ᠵᠤᠤ ᠬᠠᠨ ᠤ ᠤᠭ ᠨᠤᠲᠤᠭ
ᠨᠡᠶᠢᠲᠡᠯᠡᠭᠰᠡᠨ ᠴᠠᠭ᠄
2023/11/9
ᠵᠣᠣ ᠤᠯᠤᠰ ᠬᠠᠨ ᠤᠯᠤᠰ ᠤᠨ ᠬᠠᠭᠤᠴᠢᠨ ᠨᠤᠲᠤᠭ ᡺ ᠰᠢᠶᠠᠨ ᠤ ᠬᠢᠯᠢ ᠶᠢᠨ ᠬᠠᠭᠤᠴᠢᠨ ᠴᠢᠯᠠᠭᠤᠨ ᠵᠡᠪᠰᠡᠭ ᠤᠨ ᠰᠡᠭᠦᠯᠴᠢ ᠶᠢᠨ ᠦᠶ᠎ᠡ ᠳᠤ ᠳᠠᠷᠤᠢ ᠡᠪᠦᠭᠡ ᠳᠡᠭᠡᠳᠦᠰ ᠠᠵᠤ ᠲᠥᠷᠥᠵᠦ᠂ ᠪᠠᠶᠢᠯᠳᠤᠭᠠᠨᠲᠤ ᠤᠯᠤᠰ᠂ ᠬᠤᠶᠠᠷ ᠬᠠᠨ ᠤᠯᠤᠰ ᠤᠨ ᠦᠶ᠎ᠡ ᠳᠤ ᠳᠠᠷᠤᠢ ᠶᠦᠨ ᠵᠥᠩ᠂ ᠳ᠋ᠢᠩ ᠰᠢᠶᠠᠩ᠂ ᠶᠠᠨ ᠮᠧᠨ᠂ ᠦ᠋ ᠶᠣᠣ ᠵᠡᠷᠭᠡ ᠵᠢᠶᠦ᠋ᠨ ᠰᠢᠶᠠᠨ ᠢ ᠪᠠᠶᠢᠭᠤᠯᠵᠤ᠂ ᠡᠷᠲᠡᠨ ᠤ ᠵᠣᠣ ᠤᠯᠤᠰ ᠤᠨ ᠤᠮᠠᠷᠠᠲᠤ ᠬᠡᠰᠡᠭ ᠤᠨ ᠤᠷᠲᠤ ᠴᠠᠭᠠᠨ ᠬᠡᠷᠡᠮ ᠪᠠ ᠮᠠᠰᠢ ᠣᠯᠠᠨ ᠡᠷᠲᠡᠨ ᠤ ᠬᠤᠲᠠ ᠶᠢᠨ ᠪᠠᠭᠤᠷᠢ  ᠶᠢ ᠦᠯᠡᠳᠡᠭᠡᠭᠰᠡᠨ ᠪᠠᠶᠢᠨ᠎ᠠ᠃ ᠬᠢᠯᠢ ᠶᠢᠨ ᠳᠣᠲᠣᠷᠠᠬᠢ ᠬᠠᠲᠤᠨ ᠭᠤᠣᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠬᠤᠪᠢᠰᠬᠠᠯ ᠤᠨ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ ᠠᠭᠤᠰᠤᠯᠴᠠᠨ ᠠᠭᠤᠰᠤᠯᠴᠠᠵᠤ᠂ ᠭᠠᠵᠠᠷ ᠣᠷᠣᠨ ᠤ ᠣᠨᠴᠠᠯᠢᠭ ᠢᠶᠠᠷ ᠲᠤᠶᠢᠯ ᠤᠨ ᠪᠠᠶᠠᠯᠢᠭ ᠶᠡᠭᠡ ᠬᠠᠷ᠎ᠠ ᠭᠤᠣᠯ ᠤᠨ ᠰᠣᠶᠣᠯ ᠢ ᠪᠦᠷᠢᠯᠳᠦᠭᠦᠯᠵᠦ᠂ ᠦᠶ᠎ᠡ ᠦᠶ᠎ᠡ ᠶᠢᠨ ᠭᠠᠷᠮᠠᠭᠠᠢ ᠬᠥᠮᠥᠰ ᠢ ᠨᠥᠯᠥᠭᠡᠯᠡᠪᠡ᠃ ᠵᠦᠸᠧᠽᠢ ᠶᠢᠨ ᠤᠲᠤᠮᠠᠯ ᠲᠠᠬᠢᠶ᠎ᠠ ᠵᠠᠭᠤᠨ ᠵᠢᠯ ᠤᠨ ᠠᠩᠬᠢᠯᠤᠮ᠎ᠠ ᠦᠨᠦᠷ ᠬᠠᠩᠬᠤᠯᠵᠤ᠂ ᠨᠣᠮ ᠤᠨ ᠵᠠᠬ᠎ᠠ ᠳᠡᠯᠭᠡᠭᠦᠷ ᠲᠤ ᠨᠡᠷ᠎ᠡ ᠠᠯᠳᠠᠷᠰᠢᠵᠤ᠂︽ᠤᠲᠤᠮᠠᠯ ᠲᠠᠬᠢᠶ᠎ᠠ ᠶᠢᠨ ᠨᠤᠲᠤᠭ︾᠂︽ᠨᠣᠮ ᠤᠨ ᠬᠤᠳᠠ︾ᠭᠡᠬᠦ ᠰᠠᠶᠢᠬᠠᠨ ᠠᠯᠳᠠᠷ ᠲᠠᠢ ᠪᠠᠶᠢᠵᠤ᠂ ᠣᠶᠢᠷ᠎ᠠ ᠶᠢᠨ ᠵᠢᠯ ᠤᠳ ᠲᠤ ᠳᠤᠮᠳᠠᠳᠤ ᠶᠢᠨ ᠰᠢᠯᠦᠭ ᠳᠠᠭᠤᠯᠠᠯ ᠤᠨ ᠨᠤᠲᠤᠭ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠳᠠ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠰᠢᠶᠠᠨ᠂ ᠤᠯᠤᠰ ᠤᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠢᠶᠠᠨ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠳᠠ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠰᠢᠶᠠᠨ ᠤ ᠬᠤᠳᠠ ᠵᠡᠷᠭᠡ ᠤᠯᠤᠰ ᠪᠠ ᠲᠣᠭᠤᠷᠢᠭ᠂ ᠬᠤᠳᠠ ᠶᠢᠨ ᠲᠡᠰ ᠤᠨ 20 ᠭᠠᠷᠤᠢ ᠵᠦᠢᠯ ᠤᠨ ᠢᠷᠠᠭᠤ ᠠᠯᠳᠠᠷ ᠢ ᠬᠦᠷᠲᠡᠵᠡᠢ᠃  
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2