ᠵᠦᠸᠧᠽᠢ ᠰᠢᠶᠠᠨ ᠤᠯᠠᠭᠠᠨᠴᠠᠪ ᠬᠤᠳᠠ ᠶᠢᠨ ᠪᠠᠷᠠᠭᠤᠨ ᠪᠡᠶ᠎ᠡ ᠳᠤ ᠪᠠᠶᠢᠷᠢᠯᠠᠵᠤ᠂ ᠰᠢᠶᠠᠨ ᠤ ᠬᠡᠪᠴᠢᠶᠡᠨ ᠤ | ᠶᠡᠷᠦᠩᠬᠡᠢ ᠲᠠᠯᠠᠪᠠᠢ ᠨᠢ 3100 ᠲᠡᠭᠰᠢ ᠳᠥᠷᠪᠡᠯᠵᠢᠨ ᠺᠢᠯᠤᠮᠥᠲᠷ ᠪᠠᠶᠢᠵᠤ᠂ 3 ᠰᠢᠶᠠᠩ 5 ᠪᠠᠯᠭᠠᠰᠤ ᠶᠢ | ᠬᠠᠷᠢᠶᠠᠯᠠᠵᠤ᠂ ᠪᠦᠬᠦ ᠰᠢᠶᠠᠨ ᠤ ᠶᠡᠷᠦᠩᠬᠡᠢ ᠬᠥᠮᠥᠨ ᠠᠮᠠ 19.21 ᠲᠦᠮᠡ᠂ ᠪᠠᠶᠢᠩᠭᠤ ᠰᠠᠭᠤᠭ᠎ᠠ ᠬᠥᠮᠥᠨ ᠠᠮᠠ 8. | 56 ᠲᠦᠮᠡ ᠳᠤ ᠬᠦᠷᠴᠡᠢ᠃ ︵2023 ᠣᠨ ᠤ 7 ᠰᠠᠷ᠎ᠠ ᠶᠢᠨ 1 ᠤ ᠡᠳᠦᠷ ᠠᠴᠠ ᠰᠢᠨᠡᠳᠬᠡᠪᠡ︶᠃ ᠬᠢᠯᠢ ᠶᠢᠨ | ᠳᠣᠲᠣᠷ᠎ᠠ ᠠᠴᠠ ᠡᠬᠢ ᠠᠪᠤᠭᠰᠠᠨ ᠶᠡᠭᠡ ᠬᠠᠷ᠎ᠠ ᠭᠤᠣᠯ ᠪᠣᠯ ᠬᠠᠲᠤᠨ ᠭᠤᠣᠯ ᠤᠨ ᠨᠢᠭᠡᠳᠦᠭᠡᠷ ᠳᠡᠰ ᠤᠨ | ᠴᠢᠳᠬᠤᠯᠠᠩ ᠳᠤ ᠬᠠᠷᠢᠶᠠᠯᠠᠭᠳᠠᠵᠤ᠂ ᠰᠢᠶᠠᠨ ᠤ ᠳᠣᠲᠣᠷᠠᠬᠢ 86 ᠺᠢᠯᠣᠮᠧᠲᠷ᠂ ᠰᠠᠪᠠ ᠭᠠᠵᠠᠷ ᠤᠨ ᠲᠠᠯᠠᠪᠠᠶ ᠨᠢ | 2532 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠵᠦᠸᠧᠽᠢ ᠶᠢᠨ ᠡᠵᠢ ᠭᠤᠣᠯ ᠪᠣᠯᠣᠨ᠎ᠠ᠃ ᠵᠦᠸᠧᠽᠢ | ᠰᠢᠶᠠᠨ ᠳᠤ ᠬᠠᠭᠤᠴᠢᠨ ᠴᠢᠯᠠᠭᠤᠨ ᠵᠡᠪᠰᠡᠭ ᠤᠨ ᠰᠡᠭᠦᠯᠴᠢ ᠶᠢᠨ ᠦᠶ᠎ᠡ ᠳᠤ ᠳᠠᠷᠤᠢ ᠡᠪᠦᠭᠡ ᠳᠡᠭᠡᠳᠦᠰ ᠠᠮᠢᠳᠤᠷᠠᠵᠤ᠂ | ᠪᠠᠶᠢᠯᠳᠤᠭᠠᠨᠲᠤ ᠤᠯᠤᠰ᠂ ᠬᠤᠶᠠᠷ ᠬᠠᠨ ᠤᠯᠤᠰ ᠤᠨ ᠦᠶ᠎ᠡ ᠳᠤ ᠳᠠᠷᠤᠢ ᠶᠦᠨ ᠵᠥᠩ᠂ ᠳ᠋ᠢᠩ ᠰᠢᠶᠠᠩ᠂ ᠶᠠᠨ ᠮᠧᠨ | ᠂ ᠦ᠋ ᠶᠣᠣ ᠵᠡᠷᠭᠡ ᠵᠢᠶᠦ᠋ᠨ ᠰᠢᠶᠠᠨ ᠢ ᠪᠠᠶᠢᠭᠤᠯᠵᠠᠢ᠃ 1948 ᠣᠨ ᠳᠤ ᠾᠧ ᠯᠦᠩ ᠮᠠᠷᠱᠠᠯ ᠵᠦᠸᠧᠽᠢ ᠣᠷᠣᠨ ᠢ | ᠴᠢᠯᠦᠭᠡᠯᠡᠭᠰᠡᠨ ᠳᠤ᠂ ᠤᠯᠠᠭᠠᠨᠬᠦᠦ ᠲᠡᠷᠢᠭᠦᠯᠡᠭᠴᠢ ᠴᠠᠬᠢᠯᠭᠠᠨ ᠮᠡᠳᠡᠭᠡ ᠶᠠᠪᠤᠭᠤᠯᠵᠤ ︽ᠯᠦᠩ ᠱᠧᠩ︾ ᠰᠢᠶᠠᠨ ᠢ | ᠰᠠᠯᠭᠠᠨ ᠲᠣᠬᠢᠷᠠᠭᠤᠯᠪᠠ᠂ 1952 ᠣᠨ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ ᠨᠡᠷ᠎ᠡ ᠶᠢᠨ | ᠵᠢᠷᠤᠮᠵᠢᠯ ᠠᠴᠠ ᠪᠣᠯᠵᠤ᠂ ᠭᠤᠸᠠᠩᠰᠢ ᠶᠢᠨ ᠯᠦᠩ ᠱᠧᠩ ᠤᠨ ᠡᠯ᠎ᠡ ᠦᠨᠳᠦᠰᠦᠲᠡᠨ ᠤ ᠥᠪᠡᠷᠲᠡᠭᠡᠨ ᠵᠠᠰᠠᠬᠤ | ᠰᠢᠶᠠᠨ ᠲᠠᠢ ᠨᠡᠷ᠎ᠡ ᠳᠤᠷᠠᠳᠤᠭᠰᠠᠨ ᠠᠴᠠ ︽ᠵᠦᠸᠧᠽᠢ︾ ᠰᠢᠶᠠᠨ ᠭᠡᠵᠦ ᠬᠠᠯᠠᠪᠠ᠃ | ᠵᠡᠭᠡᠯᠢ ᠭᠤᠳᠤᠮᠵᠢ ᠶᠢᠨ ᠴᠢᠬᠤᠯᠠ ᠭᠠᠵᠠᠷ ︱ ᠰᠢᠶᠠᠨ ᠤ ᠬᠢᠯᠢ ᠠᠴᠠ ᠪᠠᠷᠠᠭᠤᠨᠰᠢ ᠪᠠᠨ ᠲᠥᠪ ᠲᠠᠢ ᠬᠥᠷᠰᠢᠯᠡᠵᠦ᠂ | ᠵᠡᠭᠦᠨᠰᠢ ᠪᠠᠨ ᠬᠤᠳᠠ ᠶᠢᠨ ᠵᠠᠰᠠᠭ ᠤᠨ ᠣᠷᠳᠣᠨ ᠲᠠᠢ ᠵᠠᠯᠭᠠᠯᠳᠤᠵᠤ᠂ ᠡᠷᠲᠡᠨ ᠠᠴᠠ ᠪᠠᠨ ︽ᠹᠥ᠋ᠩ ᠵᠧᠦ ᠶᠢᠨ | ᠴᠡᠴᠡᠷᠡᠭᠰᠡᠨ ᠬᠤᠭᠤᠯᠠᠢ᠂ ᠬᠦᠢ ᠰᠦᠢ ᠬᠠᠭᠠᠯᠭ᠎ᠠ︾ ᠶᠢᠨ ᠭᠠᠵᠠᠷ ᠪᠠᠶᠢᠵᠤ᠂ ᠤᠯᠠᠭᠠᠨᠴᠠᠪ ᠬᠤᠳᠠ ᠶᠢᠨ ︽ᠪᠠᠷᠠᠭᠤᠨ | ᠶᠡᠭᠡ ᠬᠠᠭᠠᠯᠭ᠎ᠠ︾᠂ ᠬᠥᠬᠡᠬᠤᠲᠠ ᠶᠢᠨ ︽ᠠᠷᠤ ᠴᠡᠴᠡᠷᠯᠢᠭ︾ᠪᠣᠯᠣᠨ᠎ᠠ᠃ G6᠂ G7᠂ ᠪᠡᠭᠡᠵᠢᠩ ᠠᠴᠠ ᠪᠤᠭᠤᠲᠤ | ᠬᠦᠷᠬᠦ ᠲᠡᠮᠦᠷ ᠵᠠᠮ ᠤᠨ ᠬᠤᠣᠰ ᠳᠠᠪᠬᠤᠷ ᠱᠤᠭᠤᠮ᠂ ᠬᠥᠬᠡᠬᠤᠲᠠ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ | ᠬᠤᠷᠳᠤᠴᠠᠲᠤ ᠲᠡᠮᠦᠷ ᠵᠠᠮ ᠵᠡᠷᠭᠡ 10 ᠭᠠᠷᠤᠢ ᠵᠠᠮ ᠬᠠᠷᠢᠯᠴᠠᠭᠠᠨ ᠤ ᠭᠤᠣᠯ ᠱᠤᠭᠤᠮ ᠬᠥᠨᠳᠡᠯᠡᠨ ᠭᠤᠯᠳᠤ ᠪᠠᠷ | ᠥᠩᠭᠡᠷᠡᠵᠦ᠂ ᠪᠠᠷᠠᠭᠤᠨᠰᠢ ᠪᠠᠨ ᠴᠠᠭᠠᠨ ᠰᠤᠪᠤᠷᠭ᠎ᠠ ᠶᠢᠨ ᠣᠯᠠᠨ ᠤᠯᠤᠰ ᠤᠨ ᠨᠢᠰᠬᠡᠯ ᠤᠨ ᠪᠠᠭᠤᠳᠠᠯ ᠠᠴᠠ 70 | ᠺᠢᠯᠣᠮᠧᠲᠷ ᠵᠠᠶᠢᠲᠠᠢ᠂ ᠵᠡᠭᠦᠨᠰᠢ ᠪᠠᠨ ᠵᠢᠨᠢᠩ ᠨᠢᠰᠬᠡᠯ ᠤᠨ ᠪᠠᠭᠤᠳᠠᠯ ᠠᠴᠠ 50 ᠺᠢᠯᠣᠮᠧᠲᠷ ᠵᠠᠶᠢᠲᠠᠢ᠂ ᠳᠡᠭᠡᠳᠦ | ᠬᠤᠷᠳᠤᠴᠠᠲᠤ ᠲᠡᠮᠦᠷ ᠵᠠᠮ 25 ᠮᠢᠨᠦ᠋ᠲ ᠲᠤ ᠰᠢᠭᠤᠳ ᠬᠥᠬᠡᠬᠤᠲᠠ ᠳᠤ ᠬᠦᠷᠴᠦ᠂ 2 ᠴᠠᠭ ᠲᠤ ᠪᠡᠭᠡᠵᠢᠩ ᠳᠤ | ᠨᠡᠪᠲᠡᠷᠡᠵᠦ᠂ ᠨᠢᠭᠡᠨᠲᠡ ︽ᠨᠡᠶᠢᠰᠯᠡᠯ ᠤᠨ 1 ᠴᠠᠭ ᠤᠨ ᠠᠵᠤ ᠠᠬᠤᠢ ᠶᠢᠨ ᠲᠣᠭᠤᠷᠢᠭ︾ ᠪᠠ ︽ᠣᠷᠣᠨ ᠤ | ᠲᠥᠪ ᠤᠨ ᠬᠠᠭᠠᠰ ᠴᠠᠭ ᠤᠨ ᠠᠮᠢᠳᠤᠷᠠᠯ ᠤᠨ ᠲᠣᠭᠤᠷᠢᠭ︾ ᠲᠤ ᠠᠭᠤᠰᠤᠨ ᠣᠷᠣᠭᠰᠠᠨ ᠪᠠᠶᠢᠨ᠎ᠠ᠃ | ᠵᠣᠣ ᠤᠯᠤᠰ ᠬᠠᠨ ᠤᠯᠤᠰ ᠤᠨ ᠬᠠᠭᠤᠴᠢᠨ ᠨᠤᠲᠤᠭ ᠰᠢᠶᠠᠨ ᠤ ᠬᠢᠯᠢ ᠶᠢᠨ ᠬᠠᠭᠤᠴᠢᠨ ᠴᠢᠯᠠᠭᠤᠨ | ᠵᠡᠪᠰᠡᠭ ᠤᠨ ᠰᠡᠭᠦᠯᠴᠢ ᠶᠢᠨ ᠦᠶ᠎ᠡ ᠳᠤ ᠳᠠᠷᠤᠢ ᠡᠪᠦᠭᠡ ᠳᠡᠭᠡᠳᠦᠰ ᠠᠵᠤ ᠲᠥᠷᠥᠵᠦ᠂ ᠪᠠᠶᠢᠯᠳᠤᠭᠠᠨᠲᠤ ᠤᠯᠤᠰ᠂ | ᠬᠤᠶᠠᠷ ᠬᠠᠨ ᠤᠯᠤᠰ ᠤᠨ ᠦᠶ᠎ᠡ ᠳᠤ ᠳᠠᠷᠤᠢ ᠶᠦᠨ ᠵᠥᠩ᠂ ᠳ᠋ᠢᠩ ᠰᠢᠶᠠᠩ᠂ ᠶᠠᠨ ᠮᠧᠨ᠂ ᠦ᠋ ᠶᠣᠣ ᠵᠡᠷᠭᠡ | ᠵᠢᠶᠦ᠋ᠨ ᠰᠢᠶᠠᠨ ᠢ ᠪᠠᠶᠢᠭᠤᠯᠵᠤ᠂ ᠡᠷᠲᠡᠨ ᠤ ᠵᠣᠣ ᠤᠯᠤᠰ ᠤᠨ ᠤᠮᠠᠷᠠᠲᠤ ᠬᠡᠰᠡᠭ ᠤᠨ ᠤᠷᠲᠤ ᠴᠠᠭᠠᠨ ᠬᠡᠷᠡᠮ ᠪᠠ | ᠮᠠᠰᠢ ᠣᠯᠠᠨ ᠡᠷᠲᠡᠨ ᠤ ᠬᠤᠲᠠ ᠶᠢᠨ ᠪᠠᠭᠤᠷᠢ ᠶᠢ ᠦᠯᠡᠳᠡᠭᠡᠭᠰᠡᠨ ᠪᠠᠶᠢᠨ᠎ᠠ᠃ ᠬᠢᠯᠢ ᠶᠢᠨ ᠳᠣᠲᠣᠷᠠᠬᠢ ᠬᠠᠲᠤᠨ | ᠭᠤᠣᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠬᠤᠪᠢᠰᠬᠠᠯ ᠤᠨ ᠰᠣᠶᠣᠯ᠂ ᠠᠷᠠᠳ ᠤᠨ ᠵᠠᠩ ᠦᠢᠯᠡ ᠶᠢᠨ | ᠰᠣᠶᠣᠯ ᠠᠭᠤᠰᠤᠯᠴᠠᠨ ᠠᠭᠤᠰᠤᠯᠴᠠᠵᠤ᠂ ᠭᠠᠵᠠᠷ ᠣᠷᠣᠨ ᠤ ᠣᠨᠴᠠᠯᠢᠭ ᠢᠶᠠᠷ ᠲᠤᠶᠢᠯ ᠤᠨ ᠪᠠᠶᠠᠯᠢᠭ ᠶᠡᠭᠡ ᠬᠠᠷ᠎ᠠ | ᠭᠤᠣᠯ ᠤᠨ ᠰᠣᠶᠣᠯ ᠢ ᠪᠦᠷᠢᠯᠳᠦᠭᠦᠯᠵᠦ᠂ ᠦᠶ᠎ᠡ ᠦᠶ᠎ᠡ ᠶᠢᠨ ᠭᠠᠷᠮᠠᠭᠠᠢ ᠬᠥᠮᠥᠰ ᠢ ᠨᠥᠯᠥᠭᠡᠯᠡᠪᠡ᠃ ᠵᠦᠸᠧᠽᠢ ᠶᠢᠨ | ᠤᠲᠤᠮᠠᠯ ᠲᠠᠬᠢᠶ᠎ᠠ ᠵᠠᠭᠤᠨ ᠵᠢᠯ ᠤᠨ ᠠᠩᠬᠢᠯᠤᠮ᠎ᠠ ᠦᠨᠦᠷ ᠬᠠᠩᠬᠤᠯᠵᠤ᠂ ᠨᠣᠮ ᠤᠨ ᠵᠠᠬ᠎ᠠ ᠳᠡᠯᠭᠡᠭᠦᠷ ᠲᠤ ᠨᠡᠷ᠎ᠡ | ᠠᠯᠳᠠᠷᠰᠢᠵᠤ᠂︽ᠤᠲᠤᠮᠠᠯ ᠲᠠᠬᠢᠶ᠎ᠠ ᠶᠢᠨ ᠨᠤᠲᠤᠭ︾᠂︽ᠨᠣᠮ ᠤᠨ ᠬᠤᠳᠠ︾ᠭᠡᠬᠦ ᠰᠠᠶᠢᠬᠠᠨ ᠠᠯᠳᠠᠷ ᠲᠠᠢ ᠪᠠᠶᠢᠵᠤ᠂ | ᠣᠶᠢᠷ᠎ᠠ ᠶᠢᠨ ᠵᠢᠯ ᠤᠳ ᠲᠤ ᠳᠤᠮᠳᠠᠳᠤ ᠶᠢᠨ ᠰᠢᠯᠦᠭ ᠳᠠᠭᠤᠯᠠᠯ ᠤᠨ ᠨᠤᠲᠤᠭ᠂ ᠤᠯᠤᠰ ᠤᠨ ᠡᠷᠡᠭᠦᠯ ᠬᠠᠮᠠᠭᠠᠯᠠᠯ ᠤᠨ | ᠰᠢᠶᠠᠨ ᠤ ᠬᠤᠳᠠ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠰᠢᠶᠠᠨ᠂ ᠤᠯᠤᠰ ᠤᠨ | ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠢᠶᠠᠨ᠂ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠰᠢᠶᠠᠨ ᠤ ᠬᠤᠳᠠ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠰᠢᠶᠠᠨ ᠤ ᠬᠤᠳᠠ ᠵᠡᠷᠭᠡ ᠤᠯᠤᠰ | ᠪᠠ ᠲᠣᠭᠤᠷᠢᠭ᠂ ᠬᠤᠳᠠ ᠶᠢᠨ ᠲᠡᠰ ᠤᠨ 20 ᠭᠠᠷᠤᠢ ᠵᠦᠢᠯ ᠤᠨ ᠢᠷᠠᠭᠤ ᠠᠯᠳᠠᠷ ᠢ ᠬᠦᠷᠲᠡᠵᠡᠢ᠃ | ᠪᠡᠶ᠎ᠡ ᠰᠤᠪᠢᠯᠠᠯᠲᠠ ᠶᠢᠨ ᠵᠢᠷᠭᠠᠯᠠᠩᠲᠤ ᠣᠷᠣᠨ ︱ ᠰᠢᠶᠠᠨ ᠤ ᠬᠢᠯᠢ ᠨᠢ ︽ᠵᠤᠰᠠᠯᠠᠩ ᠤᠨ ᠬᠤᠲᠠ︾ ᠪᠣᠯᠬᠤ | ᠤᠯᠠᠭᠠᠨᠴᠠᠪ ᠤᠨ ᠳᠣᠲᠣᠷ᠎ᠠ ᠭᠠᠵᠠᠷ ᠲᠤ ᠪᠠᠶᠢᠷᠢᠯᠠᠵᠤ᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 2.5℃ | ᠪᠠᠶᠢᠵᠤ᠂ ᠵᠣᠨ ᠤ ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ ᠨᠢ 18℃ ᠪᠠᠶᠢᠵᠤ᠂ ᠬᠥᠮᠥᠨ ᠤ ᠪᠡᠶ᠎ᠡ ᠳᠤ | ᠬᠠᠮᠤᠭ ᠤᠨ ᠲᠠᠭᠠᠯᠠᠮᠵᠢᠲᠠᠢ ᠰᠠᠨᠠᠭᠳᠠᠳᠠᠭ ᠳᠤᠯᠠᠭᠠᠨ ᠤ ᠬᠡᠮᠵᠢᠶ᠎ᠡ ᠪᠣᠯᠣᠨ᠎ᠠ᠃ ᠤᠯᠤᠰ ᠤᠨ ᠲᠠᠰ ᠤᠨ ᠣᠶ | ᠰᠢᠭᠤᠢ ᠶᠢᠨ ᠴᠡᠴᠡᠷᠯᠢᠭ᠂ ᠤᠯᠤᠰ ᠤᠨ ᠠᠮᠢ ᠠᠬᠤᠢ ᠶᠢᠨ ᠴᠡᠴᠡᠷᠯᠢᠭ᠂ ᠪᠥᠬᠦ ᠤᠯᠤᠰ ᠤᠨ ᠣᠶ ᠰᠢᠭᠤᠢ ᠶᠢᠨ | ᠡᠷᠡᠭᠦᠯᠵᠢᠯ ᠤᠨ ᠰᠠᠭᠤᠷᠢᠨ ᠭᠠᠵᠠᠷ ᠲᠠᠢ ᠪᠠᠶᠢᠵᠤ᠂ ᠪᠠᠶᠢᠭᠤᠯᠤᠭᠰᠠᠨ ᠲᠣᠭᠤᠷᠢᠭ ᠤᠨ ᠨᠣᠭᠤᠭᠠᠨ ᠬᠥᠷᠥᠰᠥ ᠶᠢᠨ | ᠨᠣᠷᠮ᠎ᠠ 35% ᠳᠤ ᠬᠦᠷᠴᠦ᠂ ᠪᠥᠬᠦ ᠵᠢᠯ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠣᠷᠮ᠎ᠠ | 91% ᠶᠢ ᠳᠠᠪᠠᠪᠠ᠃ ᠪᠠᠶᠢᠭᠠᠯᠢ ᠶᠢᠨ ᠠᠮᠢ ᠠᠬᠤᠢ ᠣᠯᠠᠨ ᠶᠠᠩᠵᠤ ᠶᠢᠨ ᠪᠠᠶᠢᠳᠠᠭ᠃ ᠥᠨᠳᠥᠷ ᠠᠭᠤᠯᠠ ᠶᠢᠨ | ᠲᠠᠯ᠎ᠠ ᠨᠤᠲᠤᠭ᠂ ᠬᠠᠴᠢᠨ ᠰᠣᠨᠢᠨ ᠠᠭᠤᠯᠠ ᠤᠰᠤ᠂ ᠣᠶ ᠮᠣᠳᠣᠨ ᠤ ᠠᠭᠤᠯᠠ ᠨᠢᠷᠤᠭᠤ᠂ ᠡᠷᠲᠡᠨ ᠤ ᠬᠤᠲᠠ ᠶᠢᠨ | ᠤᠯᠠᠭ᠎ᠠ ᠥᠷᠲᠡᠭᠡ ᠰᠣᠯᠪᠢᠴᠠᠨ ᠭᠡᠷᠡᠯᠲᠦᠵᠦ᠂ ᠳᠡᠯᠡᠬᠡᠢ ᠳᠡᠭᠡᠷ᠎ᠡ ᠲᠤᠭ᠎ᠠ ᠪᠠᠷ ᠬᠠᠮᠤᠭ ᠤᠨ ᠴᠥᠭᠡᠨ᠂ ᠥᠩᠭᠡ | ᠦᠵᠡᠮᠵᠢ ᠪᠠᠷ ᠬᠠᠮᠤᠭ ᠤᠨ ᠰᠠᠶᠢᠨ ᠨᠠᠭᠤᠷ ᠤᠨ ᠬᠢᠷ᠎ᠠ ᠶᠢᠨ ᠥᠨᠳᠥᠷ ᠠᠭᠤᠯᠠ ᠶᠢᠨ ᠨᠤᠭᠤ ᠶᠢᠨ ᠲᠠᠯ᠎ᠠ ᠨᠤᠲᠤᠭ ᠲᠠᠢ | ᠂ ︽ᠪᠣᠭᠤᠮᠲᠠ ᠶᠢᠨ ᠭᠠᠳᠠᠨᠠᠬᠢ ᠵᠢᠵᠢᠭ ᠭᠦᠢᠯᠢᠨ︾ ᠬᠡᠮᠡᠭᠳᠡᠭᠰᠡᠨ ᠵᠢᠦ ᠯᠦᠩ ᠸᠠᠨ ︱ ᠬᠤᠩ ᠱᠢ ᠶᠠ ︽ᠵᠠᠭᠤᠨ | ᠭᠠᠵᠠᠷ ᠤᠨ ᠵᠢᠷᠤᠭ ᠤᠨ ᠬᠤᠩᠭᠢᠯ︾ ᠲᠠᠢ᠂ ᠨᠡᠭᠡᠭᠡᠨ ᠬᠥᠭᠵᠢᠭᠦᠯᠬᠦ ᠶᠢ ᠬᠦᠯᠢᠶᠡᠵᠦ ᠪᠠᠶᠢᠭ᠎ᠠ ᠯᠦᠩ ᠱᠧᠩ ᠬᠤ | ᠨᠠᠭᠤᠷ᠂ ᠵᠢᠢ ᠴᠢᠩ ᠰᠢᠶᠠ ᠬᠠᠪᠴᠢᠯ᠂ ᠸᠧ ᠹᠦᠥᠸ᠋ ᠱᠠᠨ ᠠᠭᠤᠯᠠ ᠵᠡᠷᠭᠡ ᠪᠠᠶᠢᠭᠠᠯᠢ ᠶᠢᠨ ᠦᠵᠡᠮᠵᠢ ᠲᠠᠢ ᠪᠠᠶᠢᠵᠤ᠂ | ᠡᠳᠦᠷ ᠲᠡᠭᠡᠨ ︽ᠭᠦᠨ ᠠᠮᠢᠰᠬᠤᠵᠤ︾᠂ ᠰᠥᠨᠢ ᠳᠡᠭᠡᠨ ︽ᠣᠲᠣ ᠲᠣᠭᠠᠯᠠᠵᠤ︾ ᠳᠡᠶᠢᠯᠬᠦ ᠰᠡᠯᠡᠭᠦᠴᠡᠨ ᠠᠮᠠᠷᠠᠬᠤ | ᠬᠦᠰᠡᠯᠡᠩ ᠤᠨ ᠭᠠᠵᠠᠷ ᠪᠣᠯᠣᠨ᠎ᠠ᠃ | ᠡᠬᠢ ᠪᠠᠶᠠᠯᠢᠭ ᠤᠨ ᠡᠷᠳᠡᠨᠢ ᠶᠢᠨ ᠣᠷᠣᠨ ︱ ᠰᠢᠶᠠᠨ ᠤ ᠬᠢᠯᠢ ᠶᠢᠨ ᠤᠰᠤᠨ ᠬᠦᠴᠦᠨ ᠤ ᠡᠬᠢ ᠪᠠᠶᠠᠯᠢᠭ | ᠡᠯᠪᠡᠭ ᠳᠡᠯᠪᠡᠭ ᠪᠠᠶᠢᠵᠤ᠂ ᠬᠠᠲᠤᠨ ᠭᠤᠣᠯ ᠤᠨ ᠨᠢᠭᠡᠳᠦᠭᠡᠷ ᠳᠡᠰ ᠤᠨ ᠴᠢᠳᠬᠤᠯᠠᠩ ᠤᠨ ᠶᠡᠭᠡ ᠬᠠᠷ᠎ᠠ ᠭᠤᠣᠯ ᠤᠨ | ᠬᠢᠯᠢ ᠳᠣᠲᠣᠷᠠᠬᠢ ᠤᠷᠤᠰᠬᠠᠯ ᠤᠨ ᠣᠷᠳᠣ ᠨᠢ 86 ᠺᠢᠯᠣᠮᠧᠲᠷ ᠪᠠᠶᠢᠵᠤ᠂ ᠤᠰᠤᠨ ᠤ ᠡᠬᠢ ᠪᠠᠶᠠᠯᠢᠭ ᠤᠨ ᠶᠡᠷᠦᠩᠬᠡᠢ | ᠬᠡᠮᠵᠢᠶ᠎ᠡ ᠨᠢ ᠵᠢᠯ ᠳᠤ 1.95 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠬᠥᠮᠥᠨ ᠪᠦᠷᠢ ᠳᠤ | ᠳᠤᠮᠳᠠᠴᠢ ᠪᠠᠷ ᠨᠣᠭᠳᠠᠬᠤ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠨᠢ ᠵᠢᠯ ᠳᠤ 1017 ᠪᠣᠰᠤᠭ᠎ᠠ | ᠳᠥᠷᠪᠡᠯᠵᠢᠨ ᠮᠧᠲᠷ ᠲᠤ ᠬᠦᠷᠴᠦ᠂ 3 ᠤᠰᠤᠨ ᠴᠥᠭᠦᠷᠥᠮ ᠢ ᠪᠠᠶᠢᠭᠤᠯᠤᠨ ᠳᠠᠭᠤᠰᠬᠠᠵᠤ᠂ ᠶᠡᠷᠦᠩᠬᠡᠢ | ᠴᠥᠭᠦᠷᠥᠮ ᠤᠨ ᠪᠠᠭᠲᠠᠭᠠᠮᠵᠢ ᠨᠢ 5902 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠥᠷᠪᠡ᠃ ᠥᠩᠭᠡ | ᠦᠵᠡᠮᠵᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠡᠯᠪᠡᠭ᠂ ᠠᠰᠢᠭᠲᠤ ᠰᠠᠯᠬᠢᠨ ᠤ ᠴᠠᠭ ᠣᠯᠠᠨ᠂ ᠰᠠᠯᠬᠢᠨ ᠤ | ᠡᠨᠧᠷᠭᠢ ᠶᠢᠨ ᠴᠢᠨᠠᠷ ᠲᠠᠰ ᠥᠨᠳᠥᠷ᠂ ᠭᠠᠵᠠᠷ ᠤᠨ ᠨᠢᠭᠤᠷ ᠠᠴᠠ ᠳᠡᠭᠡᠭᠰᠢ 70 ᠮᠧᠲᠷ ᠤᠨ ᠥᠨᠳᠥᠷ ᠲᠤ ᠵᠢᠯ ᠤᠨ | ᠳᠤᠮᠳᠠᠴᠢ ᠰᠠᠯᠬᠢᠨ ᠤ ᠬᠤᠷᠳᠤᠴᠠ ᠨᠢ ᠰᠧᠺᠦ᠋ᠨ᠋ᠳ᠋ ᠪᠦᠷᠢ 7.2 ︱ 8.8 ᠮᠧᠲᠷ᠂ ᠵᠢᠯ ᠤᠨ ᠠᠰᠢᠭᠲᠤ ᠰᠠᠯᠬᠢᠨ ᠤ | ᠴᠠᠭ ᠨᠢ 7300 ︱ 8100 ᠴᠠᠭ︔ ᠵᠢᠯ ᠤᠨ ᠳᠤᠮᠳᠠᠴᠢ ᠨᠡᠷᠡᠨ ᠤ ᠲᠤᠰᠤᠯᠲᠠ 2900 ᠴᠠᠭ᠂ ᠳᠤᠮᠳᠠᠴᠢ | ᠰᠠᠴᠤᠷᠠᠯᠲᠠ ᠶᠢᠨ ᠬᠡᠮᠵᠢᠶ᠎ᠡ ᠨᠢ 5800 ᠰᠠᠶ᠎ᠠ ᠵᠦᠯ/ᠲᠡᠭᠰᠢ ᠳᠥᠷᠪᠡᠯᠵᠢᠨ ᠮᠧᠲᠷ ᠪᠠᠶᠢᠵᠤ᠂ ᠪᠥᠬᠦ ᠤᠯᠤᠰ ᠤᠨ | ᠨᠡᠷᠡᠨ ᠤ ᠲᠤᠰᠤᠯᠲᠠ ᠶᠢᠨ ᠥᠨᠳᠥᠷ ᠥᠷᠲᠡᠭᠲᠦ ᠣᠷᠣᠨ ᠳᠤ ᠬᠠᠷᠢᠶᠠᠯᠠᠭᠳᠠᠨ᠎ᠠ᠃ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠨᠢᠭᠡᠨᠲᠡ ᠡᠯ᠎ᠡ ᠲᠥᠷᠥᠯ ᠤᠨ ᠲᠡᠮᠦᠷᠯᠢᠭ ᠤᠨ ᠠᠭᠤᠷᠬᠠᠢ᠂ ᠲᠡᠮᠦᠷᠯᠢᠭ | ᠪᠤᠰᠤ ᠠᠭᠤᠷᠬᠠᠢ ᠶᠢ 30 ᠭᠠᠷᠤᠢ ᠵᠦᠢᠯ ᠬᠠᠶᠢᠨ ᠲᠣᠳᠣᠯᠠᠵᠤ᠂ ᠡᠭᠦᠨ ᠤ ᠳᠣᠲᠣᠷ᠎ᠠ ᠮᠤᠯᠢᠪᠳᠧᠨ ᠤ ᠠᠭᠤᠷᠬᠠᠢ ᠶᠢᠨ | ᠬᠠᠶᠢᠨ ᠲᠣᠳᠣᠯᠠᠭᠰᠠᠨ ᠬᠠᠳᠠᠭᠠᠯᠠᠭᠳᠠᠴᠠ ᠨᠢ 1 ᠳ᠋ᠦᠩᠰᠢᠭᠤᠷ ᠭᠠᠷᠤᠢ ᠲᠣᠨ ᠪᠠᠶᠢᠨ᠎ᠠ᠃ | ᠬᠥᠭᠵᠢᠯᠲᠡ ᠶᠢᠨ ᠥᠨᠳᠦᠷᠯᠢᠭ ᠭᠠᠵᠠᠷ ︱ ᠣᠶᠢᠷ᠎ᠠ ᠶᠢᠨ ᠵᠢᠯ ᠠᠴᠠ᠂ ᠪᠦᠬᠦ ᠰᠢᠶᠠᠨ ᠢᠶᠠᠷ ᠢᠶᠠᠨ | ︽ᠦᠵᠡᠰᠬᠦᠯᠡᠩᠲᠦ ᠰᠠᠶᠢᠬᠠᠨ ᠵᠦᠢᠷᠡᠢ ᠪᠡᠯᠡ ᠮᠥᠩᠭᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠦᠢᠷᠡᠢ | ᠪᠡᠯᠡ ᠮᠥᠩᠭᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠵᠦᠢᠷᠡᠢ ᠪᠡᠯᠡ ᠮᠥᠩᠭᠦ᠂ ᠵᠣᠯ ᠵᠢᠷᠭᠠᠯᠲᠤ ᠵᠦᠢᠷᠡᠢ ᠪᠡᠯᠡ | ᠮᠥᠩᠭᠦ᠂ ᠠᠮᠢᠵᠢᠷᠠᠯ ᠤᠨ ᠬᠦᠴᠦᠨ ᠤ ᠵᠦᠢᠷᠡᠢ ᠪᠡᠯᠡ ᠮᠥᠩᠭᠦ︾ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠠᠵᠤ ᠠᠬᠤᠢ ᠶᠢᠨ | ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠳᠠᠰᠤᠷᠠᠯᠳᠠ ᠦᠭᠡᠢ ᠳᠡᠭᠡᠭᠰᠢᠯᠡᠪᠡ᠃ 2022 ᠣᠨ ᠳᠤ᠂ | ᠤᠯᠤᠰ ᠤᠨ ᠲᠡᠰ ᠤᠨ ᠡᠯᠳᠡᠪ ᠠᠮᠤ ᠡᠯᠳᠡᠪ ᠪᠤᠷᠴᠠᠭ ᠤᠨ ᠣᠷᠣᠨ ᠪᠦᠰᠡ ᠶᠢᠨ ᠴᠢᠨᠠᠷᠲᠠᠢ ᠰᠠᠶᠢᠨ ᠡᠭᠦᠯᠳᠡᠷ ᠢ | ᠦᠷᠡᠵᠢᠭᠦᠯᠦᠨ ᠪᠣᠶᠢᠵᠢᠭᠤᠯᠬᠤ ᠰᠠᠭᠤᠷᠢᠨ ᠳᠤ ᠲᠣᠪᠣᠶᠢᠮ᠎ᠠ ᠪᠡᠯᠡ ᠮᠥᠩᠭᠦ ᠣᠷᠣᠭᠤᠯᠵᠤ᠂ ᠲᠣᠭᠲᠠᠭᠠᠭᠰᠠᠨ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠵᠠᠭᠤᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ | ᠳᠠᠪᠠᠵᠤ᠂ ︽ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ | ︽ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠬᠤᠳᠠ︾ ᠶᠢ ᠠᠮᠵᠢᠯᠲᠠ ᠲᠠᠢ ᠪᠠᠶᠢᠭᠤᠯᠪᠠ᠃ ᠤᠯᠤᠰ ᠤᠨ 4A | ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠢ 2᠂ 3A ᠳᠡᠰ ᠤᠨ ᠦᠵᠡᠮᠵᠢ ᠶᠢᠨ ᠣᠷᠣᠨ ᠢ 1 ᠪᠠᠶᠢᠭᠤᠯᠵᠤ᠂ | ᠠᠷᠠᠳ ᠤᠨ ᠣᠷᠣᠨ ᠰᠠᠭᠤᠴᠠ ᠶᠢ 31 ᠪᠠᠶᠢᠭᠤᠯᠵᠤ᠂ ᠶᠢᠰᠦᠨ ᠨᠤᠭᠤᠯᠤᠭᠠᠰᠤ ᠶᠢ ᠲᠣᠭᠤᠷᠢᠬᠤ᠂ ᠠᠮᠲᠠᠲᠤ ᠢᠳᠡᠭᠡᠨ | ᠢᠳᠡᠬᠦ᠂ ᠮᠣᠷᠢᠨ ᠤᠷᠤᠯᠳᠤᠭᠠᠨ ᠦᠵᠡᠬᠦ ᠵᠡᠷᠭᠡ ᠰᠣᠶᠣᠯ ᠵᠤᠭᠠᠴᠠᠯ ᠤᠨ ᠲᠦᠷᠦᠯ ᠵᠦᠢᠯ ᠢ ᠭᠠᠷᠭᠠᠵᠤ᠂ ᠠᠵᠤ | ᠦᠢᠯᠡᠰ ᠤᠨ ᠬᠡᠪᠴᠢᠶ᠎ᠡ ᠲᠠᠰᠤᠷᠠᠯᠲᠠ ᠦᠭᠡᠢ ᠪᠤᠵᠠᠭᠠᠶᠢᠷᠠᠵᠤ᠂ ᠠᠵᠤ ᠦᠢᠯᠡᠰ ᠤᠨ ᠬᠤᠪᠢ ᠨᠡᠮᠡᠷᠢ ᠵᠢᠯ ᠳᠠᠷᠠᠭᠠᠯᠠᠨ | ᠨᠡᠮᠡᠭᠳᠡᠵᠦ᠂ ᠵᠤᠭᠠᠴᠠᠯ ᠤᠨ ᠦᠢᠯᠡᠰ ᠨᠢ ᠪᠦᠬᠦ ᠬᠤᠲᠠ ᠴᠢᠨᠠᠭᠰᠢᠯᠠᠪᠠᠯ ᠪᠦᠬᠦ ᠣᠷᠣᠨ ᠤ ᠠᠵᠤ ᠠᠬᠤᠢ ᠶᠢᠨ ᠬᠢᠯᠠᠰ | ᠴᠡᠭ ᠪᠠ ᠨᠡᠶᠢᠭᠡᠮ ᠤᠨ ᠬᠠᠯᠠᠮᠰᠢᠯ ᠴᠡᠭ ᠪᠣᠯᠵᠤ ᠪᠠᠶᠢᠨ᠎ᠠ︔ ᠰᠢᠷᠠᠭᠰᠠᠨ ᠲᠠᠬᠢᠶ᠎ᠠ ᠶᠢᠨ ᠠᠵᠤ ᠦᠢᠯᠡᠰ ᠶᠠᠭ | ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠣᠳᠣᠬᠢᠴᠢᠯᠠᠭᠰᠠᠨ ᠴᠢᠭᠯᠡᠯ ᠲᠡᠰᠢ ᠬᠤᠪᠢᠷᠠᠵᠤ᠂ ᠨᠣᠭᠤᠭᠠᠨ ᠴᠡᠴᠡᠭ᠂ | ᠨᠣᠬᠠᠢ ᠶᠢᠨ ᠬᠤᠰᠢᠭᠤ᠂ ᠶᠠᠮᠠ ᠶᠢᠨ ᠦᠷ᠎ᠡ ᠶᠢᠨ ᠲᠣᠰᠣ᠂ ᠲᠠᠬᠢᠶᠠᠨ ᠥᠨᠳᠡᠭᠡ ᠵᠡᠷᠭᠡ ᠪᠣᠬᠢᠷᠲᠤᠯ ᠦᠭᠡᠢ ᠴᠢᠨᠠᠷ | ᠰᠠᠶᠢᠲᠠᠢ ᠲᠠᠷᠢᠶᠠᠯᠠᠩ ᠤᠨ ᠣᠨᠴᠠ ᠭᠠᠷᠤᠯᠲᠠ ᠠᠯᠬᠤᠮ ᠠᠯᠬᠤᠮ ᠢᠶᠠᠷ ᠪᠦᠬᠦ ᠤᠯᠤᠰ ᠤᠨ ᠠᠷᠠᠳ ᠲᠦᠮᠡᠨ ᠤ | ᠬᠤᠭᠤᠯᠠᠨ ᠰᠢᠷᠡᠭᠡᠨ ᠳᠤ ᠣᠷᠣᠵᠤ ᠪᠤᠢ︔ ᠯᠢᠲ᠋ᠢ ᠴᠠᠬᠢᠯᠭᠠᠨ ᠴᠡᠨᠡᠭ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠸᠣᠯᠲ | ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠲᠦᠷᠭᠡᠨ ᠬᠥᠭᠵᠢᠵᠦ᠂ ᠾᠯᠣᠷ ᠱᠦᠯᠲᠦ ᠶᠢᠨ ᠬᠢᠮᠢ ᠶᠢᠨ ᠠᠵᠤ | ᠦᠢᠯᠡᠳᠪᠦᠷᠢ᠂ ᠮᠣᠯᠢᠪᠳᠧᠨ ᠤ ᠲᠡᠮᠦᠷᠯᠢᠭ᠂ ᠴᠠᠬᠢᠯᠭᠠᠨ ᠬᠦᠴᠦᠨ ᠵᠡᠷᠭᠡ ᠤᠯᠠᠮᠵᠢᠯᠠᠯᠲᠤ ᠠᠵᠤ ᠦᠢᠯᠡᠰ ᠦᠷᠭᠦᠯᠵᠢᠯᠡᠨ | ᠪᠤᠵᠠᠭᠠᠶᠢᠷᠠᠵᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠠᠯᠳᠠ ᠬᠦᠴᠦᠨ ᠲᠠᠰᠤᠷᠠᠯᠲᠠ ᠦᠭᠡᠢ ᠪᠠᠳᠠᠷᠠᠨ᠂ | ᠬᠥᠭᠡᠭᠡᠵᠦ ᠭᠦᠢᠴᠡᠬᠦ ᠳᠠᠪᠠᠯᠲᠠ ᠲᠠᠢ ᠪᠠᠶᠢᠳᠠᠯ ᠶᠠᠭ ᠪᠦᠷᠢᠯᠳᠦᠵᠦ ᠪᠠᠶᠢᠨ᠎ᠠ᠃ | ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠭᠠᠵᠠᠷ ︱ ᠬᠢᠯᠢ ᠶᠢᠨ ᠳᠣᠲᠣᠷᠠᠬᠢ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠴᠢᠳᠠᠪᠬᠢ ᠶᠢᠨ ᠪᠠᠶᠢᠷᠢᠰᠢᠯ ᠡᠳᠦᠷ ᠢᠷᠡᠬᠦᠶ᠎ᠡ ᠲᠡᠭᠦᠯᠳᠡᠷᠵᠢᠵᠦ᠂ ᠠᠵᠤ ᠦᠢᠯᠡᠰ ᠤᠨ | ᠪᠦᠯᠦᠭᠵᠢᠯ ᠤᠨ ᠬᠥᠭᠵᠢᠯᠲᠡ ᠳᠤ ᠪᠠᠲᠤ ᠪᠠᠬᠢ ᠲᠠᠪᠴᠠᠩ ᠢ ᠪᠠᠶᠢᠭᠤᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ | ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠡᠶᠢᠲᠡᠯᠡᠨ ᠬᠡᠷᠡᠭᠵᠢᠭᠦᠯᠵᠦ᠂ ᠭᠤᠣᠯᠳᠠᠯᠭ᠎ᠠ ᠲᠠᠢ | ᠲᠥᠷᠥᠯ ᠵᠦᠢᠯ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ᠂ ᠬᠠᠷᠢᠭᠤᠴᠠᠯᠭᠠᠲᠤ ᠰᠠᠯᠠᠭ᠎ᠠ ᠮᠥᠴᠢᠷ ᠤᠨ | ᠪᠥᠬᠦ ᠶᠠᠪᠤᠴᠠ ᠳᠤ ᠣᠷᠣᠯᠠᠨ ᠭᠦᠢᠴᠡᠳᠬᠡᠬᠦ ᠦᠢᠯᠡᠴᠢᠯᠡᠭᠡ ᠵᠡᠷᠭᠡ ᠲᠣᠭᠲᠠᠴᠠ ᠶᠢ ᠪᠠᠶᠢᠩᠭᠤᠵᠢᠭᠤᠯᠤᠨ | ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠴᠢᠳᠠᠪᠤᠷᠢ ᠶᠢ ᠶᠡᠭᠡ ᠪᠠᠷ | ᠳᠡᠭᠡᠭᠰᠢᠯᠡᠭᠦᠯᠦᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ ᠲᠡᠭᠰᠢ ᠪᠠᠷ | ᠥᠷᠢᠰᠦᠯᠳᠦᠬᠦ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠪᠦᠬᠦ | ᠰᠢᠶᠠᠨ ᠤ ᠡᠯ᠎ᠡ ᠱᠠᠲᠤᠨ ᠤ ᠺᠠᠳ᠋ᠷ ᠤᠯᠠᠨ ᠲᠦᠮᠡᠨ ᠠᠵᠢᠯᠴᠢ ᠬᠢᠴᠢᠶᠡᠩᠭᠦᠢ ᠪᠠᠷ ᠪᠣᠳᠠᠲᠠᠢ ᠶᠢ ᠡᠷᠬᠢᠮᠯᠡᠵᠦ᠂ | ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ᠂ ᠬᠥᠮᠥᠰ ᠤᠷᠤᠭᠰᠢᠯᠠᠨ ᠲᠠᠪᠰᠢᠬᠤ ᠶᠢ ᠬᠦᠰᠡᠵᠦ᠂ ᠠᠵᠢᠯ ᠬᠢᠵᠦ ᠦᠢᠯᠡᠰ | ᠪᠣᠰᠬᠠᠬᠤ ᠡᠷᠴᠢ ᠵᠣᠷᠢᠭ ᠲᠡᠭᠦᠯᠳᠡᠷ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠠᠭᠤᠷ ᠠᠮᠢᠰᠬᠤᠯ ᠪᠢᠯᠬᠠᠮ᠎ᠠ | ᠪᠠᠶᠢᠵᠤ᠂ ᠪᠦᠬᠦ ᠰᠢᠶᠠᠨ ᠢᠶᠠᠷ ᠢᠶᠠᠨ ᠨᠢᠭᠡᠨᠲᠡ ᠶᠡᠭᠡ ᠨᠡᠭᠡᠭᠡᠯᠲᠡ ᠲᠠᠢ᠂ ᠶᠡᠭᠡ ᠬᠥᠭᠵᠢᠯᠲᠡ ᠲᠠᠢ᠂ ᠨᠡᠬᠡᠬᠦ ᠶᠢ ᠬᠦᠰᠡᠬᠦ᠂ | ᠳᠠᠪᠠᠯᠲᠠ ᠶᠢ ᠬᠥᠭᠡᠭᠡᠴᠡᠯᠳᠦᠬᠦ ᠬᠠᠯᠠᠭᠤᠨ ᠥᠷᠨᠢᠯᠲᠡ ᠪᠤᠢ ᠪᠣᠯᠵᠠᠢ᠃ | | | | |