ᠶᠡᠭᠡ ᠵᠡᠮ ᠴᠢᠬᠤᠯᠠ ᠭᠠᠵᠠᠷ
ᠨᠡᠶᠢᠲᠡᠯᠡᠭᠰᠡᠨ ᠴᠠᠭ᠄
2023/11/9
ᠵᠡᠭᠡᠯᠢ ᠭᠤᠳᠤᠮᠵᠢ ᠶᠢᠨ ᠴᠢᠬᠤᠯᠠ ᠭᠠᠵᠠᠷ ︱ ᠰᠢᠶᠠᠨ ᠤ ᠬᠢᠯᠢ ᠠᠴᠠ ᠪᠠᠷᠠᠭᠤᠨᠰᠢ ᠪᠠᠨ ᠲᠥᠪ ᠲᠠᠢ ᠬᠥᠷᠰᠢᠯᠡᠵᠦ᠂ ᠵᠡᠭᠦᠨᠰᠢ ᠪᠠᠨ ᠬᠤᠳᠠ ᠶᠢᠨ ᠵᠠᠰᠠᠭ ᠤᠨ ᠣᠷᠳᠣᠨ ᠲᠠᠢ ᠵᠠᠯᠭᠠᠯᠳᠤᠵᠤ᠂ ᠡᠷᠲᠡᠨ ᠠᠴᠠ ᠪᠠᠨ ︽ᠹᠥ᠋ᠩ ᠵᠧᠦ ᠶᠢᠨ ᠴᠡᠴᠡᠷᠡᠭᠰᠡᠨ ᠬᠤᠭᠤᠯᠠᠢ᠂ ᠬᠦᠢ ᠰᠦᠢ ᠬᠠᠭᠠᠯᠭ᠎ᠠ︾ ᠶᠢᠨ ᠭᠠᠵᠠᠷ ᠪᠠᠶᠢᠵᠤ᠂ ᠤᠯᠠᠭᠠᠨᠴᠠᠪ ᠬᠤᠳᠠ ᠶᠢᠨ ︽ᠪᠠᠷᠠᠭᠤᠨ ᠶᠡᠭᠡ ᠬᠠᠭᠠᠯᠭ᠎ᠠ︾᠂ ᠬᠥᠬᠡᠬᠤᠲᠠ ᠶᠢᠨ ︽ᠠᠷᠤ ᠴᠡᠴᠡᠷᠯᠢᠭ︾ᠪᠣᠯᠣᠨ᠎ᠠ᠃ G6᠂ G7᠂ ᠪᠡᠭᠡᠵᠢᠩ ᠠᠴᠠ ᠪᠤᠭᠤᠲᠤ ᠬᠦᠷᠬᠦ ᠲᠡᠮᠦᠷ ᠵᠠᠮ ᠤᠨ ᠬᠤᠣᠰ ᠳᠠᠪᠬᠤᠷ ᠱᠤᠭᠤᠮ᠂ ᠬᠥᠬᠡᠬᠤᠲᠠ  ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠵᠡᠷᠭᠡ 10 ᠭᠠᠷᠤᠢ ᠵᠠᠮ ᠬᠠᠷᠢᠯᠴᠠᠭᠠᠨ ᠤ ᠭᠤᠣᠯ ᠱᠤᠭᠤᠮ ᠬᠥᠨᠳᠡᠯᠡᠨ ᠭᠤᠯᠳᠤ ᠪᠠᠷ ᠥᠩᠭᠡᠷᠡᠵᠦ᠂ ᠪᠠᠷᠠᠭᠤᠨᠰᠢ ᠪᠠᠨ ᠴᠠᠭᠠᠨ ᠰᠤᠪᠤᠷᠭ᠎ᠠ ᠶᠢᠨ ᠣᠯᠠᠨ ᠤᠯᠤᠰ ᠤᠨ ᠨᠢᠰᠬᠡᠯ ᠤᠨ ᠪᠠᠭᠤᠳᠠᠯ  ᠠᠴᠠ 70 ᠺᠢᠯᠣᠮᠧᠲᠷ ᠵᠠᠶᠢᠲᠠᠢ᠂ ᠵᠡᠭᠦᠨᠰᠢ ᠪᠠᠨ ᠵᠢᠨᠢᠩ ᠨᠢᠰᠬᠡᠯ ᠤᠨ ᠪᠠᠭᠤᠳᠠᠯ  ᠠᠴᠠ 50 ᠺᠢᠯᠣᠮᠧᠲᠷ ᠵᠠᠶᠢᠲᠠᠢ᠂ ᠳᠡᠭᠡᠳᠦ ᠬᠤᠷᠳᠤᠴᠠᠲᠤ ᠲᠡᠮᠦᠷ ᠵᠠᠮ 25 ᠮᠢᠨᠦ᠋ᠲ ᠲᠤ ᠰᠢᠭᠤᠳ ᠬᠥᠬᠡᠬᠤᠲᠠ ᠳᠤ ᠬᠦᠷᠴᠦ᠂ 2 ᠴᠠᠭ ᠲᠤ ᠪᠡᠭᠡᠵᠢᠩ ᠳᠤ ᠨᠡᠪᠲᠡᠷᠡᠵᠦ᠂ ᠨᠢᠭᠡᠨᠲᠡ ︽ᠨᠡᠶᠢᠰᠯᠡᠯ ᠤᠨ 1 ᠴᠠᠭ ᠤᠨ ᠠᠵᠤ ᠠᠬᠤᠢ ᠶᠢᠨ ᠲᠣᠭᠤᠷᠢᠭ︾ ᠪᠠ ︽ᠣᠷᠣᠨ ᠤ ᠲᠥᠪ ᠤᠨ ᠬᠠᠭᠠᠰ ᠴᠠᠭ ᠤᠨ ᠠᠮᠢᠳᠤᠷᠠᠯ ᠤᠨ ᠲᠣᠭᠤᠷᠢᠭ︾ ᠲᠤ ᠠᠭᠤᠰᠤᠨ ᠣᠷᠣᠭᠰᠠᠨ ᠪᠠᠶᠢᠨ᠎ᠠ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2