᠂ ᠲᠠᠨ ᠢ ᠪᠠᠶᠠᠷᠯᠠᠨ ᠤᠭᠲᠤᠵᠤ ᠪᠠᠶᠢᠨ᠎ᠠ! | ᠲᠣᠪᠴᠢᠶᠠᠨ ᠳᠠᠷᠤᠭ᠎ᠠ ᠯᠢ ᠴᠧᠩ ᠶᠢᠩ᠄ ᠬᠥᠲᠥᠯᠥᠭᠴᠢ ᠰᠠᠶᠢᠨ ᠤᠸ᠂ ᠰᠦᠯᠵᠢᠶᠡᠨ ᠤ ᠠᠨᠳᠠ ᠨᠠᠷ ᠰᠠᠶᠢᠨ | ᠤᠸ︕ | ᠬᠥᠲᠥᠯᠥᠭᠴᠢ᠄ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯ ᠪᠥᠬᠦ ᠰᠢᠶᠠᠨ ᠤ ᠣᠶ ᠰᠢᠭᠤᠢ | ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠬᠥᠭᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠮᠥᠨ᠂ ᠡᠭᠦᠨ ᠳᠤ ᠨᠣᠭᠤᠭᠠᠷᠠᠭᠤᠯᠵᠤ ᠣᠶᠢᠵᠢᠭᠤᠯᠬᠤ ᠡᠪᠡᠰᠦ ᠳᠠᠷᠢᠬᠤ᠂ ᠣᠶ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ᠂ ᠣᠶ ᠰᠢᠭᠤᠢ ᠨᠤᠲᠤᠭ ᠪᠡᠯᠴᠢᠭᠡᠷ ᠤᠨ ᠡᠪᠡᠳᠴᠢᠨ | ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠵᠡᠷᠭᠡ ᠪᠣᠳᠠᠲᠠᠢ ᠠᠵᠢᠯ ᠪᠠᠶᠢᠨ᠎ᠠ᠃ ᠤᠷᠳᠤ ᠬᠤᠭᠤᠴᠠᠭᠠᠨ ᠤ ᠲᠤᠷᠰᠢ᠂ ᠮᠠᠨ ᠤ ᠰᠢᠶᠠᠨ ᠤ ᠤᠢ ᠰᠢᠭᠤᠢ | ᠡᠪᠡᠰᠦ ᠪᠡᠯᠴᠢᠭᠡᠷ ᠤᠨ ᠲᠣᠪᠴᠢᠶ᠎ᠠ ᠪᠣᠬᠢᠷᠲᠤᠯ ᠦᠭᠡᠢ ᠠᠮᠢ ᠠᠬᠤᠢ ᠶᠢ ᠬᠥᠭᠵᠢᠭᠦᠯᠬᠦ᠂ ᠠᠮᠢ ᠠᠬᠤᠢ ᠶᠢᠨ | ᠳᠠᠪᠠᠭᠤᠯᠢᠭ ᠢ ᠵᠤᠵᠠᠭᠠᠳᠬᠠᠬᠤ ᠵᠡᠷᠭᠡ ᠲᠠᠯ᠎ᠠ ᠪᠠᠷ ᠮᠠᠰᠢ ᠤᠯᠠᠨ ᠠᠵᠢᠯ ᠬᠢᠵᠡᠢ᠃ ᠵᠠᠯᠭᠠᠭᠠᠳ ᠪᠢᠳᠡ ᠤᠷᠢᠳ ᠢᠶᠠᠷ ᠯᠢ | ᠴᠧᠩ ᠶᠢᠩ ᠢ ᠤᠷᠢᠵᠤ ᠮᠠᠨ ᠤ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶᠢᠷ᠎ᠠ ᠶᠢᠨ | ᠬᠡᠳᠦᠨ ᠵᠢᠯ ᠤᠨ ᠠᠵᠢᠯ ᠤᠨ ᠴᠢᠭᠯᠡᠯ ᠵᠢᠴᠢ 2023 ᠣᠨ ᠳᠤ ᠥᠷᠨᠢᠭᠦᠯᠦᠭᠰᠡᠨ ᠭᠤᠣᠯᠳᠠᠯᠭ᠎ᠠ ᠲᠠᠢ ᠠᠵᠢᠯ ᠢ | ᠣᠯᠠᠨ ᠳᠤ ᠲᠠᠨᠢᠯᠴᠠᠭᠤᠯᠤᠶ᠎ᠠ᠂ ᠯᠢ ᠲᠣᠪᠴᠢᠶᠠᠨ ᠳᠠᠷᠤᠭ᠎ᠠ ᠶᠢ ᠤᠷᠢᠵᠤ ᠪᠠᠶᠢᠨ᠎ᠠ︕ | ᠲᠣᠪᠴᠢᠶᠠᠨ ᠳᠠᠷᠤᠭ᠎ᠠ ᠯᠢ ᠴᠧᠩ ᠢᠩ ᠲᠠᠨ᠎ᠠ᠄ ᠣᠶᠢᠷ᠎ᠠ ᠶᠢᠨ ᠵᠢᠯ ᠠᠴᠠ ᠨᠠᠰᠢ᠂ ᠮᠠᠨ ᠤ ᠰᠢᠶᠠᠨ ᠰᠢ ᠶᠢᠨ | ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ᠂ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠯᠠᠪᠳᠠᠭᠤᠨ ᠪᠠᠲᠤᠲᠠᠢ | ᠦᠢᠯᠡᠳᠦᠯᠭᠡᠵᠢᠭᠦᠯᠵᠦ᠂ ︽ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ︾ ᠢ | ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠠᠮᠢ ᠠᠬᠤᠢ ᠶᠢ ᠠᠵᠤ ᠦᠶᠢᠯᠡᠰᠵᠢᠭᠦᠯᠬᠦ᠂ ᠠᠵᠤ ᠦᠢᠯᠡᠰ ᠢ | ᠠᠮᠢ ᠠᠬᠤᠶᠢᠵᠢᠭᠤᠯᠬᠤ︾ ᠪᠠᠷ ᠴᠢᠭᠯᠡᠯ ᠪᠣᠯᠭᠠᠨ᠂ 2023 ︱ 2025 ᠣᠨ ᠳᠤ 36 ᠲᠦᠮᠡᠨ ᠮᠦ ᠶᠢ | ᠨᠣᠭᠤᠭᠠᠷᠠᠭᠤᠯᠤᠨ ᠣᠶᠢᠵᠢᠭᠤᠯᠬᠤ ᠶᠢ ᠬᠡᠷᠡᠭᠵᠢᠭᠦᠯᠬᠦ ᠶᠢᠨ ᠬᠠᠮᠲᠤ ᠣᠶ ᠰᠢᠭᠤᠢ ᠶᠢᠨ ᠦᠢᠯᠡᠰ ᠤᠨ | ᠨᠡᠭᠦᠷᠡᠰᠦᠲᠥ᠋ᠷᠥᠭᠴᠢ ᠶᠢ ᠬᠤᠷᠠᠭᠤᠯᠬᠤ᠂ ᠣᠶ ᠰᠢᠭᠤᠢ ᠡᠪᠡᠰᠦᠨ ᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ | ᠪᠦᠷᠢᠨ ᠲᠡᠭᠦᠯᠳᠡᠷ ᠴᠢᠳᠠᠮᠵᠢ ᠲᠠᠢ᠂ ᠡᠪᠳᠡᠷᠡᠰᠢ ᠦᠭᠡᠢ ᠪᠠᠲᠤ ᠪᠠᠬᠢ ᠤᠮᠠᠷᠠᠲᠤ ᠬᠢᠯᠢ ᠶᠢᠨ ᠪᠣᠬᠢᠷᠲᠤᠯ ᠦᠭᠡᠢ ᠣᠷᠳᠣ | ᠴᠠᠭᠠᠨ ᠬᠡᠷᠡᠮ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠳᠤ ᠭᠠᠷᠮᠠᠭᠠᠢ | ᠬᠤᠪᠢ ᠨᠡᠮᠡᠷᠢ ᠦᠵᠡᠭᠦᠯᠦᠨ᠎ᠡ᠃ 2023 ᠣᠨ ᠳᠤ ᠮᠠᠨ ᠤ ᠲᠣᠪᠴᠢᠶ᠎ᠠ ᠭᠤᠣᠯᠳᠠᠭᠤ ᠨᠠᠢᠮᠠᠨ ᠶᠡᠭᠡ | ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠪᠠ᠂ ᠨᠢᠭᠡ ᠳᠤ ᠠᠮᠢ ᠠᠬᠤᠢ ᠶᠢ ᠰᠡᠷᠭᠦᠭᠡᠨ ᠣᠶᠢᠵᠢᠭᠤᠯᠵᠤ | ᠨᠣᠭᠤᠭᠠᠷᠠᠭᠤᠯᠬᠤ ᠢᠨᠵᠧᠨᠧᠷᠢᠩ ᠪᠣᠯᠣᠨ᠎ᠠ᠂ ᠲᠣᠰ ᠲᠥᠷᠥᠯ ᠵᠦᠢᠯ ᠨᠢ ᠮᠠᠨ ᠤ ᠰᠢᠶᠠᠨ ᠤ 5 ᠰᠢᠶᠠᠩ ᠪᠠᠯᠭᠠᠰᠤ ᠳᠤ | ᠬᠤᠯᠪᠣᠭᠳᠠᠵᠤ᠂ ᠪᠥᠬᠦ ᠵᠢᠯ ᠳᠤ 12 ᠲᠦᠮᠡᠨ ᠮᠦ ᠮᠣᠳᠣ ᠳᠠᠷᠢᠬᠤ ᠪᠠᠷ ᠲᠥᠯᠥᠪᠯᠡᠵᠦ ᠪᠣᠶ᠃ ᠬᠤᠶᠠᠷ ᠲᠤ | ᠰᠢᠷᠭᠤᠯᠵᠢ ᠶᠢᠨ ᠤᠢ ᠰᠢᠭᠤᠢ ᠶᠢᠨ ᠳᠦᠷᠦᠯ ᠵᠦᠢᠯ ᠪᠣᠯᠣᠨ᠎ᠠ᠂ ᠡᠨᠡ ᠵᠢᠯ ᠮᠠᠨ ᠤ ᠰᠢᠶᠠᠨ ᠤ ᠬᠢᠨ ᠨᠡᠶᠢᠳᠡ 3 | ᠲᠦᠮᠡᠨ ᠮᠦ ᠶᠢ ᠬᠡᠷᠡᠭᠵᠢᠭᠦᠯᠬᠦ ᠪᠠᠷ ᠲᠥᠯᠥᠪᠯᠡᠵᠦ᠂ ᠭᠤᠣᠯ ᠪᠣᠯᠬᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ | 300 ᠲᠦᠮᠡᠨ ᠪᠠᠯᠴᠢᠷ ᠤᠨ ᠨᠢᠮᠭᠡᠨ ᠤ ᠮᠣᠳᠣ ᠶᠢ ᠣᠶᠢᠵᠢᠭᠤᠯᠵᠤ᠂ ᠤᠳᠤ ᠨᠢᠭᠡᠨᠲᠡ ᠪᠦᠬᠦᠨ ᠢ ᠪᠠᠶᠢᠭᠤᠯᠵᠤ | ᠳᠠᠭᠤᠰᠬᠠᠪᠠ᠃ ᠭᠤᠷᠪᠠ ᠳᠤ᠂ ᠣᠶ ᠰᠢᠭᠤᠢ ᠶᠢᠨ ᠠᠷᠠᠴᠢᠯᠠᠨ ᠪᠣᠶᠢᠵᠢᠭᠤᠯᠬᠤ ᠲᠥᠷᠥᠯ ᠵᠦᠢᠯ᠂ ᠲᠣᠰ ᠲᠥᠷᠥᠯ | ᠵᠦᠢᠯ ᠳᠤ ᠨᠡᠶᠢᠲᠡ 4.1 ᠲᠦᠮᠡᠨ ᠮᠦ ᠠᠷᠠᠴᠢᠯᠠᠨ ᠪᠣᠶᠢᠵᠢᠭᠤᠯᠬᠤ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ | ᠪᠠᠷᠢᠯᠭ᠎ᠠ ᠳᠠᠭᠤᠰᠴᠤ᠂ ᠥᠪᠡᠷ ᠢᠶᠠᠨ ᠪᠠᠶᠢᠴᠠᠭᠠᠵᠤ ᠰᠢᠯᠭᠠᠨ ᠠᠪᠬᠤ ᠪᠠᠷ ᠪᠡᠯᠡᠳᠬᠡᠵᠦ ᠪᠠᠶᠢᠨ᠎ᠠ᠃ ᠳᠥᠷᠪᠡ ᠳᠤ᠂ | ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠵᠦ᠂ ᠡᠨᠡ ᠵᠢᠯ ᠮᠠᠨ ᠤ ᠰᠢᠶᠠᠨ ᠤ ᠨᠤᠲᠤᠭ ᠪᠡᠯᠴᠢᠭᠡᠷ ᠤᠨ | ᠭᠤᠣᠯᠳᠠᠯᠭ᠎ᠠ ᠲᠠᠢ ᠡᠭᠦᠷᠭᠡ ᠨᠡᠶᠢᠳᠡ 2.18 ᠲᠦᠮᠡᠨ ᠮᠦ ᠳᠤ ᠬᠦᠷᠴᠡᠢ᠃ 2 ᠲᠦᠮᠡᠨ ᠮᠦ ᠬᠥᠮᠥᠨ ᠤ ᠬᠦᠴᠦ ᠪᠠᠷ | ᠡᠪᠡᠰᠦ ᠳᠠᠷᠢᠬᠤ ᠠᠵᠢᠯ ᠢ ᠨᠢᠭᠡᠨᠲᠡ ᠪᠦᠬᠦᠨ ᠢ ᠪᠡᠶᠡᠯᠡᠭᠦᠯᠵᠦ᠂ 0.18 ᠲᠦᠮᠡᠨ ᠮᠦ ᠨᠤᠲᠤᠭ ᠪᠡᠯᠴᠢᠭᠡᠷ ᠤᠨ | ᠰᠠᠶᠢᠵᠢᠷᠠᠭᠤᠯᠤᠯᠲᠠ ᠶᠢ ᠨᠢᠭᠡᠨᠲᠡ 0.10 ᠲᠦᠮᠡᠨ ᠮᠦ ᠪᠡᠶᠡᠯᠡᠭᠦᠯᠪᠡ᠃ ᠲᠠᠪᠤ ᠳᠤ᠂ ᠭᠤᠣᠯᠳᠠᠯᠭ᠎ᠠ ᠲᠠᠢ ᠣᠷᠣᠨ | ᠪᠦᠰᠡ ᠶᠢ ᠨᠣᠭᠤᠭᠠᠷᠠᠭᠤᠯᠤᠨ᠎ᠠ᠂ ᠲᠤᠰ ᠠᠵᠢᠯ ᠨᠢ ᠠᠷᠪᠠᠨ ᠨᠠᠢᠮᠠ ᠲᠠᠢ ᠪᠠᠯᠭᠠᠰᠤ ᠶᠢᠨ ᠬᠠᠯᠢᠲᠤ ᠲᠣᠰᠬᠤᠨ ᠪᠣᠯᠣᠨ | ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠲᠠᠢ | ᠬᠤᠯᠪᠣᠭᠳᠠᠵᠤ᠂ ᠡᠨᠡ ᠬᠤᠶᠠᠷ ᠲᠦᠷᠦᠯ ᠵᠦᠢᠯ ᠤᠨ ᠬᠡᠷᠡᠭᠵᠢᠭᠦᠯᠬᠦ ᠲᠥᠰᠥᠯ ᠢ ᠨᠢᠭᠡᠨᠲᠡ ᠨᠠᠶᠢᠷᠠᠭᠤᠯᠤᠨ ᠵᠣᠬᠢᠶᠠᠵᠤ᠂ | ᠬᠢᠨᠠᠨ ᠵᠥᠪᠰᠢᠶᠡᠷᠡᠬᠦ ᠶᠢ ᠬᠦᠯᠢᠶᠡᠵᠦ᠂ ᠵᠢᠱᠢᠯᠲᠡ ᠪᠠᠷ 8 ᠰᠠᠷ᠎ᠠ ᠠᠴᠠ ᠡᠬᠢᠯᠡᠨ᠎ᠡ᠃ ᠵᠢᠷᠭᠤᠭ᠎ᠠ ᠳᠤ᠂ ᠣᠶ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ᠂ ᠭᠠᠯ ᠰᠡᠷᠭᠡᠶᠢᠯᠡᠬᠦ ᠠᠵᠢᠯ ᠪᠣᠯ ᠶᠡᠷᠦ ᠠᠴᠠ ᠮᠠᠨ ᠤ | ᠲᠣᠪᠴᠢᠶ᠎ᠠ ᠶᠢᠨ ᠭᠤᠣᠯᠳᠠᠯᠭ᠎ᠠ ᠲᠠᠢ ᠠᠵᠢᠯ ᠤᠨ ᠨᠢᠭᠡ ᠪᠣᠯᠣᠨ᠎ᠠ᠂ ᠮᠠᠨ ᠤ ᠲᠣᠪᠴᠢᠶ᠎ᠠ ᠦᠷᠭᠦᠯᠵᠢᠯᠡᠨ ᠥᠩᠭᠡᠷᠡᠭᠰᠡᠨ | ᠵᠢᠯ ᠤᠳ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠯᠭ᠎ᠠ ᠶᠢ ᠲᠣᠪᠤᠶᠢᠯᠭᠠᠨ᠂ ᠵᠢᠵᠢᠭᠦᠷ ᠢᠶᠠᠨ | ᠴᠢᠩᠭᠠᠳᠬᠠᠵᠤ᠂ ᠬᠦᠨᠳᠦ ᠶᠡᠭᠡ ᠭᠠᠯ ᠭᠠᠷᠬᠤ ᠦᠭᠡᠢ ᠪᠠᠶᠢᠬᠤ ᠶᠢ ᠪᠠᠲᠤᠯᠠᠬᠤ ᠪᠠᠷ ᠴᠢᠷᠮᠠᠶᠢᠨ᠎ᠠ᠃ ᠲᠤᠯᠤᠭ᠎ᠠ ᠳᠤ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠪᠣᠯᠣᠨ᠎ᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠭᠤᠣᠯᠳᠠᠯᠭ᠎ᠠ ᠨᠢ | ᠬᠠᠰᠢ ᠯᠠ ᠤᠬᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠶᠠᠪᠤᠳᠠᠯ ᠪᠣᠯᠣᠨ᠎ᠠ᠃ ᠡᠶᠢᠮᠦ ᠠᠴᠠ᠂ ᠮᠠᠨ ᠤ ᠲᠣᠪᠴᠢᠶ᠎ᠠ | ᠨᠢᠭᠡ ᠲᠠᠯ᠎ᠠ ᠪᠠᠷ ᠣᠯᠠᠨ ᠠᠷᠭ᠎ᠠ ᠵᠠᠮ᠂ ᠣᠯᠠᠨ ᠲᠠᠪᠴᠠᠩ ᠢ ᠠᠰᠢᠭᠯᠠᠨ᠂ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯ ᠢ ᠬᠥᠮᠥᠨ ᠪᠦᠬᠦᠨ ᠳᠤ | ᠮᠡᠳᠡᠭᠦᠯᠦᠨ᠎ᠡ︔ ᠨᠥᠭᠦᠭᠡ ᠲᠠᠯ᠎ᠠ ᠪᠠᠷ᠂ ᠮᠠᠨ ᠤ ᠲᠣᠪᠴᠢᠶ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠢᠪᠠᠳᠠᠨ | ᠪᠠᠶᠢᠴᠠᠭᠠᠬᠤ ᠠᠵᠢᠯ ᠢ ᠴᠢᠩᠭ᠎ᠠ ᠠᠳᠬᠤᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠢᠪᠠᠳᠠᠨ ᠪᠠᠶᠢᠴᠠᠭᠠᠬᠤ | ᠳᠤᠭᠤᠶᠢᠯᠠᠩ ᠲᠣᠮᠢᠯᠠᠨ ᠡᠯ᠎ᠡ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠳᠤ ᠣᠴᠢᠭᠤᠯᠵᠤ | ᠪᠡᠯᠴᠢᠭᠡᠷᠯᠡᠭᠦᠯᠬᠦ ᠶᠢ ᠴᠠᠭᠠᠵᠠᠯᠠᠬᠤ ᠰᠢᠪᠠᠳᠠᠨ ᠪᠠᠶᠢᠴᠠᠭᠠᠬᠤ ᠠᠵᠢᠯ ᠢ ᠥᠷᠨᠢᠭᠦᠯᠪᠡ᠃ ᠨᠠᠢᠮᠠ ᠳᠤ᠂ ᠣᠶ ᠰᠢᠭᠤᠢ | ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ᠂ ᠡᠨᠡ ᠵᠢᠯ ᠮᠠᠨ ᠤ | ᠰᠢᠶᠠᠨ ᠤ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠡᠭᠦᠷᠭᠡ ᠶᠢ 11 ᠲᠦᠮᠡᠨ | ᠮᠦ ᠪᠠᠭᠤᠯᠭᠠᠪᠠ᠂ ᠡᠭᠦᠨ ᠳᠤ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠢ ᠶᠢᠨ ᠬᠥᠨᠥᠭᠡᠯ ᠢ ᠰᠡᠷᠭᠡᠶᠢᠯᠡᠨ | ᠵᠠᠰᠠᠬᠤ ᠡᠭᠦᠷᠭᠡ 3 ᠲᠦᠮᠡᠨ ᠮᠦ᠂ ᠨᠤᠲᠤᠭ ᠪᠡᠯᠴᠢᠭᠡᠷ ᠤᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ | ᠡᠭᠦᠷᠭᠡ 8 ᠲᠦᠮᠡᠨ ᠮᠦ︔ ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠡᠭᠦᠷᠭᠡ ᠶᠢ | 11 ᠲᠦᠮᠡᠨ ᠮᠦ ᠪᠡᠶᠡᠯᠡᠭᠦᠯᠦᠨ᠎ᠡ᠃ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠪᠣᠯ ᠨᠢᠭᠡᠨ | ᠣᠷᠳᠣ ᠬᠤᠭᠤᠴᠠᠭᠠᠨ ᠤ ᠴᠢᠨᠠᠷᠲᠠᠢ ᠠᠵᠢᠯ ᠪᠣᠯᠬᠤᠷ ᠦᠷᠭᠦᠯᠵᠢᠯᠡᠨ ᠠᠳᠬᠤᠵᠤ᠂ ᠦᠷᠭᠦᠯᠵᠢᠯᠡᠨ ᠬᠢᠬᠦ ᠬᠡᠷᠡᠭᠲᠡᠢ᠂ | ᠢᠷᠡᠭᠡᠳᠦᠢ ᠳᠤ ᠪᠢᠳᠡ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠪᠠᠷ ᠭᠤᠣᠯ ᠪᠣᠯᠭᠠᠵᠤ᠂ ᠰᠡᠷᠭᠡᠶᠢᠯᠡᠨ ᠵᠠᠰᠠᠬᠤ | ᠶᠢ ᠤᠶᠠᠯᠳᠤᠭᠤᠯᠤᠨ᠂ ᠶᠡᠷᠦᠩᠬᠡᠶᠢᠯᠡᠨ ᠵᠠᠰᠠᠬᠤ ᠶᠢ ᠢᠮᠠᠭᠲᠠ ᠪᠠᠷᠢᠮᠲᠠᠯᠠᠬᠤ ᠪᠣᠯᠣᠨ᠎ᠠ᠃ ᠦᠨᠳᠦᠰᠦᠨ | ᠪᠠᠶᠢᠳᠠᠯ ᠨᠢ ᠡᠶᠢᠮᠦ ᠯᠡ ᠪᠠᠶᠢᠨ᠎ᠠ᠂ ᠬᠥᠲᠥᠯᠥᠭᠴᠢ ᠠ᠋ | ᠬᠥᠲᠥᠯᠥᠭᠴᠢ᠄ ᠡᠩ᠃ ᠯᠢ ᠲᠣᠪᠴᠢᠶᠠᠨ ᠳᠠᠷᠤᠭ᠎ᠠ ᠠ᠂ ᠣᠶᠢᠷ᠎ᠠ ᠶᠢᠨ ᠵᠢᠯ ᠤᠳ ᠲᠤ ᠮᠠᠨ ᠤ ᠰᠢᠶᠠᠨ ᠳᠤ | ᠯᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠭᠰᠡᠨ ᠰᠢᠨ᠎ᠡ ᠳᠦᠷᠢᠮ ᠪᠣᠯᠬᠤ ᠯᠢᠨ ᠳᠠᠷᠤᠭ᠎ᠠ ᠶᠢᠨ ᠳᠦᠷᠢᠮ ᠢ | ᠬᠡᠷᠡᠭᠵᠢᠭᠦᠯᠦᠭᠰᠡᠨ ᠢ ᠪᠢ ᠣᠶᠢᠯᠠᠭᠠᠵᠤ ᠪᠠᠶᠢᠨ᠎ᠠ᠂ ᠪᠠᠰᠠ ᠮᠠᠰᠢ ᠤᠯᠠᠨ ᠠᠷᠠᠳ ᠲᠦᠮᠡᠨ ᠡᠨᠡ ᠳᠦᠷᠢᠮ ᠢ ᠣᠶᠢᠯᠠᠭᠠᠬᠤ | ᠦᠭᠡᠢ ᠪᠠᠶᠢᠨ᠎ᠠ᠂ ᠲᠡᠭᠡᠪᠡᠯ ᠯᠢᠨ ᠳᠠᠷᠤᠭ᠎ᠠ ᠶᠢᠨ ᠳᠦᠷᠢᠮ ᠭᠡᠭᠴᠢ ᠴᠣᠬᠤᠮ ᠶᠠᠭᠤ ᠪᠤᠢ? | ᠲᠣᠪᠴᠢᠶᠠᠨ ᠳᠠᠷᠤᠭ᠎ᠠ ᠯᠢ ᠴᠧᠩ ᠢᠩ ᠲᠠᠨ᠎ᠠ᠄ ᠣᠶ ᠰᠢᠭᠤᠢ ᠶᠢᠨ ᠳᠠᠷᠤᠭ᠎ᠠ ᠶᠢᠨ ᠳᠦᠷᠢᠮ ᠨᠢ ᠳᠦᠷᠢᠮ ᠤᠨ | ᠰᠢᠰᠲ᠋ᠧᠮ ᠤᠨ ᠪᠠᠶᠢᠭᠤᠯᠤᠯᠲᠠ ᠪᠠᠷ ᠪᠠᠲᠤᠯᠠᠭ᠎ᠠ ᠪᠣᠯᠭᠠᠵᠤ᠂ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠭᠤᠣᠯ ᠪᠣᠯᠭᠠᠵᠤ᠂ ᠬᠢᠨᠠᠯᠲᠠ | ᠲᠠᠯᠪᠢᠵᠤ ᠰᠢᠯᠭᠠᠨ ᠬᠢᠨᠠᠬᠤ ᠪᠠᠷ ᠠᠷᠭ᠎ᠠ ᠪᠠᠷᠢᠯ ᠪᠣᠯᠭᠠᠵᠤ᠂ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠭᠤᠣᠯ ᠤᠳᠤᠷᠢᠳᠤᠯᠭ᠎ᠠ ᠪᠠᠷ ᠶᠡᠷᠦᠩᠬᠡᠢ ᠣᠶ ᠰᠢᠭᠤᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ | ᠮᠤᠵᠢ᠂ ᠬᠤᠲᠠ᠂ ᠰᠢᠶᠠᠨ᠂ ᠰᠢᠶᠠᠩ ᠪᠠᠯᠭᠠᠰᠤ᠂ ᠲᠣᠰᠬᠤᠨ ᠳᠤ ᠱᠠᠲᠤ ᠬᠤᠪᠢᠶᠠᠨ ᠣᠶ ᠰᠢᠭᠤᠢ ︵ᠡᠪᠡᠰᠦ︶ | ᠶᠢᠨ ᠳᠠᠷᠤᠭ᠎ᠠ ᠪᠠᠶᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ | ᠭᠤᠣᠯᠳᠠᠯᠭ᠎ᠠ ᠲᠠᠢ ᠪᠠ ᠪᠡᠷᠬᠡᠲᠡᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠬᠤᠷᠢᠶ᠎ᠠ ᠤᠳᠤᠷᠢᠳᠬᠤ᠂ | ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠬᠠᠷᠢᠶ᠎ᠠ ᠭᠠᠵᠠᠷ ᠣᠷᠣᠨ ᠨᠢ ᠬᠠᠷᠢᠭᠤᠴᠠᠬᠤ᠂ ᠰᠠᠯᠠᠭ᠎ᠠ ᠮᠥᠴᠢᠷ | ᠬᠠᠮᠵᠢᠯᠴᠠᠬᠤ᠂ ᠪᠥᠬᠦ ᠴᠠᠷᠠᠭ᠎ᠠ ᠪᠠᠷ ᠬᠠᠮᠤᠷᠬᠤ᠂ ᠡᠬᠢ ᠡᠭᠦᠰᠦᠯ ᠠᠴᠠ ᠨᠢ ᠵᠠᠰᠠᠬᠤ ᠶᠢ ᠪᠡᠶᠡᠯᠡᠭᠦᠯᠬᠦ ᠣᠷᠳᠣ | ᠬᠤᠭᠤᠴᠠᠭᠠᠨ ᠤ ᠪᠦᠲᠦᠮᠵᠢᠲᠡᠶ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠮᠠᠨ ᠤ ᠰᠢᠶᠠᠨ | 2021 ᠣᠨ ᠤ 9 ᠰᠠᠷ᠎ᠠ ᠠᠴᠠ ᠡᠬᠢᠯᠡᠨ ᠬᠡᠷᠡᠭᠵᠢᠭᠦᠯᠵᠦ᠂ ᠲᠤᠰ ᠵᠢᠯ ᠤᠨ ᠰᠡᠭᠦᠯᠴᠢ ᠪᠠᠷ ᠲᠤᠰ ᠰᠢᠰᠲ᠋ᠧᠮ ᠢ | ᠦᠨᠳᠦᠰᠦᠨ ᠳᠡᠭᠡᠨ ᠲᠡᠭᠦᠯᠳᠡᠷᠵᠢᠭᠦᠯᠪᠡ᠃ 2022 ᠣᠨ ᠤ 6 ᠰᠠᠷ᠎ᠠ ᠳᠤ ᠪᠠᠶᠢᠴᠠᠭᠠᠬᠤ ᠬᠤᠷᠢᠶ᠎ᠠ ᠲᠠᠢ ︽︿ᠯᠢᠨ | ᠳᠠᠷᠤᠭ᠎ᠠ + ᠪᠠᠶᠢᠴᠠᠭᠠᠬᠤ ᠳᠠᠷᠤᠭ᠎ᠠ﹀ ᠶᠢᠨ ᠠᠵᠢᠯ ᠤᠨ ᠲᠣᠭᠲᠠᠴᠠ︾ ᠶᠢ ᠪᠠᠶᠢᠭᠤᠯᠬᠤ ᠲᠤᠬᠠᠢ ᠬᠠᠮᠲᠤᠷᠠᠭᠰᠠᠨ | ᠬᠤᠷᠠᠯᠳᠤᠭᠠᠨ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠮᠠᠨ ᠤ ᠰᠢᠶᠠᠨ ᠤ ︽ᠯᠢᠨ ᠳᠠᠷᠤᠭ᠎ᠠ + ᠪᠠᠶᠢᠴᠠᠭᠠᠬᠤ | ᠳᠠᠷᠤᠭ᠎ᠠ︾ ᠶᠢᠨ ᠠᠵᠢᠯ ᠤᠨ ᠲᠣᠭᠲᠠᠴᠠ ᠶᠢ ᠬᠠᠮᠲᠤ ᠪᠠᠷ ᠵᠥᠪᠳᠡᠯᠴᠡᠨ ᠲᠣᠭᠲᠠᠭᠠᠵᠤ᠂ ᠲᠣᠰ ᠰᠠᠷ᠎ᠠ ᠳᠤ ︽ᠯᠢᠨ | ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠬᠠᠮᠵᠢᠯᠴᠠᠬᠤ ᠲᠣᠭᠲᠠᠴᠠ ᠶᠢ ᠬᠡᠷᠡᠭᠵᠢᠭᠦᠯᠦᠨ ᠠᠵᠢᠯᠯᠠᠭᠤᠯᠪᠠ᠃ 7 | ᠰᠠᠷ᠎ᠠ ᠳᠤ᠂ ᠬᠤᠳᠠ ᠶᠢᠨ ᠤᠢ ᠰᠢᠭᠤᠢ ᠶᠢᠨ ᠳᠠᠷᠤᠭ᠎ᠠ ᠶᠢᠨ ᠠᠯᠪᠠᠨ ᠭᠡᠷ ᠠᠴᠠ ᠤᠢ ᠰᠢᠭᠤᠢ ᠶᠢᠨ ᠳᠠᠷᠤᠭ᠎ᠠ ᠶᠢᠨ | ᠳᠦᠷᠢᠮ ᠤᠨ︽ᠵᠢᠱᠢᠶ᠎ᠡ ᠦᠵᠡᠭᠦᠯᠬᠦ ᠶᠢ ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠬᠦ︾ᠠᠵᠢᠯᠯᠠᠭ᠎ᠠ ᠶᠢᠨ ᠵᠢᠱᠢᠶ᠎ᠡ | ᠦᠵᠡᠭᠦᠯᠬᠦ ᠰᠢᠶᠠᠨ ᠢᠶᠠᠷ ᠰᠣᠩᠭᠤᠭᠳᠠᠪᠠ᠃ 9 ᠳ᠋ᠦᠭᠡᠷ ᠰᠠᠷ᠎ᠠ ᠳᠤ ᠵᠦᠸᠧᠽᠢ ᠰᠢᠶᠠᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠲᠠᠢ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠬᠠᠮᠵᠢᠯᠴᠠᠭᠠᠨ ᠤ ᠲᠣᠭᠲᠠᠴᠠ ᠶᠢ | ᠪᠠᠶᠢᠭᠤᠯᠵᠤ᠂ ᠣᠶ ᠶᠢᠨ ᠳᠠᠷᠤᠭ᠎ᠠ ᠶᠢᠨ ᠲᠣᠥᠷᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ | ︽ᠨᠢᠭᠡ ᠣᠶ ᠰᠢᠭᠤᠢ ᠨᠢᠭᠡ ᠴᠠᠭᠳᠠᠭ᠎ᠠ︾ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠪᠥᠬᠦ ᠰᠢᠶᠠᠨ ᠤ | ᠬᠡᠪᠴᠢᠶᠡᠨ ᠳᠠᠬᠢ ᠪᠣᠶ ᠪᠦᠬᠦᠢ ᠣᠶ ᠰᠢᠭᠤᠢ ᠶᠢᠨ ᠡᠬᠢ ᠪᠠᠶᠠᠯᠢᠭ᠂ ᠨᠤᠲᠤᠭ ᠪᠡᠯᠴᠢᠭᠡᠷ ᠤᠨ ᠡᠬᠢ ᠪᠠᠶᠠᠯᠢᠭ ᠪᠠ | ᠴᠢᠭᠢᠭᠯᠢᠭ ᠭᠠᠵᠠᠷ ᠤᠨ ᠡᠬᠢ ᠪᠠᠶᠠᠯᠢᠭ ᠲᠤ ︽ᠣᠶ ᠶᠢᠨ ᠳᠠᠷᠤᠭ᠎ᠠ + ᠴᠠᠭᠳᠠᠭᠠᠨ ᠤ ᠳᠠᠷᠤᠭ᠎ᠠ︾ ᠶᠢᠨ | ᠲᠣᠥᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠪᠡ᠃ ︽ᠤᠢ ᠰᠢᠭᠤᠢ ᠶᠢᠨ ᠳᠠᠷᠤᠭ᠎ᠠ ᠶᠢᠨ ᠳᠦᠷᠢᠮ︾ ᠨᠢ ᠪᠦᠬᠦ | ᠰᠢᠶᠠᠨ ᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠳᠤᠲᠠᠭᠳᠠᠵᠤ ᠪᠣᠯᠣᠰᠢ | ᠦᠭᠡᠢ ᠬᠦᠴᠦᠨ ᠴᠢᠳᠠᠯ ᠢ ᠨᠡᠮᠡᠷᠢᠯᠡᠵᠡᠢ᠃ | ᠬᠥᠲᠥᠯᠥᠭᠴᠢ᠄ ᠯᠢ ᠲᠣᠪᠴᠢᠶᠠᠨ ᠳᠠᠷᠤᠭ᠎ᠠ ᠶᠢᠨ ᠲᠠᠶᠢᠯᠪᠤᠷᠢᠯᠠᠯᠲᠠ ᠪᠠᠷ ᠳᠡᠮᠵᠢᠨ᠂ ᠰᠦᠯᠵᠢᠶᠡᠨ ᠤ ᠠᠨᠳᠠ ᠨᠠᠷ | ᠴᠤ ᠣᠲᠣ ᠶᠢᠨ ᠬᠡᠷᠡᠭᠵᠢᠭᠦᠯᠵᠦ ᠪᠠᠶᠢᠭ᠎ᠠ ᠯᠢᠨ ᠳᠠᠷᠤᠭ᠎ᠠ ᠶᠢᠨ ᠳᠦᠷᠢᠮ ᠤᠨ ᠲᠤᠬᠠᠢ ᠨᠠᠩ ᠲᠣᠳᠣᠷᠬᠠᠢ | ᠲᠠᠨᠢᠯᠲᠠ ᠲᠠᠢ ᠪᠣᠯᠬᠤ ᠶᠢ ᠢᠲᠡᠭᠡᠵᠦ ᠪᠠᠶᠢᠨ᠎ᠠ᠃ ᠯᠢ ᠲᠣᠪᠴᠢᠶᠠᠨ ᠳᠠᠷᠤᠭ᠎ᠠ ᠠ᠂ ᠡᠨᠡ ᠵᠢᠯ ᠤᠨ ᠣᠶ ᠰᠢᠭᠤᠢ | ᠬᠠᠮᠠᠭᠠᠯᠠᠭᠴᠢ ᠡᠯᠰᠡᠬᠦ ᠬᠥᠮᠥᠨ ᠤ ᠲᠤᠭ᠎ᠠ ᠴᠥᠭᠡᠷᠡᠭᠰᠡᠨ ᠭᠡᠨ᠎ᠡ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠰᠢᠨ᠎ᠡ | ᠬᠤᠪᠢᠷᠠᠯᠲᠠ ᠭᠠᠷᠤᠭᠰᠠᠨ ᠭᠡᠨ᠎ᠡ ᠦᠸ︖ | ᠲᠣᠪᠴᠢᠶᠠᠨ ᠳᠠᠷᠤᠭ᠎ᠠ ᠯᠢ ᠴᠧᠩ ᠢᠩ᠄ ᠡᠨᠡ ᠵᠢᠯ ᠪᠢᠳᠡ ᠤᠤᠯ ᠤᠨ 952 ᠣᠢ ᠬᠠᠮᠠᠭᠠᠯᠠᠭᠴᠢ ᠪᠠᠶᠢᠭᠰᠠᠨ ᠢ | ᠬᠠᠰᠤᠭᠠᠳ 770 ᠣᠢ ᠬᠠᠮᠠᠭᠠᠯᠠᠭᠴᠢ ᠪᠣᠯᠭᠠᠵᠠᠢ᠃ ᠡᠭᠦᠨ ᠤ ᠭᠤᠣᠯ ᠰᠢᠯᠲᠠᠭᠠᠨ ᠨᠢ ᠤᠯᠤᠰ ᠤᠨ ᠭᠠᠵᠠᠷ | ᠰᠢᠷᠣᠢ ᠶᠢᠨ ᠭᠤᠷᠪᠠᠳᠤᠭᠠᠷ ᠤᠳᠠᠭ᠎ᠠ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ ᠵᠦᠸᠧᠽᠢ ᠰᠢᠶᠠᠨ ᠤ ᠨᠡᠶᠢᠲᠡ ᠶᠢᠨ ᠠᠰᠠᠷᠠᠮᠵᠢ ᠶᠢᠨ ᠤᠢ ᠶᠢᠨ ᠲᠠᠯᠠᠪᠠᠢ ᠤᠤᠯ ᠤᠨ 62.61 | ᠲᠦᠮᠡᠨ ᠮᠦ ᠪᠠᠶᠢᠭᠰᠠᠨ ᠠᠴᠠ ᠪᠠᠨ 51.83 ᠲᠦᠮᠡᠨ ᠮᠦ ᠪᠣᠯᠵᠤ ᠪᠠᠭᠠᠰᠴᠠᠢ᠃ ᠲᠣᠭᠤᠷᠢᠨ ᠬᠠᠮᠠᠭᠠᠯᠠᠬᠤ | ᠲᠠᠯᠠᠪᠠᠶ ᠶᠢᠨ ᠪᠠᠭᠠᠰᠬᠤ ᠶᠢ ᠳᠠᠭᠠᠯᠳᠤᠨ᠂ ᠪᠢᠳᠡ ᠣᠶ ᠬᠠᠮᠠᠭᠠᠯᠠᠭᠴᠢ ᠶᠢᠨ ᠲᠤᠭ᠎ᠠ ᠳᠤ ᠬᠥᠳᠡᠯᠦᠩᠭᠦᠢ | ᠲᠣᠬᠢᠷᠠᠭᠤᠯᠤᠯᠲᠠ ᠬᠢᠵᠦ᠂ ᠣᠶ ᠬᠠᠮᠠᠭᠠᠯᠠᠭᠴᠢ ᠶᠢᠨ ᠲᠤᠭ᠎ᠠ ᠶᠢ ᠵᠣᠬᠢᠬᠤ ᠬᠡᠮᠵᠢᠶ᠎ᠡ ᠪᠠᠷ ᠪᠠᠭᠠᠰᠬᠠᠪᠠ᠃ ᠬᠥᠮᠥᠨ ᠤ | ᠲᠤᠭ᠎ᠠ ᠶᠢ ᠴᠥᠭᠡᠳᠬᠡᠬᠦ ᠪᠠᠷ ᠳᠠᠮᠵᠢᠭᠤᠯᠤᠨ᠂ ᠨᠠᠰᠤᠨ ᠤ ᠪᠦᠲᠦᠴᠡ ᠶᠢ ᠰᠢᠯᠢᠳᠡᠭᠵᠢᠭᠦᠯᠵᠦ᠂ ᠨᠠᠰᠤ ᠨᠢ | ᠬᠠᠷᠢᠴᠠᠩᠭᠤᠢ ᠵᠠᠯᠠᠭᠤ᠂ ᠰᠣᠶᠣᠯ ᠤᠨ ᠬᠢᠷᠢ ᠬᠡᠮᠵᠢᠶ᠎ᠡ ᠨᠢ ᠬᠠᠷᠢᠴᠠᠩᠭᠤᠢ ᠥᠨᠳᠥᠷ᠂ ᠬᠠᠷᠢᠭᠤᠴᠠᠯᠭᠠᠲᠤ | ᠰᠡᠳᠬᠢᠯᠭᠡ ᠪᠠᠷ ᠴᠢᠩᠭ᠎ᠠ ᠣᠶ ᠰᠢᠭᠤᠢ ᠬᠠᠮᠠᠭᠠᠯᠠᠭᠴᠢ ᠶᠢ ᠰᠣᠩᠭᠤᠬᠤ ᠪᠠᠷ ᠳᠡᠮᠵᠢᠨ᠂ ᠣᠶ ᠰᠢᠭᠤᠢ | ᠬᠠᠮᠠᠭᠠᠯᠠᠭᠴᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠨᠢ ᠨᠥᠯᠥᠭᠡᠯᠡᠭᠳᠡᠭᠰᠡᠨ ᠦᠭᠡᠢ ᠶᠤᠮ᠃ | ᠣᠶ ᠰᠢᠭᠤᠢ ᠬᠠᠮᠠᠭᠠᠯᠠᠭᠴᠢ ᠶᠢ ᠤᠷᠢᠨ ᠬᠡᠷᠡᠭᠯᠡᠬᠦ ᠲᠥᠷᠥ ᠶᠢᠨ ᠪᠣᠳᠣᠯᠭ᠎ᠠ ᠳᠤ ᠰᠢᠨ᠎ᠡ ᠬᠤᠪᠢᠷᠠᠯᠲᠠ ᠭᠠᠷᠤᠭᠰᠠᠨ | ᠦᠭᠡᠢ᠂ ᠣᠶ ᠰᠢᠭᠤᠢ ᠬᠠᠮᠠᠭᠠᠯᠠᠭᠴᠢ ᠶᠢ ᠤᠷᠢᠨ ᠬᠡᠷᠡᠭᠯᠡᠬᠦ ᠨᠥᠬᠦᠴᠡᠯ ᠨᠢ ᠮᠥᠨ ᠬᠦ ᠡᠳ᠋ ᠬᠥᠷᠥᠩᠭᠡ ᠶᠢᠨ ᠠᠰᠢᠭ | ᠣᠷᠣᠯᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠶᠢ ᠡᠳ᠋ᠯᠡᠭᠡ ᠦᠭᠡᠢ ᠲᠠᠩᠰᠠ ᠡᠪᠬᠡᠮᠡᠯ | ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠥᠨ ᠠᠮᠠ ᠪᠣᠯᠣᠨ᠎ᠠ︔ ᠡᠩ ᠤᠨ ᠪᠠᠶᠢᠳᠠᠯ ᠳᠤ ᠪᠦᠬᠦᠯᠢ | 18 ᠨᠠᠰᠤᠨ ᠠᠴᠠ ᠳᠡᠭᠡᠭᠰᠢ᠂ ᠪᠦᠬᠦᠯᠢ 60 ᠨᠠᠰᠤᠨ ᠠᠴᠠ ᠳᠣᠷᠣᠭᠰᠢ᠂ ᠪᠡᠶ᠎ᠡ ᠮᠠᠬᠠᠪᠤᠳ ᠡᠷᠡᠭᠦᠯ ᠴᠢᠭᠢᠷᠠᠭ᠂ | ᠬᠡᠭᠡᠷ᠎ᠡ ᠭᠠᠳᠠᠨ᠎ᠠ ᠲᠣᠭᠤᠷᠢᠨ ᠬᠠᠮᠠᠭᠠᠯᠠᠬᠤ ᠠᠵᠢᠯ ᠢ ᠬᠢᠵᠦ ᠳᠡᠶᠢᠯᠳᠡᠭ︔ ᠵᠣᠬᠢᠬᠤ ᠬᠡᠮᠵᠢᠶᠡᠨ ᠤ | ᠬᠠᠮᠢᠶᠠᠷᠤᠯᠲᠠ ᠶᠢᠨ ᠴᠢᠳᠠᠪᠤᠷᠢ ᠲᠠᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠰᠠᠬᠢᠯᠭ᠎ᠠ ᠪᠠᠲᠤ ᠶᠢ ᠵᠢᠷᠤᠮᠯᠠᠨ | ᠬᠠᠤᠯᠢ ᠴᠠᠭᠠᠵᠠ ᠶᠢ ᠵᠢᠷᠤᠮᠯᠠᠬᠤ ᠬᠡᠷᠡᠭᠲᠡᠢ; ᠨᠢᠭᠡ ᠭᠡᠷ ᠪᠦᠯᠢ ᠳᠤ ᠬᠠᠮᠤᠭ ᠢᠯᠡᠭᠦᠦ ᠳᠡᠭᠡᠨ ᠨᠢᠭᠡ ᠠᠮᠢ ᠠᠬᠤᠢ ᠶᠢᠨ | ᠣᠶ ᠬᠠᠮᠠᠭᠠᠯᠠᠭᠴᠢ ᠲᠣᠬᠢᠷᠠᠭᠤᠯᠤᠨ᠎ᠠ︔ ᠰᠤᠷᠤᠯᠴᠠᠵᠤ ᠪᠠᠶᠢᠭ᠎ᠠ ᠰᠣᠷᠣᠭᠴᠢ ᠪᠠ ᠨᠢᠭᠡᠨᠲᠡ ᠶᠠᠳᠠᠭᠤ ᠠᠴᠠ | ᠠᠩᠭᠢᠵᠢᠷᠠᠭᠰᠠᠨ ᠶᠠᠳᠠᠭᠤ ᠬᠦᠴᠢᠷᠳᠡᠯᠲᠡᠢ ᠬᠥᠮᠥᠰ ᠡᠭᠦᠨ ᠳᠤ ᠪᠠᠭᠲᠠᠬᠤ ᠦᠭᠡᠢ᠃ ᠡᠭᠦᠨ ᠳᠤ ᠨᠡᠶᠢᠲᠡ ᠶᠢᠨ | ᠠᠰᠠᠷᠠᠮᠵᠢ ᠶᠢᠨ ᠣᠶ ᠰᠢᠭᠤᠢ ᠶᠢᠨ ᠬᠠᠮᠠᠭᠠᠯᠠᠭᠴᠢ ᠶᠢᠨ ᠴᠠᠯᠢᠩ ᠨᠢ ᠵᠢᠯ ᠪᠦᠷᠢ 3000 ᠲᠥᠭᠦᠷᠢᠭ᠂ ᠠᠮᠢ | ᠠᠬᠤᠢ ᠶᠢᠨ ᠣᠶ ᠰᠢᠭᠤᠢ ᠶᠢᠨ ᠬᠠᠮᠠᠭᠠᠯᠠᠭᠴᠢ ᠶᠢᠨ ᠴᠠᠯᠢᠩ ᠨᠢ ᠵᠢᠯ ᠪᠦᠷᠢ 10000 ᠲᠥᠭᠦᠷᠢᠭ ᠪᠣᠯᠣᠨ᠎ᠠ᠃ | ᠬᠥᠲᠥᠯᠥᠭᠴᠢ᠄ ᠵᠠ᠂ ᠣᠢ ᠬᠠᠮᠠᠭᠠᠯᠠᠭᠴᠢ ᠶᠢᠨ ᠲᠤᠬᠠᠢ ᠯᠢ ᠲᠣᠪᠴᠢᠶᠠᠨ ᠳᠠᠷᠤᠭ᠎ᠠ ᠶᠢᠨ ᠨᠠᠷᠢᠨ | ᠲᠠᠨᠢᠯᠴᠠᠭᠤᠯᠤᠭᠰᠠᠨ ᠳᠤ ᠲᠠᠯᠠᠷᠬᠠᠵᠤ ᠪᠠᠶᠢᠨ᠎ᠠ᠃ ᠮᠠᠨ ᠤ ᠪᠤᠯᠤᠩ ᠨᠡᠭᠡᠭᠡᠭᠳᠡᠭᠰᠡᠨ ᠠᠴᠠ ᠨᠠᠰᠢ᠂ ᠴᠥᠭᠡᠨ ᠪᠤᠰᠤ | ᠰᠦᠯᠵᠢᠶᠡᠨ ᠤ ᠠᠨᠳᠠ ᠨᠠᠷ ᠣᠶ ᠰᠢᠭᠤᠢ ᠡᠪᠡᠰᠦ ᠪᠡᠯᠴᠢᠭᠡᠷ ᠤᠨ ᠲᠤᠬᠠᠢ ᠡᠳᠦᠢ ᠲᠡᠳᠦᠢ ᠠᠰᠠᠭᠤᠯᠲᠠ ᠠᠰᠠᠭᠤᠵᠠᠢ᠂ | ᠪᠢᠳᠡ ᠬᠡᠳᠦᠨ ᠵᠤᠷᠪᠤᠰ ᠲᠠᠲᠠᠵᠤ ᠯᠢ ᠲᠣᠪᠴᠢᠶᠠᠨ ᠳᠠᠷᠤᠭ᠎ᠠ ᠳᠤ ᠬᠠᠷᠢᠭᠤᠯᠲᠠ ᠥᠭᠬᠦ ᠶᠢ ᠬᠦᠰᠡᠵᠦ ᠪᠠᠶᠢᠨ᠎ᠠ᠃ | ᠨᠢᠭᠡᠳᠦᠭᠡᠷ ᠠᠰᠠᠭᠤᠯᠲᠠ᠄ ᠰᠣᠨᠤᠰᠬᠤᠯᠠᠷ ᠥᠪᠡᠷ ᠤᠨ ᠳᠠᠷᠢᠭᠰᠠᠨ ᠮᠣᠳᠣ ᠪᠠᠨ ᠣᠭᠲᠣᠯᠬᠤ ᠳᠤ ᠪᠠᠰᠠ ᠤᠢ | ᠰᠢᠭᠤᠢ ᠶᠢᠨ ᠰᠠᠯᠠᠭ᠎ᠠ ᠮᠥᠴᠢᠷ ᠲᠤ ᠣᠴᠢᠵᠤ ᠦᠨᠡᠮᠯᠡᠯ ᠠᠪᠬᠤ ᠬᠡᠷᠡᠭᠲᠡᠢ ᠭᠡᠨ᠎ᠡ᠂ ᠲᠡᠶᠢᠮᠦ ᠦᠸ? | ᠯᠢ ᠴᠧᠩ ᠶᠢᠩ ᠲᠣᠪᠴᠢᠶᠠᠨ ᠳᠠᠷᠤᠭ᠎ᠠ᠄ ᠪᠣᠯᠣᠨ᠎ᠠ᠂ ᠡᠨᠡ ᠠᠰᠠᠭᠤᠳᠠᠯ ᠮᠠᠰᠢ ᠲᠦᠭᠡᠮᠡᠯ ᠴᠢᠨᠠᠷᠲᠠᠢ᠂ ᠣᠯᠠᠩᠬᠢ | ᠬᠥᠮᠥᠰ ᠪᠦᠷ ᠥᠪᠡᠷ ᠤᠨ ᠳᠠᠷᠢᠭᠰᠠᠨ ᠮᠣᠳᠣ ᠪᠠᠨ ᠦᠨᠡᠮᠯᠡᠯ ᠠᠪᠬᠤ ᠦᠭᠡᠢ ᠪᠠᠷ ᠣᠭᠲᠣᠯᠵᠤ ᠪᠣᠯᠣᠨ᠎ᠠ ᠭᠡᠵᠦ | ᠦᠵᠡᠵᠦ ᠪᠠᠶᠢᠨ᠎ᠠ᠂ ᠥᠨᠥᠳᠥᠷ ᠪᠢ ᠣᠯᠠᠨ ᠳᠤ ᠵᠠᠯᠠᠷᠠᠭᠤᠯᠵᠤ ᠥᠭᠭᠦᠶ᠎ᠡ᠃ ︽ᠤᠢ ᠰᠢᠭᠤᠢ ᠶᠢᠨ ᠬᠠᠤᠯᠢ︾ ᠶᠢᠨ | ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠪᠠᠳᠠᠭ ᠲᠤ᠄ ︽ᠤᠢ ᠮᠣᠳᠣ ᠶᠢ ᠣᠭᠲᠣᠯᠬᠤ ᠳᠤ ᠡᠷᠬᠡᠪᠰᠢ ᠣᠭᠲᠣᠯᠬᠤ | ᠵᠥᠪᠰᠢᠶᠡᠷᠡᠯ ᠤᠨ ᠦᠨᠡᠮᠯᠡᠯ ᠭᠤᠶᠤᠴᠢᠯᠠᠵᠤ᠂ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠶᠣᠰᠣᠭᠠᠷ ᠣᠭᠲᠣᠯᠬᠤ | ᠬᠡᠷᠡᠭᠲᠡᠢ; ᠬᠥᠳᠡᠭᠡ ᠲᠣᠰᠬᠤᠨ ᠤ ᠰᠠᠭᠤᠭᠠᠯᠢ ᠠᠷᠠᠳ ᠬᠤᠪᠢᠨ ᠳᠠᠭᠠᠨ ᠦᠯᠡᠳᠡᠭᠡᠭᠰᠡᠨ ᠲᠡᠷᠢᠶ᠎ᠠ ᠪᠠ ᠪᠠᠶᠢᠰᠢᠩ ᠤᠨ | ᠠᠷᠤ ᠥᠪᠥᠷ ᠲᠠᠬᠢ ᠬᠤᠪᠢ ᠶᠢᠨ ᠥᠮᠴᠢᠯᠡᠯ ᠤᠨ ᠬᠡᠰᠡᠭ ᠪᠤᠰᠠᠭ ᠤᠢ ᠮᠣᠳᠣ ᠶᠢ ᠣᠭᠲᠣᠯᠬᠤ ᠶᠠᠪᠤᠳᠠᠯ ᠡᠭᠦᠨ ᠳᠤ | ᠪᠠᠭᠲᠠᠬᠤ ᠤᠶᠢᠭᠡᠢ︾ ᠭᠡᠵᠦ ᠲᠣᠭᠲᠠᠭᠠᠵᠠᠢ᠃ ᠡᠶᠢᠮᠦ ᠠᠴᠠ ᠬᠥᠳᠡᠭᠡ ᠲᠣᠰᠬᠤᠨ ᠤ ᠰᠠᠭᠤᠭᠠᠯᠢ ᠠᠷᠠᠳ ᠤᠨ | ᠬᠤᠪᠢᠨ ᠳᠠᠭᠠᠨ ᠦᠯᠡᠳᠡᠭᠡᠭᠰᠡᠨ ᠲᠠᠷᠢᠶ᠎ᠠ ᠪᠠ ᠪᠠᠶᠢᠰᠢᠩ ᠤᠨ ᠠᠷᠤ ᠥᠪᠥᠷ ᠲᠠᠬᠢ ᠬᠡᠰᠡᠭ ᠪᠤᠰᠠᠭ ᠤᠢ ᠮᠣᠳᠣ ᠶᠢ | ᠣᠭᠲᠣᠯᠬᠤ ᠠᠴᠠ ᠭᠠᠳᠠᠨ᠎ᠠ᠂ ᠪᠤᠰᠤᠳ ᠢ ᠨᠢ ᠴᠥᠮ ᠰᠢᠶᠠᠨ ᠤ ᠱᠠᠲᠤᠨ ᠤ ᠤᠢ ᠰᠢᠭᠤᠢ ᠶᠢᠨ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠠᠴᠠ ᠤᠢ ᠮᠣᠳᠣ ᠣᠭᠲᠣᠯᠬᠤ ᠵᠥᠪᠰᠢᠶᠡᠷᠡᠯ ᠤᠨ ᠦᠨᠡᠮᠯᠡᠯ ᠠᠪᠬᠤ ᠪᠠᠷ ᠭᠤᠶᠤᠴᠢᠯᠠᠭᠰᠠᠨ ᠤ | ᠲᠠᠷᠠᠭ᠎ᠠ ᠰᠠᠶ᠋ᠢ ᠣᠭᠲᠣᠯᠵᠤ ᠪᠣᠯᠣᠨ᠎ᠠ ᠭᠡᠵᠦ ᠬᠡᠯᠡᠵᠦ ᠪᠣᠯᠣᠨ᠎ᠠ᠃ | ᠬᠥᠲᠥᠯᠥᠭᠴᠢ᠄ ᠡᠩ᠂ ᠦᠨᠳᠦᠰᠦᠨ ᠳᠡᠭᠡᠨ ᠣᠶᠢᠯᠠᠭᠠᠭᠰᠠᠨ᠃ | ᠬᠤᠶᠠᠳᠤᠭᠠᠷ ᠠᠰᠠᠭᠤᠳᠠᠯ᠄ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠨᠤᠲᠤᠭ ᠳᠡᠪᠢᠰᠬᠡᠷ ᠤᠨ | ᠪᠠᠶᠢᠴᠠᠭᠠᠯᠲᠠ ᠵᠢᠴᠢ ᠣᠨ ᠤ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ︵ᠳᠣᠷᠣᠭᠰᠢ ︽ | ᠭᠤᠷᠪᠠ ᠶᠢ ᠲᠣᠬᠢᠷᠠᠭᠤᠯᠬᠤ︾ ᠭᠡᠵᠦ ᠲᠣᠪᠴᠢᠯᠠᠨ᠎ᠠ︶ ᠶᠢ ᠨᠢᠭᠡᠨᠲᠡ ᠳᠠᠭᠤᠰᠬᠠᠵᠤ᠂ ᠬᠡᠰᠡᠭ ᠭᠠᠵᠠᠷ ᠰᠢᠷᠣᠢ ᠶᠢᠨ | ᠲᠥᠷᠥᠯ ᠵᠦᠢᠯ ᠳᠤ ᠬᠤᠪᠢᠷᠠᠯᠲᠠ ᠭᠠᠷᠴᠤ᠂ ᠵᠠᠷᠢᠮ ᠲᠠᠷᠢᠶᠠᠨ ᠭᠠᠵᠠᠷ ᠢ ︽ᠭᠤᠷᠪᠠ ᠶᠢ ᠲᠣᠬᠢᠷᠠᠭᠤᠯᠬᠤ︾ ᠶᠢᠨ | ᠳᠠᠷᠠᠭ᠎ᠠ ᠣᠶᠢᠲᠤ ᠭᠠᠵᠠᠷ ᠪᠣᠯᠭᠠᠭᠰᠠᠨ ᠪᠠᠶᠢᠨ᠎ᠠ᠂ ᠡᠶᠢᠮᠦ ᠠᠴᠠ ᠭᠠᠵᠠᠷ ᠰᠢᠷᠣᠢ ᠶᠢᠨ ᠵᠢᠭᠤᠷᠠᠯᠳᠤᠭᠠᠨ ᠭᠠᠷᠬᠤ ᠨᠢ | ᠵᠠᠶᠢᠯᠠᠰᠢ ᠦᠭᠡᠢ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠲᠠᠷᠢᠶᠠᠨ ᠭᠠᠵᠠᠷ ᠤᠨ ᠣᠶᠢᠵᠢᠭᠤᠯᠤᠯᠲᠠ ᠶᠢᠨ | ᠬᠠᠮᠢᠶᠠᠷᠤᠯᠲᠠ ᠶᠢᠨ ᠪᠠᠶᠢᠳᠠᠯ ᠢ ᠬᠡᠷᠬᠢᠨ ᠢᠯᠭᠠᠬᠤ ᠪᠣᠶ︖ | ᠲᠣᠪᠴᠢᠶᠠᠨ ᠳᠠᠷᠤᠭ᠎ᠠ ᠯᠢ ᠴᠧᠩ ᠶᠢᠩ᠄ ᠣᠶᠢᠲᠤ ᠭᠠᠵᠠᠷ ᠤᠨ ᠬᠠᠮᠢᠶᠠᠷᠤᠯᠲᠠ ᠳᠤ ᠶᠡᠷᠦ ᠠᠴᠠ ᠬᠠᠤᠯᠢ | ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠬᠦ ᠵᠠᠷᠴᠢᠮ ᠢ ᠵᠢᠷᠤᠮᠯᠠᠳᠠᠭ᠂ ᠪᠢᠳᠡ ᠭᠠᠵᠠᠷ ᠰᠢᠷᠣᠢ ᠶᠢᠨ | ᠢᠷᠡᠯᠲᠡ ᠶᠢᠨ ᠵᠦᠢ ᠶᠣᠰᠣᠴᠢ ᠴᠢᠨᠠᠷ᠂ ᠬᠠᠤᠯᠢ ᠶᠣᠰᠣᠴᠢ ᠴᠢᠨᠠᠷ ᠢ ᠶᠡᠷᠦᠩᠬᠡᠶᠢᠯᠡᠨ ᠪᠣᠳᠣᠯᠬᠢᠯᠠᠵᠤ᠂ ᠬᠠᠤᠯᠢ | ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠲᠠᠷᠢᠶᠠᠨ | ᠭᠠᠵᠠᠷ ᠤᠨ ᠣᠶᠢᠵᠢᠭᠤᠯᠤᠯᠲᠠ ᠶᠢᠨ ᠪᠠᠶᠢᠳᠠᠯ ᠢ ᠢᠯᠭᠠᠵᠤ᠂ ᠵᠥᠷᠢᠶᠡᠲᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠰᠦᠯᠵᠢᠶᠡᠨ ᠠᠨᠳᠠ ᠨᠠᠷ ᠤᠨ ᠳᠤᠷᠠᠳᠤᠭᠰᠠᠨ ᠠᠰᠠᠭᠤᠳᠠᠯ ᠤᠨ ᠠᠭᠤᠯᠭ᠎ᠠ ᠳᠤ ᠴᠢᠭᠯᠡᠭᠦᠯᠦᠨ᠂ ᠶᠡᠷᠦ ᠳᠡᠭᠡᠨ ᠬᠤᠶᠠᠷ | ᠵᠦᠢᠯ ᠤᠨ ᠪᠠᠶᠢᠳᠠᠯ ᠳᠤ ᠬᠤᠪᠢᠶᠠᠨ᠎ᠠ᠄ ᠨᠢᠭᠡ ᠳᠤ ︽ᠭᠤᠷᠪᠠ ᠶᠢ ᠲᠣᠬᠢᠷᠠᠭᠤᠯᠵᠤ︾ ᠶᠢ ᠣᠶᠢᠲᠤ ᠭᠠᠵᠠᠷ ᠪᠣᠯᠭᠠᠨ᠎ᠠ᠂ | ᠦᠨᠡᠨ ᠳᠡᠭᠡᠨ ᠬᠤᠶᠠᠳᠤᠭᠠᠷ ᠤᠳᠠᠭᠠᠨ ᠤ ᠪᠥᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠵᠢᠴᠢ | ᠲᠠᠷᠠᠭᠠᠴᠢ ᠶᠢᠨ ᠣᠨ ᠤ ᠭᠠᠵᠠᠷ ᠰᠢᠷᠣᠢ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ | ᠳᠣᠲᠣᠷᠠᠬᠢ ᠲᠠᠷᠢᠶᠠᠨ ᠭᠠᠵᠠᠷ ᠳᠡᠭᠡᠷ᠎ᠡ᠂ ᠤᠯᠤᠰ ᠤᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠬᠦ | ᠪᠤᠶᠤ ᠤᠯᠤᠰ ᠤᠨ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠤᠭᠰᠠᠨ ᠬᠠᠯᠬᠠᠪᠴᠢ ᠣᠶ | ᠪᠠ ᠰᠠᠭᠠᠳ ᠦᠭᠡᠢ ᠨᠡᠪᠲᠡᠷᠡᠬᠦ ᠵᠠᠮ ᠵᠡᠷᠭᠡ ᠶᠢ ᠬᠡᠷᠡᠭᠵᠢᠭᠦᠯᠦᠭᠰᠡᠨ ᠪᠠᠶᠢᠪᠠᠯ᠂ ᠪᠢᠳᠡ ᠪᠠᠶᠢᠭᠠᠯᠢ ᠶᠢᠨ ᠡᠬᠢ | ᠪᠠᠶᠠᠯᠢᠭ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤ ᠪᠠᠷ ᠵᠢᠷᠤᠭ ᠤᠨ ᠲᠣᠯᠪᠤ ᠶᠢ ᠨᠤᠲᠠᠯᠠᠭᠰᠠᠨ ᠤ | ᠳᠠᠷᠠᠭ᠎ᠠ ᠣᠶᠢᠲᠤ ᠭᠠᠵᠠᠷ ᠤᠨ ᠶᠣᠰᠣᠭᠠᠷ ᠬᠠᠮᠢᠶᠠᠷᠤᠨ᠎ᠠ᠃ ᠬᠤᠶᠠᠷ ᠲᠤ ︽ᠭᠤᠷᠪᠠ ᠶᠢ ᠲᠠᠲᠠᠵᠤ︾ ᠰᠢᠭᠤᠶᠢᠲᠤ | ᠭᠠᠵᠠᠷ ᠪᠣᠯᠭᠠᠨ᠎ᠠ᠂ ᠳᠡᠭᠡᠷ᠎ᠡ ᠳᠤᠷᠠᠳᠤᠭᠰᠠᠨ ᠪᠠᠶᠢᠳᠠᠯ ᠳᠤ ᠲᠣᠭᠠᠴᠠᠭᠳᠠᠬᠤ ᠦᠭᠡᠢ᠂ ᠬᠠᠷᠢᠨ ᠲᠠᠷᠢᠶᠠᠴᠢᠳ ᠤᠨ | ᠬᠠᠤᠯᠢ ᠶᠣᠰᠣᠭᠠᠷ ᠳᠠᠭᠠᠭᠠᠴᠢᠯᠠᠨ ᠡᠵᠡᠩᠨᠡᠵᠦ ᠪᠠᠶᠢᠭ᠎ᠠ ᠲᠠᠷᠢᠶᠠᠨ ᠭᠠᠵᠠᠷ ᠳᠡᠭᠡᠷ᠎ᠡ ᠮᠣᠳᠣ ᠳᠠᠷᠢᠭᠰᠠᠨ ᠳᠤ | ᠲᠣᠭᠠᠴᠠᠭᠳᠠᠪᠠᠯ᠂ ᠪᠢᠳᠡ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠬᠠᠮᠲᠤ ᠪᠠᠷ ᠵᠢᠷᠤᠭ ᠤᠨ ᠲᠣᠯᠪᠤ ᠶᠢ ᠨᠤᠲᠠᠯᠠᠭᠰᠠᠨ ᠤ ᠳᠠᠷᠠᠭ᠎ᠠ᠂ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ | ︾ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ︽ᠲᠠᠷᠢᠶᠠᠨ ᠭᠠᠵᠠᠷ ᠤᠨ | ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠳᠠᠯᠠᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠪᠠᠶᠢᠭᠠᠯᠢ ᠶᠢᠨ ᠡᠬᠢ | ᠪᠠᠶᠠᠯᠢᠭ ᠤᠨ ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠤᠯᠤᠰ ᠤᠨ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ᠵᠡᠷᠭᠡ ᠬᠤᠯᠪᠣᠭᠳᠠᠯ ᠪᠦᠬᠦᠢ ᠳᠦᠷᠢᠮ ᠢ ᠦᠨᠳᠦᠰᠦᠯᠡᠨ᠂ | ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠭᠰᠡᠨ ᠤᠷᠢᠲᠠᠯ ᠳᠣᠣᠷ᠎ᠠ᠂ ᠠᠯᠬᠤᠮ ᠠᠯᠬᠤᠮ ᠢᠶᠠᠷ ᠲᠠᠷᠢᠶᠠᠨ | ᠭᠠᠵᠠᠷ ᠪᠣᠯᠭᠠᠨ ᠰᠡᠷᠭᠦᠭᠡᠵᠦ᠂ ᠣᠶᠢᠲᠤ ᠭᠠᠵᠠᠷ ᠢ ᠬᠢᠨᠠᠨ ᠵᠥᠪᠰᠢᠶᠡᠷᠡᠬᠦ᠂ ᠣᠭᠲᠣᠯᠬᠤ ᠵᠡᠷᠭᠡ ᠭᠠᠷ ᠭᠦᠢᠴᠡᠳᠬᠡᠯ | ᠬᠢᠬᠦ ᠴᠢᠬᠤᠯᠠ ᠦᠭᠡᠢ᠂ ᠣᠶ ᠰᠢᠭᠤᠢ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠳᠤ ᠣᠷᠣᠭᠤᠯᠬᠤ ᠦᠭᠡᠢ᠃ | ᠬᠥᠲᠥᠯᠥᠭᠴᠢ᠄ ᠯᠢ ᠲᠣᠪᠴᠢᠶᠠᠨ ᠳᠠᠷᠤᠭ᠎ᠠ ᠶᠢᠨ ᠬᠠᠷᠢᠭᠤᠯᠲᠠ ᠥᠭᠭᠦᠭᠰᠡᠨ ᠳᠤ ᠲᠠᠯᠠᠷᠬᠠᠵᠤ ᠪᠠᠶᠢᠨ᠎ᠠ᠃ ︽ᠯᠢ | ᠲᠣᠪᠴᠢᠶᠠᠨ ᠳᠠᠷᠤᠭ᠎ᠠ ᠠ᠂ ᠮᠠᠨ ᠤ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠢᠷᠡᠭᠡᠳᠦᠢ ᠶᠢᠨ | ᠠᠵᠢᠯ ᠤᠨ ᠬᠠᠷᠠᠯᠲᠠ ᠶᠠᠮᠠᠷ ᠪᠤᠢ? ᠪᠠᠰᠠ ᠨᠢᠭᠡ ᠤᠳᠠᠭ᠎ᠠ ᠯᠢ ᠲᠣᠪᠴᠢᠶᠠᠨ ᠳᠠᠷᠤᠭ᠎ᠠ ᠠᠴᠠ ᠪᠢᠳᠡᠨ ᠳᠤ | ᠲᠠᠨᠢᠯᠴᠠᠭᠤᠯᠤᠭᠠᠳ ᠥᠭᠬᠦ ᠪᠣᠯᠪᠠᠤ᠃ | ᠯᠢ ᠴᠧᠩ ᠶᠢᠩ ᠲᠣᠪᠴᠢᠶᠠᠨ ᠳᠠᠷᠤᠭ᠎ᠠ᠄ ᠵᠠ᠃ ᠳᠣᠣᠷ᠎ᠠ ᠬᠠᠭᠠᠰ ᠵᠢᠯ ᠳᠤ᠂ ᠣᠶ ᠰᠢᠭᠤᠢ ᠡᠪᠡᠰᠦ | ᠪᠡᠯᠴᠢᠭᠡᠷ ᠤᠨ ᠲᠣᠪᠴᠢᠶ᠎ᠠ ᠳᠣᠣᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠠᠳᠬᠤᠬᠤ ᠪᠠᠷ ᠲᠥᠯᠥᠪᠯᠡᠵᠦ᠂ | ︵ᠨᠢᠭᠡ︶ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠦᠷᠭᠦᠯᠵᠢᠯᠡᠨ | ᠴᠢᠩᠭᠠᠳᠬᠠᠵᠤ᠂ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ | ︽ᠬᠤᠶᠠᠷ ᠢ ᠲᠣᠭᠲᠠᠭᠠᠬᠤ︾ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ | ︽ᠲᠦᠷᠪᠡᠨ ᠤᠬᠠᠮᠰᠠᠷ︾ ᠢ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠭᠤᠣᠯ ᠱᠤᠭᠤᠮ ᠤᠨ | ᠲᠣᠭᠤᠷᠢᠨ ᠳᠤ᠂ ᠦᠵᠡᠯ ᠰᠠᠨᠠᠭ᠎ᠠ ᠣᠪᠣᠷ ᠰᠤᠷᠲᠠᠯ ᠰᠠᠶᠢᠨ᠂ ᠬᠡᠷᠡᠭᠵᠢᠭᠦᠯᠬᠦ ᠴᠢᠳᠠᠪᠤᠷᠢ ᠴᠢᠩᠭ᠎ᠠ ᠰᠢᠨ᠎ᠡ ᠴᠠᠭ | ᠦᠶ᠎ᠡ ᠶᠢᠨ ᠤᠢ ᠰᠢᠭᠤᠢ ᠡᠪᠡᠰᠦ ᠪᠡᠯᠴᠢᠭᠡᠷ ᠤᠨ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ ︵ᠬᠤᠶᠠᠷ︶ ᠣᠶ ᠰᠢᠭᠤᠢ | ᠡᠪᠡᠰᠦ ᠪᠡᠯᠴᠢᠭᠡᠷ ᠤᠨ ᠦᠢᠯᠡᠳᠪᠦᠷᠢᠯᠡᠯ ᠤᠨ ᠠᠵᠢᠯ ᠢ ᠰᠠᠶᠢᠲᠤᠷ ᠪᠡᠶᠡᠯᠡᠭᠦᠯᠵᠦ᠂ ᠪᠡᠶᠡᠯᠡᠭᠦᠯᠦᠭᠡᠳᠦᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠤᠨ᠂ ᠨᠢᠭᠡᠳᠦᠯᠲᠡᠢ ᠲᠥᠯᠥᠪᠯᠡᠨ | ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠣᠶ ᠰᠢᠭᠤᠢ ᠡᠪᠡᠰᠦ ᠪᠡᠯᠴᠢᠭᠡᠷ ᠤᠨ | ᠦᠢᠯᠡᠳᠪᠦᠷᠢᠯᠡᠯ ᠤᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ︵ᠭᠤᠷᠪᠠ︶ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠦᠯᠯᠡᠷᠭᠡᠭᠵᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ | ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠠᠷᠢᠯᠴᠠᠬᠤ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠵᠤ᠂ ︽ᠲᠠᠪᠤᠨ ᠶᠡᠭᠡ ᠡᠭᠦᠷᠭᠡ︾ ᠶᠢ | ᠪᠣᠳᠠᠲᠠᠢ ᠦᠷ᠎ᠡ ᠪᠦᠲᠦᠮᠵᠢᠲᠡᠶ ᠪᠠᠷ ᠰᠠᠶᠢᠲᠤᠷ ᠪᠡᠶᠡᠯᠡᠭᠦᠯᠦᠨ᠎ᠡ᠃ ᠨᠤᠲᠤᠭ ᠪᠡᠯᠴᠢᠭᠡᠷ ᠬᠢᠭᠡᠳ ᠣᠶ ᠰᠢᠭᠤᠢ ᠶᠢᠨ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ᠂ | ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ᠂ ᠨᠡᠭᠦᠷᠡᠰᠦᠲᠥ᠋ᠷᠥᠭᠴᠢ ᠶᠢ ᠬᠤᠷᠠᠭᠤᠯᠬᠤ | ᠠᠵᠢᠯ ᠵᠡᠷᠭᠡ ︽ᠲᠠᠪᠤᠨ ᠶᠡᠭᠡ ᠡᠭᠦᠷᠭᠡ︾ ᠳᠤ ᠬᠤᠯᠪᠣᠭᠳᠠᠬᠤ ᠲᠥᠷᠥᠯ ᠵᠦᠢᠯ ᠤᠨ ᠢᠨᠵᠧᠨᠧᠷᠢᠩ ᠢ ᠬᠢᠨᠠᠮᠠᠭᠠᠢ | ᠰᠠᠶᠢᠲᠤᠷ ᠬᠡᠷᠡᠭᠵᠢᠭᠦᠯᠦᠨ᠎ᠡ᠃ ︵ᠳᠥᠷᠪᠡ︶ ᠪᠤᠰᠤᠳ ᠠᠵᠢᠯ ᠢ ᠰᠠᠶᠢᠲᠤᠷ ᠬᠢᠨ᠎ᠡ ① ᠪᠠᠶᠢᠭᠤᠯᠭ᠎ᠠ ᠶᠢᠨ | ᠳᠣᠲᠣᠭᠠᠳᠤ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ ᠪᠠᠶᠢᠭᠤᠯᠭ᠎ᠠ ᠶᠢᠨ | ᠰᠤᠷᠲᠠᠯ ᠤᠨ ᠰᠠᠶᠢᠵᠢᠷᠠᠯᠲᠠ ᠪᠠ ᠦᠢᠯᠡᠴᠢᠯᠡᠭᠡᠨ ᠤ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠠᠬᠢᠭᠤᠯᠤᠨ᠂ ᠡᠯ᠎ᠡ | ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠠᠷᠯᠢᠭ ᠴᠠᠭᠠᠵᠠ ᠶᠢ ᠳᠠᠭᠠᠬᠤ᠂ ᠵᠠᠰᠠᠭ ᠤᠨ | ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠪᠠᠲᠤᠯᠠᠨ᠎ᠠ᠃ ② ᠵᠠᠬᠢᠳᠠᠯ ᠰᠣᠷᠪᠤᠯᠵᠢᠯᠠᠭ᠎ᠠ ᠪᠠ ᠠᠮᠤᠷ ᠲᠦᠪᠰᠢᠨ ᠢ | ᠪᠠᠲᠤᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ | ᠰᠡᠷᠭᠡᠶᠢᠯᠡᠬᠦ ᠪᠠᠷ ᠭᠤᠣᠯ ᠪᠣᠯᠭᠠᠨ ᠶᠡᠷᠦᠩᠬᠡᠶᠢᠯᠡᠨ ᠬᠠᠮᠢᠶᠠᠷᠬᠤ ᠴᠢᠭᠯᠡᠯᠲᠡ ᠶᠢ ᠲᠤᠭᠤᠰᠢᠯᠠᠭᠤᠯᠤᠨ᠂ ᠠᠮᠢ ᠨᠠᠰᠤ ᠶᠢ | ᠠᠯᠢᠪᠠ ᠠᠴᠠ ᠳᠡᠭᠡᠭᠦᠷ ᠪᠠᠶᠢᠯᠭᠠᠬᠤ ᠣᠶᠢᠯᠠᠭᠠᠭᠳᠠᠬᠤᠨ ᠢ ᠣᠢ ᠰᠢᠭᠤᠢ ᠡᠪᠡᠰᠦ ᠪᠡᠯᠴᠢᠭᠡᠷ ᠤᠨ ᠦᠢᠯᠡᠳᠪᠦᠷᠢᠯᠡᠯ | ᠡᠵᠡᠩᠨᠡᠯᠲᠡ ᠪᠠ ᠬᠠᠮᠢᠶᠠᠷᠤᠯᠲᠠ ᠳᠤ ᠨᠠᠶᠢᠳᠠᠪᠤᠷᠢᠵᠢᠭᠤᠯᠤᠨ᠎ᠠ᠃ ᠭᠤᠷᠪᠠ᠂ ᠠᠮᠢ ᠠᠬᠤᠢ ᠶᠢᠨ ᠬᠠᠮᠠᠭᠠᠯᠠᠯᠲᠠ ᠶᠢᠨ | ᠡᠷᠴᠢᠮ ᠢ ᠴᠢᠩᠭᠠᠷᠠᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠨ᠂ | ᠣᠶ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠬᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠬᠠᠮᠠᠭᠠᠯᠠᠨ᠎ᠠ᠃ ④ ᠰᠢᠶᠠᠨ ᠤ ᠨᠠᠮ ᠤᠨ ᠬᠤᠷᠢᠶ᠎ᠠ | ᠰᠢᠶᠠᠨ ᠤ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ | ᠲᠤᠰᠢᠶᠠᠭᠰᠠᠨ ᠪᠤᠰᠤᠳ ᠡᠯ᠎ᠡ ᠵᠦᠢᠯ ᠤᠨ ᠠᠵᠢᠯ ᠪᠠ ᠡᠭᠦᠷᠭᠡ ᠶᠢ ᠨᠠᠷᠢᠨ ᠬᠢᠨᠠᠮᠠᠭᠠᠢ ᠰᠠᠶᠢᠲᠤᠷ | ᠨᠠᠶᠢᠳᠠᠪᠤᠷᠢᠵᠢᠭᠤᠯᠤᠨ᠎ᠠ᠃ | ᠬᠥᠲᠥᠯᠥᠭᠴᠢ᠄ ᠯᠢ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠭ᠎ᠠ ᠳᠤ ᠲᠠᠯᠠᠷᠬᠠᠵᠤ ᠪᠠᠶᠢᠨ᠎ᠠ︕ ᠡᠭᠦᠨ ᠤ | ᠵᠡᠷᠭᠡ ᠳᠤ ᠰᠦᠯᠵᠢᠶᠡᠨ ᠤ ᠠᠨᠳᠠ ᠨᠠᠷ ᠤᠨ ᠢᠳᠡᠪᠬᠢᠲᠡᠢ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠃ ᠨᠠᠶᠢᠵᠠ ᠨᠠᠷ | ᠠ᠂ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠪᠤᠯᠤᠩ᠂ ᠪᠢᠳᠡ ᠲᠠᠷᠠᠭᠠᠴᠢ ᠶᠢᠨ ᠬᠤᠭᠤᠴᠠᠭᠠᠨ ᠳᠤ ᠳᠠᠬᠢᠨ | ᠠᠭᠤᠯᠵᠠᠶ᠎ᠠ᠃ | | |