ᠪᠡᠶ᠎ᠡ ᠪᠠᠨ ᠰᠤᠪᠢᠯᠠᠬᠤ ᠭᠠᠵᠠᠷ
ᠨᠡᠶᠢᠲᠡᠯᠡᠭᠰᠡᠨ ᠴᠠᠭ᠄
2023/11/9
 ᠪᠡᠶ᠎ᠡ ᠰᠤᠪᠢᠯᠠᠯᠲᠠ ᠶᠢᠨ ᠵᠢᠷᠭᠠᠯᠠᠩᠲᠤ ᠣᠷᠣᠨ ︱ ᠰᠢᠶᠠᠨ ᠤ ᠬᠢᠯᠢ ᠨᠢ ︽ᠵᠤᠰᠠᠯᠠᠩ ᠤᠨ ᠬᠤᠲᠠ︾ ᠪᠣᠯᠬᠤ ᠤᠯᠠᠭᠠᠨᠴᠠᠪ ᠤᠨ ᠳᠣᠲᠣᠷ᠎ᠠ ᠭᠠᠵᠠᠷ ᠲᠤ ᠪᠠᠶᠢᠷᠢᠯᠠᠵᠤ᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 2.5℃ ᠪᠠᠶᠢᠵᠤ᠂ ᠵᠣᠨ ᠤ ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ ᠨᠢ 18℃ ᠪᠠᠶᠢᠵᠤ᠂ ᠬᠥᠮᠥᠨ ᠤ ᠪᠡᠶ᠎ᠡ ᠳᠤ ᠬᠠᠮᠤᠭ ᠤᠨ ᠲᠠᠭᠠᠯᠠᠮᠵᠢᠲᠠᠢ ᠰᠠᠨᠠᠭᠳᠠᠳᠠᠭ ᠳᠤᠯᠠᠭᠠᠨ ᠤ ᠬᠡᠮᠵᠢᠶ᠎ᠡ ᠪᠣᠯᠣᠨ᠎ᠠ᠃ ᠤᠯᠤᠰ ᠤᠨ ᠲᠠᠰ ᠤᠨ ᠣᠶ ᠰᠢᠭᠤᠢ ᠶᠢᠨ ᠴᠡᠴᠡᠷᠯᠢᠭ᠂ ᠤᠯᠤᠰ ᠤᠨ ᠠᠮᠢ ᠠᠬᠤᠢ ᠶᠢᠨ ᠴᠡᠴᠡᠷᠯᠢᠭ᠂ ᠪᠥᠬᠦ ᠤᠯᠤᠰ ᠤᠨ ᠣᠶ ᠰᠢᠭᠤᠢ ᠶᠢᠨ ᠡᠷᠡᠭᠦᠯᠵᠢᠯ ᠤᠨ ᠰᠠᠭᠤᠷᠢᠨ ᠭᠠᠵᠠᠷ ᠲᠠᠢ ᠪᠠᠶᠢᠵᠤ᠂ ᠪᠠᠶᠢᠭᠤᠯᠤᠭᠰᠠᠨ ᠲᠣᠭᠤᠷᠢᠭ ᠤᠨ ᠨᠣᠭᠤᠭᠠᠨ ᠬᠥᠷᠥᠰᠥ ᠶᠢᠨ ᠨᠣᠷᠮ᠎ᠠ 35% ᠳᠤ ᠬᠦᠷᠴᠦ᠂ ᠪᠥᠬᠦ ᠵᠢᠯ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠣᠷᠮ᠎ᠠ 91% ᠶᠢ ᠳᠠᠪᠠᠪᠠ᠃ ᠪᠠᠶᠢᠭᠠᠯᠢ ᠶᠢᠨ ᠠᠮᠢ ᠠᠬᠤᠢ ᠣᠯᠠᠨ ᠶᠠᠩᠵᠤ ᠶᠢᠨ ᠪᠠᠶᠢᠳᠠᠭ᠃ ᠥᠨᠳᠥᠷ ᠠᠭᠤᠯᠠ ᠶᠢᠨ ᠲᠠᠯ᠎ᠠ ᠨᠤᠲᠤᠭ᠂ ᠬᠠᠴᠢᠨ ᠰᠣᠨᠢᠨ ᠠᠭᠤᠯᠠ ᠤᠰᠤ᠂ ᠣᠶ ᠮᠣᠳᠣᠨ ᠤ ᠠᠭᠤᠯᠠ ᠨᠢᠷᠤᠭᠤ᠂ ᠡᠷᠲᠡᠨ ᠤ ᠬᠤᠲᠠ ᠶᠢᠨ ᠤᠯᠠᠭ᠎ᠠ ᠥᠷᠲᠡᠭᠡ ᠰᠣᠯᠪᠢᠴᠠᠨ ᠭᠡᠷᠡᠯᠲᠦᠵᠦ᠂ ᠳᠡᠯᠡᠬᠡᠢ ᠳᠡᠭᠡᠷ᠎ᠡ ᠲᠤᠭ᠎ᠠ ᠪᠠᠷ ᠬᠠᠮᠤᠭ ᠤᠨ ᠴᠥᠭᠡᠨ᠂ ᠥᠩᠭᠡ ᠦᠵᠡᠮᠵᠢ ᠪᠠᠷ ᠬᠠᠮᠤᠭ ᠤᠨ ᠰᠠᠶᠢᠨ ᠨᠠᠭᠤᠷ ᠤᠨ ᠬᠢᠷ᠎ᠠ ᠶᠢᠨ ᠥᠨᠳᠥᠷ ᠠᠭᠤᠯᠠ ᠶᠢᠨ ᠨᠤᠭᠤ ᠶᠢᠨ ᠲᠠᠯ᠎ᠠ ᠨᠤᠲᠤᠭ ᠲᠠᠢ ᠂ ︽ᠪᠣᠭᠤᠮᠲᠠ ᠶᠢᠨ ᠭᠠᠳᠠᠨᠠᠬᠢ ᠵᠢᠵᠢᠭ ᠭᠦᠢᠯᠢᠨ︾ ᠬᠡᠮᠡᠭᠳᠡᠭᠰᠡᠨ ᠵᠢᠦ ᠯᠦᠩ ᠸᠠᠨ ︱ ᠬᠤᠩ ᠱᠢ ᠶᠠ ︽ᠵᠠᠭᠤᠨ ᠭᠠᠵᠠᠷ ᠤᠨ ᠵᠢᠷᠤᠭ ᠤᠨ ᠬᠤᠩᠭᠢᠯ︾ ᠲᠠᠢ᠂ ᠨᠡᠭᠡᠭᠡᠨ ᠬᠥᠭᠵᠢᠭᠦᠯᠬᠦ ᠶᠢ ᠬᠦᠯᠢᠶᠡᠵᠦ ᠪᠠᠶᠢᠭ᠎ᠠ ᠯᠦᠩ ᠱᠧᠩ ᠬᠤ ᠨᠠᠭᠤᠷ᠂ ᠵᠢᠢ ᠴᠢᠩ ᠰᠢᠶᠠ ᠬᠠᠪᠴᠢᠯ᠂ ᠸᠧ ᠹᠦᠥᠸ᠋ ᠱᠠᠨ ᠠᠭᠤᠯᠠ ᠵᠡᠷᠭᠡ ᠪᠠᠶᠢᠭᠠᠯᠢ ᠶᠢᠨ ᠦᠵᠡᠮᠵᠢ ᠲᠠᠢ ᠪᠠᠶᠢᠵᠤ᠂ ᠡᠳᠦᠷ ᠲᠡᠭᠡᠨ ︽ᠭᠦᠨ ᠠᠮᠢᠰᠬᠤᠵᠤ︾᠂ ᠰᠥᠨᠢ ᠳᠡᠭᠡᠨ ︽ᠣᠲᠣ ᠲᠣᠭᠠᠯᠠᠵᠤ︾ ᠳᠡᠶᠢᠯᠬᠦ ᠰᠡᠯᠡᠭᠦᠴᠡᠨ ᠠᠮᠠᠷᠠᠬᠤ ᠬᠦᠰᠡᠯᠡᠩ ᠤᠨ ᠭᠠᠵᠠᠷ ᠪᠣᠯᠣᠨ᠎ᠠ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2