ᠰᠢᠶᠠᠨ ᠤ ᠠᠷᠠᠳ ᠤᠨ ᠵᠠᠰᠠᠭ ᠤᠨ ᠣᠷᠳᠣᠨ ᠰᠤᠳᠤᠯᠤᠨ ᠵᠥᠪᠰᠢᠶᠡᠷᠡᠭᠡᠳ᠂ ᠡᠳᠦᠭᠡ ︽ᠵᠦᠸᠧᠽᠢ ᠰᠢᠶᠠᠨ ᠤ | ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ︾ | ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ | ᠠᠳᠬᠤᠬᠤ ᠪᠣᠯᠪᠠᠤ᠃ | 2023 ᠣᠨ 7 ᠰᠠᠷ᠎ᠠ ᠶᠢᠨ 17 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠵᠦᠸᠧᠽᠢ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ | ᠲᠤᠬᠠᠢ ᠬᠡᠷᠡᠭᠵᠢᠭᠦᠯᠬᠦ ᠰᠠᠨᠠᠯ | ᠴᠠᠭ ᠠᠭᠤᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠳᠤ | ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ | ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠲᠥᠷᠥ ᠶᠢᠨ | ᠶᠠᠪᠤᠳᠠᠯ ᠤᠨ ᠬᠤᠷᠢᠶᠠᠨ ᠤ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠬᠥᠲᠥᠯᠪᠦᠷᠢ ᠶᠢ ᠳᠠᠷᠤᠮᠠᠯᠯᠠᠨ | ᠲᠠᠷᠬᠠᠭᠠᠬᠤ ᠲᠤᠬᠠᠢ ︵2022 ︱ ︱ 2035 ᠣᠨ︶ ᠤ ᠮᠡᠳᠡᠭᠳᠡᠯ ︽︵ᠲᠥᠷᠥ ᠲᠠᠷᠬᠠᠭᠠᠭᠰᠠᠨ ﹇2022﹈ | 11 ᠳ᠋ᠦᠭᠡᠷ ᠲᠣᠭᠠᠲᠤ︶ ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ | ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠠᠨᠠᠯ︾ ︵ᠥᠪᠥᠷ ᠵᠠᠰᠠᠭ ᠲᠠᠷᠬᠠᠭᠠᠭᠰᠠᠨ ﹇2021﹈ 16 ᠳ᠋ᠤᠭᠠᠷ ᠲᠣᠭᠠᠲᠤ︶ ᠪᠠ ︽︿ᠤᠯᠠᠭᠠᠨᠴᠠᠪ | ᠬᠤᠲᠠ ᠶᠢᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ | ﹀ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ | ︵ᠤᠯᠠᠭᠠᠨᠴᠠᠪ ᠬᠤᠲᠠ ᠶᠢᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠠᠵᠢᠯ ᠤᠨ | ᠠᠷᠭ᠎ᠠ ᠬᠡᠮᠵᠢᠶ᠎ᠡ﹀ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠤᠯᠠᠭᠠᠨᠴᠠᠪ ᠬᠤᠲᠠ ᠲᠠᠷᠬᠠᠭᠠᠭᠰᠠᠨ ﹇ | 2022﹈ 100 ᠳ᠋ᠤᠭᠠᠷ ᠲᠣᠭᠠᠲᠤ︶ ᠢ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ | ᠮᠡᠲᠦ ᠬᠡᠷᠡᠭᠵᠢᠭᠦᠯᠬᠦ ᠰᠠᠨᠠᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ | ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠤᠯᠠᠭᠠᠨᠴᠠᠪ ᠬᠤᠲᠠ ᠶᠢᠨ ᠬᠥᠭᠵᠢᠯᠲᠡ ᠶᠢᠨ | ᠱᠠᠭᠠᠷᠳᠠᠯᠭ᠎ᠠ ᠪᠣᠯᠣᠨ ᠵᠦᠸᠧᠽᠢ ᠰᠢᠶᠠᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ︽ᠨᠠᠷᠢᠨ ᠨᠢᠮᠪᠠᠢ | ᠬᠢᠨᠠᠨ ᠬᠡᠮᠵᠢᠵᠦ᠂ ᠨᠠᠷᠢᠨ ᠣᠨᠣᠪᠴᠢᠲᠠᠶ ᠤᠷᠢᠳᠴᠢᠯᠠᠨ ᠮᠡᠳᠡᠭᠡᠯᠡᠵᠦ᠂ ᠨᠠᠷᠢᠨ ᠨᠢᠮᠪᠠᠢ ᠦᠢᠯᠡᠴᠢᠯᠡᠬᠦ︾ ᠪᠠᠷ | ᠭᠤᠣᠯᠳᠠᠭᠤᠯᠤᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠷᠢᠳᠢ ᠰᠢᠳᠢ ᠲᠠᠢ ᠵᠦᠸᠧᠽᠢ ᠰᠢᠶᠠᠨ ᠢ | ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠴᠠᠭ ᠠᠭᠤᠷ ᠤᠨ ᠪᠠᠲᠤᠯᠠᠭ᠎ᠠ ᠬᠠᠩᠭᠠᠨ᠎ᠠ᠃ | ︵ᠬᠤᠶᠠᠷ︶ ᠬᠥᠭᠵᠢᠯᠲᠡ ᠶᠢᠨ ᠬᠠᠷᠠᠯᠲᠠ᠃ 2025 ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠳᠤ | ᠲᠣᠬᠢᠷᠠᠭᠰᠠᠨ᠂ ᠪᠦᠲᠦᠴᠡ ᠨᠢ ᠪᠦᠷᠢᠨ ᠲᠡᠭᠦᠯᠳᠡᠷ᠂ ᠴᠢᠳᠠᠮᠵᠢ ᠨᠢ ᠲᠡᠷᠢᠭᠦᠨ ᠤ᠂ ᠪᠠᠲᠤᠯᠠᠭ᠎ᠠ ᠨᠢ ᠬᠦᠴᠦᠲᠡᠢ | ᠣᠳᠣᠬᠢᠴᠢᠯᠠᠭᠰᠠᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡ᠂ | ᠲᠤᠬᠠᠶᠢᠯᠠᠭᠰᠠᠨ ᠠᠵᠢᠯ ᠪᠠ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠴᠠᠭ ᠠᠭᠤᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠠᠮᠢ ᠠᠬᠤᠢ ᠬᠢᠭᠡᠳ ᠲᠠᠷᠢᠶᠠᠯᠠᠩ | ᠮᠠᠯ ᠠᠵᠤ ᠠᠬᠤᠢ ᠶᠢᠨ ᠴᠠᠭ ᠠᠭᠤᠷ᠂ ᠳᠠᠭᠠᠭᠤᠯᠢ ᠣᠳᠣᠨ ᠤ ᠠᠯᠤᠰ ᠰᠡᠷᠡᠯ᠂ ᠬᠥᠮᠥᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠵᠡᠷᠭᠡ ᠬᠦᠷᠢᠶ᠎ᠡ ᠴᠠᠷᠠᠭ᠎ᠠ ᠶᠢ ᠪᠥᠬᠦ ᠬᠤᠲᠠ ᠶᠢᠨ ᠲᠡᠷᠢᠭᠦᠨ ᠤ ᠬᠢᠷᠢ ᠲᠦᠪᠰᠢᠨ ᠳᠤ | ᠬᠦᠷᠦᠭᠦᠯᠦᠨ᠎ᠡ᠃ 2035 ᠣᠨ ᠪᠣᠯᠬᠤ ᠳᠤ᠂ ᠬᠡᠷᠡᠭᠴᠡᠭᠡ ᠶᠢ ᠬᠠᠩᠭᠠᠭᠰᠠᠨ᠂ ᠣᠨᠴᠠᠯᠢᠭ ᠢᠶᠠᠷ ᠢᠯᠡ ᠲᠣᠳᠣ᠂ | ᠲᠡᠷᠢᠭᠦᠨ ᠤ ᠮᠡᠷᠭᠡᠵᠢᠯ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠴᠠᠭ ᠠᠭᠤᠷ ᠤᠨ ᠣᠳᠣᠬᠢᠴᠢᠯᠠᠭᠰᠠᠨ | ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠨᠡᠩ ᠭᠦᠢᠴᠡᠳ ᠪᠠᠳᠠᠷᠠᠭᠤᠯᠵᠤ᠂ ᠴᠠᠭ ᠠᠭᠤᠷ ᠤᠨ | ᠡᠨᠧᠷᠭᠢ ᠣᠯᠭᠤᠬᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠨᠡᠩ ᠢᠯᠡᠷᠬᠡᠢ ᠪᠣᠯᠭᠠᠵᠤ᠂ | ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ᠂ ᠦᠢᠯᠡᠳᠪᠦᠷᠢᠯᠡᠯ ᠢ ᠬᠥᠭᠵᠢᠭᠦᠯᠬᠦ᠂ ᠠᠮᠢᠳᠤᠷᠠᠯ ᠢ ᠴᠢᠨᠡᠭᠡᠯᠢᠭᠵᠢᠭᠦᠯᠬᠦ᠂ | ᠠᠮᠢ ᠠᠬᠤᠢ ᠶᠢ ᠰᠠᠶᠢᠨ ᠰᠠᠶᠢᠬᠠᠨ ᠪᠣᠯᠭᠠᠬᠤ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 1. ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠬᠠᠷᠢᠶ᠎ᠠ ᠭᠠᠵᠠᠷ ᠢᠶᠠᠷ ᠭᠤᠣᠯ ᠪᠣᠯᠭᠠᠬᠤ᠂ ᠶᠡᠷᠦᠩᠬᠡᠶᠢᠯᠡᠨ ᠭᠠᠮᠰᠢᠭ ᠢ ᠪᠠᠭᠠᠰᠬᠠᠬᠤ ᠵᠠᠷᠴᠢᠮ ᠢ | ᠪᠠᠷᠢᠮᠲᠠᠯᠠᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠶᠡᠷᠦᠩᠬᠡᠶᠢᠯᠡᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠰᠢᠰᠲ᠋ᠧᠮ ᠳᠤ ᠣᠷᠣᠭᠤᠯᠵᠤ᠂ ᠦᠨᠳᠦᠰᠦᠨ ᠱᠠᠲᠤᠨ ᠤ ᠲᠤᠤᠷᠴᠢᠯᠠᠭᠰᠠᠨ ᠨᠡᠶᠢᠭᠡᠮ ᠤᠨ ᠵᠠᠰᠠᠯᠲᠠ ᠶᠢᠨ | ᠰᠢᠰᠲ᠋ᠧᠮ ᠳᠤ ᠠᠭᠤᠰᠬᠠᠨ ᠣᠷᠣᠭᠤᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠢ ᠴᠢᠩᠭᠠᠷᠠᠭᠤᠯᠵᠤ᠂ ᠱᠠᠲᠤ ᠬᠤᠪᠢᠶᠠᠨ | ᠬᠠᠷᠢᠭᠤᠴᠠᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ ᠰᠠᠯᠠᠭ᠎ᠠ ᠮᠥᠴᠢᠷ ᠤᠨ ᠬᠤᠭᠤᠷᠣᠨᠳᠤ ᠪᠠᠨ ᠨᠢᠭᠡᠳᠦᠯᠲᠡᠢ ᠲᠥᠯᠥᠪᠵᠢᠭᠦᠯᠬᠦ ᠪᠠ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠲᠦᠷᠭᠡᠨ ᠪᠥᠭᠡᠳ ᠥᠨᠳᠥᠷ ᠦᠷ᠎ᠡ ᠪᠦᠲᠦᠮᠵᠢᠲᠡᠶ ᠪᠠᠷ | ᠬᠤᠯᠪᠤᠭᠠᠯᠠᠨ ᠬᠥᠳᠡᠯᠦᠯᠴᠡᠭᠰᠡᠨ ᠣᠯᠠᠨ ᠰᠠᠯᠠᠭ᠎ᠠ ᠮᠥᠴᠢᠷ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ | ᠠᠷᠭᠠᠴᠠᠬᠤ ᠲᠣᠭᠲᠠᠴᠠ ᠪᠠ ᠨᠡᠶᠢᠭᠡᠮ ᠤᠨ ᠣᠷᠣᠯᠴᠠᠬᠤ ᠲᠣᠭᠲᠠᠴᠠ ᠶᠢ ᠪᠦᠷᠢᠨᠰᠢᠭᠦᠯᠵᠦ᠂ ᠬᠤᠲᠠ ᠶᠢᠨ ᠱᠠᠲᠤᠨ ᠤ | ᠬᠦᠨᠳᠦ ᠶᠡᠭᠡ ᠴᠠᠭ ᠠᠭᠤᠷ ᠤᠨ ᠭᠠᠮᠰᠢᠭ ᠤᠨ ᠤᠯᠠᠭᠠᠨ ᠥᠩᠭᠡ ᠶᠢᠨ ᠰᠡᠷᠡᠮᠵᠢ ᠶᠢᠨ ᠳᠣᠬᠢᠶ᠎ᠠ ᠳᠤ ᠰᠠᠭᠤᠷᠢᠯᠠᠭᠰᠠᠨ | ᠲᠦᠭᠰᠢᠭᠦᠷᠢ ᠶᠡᠬᠡᠲᠡᠢ ᠣᠷᠣᠨ ᠪᠦᠰᠡ᠂ ᠰᠡᠷᠭᠡᠭ ᠴᠢᠨᠠᠷ ᠢᠶᠠᠷ ᠥᠨᠳᠥᠷ ᠠᠵᠢᠯ ᠲᠥᠷᠥᠯ᠂ ᠲᠦᠭᠰᠢᠭᠦᠷᠢ ᠶᠡᠬᠡᠲᠡᠢ | ᠬᠥᠮᠥᠰ ᠤᠨ ᠠᠵᠢᠯ ᠦᠢᠯᠡᠳᠪᠦᠷᠢᠯᠡᠯ᠂ ᠬᠢᠴᠢᠶᠡᠯ᠂ ᠲᠡᠭᠡᠭᠡᠪᠦᠷᠢᠯᠡᠬᠦ ᠶᠢ ᠵᠣᠭᠰᠤᠭᠠᠬᠤ ᠲᠣᠭᠲᠠᠴᠠ ᠶᠢ | ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠨ᠎ᠠ᠃ ᠭᠠᠩ ᠬᠠᠭᠰᠠᠷᠭᠠᠨ᠂ ᠤᠢ ᠰᠢᠭᠤᠢ ᠨᠤᠲᠤᠭ ᠪᠡᠯᠴᠢᠭᠡᠷ ᠤᠨ | ᠭᠠᠯ ᠤᠨ ᠭᠠᠮᠰᠢᠭ᠂ ᠠᠭᠤᠯᠠᠨ ᠦᠶᠡᠷ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠴᠠᠭ ᠠᠭᠤᠷ ᠤᠨ | ᠪᠠᠲᠤᠯᠠᠭ᠎ᠠ ᠶᠢᠨ ᠦᠢᠯᠡᠴᠢᠯᠡᠭᠡ ᠪᠠ ᠬᠠᠮᠲᠤᠷᠠᠨ ᠰᠡᠷᠭᠡᠶᠢᠯᠡᠵᠦ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ᠃ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠪᠢ ᠬᠥᠮᠥᠨ᠂ ᠠᠵᠤ ᠠᠬᠤᠶᠢᠯᠠᠯ ᠤᠨ ᠴᠠᠭ ᠠᠭᠤᠷ ᠤᠨ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠬᠤ | ᠪᠠ ᠬᠥᠲᠥᠯᠥᠨ ᠵᠢᠯᠣᠭᠤᠳᠤᠨ᠎ᠠ᠃ ︵ᠲᠦᠷᠦᠭᠦᠯᠡᠨ ᠬᠢᠬᠦ ᠨᠢᠭᠡᠴᠡ᠄ ᠰᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠰᠢᠶᠠᠨ ᠤ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ | ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ︶ | 2.ᠴᠠᠭ ᠠᠭᠤᠷ ᠣᠨ ᠭᠠᠮᠰᠢᠭ ᠣᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ᠪᠦᠬᠦ | ᠰᠢᠶᠠᠨ ᠤ ᠭᠤᠣᠯ ᠪᠣᠯᠬᠤ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ | ᠪᠠᠶᠢᠴᠠᠭᠠᠬᠤ᠂ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠤᠨ | ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠳᠤᠮᠳᠠ | ᠵᠢᠵᠢᠭ ᠭᠤᠣᠯ ᠮᠥᠷᠡᠨ ᠤ ᠦᠶᠡᠷ ᠤᠨ ᠤᠰᠤ᠂ ᠠᠭᠤᠯᠠᠨ ᠦᠶᠡᠷ ᠪᠠ ᠭᠠᠵᠠᠷ ᠤᠨ ᠭᠠᠢ ᠭᠠᠮᠰᠢᠭ ᠤᠨ ᠴᠠᠭ | ᠠᠭᠤᠷ ᠤᠨ ᠠᠶᠤᠯ ᠲᠦᠭᠰᠢᠭᠦᠷᠢ ᠶᠢᠨ ᠰᠡᠷᠡᠮᠵᠢᠯᠡᠭᠦᠯᠦᠯ ᠢ ᠬᠠᠮᠲᠤᠷᠠᠨ ᠨᠡᠶᠢᠲᠡᠯᠡᠨ᠎ᠡ᠃ ᠴᠠᠭ ᠠᠭᠤᠷ ᠤᠨ ᠭᠠᠮᠰᠢᠭ ᠤᠨ | ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ | ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠬᠥᠭᠵᠢᠭᠦᠯᠦᠨ᠎ᠡ᠃ ᠡᠯ᠎ᠡ ᠱᠠᠲᠤᠨ ᠤ ᠴᠠᠭ ᠠᠭᠤᠷ ᠤᠨ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ | ᠭᠠᠮᠰᠢᠭ ᠢ ᠪᠠᠭᠠᠰᠬᠠᠬᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠪᠠ ᠴᠠᠭ ᠠᠭᠤᠷ ᠤᠨ ᠭᠠᠮᠰᠢᠭ ᠢ | ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠳᠠᠭᠠᠳᠬᠠᠯ ᠤᠨ | ᠴᠠᠭ ᠠᠭᠤᠷ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ ᠭᠠᠮᠰᠢᠭ ᠤᠨ ᠬᠤᠬᠢᠷᠠᠯ ᠢ ᠦᠨᠡᠯᠡᠨ | ᠵᠢᠱᠢᠬᠦ᠂ ᠴᠠᠭ ᠠᠭᠤᠷ ᠤᠨ ᠢᠯᠡᠳᠬᠡᠭᠴᠢ ᠶᠢᠨ ᠳᠠᠭᠠᠳᠬᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠪᠠ | ᠲᠥᠯᠥᠪᠦᠷᠢ ᠥᠭᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ (ᠲᠦᠷᠦᠭᠦᠯᠡᠨ ᠬᠢᠬᠦ ᠨᠢᠭᠡᠴᠡ᠄ ᠰᠢᠶᠠᠨ ᠤ ᠴᠠᠭ | ᠠᠭᠤᠷ ᠤᠨ ᠲᠣᠪᠴᠢᠶ᠎ᠠ; ᠬᠠᠮᠵᠢᠯᠴᠠᠬᠤ ᠨᠢᠭᠡᠴᠡ᠄ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | 3.ᠴᠠᠭ ᠠᠭᠤᠷ ᠣᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠢ᠃ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ | ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ | ᠪᠠ ᠤᠯᠠᠮᠵᠢᠯᠠᠨ ᠲᠠᠷᠬᠠᠭᠠᠬᠤ ᠪᠠᠷᠢᠮᠵᠢᠶ᠎ᠠ ᠶᠢ ᠲᠣᠭᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠨᠡᠶᠢᠲᠡᠯᠡᠬᠦ ᠴᠠᠭ ᠲᠤᠬᠠᠶᠢᠴᠢ ᠴᠢᠨᠠᠷ ᠪᠠ ᠨᠠᠷᠢᠯᠢᠭ ᠣᠨᠣᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠷᠪᠠᠨ ᠲᠣᠮᠣ | ᠡᠵᠡᠩᠨᠡᠯᠲᠡ ᠶᠢᠨ ᠬᠤᠳᠠᠯᠳᠤᠭᠠᠴᠢᠨ ᠤ ᠬᠦᠨᠳᠦ ᠶᠡᠭᠡ ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ | ᠵᠠᠩᠭᠢ ᠶᠢᠨ ︽ᠰᠠᠭᠠᠳ ᠦᠭᠡᠢ ᠨᠡᠪᠲᠡᠷᠡᠬᠦ ᠵᠠᠮ︾ ᠢ ᠪᠦᠷᠢᠨᠰᠢᠭᠦᠯᠵᠦ᠂ ᠰᠣᠨᠢᠨ ᠮᠡᠳᠡᠭᠡᠨ ᠤ ᠵᠠᠭᠤᠴᠢᠯᠠᠭᠤᠷ᠂ | ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ︽ᠲᠣᠰᠬᠤᠨ ᠪᠣᠯᠭᠠᠨ ᠳᠤ ᠳᠠᠭᠤᠷᠢᠰᠬᠤ︾ ᠪᠠ ᠴᠢᠮᠡᠭᠡ | ᠬᠤᠯᠪᠣᠭ᠎ᠠ ᠶᠢᠨ ᠡᠵᠡᠩᠨᠡᠯᠲᠡ ᠶᠢᠨ ᠠᠵᠤ ᠠᠬᠤᠶᠢᠯᠠᠯ ᠬᠢᠭᠡᠳ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ | ᠲᠠᠪᠴᠠᠩ ᠤᠨ ᠣᠷᠭᠠᠨᠢᠭ ᠢᠶᠠᠷ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠥᠳᠡᠭᠡ ᠲᠣᠰᠬᠤᠨ᠂ | ᠠᠭᠤᠯᠠᠷᠬᠠᠭ ᠣᠷᠣᠨ ᠤ ᠰᠡᠷᠡᠮᠵᠢᠯᠡᠭᠦᠯᠬᠦ ᠮᠡᠳᠡᠭᠡ ᠵᠠᠩᠭᠢ ᠳᠠᠮᠵᠢᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠬᠠᠷᠢᠭᠤ | ᠥᠭᠬᠦ︾ ᠲᠣᠭᠲᠠᠴᠠ ᠶᠢ ᠨᠠᠶᠢᠳᠠᠪᠤᠷᠢᠵᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠡᠯ᠎ᠡ ᠰᠢᠶᠠᠩ ᠪᠠᠯᠭᠠᠰᠤ᠂ | ᠵᠠᠰᠠᠭ ᠵᠠᠬᠢᠷᠭᠠᠨ ᠤ ᠲᠣᠰᠬᠤᠨ ︵ᠨᠡᠶᠢᠭᠡᠮ ᠲᠣᠭᠤᠷᠢᠭ︶ ᠳᠤ ᠨᠡᠶᠢᠲᠡᠯᠡᠵᠦ᠂ ᠡᠷᠦᠬᠡ ᠬᠥᠮᠥᠨ ᠳᠤ ᠬᠦᠷᠲᠡᠯ᠎ᠡ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ (ᠲᠦᠷᠦᠭᠦᠯᠡᠨ ᠬᠢᠬᠦ ᠨᠢᠭᠡᠴᠡ᠄ ᠰᠢᠶᠠᠨ ᠤ ᠴᠠᠭ ᠠᠭᠤᠷ ᠤᠨ ᠲᠣᠪᠴᠢᠶ᠎ᠠ; | ᠬᠠᠮᠵᠢᠯᠴᠠᠬᠤ ᠨᠢᠭᠡᠴᠡ᠄ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠯᠵᠢᠮᠡᠯ | ᠬᠤᠯᠪᠣᠭᠠᠨ ᠤ ᠬᠤᠪᠢᠶᠠᠷᠢ ᠺᠣᠮᠫᠠᠨᠢ᠂ ᠬᠤᠯᠪᠤᠭᠠᠯᠠᠨ ᠨᠡᠪᠲᠡᠷᠡᠯᠴᠡᠬᠦ ᠬᠤᠪᠢᠶᠠᠷᠢ ᠺᠣᠮᠫᠠᠨᠢ᠂ ᠴᠠᠬᠢᠯᠭᠠᠨ ᠬᠤᠯᠪᠣᠭᠠᠨ ᠤ | ᠬᠤᠪᠢᠶᠠᠷᠢ ᠺᠣᠮᠫᠠᠨᠢ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | ︵ᠬᠤᠶᠠᠷ︶ ᠠᠮᠢ ᠠᠬᠤᠢ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠪᠣᠬᠢᠷᠲᠤᠯ ᠦᠭᠡᠢ ᠬᠥᠭᠵᠢᠯᠲᠡ ᠳᠤ | ᠦᠢᠯᠡᠴᠢᠯᠡᠬᠦ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ᠃ | 4. ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠠᠭ ᠠᠭᠤᠷ ᠤᠨ ᠦᠢᠯᠡᠴᠢᠯᠡᠭᠡ ᠶᠢ | ᠴᠢᠩᠭᠠᠳᠬᠠᠨ᠎ᠠ᠃ ︽ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ︾ ᠶᠢᠨ | ᠰᠢᠰᠲ᠋ᠧᠮ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠢ ᠪᠠ ᠭᠠᠵᠠᠷ ᠣᠷᠣᠨ ᠢ | ᠨᠢᠭᠡ ᠴᠣᠭᠴᠠᠵᠢᠭᠤᠯᠤᠭᠰᠠᠨ ᠪᠥᠬᠦ ᠣᠷᠣᠨ ᠪᠦᠰᠡ ᠶᠢᠨ ᠠᠮᠢ ᠠᠬᠤᠢ ᠶᠢᠨ ᠴᠠᠭ ᠠᠭᠤᠷ ᠤᠨ ᠶᠡᠷᠦᠩᠬᠡᠶᠢᠯᠡᠭᠰᠡᠨ | ᠪᠣᠰᠤᠭ᠎ᠠ ᠴᠣᠭᠴᠠᠲᠤ ᠬᠢᠨᠠᠨ ᠬᠡᠮᠵᠢᠬᠦ ᠥᠷᠲᠡᠭᠡ ᠲᠣᠣᠷ ᠢ ᠬᠠᠮᠲᠤᠷᠠᠨ ᠪᠠᠶᠢᠭᠤᠯᠵᠤ᠂ ᠠᠮᠢ ᠠᠬᠤᠢ ᠶᠢᠨ ᠴᠠᠭ ᠠᠭᠤᠷ | ᠪᠠ ᠠᠯᠤᠰ ᠰᠡᠷᠡᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢ | ᠠᠬᠤᠢ ᠶᠢᠨ ᠰᠡᠷᠭᠡᠭ ᠣᠷᠣᠨ ᠪᠠ ᠬᠡᠪᠡᠷᠡᠭ ᠣᠷᠣᠨ ᠳᠤ ᠠᠮᠢ ᠠᠬᠤᠢ ᠶᠢᠨ ᠴᠠᠭ ᠠᠭᠤᠷ ᠢ ᠬᠢᠨᠠᠨ ᠬᠡᠮᠵᠢᠵᠦ ᠦᠨᠡᠯᠡᠨ | ᠵᠢᠱᠢᠬᠦ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠲᠤᠶᠢᠯ ᠤᠨ ᠠᠭᠤᠷ ᠠᠮᠢᠰᠬᠤᠯ ᠤᠨ ᠬᠡᠷᠡᠭ ᠪᠠ ᠴᠠᠭ | ᠠᠭᠤᠷ ᠤᠨ ᠭᠠᠮᠰᠢᠭ ᠤᠨ ᠠᠮᠢ ᠠᠬᠤᠢ ᠶᠢᠨ ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠤᠷᠢᠳᠴᠢᠯᠠᠨ | ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ (ᠲᠦᠷᠦᠭᠦᠯᠡᠨ ᠬᠢᠬᠦ ᠨᠢᠭᠡᠴᠡ᠄ ᠰᠢᠶᠠᠨ ᠤ ᠴᠠᠭ ᠠᠭᠤᠷ ᠤᠨ | ᠲᠣᠪᠴᠢᠶ᠎ᠠ; ᠬᠠᠮᠵᠢᠯᠴᠠᠬᠤ ᠨᠢᠭᠡᠴᠡ᠄ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | 5.ᠠᠭᠠᠷ ᠮᠠᠨᠳᠠᠯ ᠣᠨ ᠪᠣᠬᠢᠷᠲᠤᠯ ᠢ ᠰᠡᠷᠭᠡᠶᠢᠯᠡᠨ ᠵᠠᠰᠠᠬᠤ ᠴᠠᠭ ᠠᠭᠤᠷ ᠣᠨ ᠦᠢᠯᠡᠴᠢᠯᠡᠭᠡᠨ ᠣ | ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠤᠨ ᠴᠠᠭ ᠠᠭᠤᠷ ᠤᠨ ᠨᠥᠬᠦᠴᠡᠯ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠪᠣᠬᠢᠷ ᠮᠠᠨᠠᠨ᠂ ᠡᠯᠡᠰᠦᠨ ᠰᠢᠭᠤᠷᠭ᠎ᠠ | ᠵᠡᠷᠭᠡ ᠬᠦᠨᠳᠦ ᠪᠣᠬᠢᠷᠲᠤᠯ ᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠤᠬᠠᠶᠢᠯᠠᠭᠰᠠᠨ | ᠠᠵᠢᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠨᠢᠭᠤᠭᠳᠠᠮᠠᠯ ᠪᠠᠶᠢᠳᠠᠯ ᠢ | ᠵᠠᠳᠠᠯᠤᠨ ᠰᠤᠳᠤᠯᠬᠤ ᠠᠵᠢᠯ ᠢ ᠥᠷᠨᠢᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ | ᠬᠠᠮᠲᠤᠷᠠᠨ ᠡᠵᠡᠮᠳᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠴᠠᠭ ᠠᠭᠤᠷ ᠬᠢᠭᠡᠳ ᠠᠮᠢ ᠠᠬᠤᠢ ᠶᠢᠨ ᠣᠷᠴᠢᠨ | ᠲᠣᠭᠤᠷᠢᠨ ᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠵᠥᠪᠳᠡᠯᠴᠡᠨ ᠰᠤᠳᠤᠯᠵᠤ ᠮᠠᠭᠠᠳᠯᠠᠬᠤ | ᠪᠠ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠰᠠᠭᠤᠷᠢ ᠰᠤᠳᠤᠯᠭᠠᠨ ᠢ ᠬᠠᠮᠲᠤᠷᠠᠨ ᠥᠷᠨᠢᠭᠦᠯᠵᠦ᠂ ᠣᠷᠴᠢᠨ ᠲᠣᠭᠤᠷᠢᠨ ᠤ ᠴᠠᠭ | ᠠᠭᠤᠷ ᠤᠨ ᠬᠢᠨᠠᠨ ᠬᠡᠮᠵᠢᠯᠲᠡ ᠶᠢᠨ ᠦᠷᠳᠡᠭᠡ ᠲᠣᠣᠷ ᠤᠨ ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠎ᠠ᠃ ᠠᠭᠠᠷ | ᠮᠠᠨᠳᠠᠯ ᠤᠨ ᠪᠣᠬᠢᠷᠲᠤᠯ ᠢ ᠵᠠᠳᠠᠯᠤᠨ ᠰᠢᠨᠵᠢᠯᠡᠬᠦ ᠪᠠ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠦᠨᠡᠯᠡᠨ ᠵᠢᠱᠢᠬᠦ | ᠠᠵᠢᠯ ᠢ ᠥᠷᠨᠢᠭᠦᠯᠵᠦ᠂ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠠᠭ | ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠶᠢ (ᠲᠦᠷᠦᠭᠦᠯᠡᠨ ᠬᠢᠬᠦ ᠨᠢᠭᠡᠴᠡ᠄ ᠰᠢᠶᠠᠨ ᠤ ᠴᠠᠭ ᠠᠭᠤᠷ ᠤᠨ | ᠲᠣᠪᠴᠢᠶ᠎ᠠ; ᠬᠠᠮᠵᠢᠯᠴᠠᠬᠤ ᠨᠢᠭᠡᠴᠡ᠄ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ︶ | 6. ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠴᠢᠳᠠᠪᠤᠷᠢ ᠶᠢ ᠴᠢᠩᠭᠠᠳᠬᠠᠨ᠎ᠠ᠃ ᠲᠤᠰ ᠭᠠᠵᠠᠷ ᠣᠷᠣᠨ ᠤ ᠪᠠᠨ ᠠᠭᠤᠷ ᠠᠮᠢᠰᠬᠤᠯ ᠤᠨ | ᠬᠤᠪᠢᠷᠠᠯᠲᠠ ᠶᠢᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠥᠷᠨᠢᠭᠦᠯᠵᠦ᠂ ᠠᠭᠤᠷ ᠠᠮᠢᠰᠬᠤᠯ ᠤᠨ ᠬᠤᠪᠢᠷᠠᠯᠲᠠ | ᠪᠠ ᠲᠤᠶᠢᠯ ᠤᠨ ᠠᠭᠤᠷ ᠠᠮᠢᠰᠬᠤᠯ ᠤᠨ ᠬᠡᠷᠡᠭ ᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠨ᠎ᠠ᠃ ᠠᠭᠤᠷ | ᠠᠮᠢᠰᠬᠤᠯ ᠤᠨ ᠡᠬᠢ ᠪᠠᠶᠠᠯᠢᠭ ᠤᠨ ᠳᠠᠭᠠᠭᠠᠴᠠ ᠶᠢ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠥᠷᠭᠡᠳᠬᠡᠵᠦ᠂ | ᠤᠰᠤᠨ ᠤ ᠡᠬᠢ ᠪᠠᠶᠠᠯᠢᠭ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠠᠵᠤ | ᠦᠢᠯᠡᠰ ᠤᠨ ᠪᠠᠶᠢᠷᠢᠰᠢᠯ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠨᠥᠯᠥᠭᠡ ᠶᠢ ᠦᠨᠡᠯᠡᠨ | ᠵᠢᠱᠢᠬᠦ ᠠᠵᠢᠯ ᠢ ᠠᠯᠬᠤᠮ ᠠᠯᠬᠤᠮ ᠢᠶᠠᠷ ᠥᠷᠨᠢᠭᠦᠯᠦᠨ᠎ᠡ᠃ ᠴᠢᠬᠤᠯᠠ ᠶᠡᠭᠡ ᠢᠨᠵᠧᠨᠧᠷᠢᠩ ᠤᠨ ᠵᠦᠢᠯᠡᠰ᠂ ᠠᠮᠢ | ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ᠂ ᠠᠭᠤᠷ ᠠᠮᠢᠰᠬᠤᠯ ᠳᠤ ᠵᠣᠬᠢᠴᠠᠬᠤ ᠬᠡᠯᠪᠡᠷᠢ ᠶᠢᠨ ᠬᠤᠳᠠ ᠪᠠ ᠣᠷᠣᠨ ᠪᠦᠰᠡ ᠶᠢᠨ ᠠᠭᠤᠷ | ᠠᠮᠢᠰᠬᠤᠯ ᠤᠨ ᠪᠣᠯᠣᠮᠵᠢᠲᠤ ᠴᠢᠨᠠᠷ ᠤᠨ ᠨᠤᠲᠠᠯᠠᠯᠲᠠ ᠪᠠ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠤᠨ ᠰᠢᠰᠲ᠋ᠧᠮ ᠢ | ᠪᠠᠶᠢᠭᠤᠯᠵᠤ᠂ ᠪᠦᠬᠦ ᠰᠢᠶᠠᠨ ᠤ ᠬᠡᠪᠴᠢᠶᠡᠨ ᠳᠠᠬᠢ ᠴᠢᠬᠤᠯᠠ ᠶᠡᠭᠡ ᠲᠥᠯᠦᠪᠵᠢᠭᠦᠯᠭᠡ᠂ ᠭᠤᠣᠯᠳᠠᠯᠭ᠎ᠠ ᠲᠠᠢ | ᠢᠨᠵᠧᠨᠧᠷᠢᠩ ᠤᠨ ᠵᠦᠢᠯᠡᠰ ᠵᠡᠷᠭᠡ ᠠᠭᠤᠷ ᠠᠮᠢᠰᠬᠤᠯ ᠤᠨ ᠪᠣᠯᠣᠮᠵᠢᠲᠤ ᠴᠢᠨᠠᠷ ᠤᠨ ᠨᠤᠲᠠᠯᠠᠯᠲᠠ ᠶᠢ ᠥᠷᠨᠢᠭᠦᠯᠦᠨ᠎ᠡ᠃ | (ᠲᠦᠷᠦᠭᠦᠯᠡᠨ ᠬᠢᠬᠦ ᠨᠢᠭᠡᠴᠡ᠄ ᠰᠢᠶᠠᠨ ᠤ ᠴᠠᠭ ᠠᠭᠤᠷ ᠤᠨ ᠲᠣᠪᠴᠢᠶ᠎ᠠ; ᠬᠠᠮᠵᠢᠯᠴᠠᠬᠤ ᠨᠢᠭᠡᠴᠡ᠄ ᠰᠢᠶᠠᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠡᠯ᠎ᠡ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | ︵ᠭᠤᠷᠪᠠ︶ ᠣᠲᠣ ᠦᠶ᠎ᠡ ᠶᠢᠨ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠬᠡᠷᠡᠭᠵᠢᠭᠦᠯᠦᠯᠲᠡ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | 7᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠪᠠᠲᠤᠯᠠᠪᠤᠷᠢ ᠶᠢᠨ ᠦᠢᠯᠡᠴᠢᠯᠡᠭᠡ ᠶᠢ | ᠰᠠᠶᠢᠲᠤᠷ ᠬᠢᠨ᠎ᠡ᠃ ᠰᠢᠶᠠᠩ ᠪᠠᠯᠭᠠᠰᠤᠨ ᠳᠤ ᠬᠦᠷᠦᠭᠰᠡᠨ ᠴᠠᠭ ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ ᠨᠠᠷᠢᠯᠢᠭ ᠦᠢᠯᠡᠳᠬᠦᠨ ᠤ ᠰᠢᠰᠲ᠋ᠧᠮ ᠢ ᠪᠠᠶᠢᠭᠤᠯᠵᠤ᠂ ᠬᠥᠳᠡᠭᠡ ᠲᠣᠰᠬᠤᠨ ᠤ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ᠃ ᠬᠤᠲᠠ ᠶᠢᠨ | ᠴᠠᠭ ᠠᠭᠤᠷ ᠤᠨ ᠲᠣᠪᠴᠢᠶ᠎ᠠ ᠶᠢ ᠬᠠᠮᠵᠢᠨ ᠪᠥᠬᠦ ᠬᠤᠲᠠ ᠶᠢᠨ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢᠨ | ᠳᠠᠭᠠᠭᠤᠯᠢ ᠣᠳᠣᠨ ᠤ ᠠᠯᠤᠰ ᠰᠡᠷᠡᠯ ᠤᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠤᠨ ᠠᠭᠤᠷ ᠠᠮᠢᠰᠬᠤᠯ ᠤᠨ ᠣᠷᠣᠨ ᠤ ᠬᠤᠪᠢᠶᠠᠷᠢᠯᠠᠯ ᠪᠠ ᠭᠤᠣᠯ ᠪᠣᠯᠬᠤ ᠲᠠᠷᠢᠶᠠᠯᠠᠩ ᠤᠨ | ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠣᠷᠣᠨ ᠤ ᠬᠤᠪᠢᠶᠠᠷᠢᠯᠠᠯ ᠤᠨ ᠦᠷ᠎ᠡ ᠪᠦᠲᠦᠭᠡᠯ ᠢ ᠬᠡᠷᠡᠭᠯᠡᠨ᠂ | ᠬᠥᠳᠡᠭᠡ ᠲᠣᠰᠬᠤᠨ ᠤ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠠ ᠲᠠᠷᠢᠶᠠᠯᠠᠩ ᠤᠨ ᠭᠠᠮᠰᠢᠭ ᠤᠨ ᠳᠠᠭᠠᠳᠬᠠᠯ ᠤᠨ | ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠬᠢᠭᠡᠳ ᠠᠭᠤᠷ ᠠᠮᠢᠰᠬᠤᠯ ᠤᠨ ᠡᠬᠢ ᠪᠠᠶᠠᠯᠢᠭ ᠤᠨ ᠠᠭᠤᠰᠤᠯᠴᠠᠯ ᠢ | ᠠᠬᠢᠭᠤᠯᠵᠤ᠂ ︽ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠵᠡᠷᠭᠡ ᠤᠯᠤᠰ ᠤᠨ ᠠᠭᠤᠷ ᠠᠮᠢᠰᠬᠤᠯ ᠤᠨ | ᠪᠡᠯᠭᠡ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢ ᠤᠬᠠᠭᠤᠯᠤᠨ ᠲᠠᠨᠢᠯᠴᠠᠭᠤᠯᠵᠤ᠂ ᠵᠦᠸᠧᠽᠢ ᠰᠢᠶᠠᠨ ᠤ | ᠤᠯᠤᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠳᠤ | ᠬᠦᠴᠦᠨ ᠨᠡᠮᠡᠷᠢᠯᠡᠨ᠎ᠡ᠃ (ᠲᠦᠷᠦᠭᠦᠯᠡᠨ ᠬᠢᠬᠦ ᠨᠢᠭᠡᠴᠡ᠄ ᠰᠢᠶᠠᠨ ᠤ ᠴᠠᠭ ᠠᠭᠤᠷ ᠤᠨ ᠲᠣᠪᠴᠢᠶ᠎ᠠ; ᠬᠠᠮᠵᠢᠯᠴᠠᠬᠤ | ᠨᠢᠭᠡᠴᠡ᠄ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠤᠭᠠᠴᠠᠯ ᠤᠨ ᠲᠣᠪᠴᠢᠶ᠎ᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ︶ | 8. ᠲᠠᠷᠢᠶᠠᠯᠠᠩ ᠣᠨ ᠪᠦᠲᠦᠭᠡᠭᠳᠡᠬᠦᠨ ᠮᠠᠯ ᠣᠨ ᠠᠰᠢᠭ ᠰᠢᠮ᠎ᠡ ᠶᠢᠨ ᠦᠢᠯᠡᠳᠪᠦᠷᠢᠯᠡᠯ ᠣᠨ ᠰᠠᠭᠤᠷᠢᠨ | ᠭᠠᠵᠠᠷ ᠣᠨ ᠪᠦᠲᠦᠭᠡᠨ ᠪᠠᠶᠢᠭᠤᠯᠤᠯᠲᠠ ᠲᠤ ᠦᠢᠯᠡᠴᠢᠯᠡᠨ᠎ᠡ᠃ ᠲᠠᠷᠢᠶᠠᠯᠠᠩ ᠤᠨ ᠴᠠᠭ ᠠᠭᠤᠷ ᠤᠨ | ᠦᠢᠯᠡᠴᠢᠯᠡᠭᠡᠨ ᠤ ᠬᠠᠮᠲᠤᠷᠠᠯᠴᠠᠭ᠎ᠠ ᠰᠣᠯᠢᠯᠴᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ | ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠨᠠᠷᠢᠯᠢᠭᠵᠢᠭᠤᠯᠤᠭᠰᠠᠨ᠂ ᠲᠣᠭᠲᠠᠪᠤᠷᠢᠵᠢᠭᠤᠯᠤᠭᠰᠠᠨ᠂ | ᠰᠢᠭᠤᠳ ᠨᠡᠪᠲᠡᠷᠡᠬᠦ ᠮᠠᠶ᠋ᠢᠭ ᠤᠨ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡ ᠶᠢ ᠬᠥᠭᠵᠢᠭᠦᠯᠦᠨ᠎ᠡ᠃ | ᠣᠨᠴᠠᠯᠢᠭᠲᠤ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠴᠢᠩᠭᠠᠳᠬᠠᠵᠤ᠂ | ᠭᠤᠣᠯ ᠪᠣᠯᠬᠤ ᠠᠮᠤ ᠪᠤᠳᠠᠭᠠᠨ ᠤ ᠲᠠᠷᠢᠮᠠᠯ᠂ ᠣᠨᠴᠠᠯᠢᠭᠲᠤ ᠠᠵᠤ ᠠᠬᠤᠢ ᠶᠢᠨ ᠲᠠᠷᠢᠮᠠᠯ ᠪᠠ ᠴᠢᠬᠤᠯᠠ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠠᠮᠤᠷᠤᠭᠰᠠᠨ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ | ᠮᠡᠷᠭᠡᠵᠢᠯ ᠤᠨ ᠰᠢᠰᠲ᠋ᠧᠮ ᠢ ᠪᠠᠶᠢᠭᠤᠯᠤᠨ᠎ᠠ᠃ ᠳᠠᠭᠠᠭᠤᠯᠢ ᠤᠳᠤᠨ ᠤ ᠠᠯᠤᠰ ᠰᠡᠷᠡᠯ ᠤᠨ ᠬᠢᠨᠠᠨ ᠬᠡᠮᠵᠢᠵᠦ ᠦᠨᠡᠯᠡᠬᠦ | ᠴᠢᠳᠠᠪᠤᠷᠢ ᠶᠢ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ | ᠲᠥᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ (ᠲᠦᠷᠦᠭᠦᠯᠡᠨ ᠬᠢᠬᠦ | ᠨᠢᠭᠡᠴᠡ᠄ ᠰᠢᠶᠠᠨ ᠤ ᠴᠠᠭ ᠠᠭᠤᠷ ᠤᠨ ᠲᠣᠪᠴᠢᠶ᠎ᠠ; ᠬᠠᠮᠵᠢᠯᠴᠠᠬᠤ ᠨᠢᠭᠡᠴᠡ᠄ ᠰᠢᠶᠠᠨ ᠤ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | ︵ᠳᠥᠷᠪᠡ︶ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠰᠢᠭ ᠬᠠᠷᠠᠨ ᠬᠤᠣᠷ ᠠᠴᠠ ᠵᠠᠶᠢᠯᠠᠬᠤ ᠦᠢᠯᠡᠴᠢᠯᠡᠭᠡᠨ ᠤ ᠪᠠᠲᠤᠯᠠᠭ᠎ᠠ ᠶᠢᠨ | ᠦᠷ᠎ᠡ ᠠᠰᠢᠭ ᠢ ᠪᠠᠳᠠᠷᠠᠭᠤᠯᠤᠨ᠎ᠠ᠃ | 9. ᠠᠭᠠᠷ ᠲᠠᠬᠢ ᠡᠭᠦᠯᠡᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠨ᠎ᠠ᠃ ᠰᠢᠨᠵᠢᠯᠡᠬᠦ | ᠤᠬᠠᠭᠠᠨᠴᠢ ᠪᠠᠷ᠂ ᠨᠠᠷᠢᠯᠢᠭ ᠣᠨᠣᠴᠠᠲᠠᠢ ᠪᠠᠷ ᠠᠵᠢᠯᠯᠠᠬᠤ ᠶᠢ ᠪᠠᠷᠢᠮᠲᠠᠯᠠᠨ᠎ᠠ᠃ ᠬᠥᠮᠥᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠭᠠᠵᠠᠷ ᠳᠡᠭᠡᠷ᠎ᠡ ᠠᠵᠢᠯᠯᠠᠬᠤ ᠥᠷᠲᠡᠭᠡ ᠴᠢᠭ᠋ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ | ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠵᠢᠯᠤᠭᠤᠳᠬᠤ ᠰᠢᠰᠲ᠋ᠧᠮ᠂ ᠬᠠᠷᠠᠭᠠᠨ ᠳᠠᠪᠲᠠᠮᠵᠢ ᠪᠠᠷ | ᠵᠥᠪᠳᠡᠯᠴᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠷᠠᠳᠠᠷ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ | ᠣᠨᠴᠠ ᠲᠥᠷᠥᠯ ᠤᠨ ᠠᠵᠢᠭᠯᠠᠯᠲᠠ᠂ ᠳᠠᠭᠠᠭᠤᠯᠢ ᠣᠲᠣ ᠪᠠ ᠠᠦ᠋ᠲ᠋ᠣ᠋ ᠴᠠᠭ ᠠᠭᠤᠷ ᠤᠨ ᠥᠷᠲᠡᠭᠡ ᠵᠡᠷᠭᠡ ᠴᠠᠭ | ᠲᠤᠬᠠᠢ ᠳᠤᠨᠢ ᠬᠠᠶᠢᠨ ᠬᠡᠮᠵᠢᠭᠰᠡᠨ ᠮᠠᠲ᠋ᠧᠷᠢᠶᠠᠯ ᠤᠨ ᠬᠡᠷᠡᠭᠯᠡᠯᠲᠡ ᠶᠢ ᠴᠢᠩᠭᠠᠳᠬᠠᠵᠤ᠂ ᠬᠥᠮᠥᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠳᠠᠯᠳᠠ ᠪᠠᠶᠢᠳᠠᠯ ᠢ ᠤᠷᠢᠳᠴᠢᠯᠠᠨ ᠮᠡᠳᠡᠭᠡᠯᠡᠬᠦ ᠪᠠ ᠠᠵᠢᠯᠯᠠᠬᠤ ᠭᠦᠢᠴᠡᠳᠬᠡᠯ ᠲᠤᠭ᠎ᠠ ᠶᠢᠨ | ᠰᠤᠳᠤᠯᠭᠠᠨ ᠢ ᠭᠦᠨᠵᠡᠭᠡᠶᠢᠷᠡᠭᠦᠯᠦᠨ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠨᠠᠷᠢᠯᠢᠭ | ᠣᠨᠣᠪᠴᠢᠲᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠠᠷᠢᠶᠠᠯᠠᠩ ᠤᠨ | ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭᠠᠨ ᠳᠤ᠂ ᠬᠤᠲᠠ ᠶᠢᠨ ᠴᠠᠭ ᠠᠭᠤᠷ ᠤᠨ ᠲᠣᠪᠴᠢᠶ᠎ᠠ ᠶᠢ | ᠵᠣᠬᠢᠴᠠᠭᠤᠯᠵᠤ ᠪᠠᠶᠢᠭᠠᠳ ᠬᠤᠭᠤᠰᠤᠨ ᠭᠠᠵᠠᠷ ᠢ ᠨᠢᠭᠡ ᠴᠣᠭᠴᠠᠵᠢᠭᠤᠯᠤᠨ ᠬᠠᠮᠲᠤᠷᠠᠨ ᠠᠵᠢᠯᠯᠠᠬᠤ ᠪᠠ ᠠᠮᠢ | ᠠᠬᠤᠢ ᠶᠢ ᠰᠡᠷᠭᠦᠭᠡᠬᠦ ᠬᠡᠯᠪᠡᠷᠢ ᠶᠢᠨ ᠬᠥᠮᠥᠨ ᠤ ᠬᠦᠴᠦ ᠪᠠᠷ ᠪᠣᠷᠣᠭᠠᠨ ︵ᠴᠠᠰᠤ︶ ᠨᠡᠮᠡᠭᠳᠡᠭᠦᠯᠬᠦ ᠪᠠᠶᠢᠩᠭᠤ ᠶᠢᠨ | ᠠᠵᠢᠯ ᠵᠡᠷᠭᠡ ᠶᠢ ᠥᠷᠨᠢᠭᠦᠯᠦᠨ᠎ᠡ᠃ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ᠂ | ᠴᠢᠬᠤᠯᠠ ᠶᠡᠭᠡ ᠨᠡᠶᠢᠭᠡᠮ ᠤᠨ ᠠᠵᠢᠯᠯᠠᠭ᠎ᠠ ᠶᠢᠨ ᠪᠠᠲᠤᠯᠠᠭ᠎ᠠ᠂ ᠭᠠᠩ ᠲᠠᠢ ᠲᠡᠮᠡᠴᠡᠵᠦ ᠭᠠᠮᠰᠢᠭ ᠢ ᠪᠠᠭᠠᠰᠬᠠᠬᠤ ᠵᠡᠷᠭᠡ | ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡᠨ ᠤ | ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ (ᠲᠦᠷᠦᠭᠦᠯᠡᠨ ᠬᠢᠬᠦ ᠨᠢᠭᠡᠴᠡ᠄ ᠰᠢᠶᠠᠨ ᠤ ᠴᠠᠭ ᠠᠭᠤᠷ ᠤᠨ | ᠲᠣᠪᠴᠢᠶ᠎ᠠ; ᠬᠠᠮᠵᠢᠯᠴᠠᠬᠤ ᠨᠢᠭᠡᠴᠡ᠄ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | 10. ᠠᠶᠤᠯ ᠦᠭᠡᠢ ᠪᠠᠷ ᠠᠵᠢᠯᠯᠠᠬᠤ ᠪᠠ ᠬᠢᠨᠠᠨ ᠬᠠᠮᠢᠶᠠᠷᠬᠤ ᠴᠢᠳᠠᠪᠤᠷᠢ ᠶᠢ ᠴᠢᠩᠭᠠᠷᠠᠭᠤᠯᠤᠨ᠎ᠠ᠃ ᠵᠠᠰᠠᠭ ᠤᠨ | ᠣᠷᠳᠣᠨ ᠢᠶᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠭᠰᠡᠨ᠂ ᠴᠡᠷᠢᠭ ᠠᠩᠭᠢ ᠪᠠ | ᠣᠷᠣᠨ ᠨᠤᠲᠤᠭ ᠬᠠᠮᠵᠢᠯᠴᠠᠭᠰᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠤᠭᠰᠠᠨ ᠬᠥᠮᠥᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ | ᠬᠠᠮᠢᠶᠠᠷᠤᠯᠲᠠ ᠶᠢᠨ ᠳᠦᠷᠢᠮ︾ ᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯᠯᠠᠬᠤ ᠴᠢᠭ᠋ ᠢ ᠪᠠᠷᠢᠮᠵᠢᠶᠠᠵᠢᠭᠤᠯᠤᠨ | ᠥᠭᠡᠷᠡᠴᠢᠯᠡᠬᠦ᠂ ᠠᠵᠢᠯᠯᠠᠬᠤ ᠲᠣᠨᠤᠭ ᠲᠥᠬᠦᠭᠡᠷᠦᠮᠵᠢ ᠶᠢ ᠣᠶᠤᠨᠴᠢᠯᠠᠨ ᠥᠭᠡᠷᠡᠴᠢᠯᠡᠬᠦ ᠪᠠ ᠠᠮᠤᠷ ᠲᠦᠪᠰᠢᠨ ᠤ | ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ᠂ ᠠᠮᠤᠷ ᠲᠦᠪᠰᠢᠨ ᠢᠶᠠᠷ ᠠᠵᠢᠯᠯᠠᠬᠤ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ | ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠬᠥᠮᠥᠨ ᠤ ᠰᠡᠭᠦᠳᠡᠷ | ᠪᠣᠳᠠᠰ ᠤᠨ ᠰᠦᠯᠵᠢᠶ᠎ᠡ ᠶᠢᠨ ᠬᠠᠮᠢᠶᠠᠷᠤᠯᠲᠠ ᠶᠢᠨ ᠰᠢᠰᠲ᠋ᠧᠮ ᠢ ᠴᠢᠩᠭᠠᠷᠠᠭᠤᠯᠤᠨ᠂ ᠬᠥᠮᠥᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠬᠠᠮᠲᠤᠷᠠᠭᠰᠠᠨ ᠪᠠᠶᠢᠴᠠᠭᠠᠯᠲᠠ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠰᠢᠶᠠᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | ︵ᠲᠠᠪᠤ︶ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | 11. ᠭᠤᠣᠯᠳᠠᠯᠭ᠎ᠠ ᠲᠠᠢ ᠠᠵᠢᠯ ᠲᠥᠷᠥᠯ ᠤᠨ ᠴᠠᠭ ᠠᠭᠤᠷ ᠤᠨ ᠦᠢᠯᠡᠴᠢᠯᠡᠭᠡ ᠶᠢ ᠠᠬᠢᠭᠤᠯᠤᠨ᠎ᠠ᠃ | ᠰᠠᠯᠬᠢᠨ ᠡᠨᠧᠷᠭᠢ᠂ ᠨᠡᠷᠡᠨ ᠡᠨᠧᠷᠭᠢ ᠶᠢᠨ ᠡᠬᠢ ᠪᠠᠶᠠᠯᠢᠭ ᠢ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ | ᠥᠷᠨᠢᠭᠦᠯᠵᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠰᠢᠨ᠎ᠡ | ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠨ᠎ᠠ᠃ ᠵᠠᠮ | ᠬᠠᠷᠢᠯᠴᠠᠭᠠᠨ ᠤ ᠴᠠᠭ ᠠᠭᠤᠷ ᠤᠨ ᠬᠢᠨᠠᠨ ᠬᠡᠮᠵᠢᠬᠦ ᠦᠷᠳᠡᠭᠡ ᠶᠢᠨ ᠲᠣᠣᠷ ᠢ ᠲᠡᠭᠦᠯᠳᠡᠷᠵᠢᠭᠦᠯᠵᠦ᠂ ᠵᠠᠮ | ᠬᠠᠷᠢᠯᠴᠠᠭᠠᠨ ᠤ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ | ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠭᠠᠮᠰᠢᠭ ᠵᠢᠴᠢ ᠡᠭᠦᠰᠦᠮᠡᠯ ᠭᠠᠮᠰᠢᠭ ᠤᠨ | ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ | ᠵᠢᠭᠤᠯᠴᠢᠯᠠᠯ ᠤᠨ ᠴᠠᠭ ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠲᠤᠷᠠᠨ ᠨᠡᠶᠢᠲᠡᠯᠡᠬᠦ (ᠲᠦᠷᠦᠭᠦᠯᠡᠨ | ᠬᠢᠬᠦ ᠨᠢᠭᠡᠴᠡ᠄ ᠰᠢᠶᠠᠨ ᠤ ᠴᠠᠭ ᠠᠭᠤᠷ ᠤᠨ ᠲᠣᠪᠴᠢᠶ᠎ᠠ; ᠬᠠᠮᠵᠢᠯᠴᠠᠬᠤ ᠨᠢᠭᠡᠴᠡ᠄ ᠰᠢᠶᠠᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ ᠵᠤᠭᠠᠴᠠᠯ ᠤᠨ ᠲᠣᠪᠴᠢᠶ᠎ᠠ᠂ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | 12. ᠬᠤᠲᠠ ᠶᠢᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠣᠭᠠᠴᠢᠯᠠᠭᠰᠠᠨ ᠴᠠᠭ ᠠᠭᠤᠷ ᠢ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠠᠭᠤᠰᠤᠯᠴᠠᠭᠤᠯᠬᠤ ᠶᠢ | ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠵᠢᠭᠤᠯᠴᠢᠯᠠᠯ᠂ ᠢᠯᠴᠢ ᠬᠠᠩᠭᠠᠬᠤ᠂ ᠴᠠᠰᠤ | ᠠᠷᠢᠯᠭᠠᠬᠤ ᠵᠡᠷᠭᠡ ᠲᠤᠰᠬᠠᠢ ᠵᠦᠢᠯ ᠤᠨ ᠴᠠᠭ ᠠᠭᠤᠷ ᠤᠨ ᠦᠢᠯᠡᠴᠢᠯᠡᠭᠡᠨ ᠢ ᠰᠠᠶᠢᠲᠤᠷ ᠬᠢᠨ᠎ᠡ᠃ ᠬᠤᠲᠠ | ᠪᠠᠯᠭᠠᠰᠤᠨ ᠤ ᠤᠰᠤᠲᠤᠯ ᠢ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠰᠠᠯᠠᠭ᠎ᠠ ᠮᠥᠴᠢᠷ ᠤᠨ | ᠤᠰᠤᠲᠤᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠬᠤᠲᠠ ᠪᠠᠯᠭᠠᠰᠤᠨ ᠤ | ᠤᠰᠤᠲᠤᠯ ᠤᠨ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ | ᠥᠷᠨᠢᠭᠦᠯᠦᠨ᠎ᠡ᠃ (ᠲᠦᠷᠦᠭᠦᠯᠡᠨ ᠬᠢᠬᠦ ᠨᠢᠭᠡᠴᠡ᠄ ᠰᠢᠶᠠᠨ ᠤ ᠴᠠᠭ ᠠᠭᠤᠷ ᠤᠨ ᠲᠣᠪᠴᠢᠶ᠎ᠠ; ᠬᠠᠮᠵᠢᠯᠴᠠᠬᠤ ᠨᠢᠭᠡᠴᠡ᠄ | ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | 13. ᠠᠷᠠᠳ ᠤᠨ ᠠᠮᠢᠳᠤᠷᠠᠯ ᠢ ᠪᠠᠲᠤᠯᠠᠬᠤ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠡ᠃ ᠤᠯᠠᠨ | ᠨᠡᠶᠢᠲᠡ ᠶᠢᠨ ᠴᠠᠭ ᠠᠭᠤᠷ ᠤᠨ ᠦᠢᠯᠡᠴᠢᠯᠡᠭᠡ ᠶᠢ ᠡᠯ᠎ᠡ ᠱᠠᠲᠤᠨ ᠤ ᠵᠠᠰᠠᠭ ᠤᠨ ᠣᠷᠳᠣᠨ ᠤ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠳᠤ ᠣᠷᠣᠭᠤᠯᠵᠤ᠂ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠴᠠᠭ | ᠠᠭᠤᠷ ᠤᠨ ᠦᠢᠯᠡᠴᠢᠯᠡᠭᠡᠨ ᠤ ᠦᠢᠯᠡᠳᠬᠦᠨ ᠤ ᠲᠥᠷᠥᠯ ᠵᠦᠢᠯ ᠢ ᠪᠠᠶᠠᠯᠢᠭᠵᠢᠭᠤᠯᠵᠤ᠂ ᠴᠠᠭ ᠠᠭᠤᠷ ᠤᠨ | ᠦᠢᠯᠡᠴᠢᠯᠡᠭᠡᠨ ᠤ ᠦᠢᠯᠡᠳᠬᠦᠨ ᠤ ᠴᠠᠭ ᠵᠠᠢ ᠶᠢᠨ ᠢᠯᠭᠠᠮᠵᠢ ᠶᠢ ᠳᠡᠭᠡᠭᠰᠢᠯᠡᠭᠦᠯᠦᠨ᠂ ᠠᠷᠠᠳ ᠣᠯᠠᠨ ᠤ ᠠᠮᠢᠳᠤᠷᠠᠯ᠂ | ᠡᠷᠡᠭᠦᠯ ᠮᠡᠨᠳᠦ ᠰᠤᠪᠢᠯᠠᠯᠲᠠ᠂ ᠰᠡᠯᠡᠭᠦᠴᠡᠯ᠂ ᠵᠢᠭᠤᠯᠴᠢᠯᠠᠯ ᠵᠡᠷᠭᠡ ᠶᠢᠨ ᠣᠯᠠᠨ ᠡᠰᠢᠵᠢᠭᠰᠡᠨ᠂ ᠥᠪᠡᠷᠮᠢᠴᠡᠵᠢᠭᠰᠡᠨ | ᠪᠠ ᠨᠠᠷᠢᠯᠢᠭᠵᠢᠭᠰᠠᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠴᠠᠭ ᠠᠭᠤᠷ ᠤᠨ ᠭᠠᠮᠰᠢᠭ ᠢ | ᠰᠡᠷᠭᠡᠶᠢᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ | ᠣᠯᠠᠨ ᠨᠡᠶᠢᠲᠡ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠪᠠ | ᠭᠠᠮᠰᠢᠭ ᠢ ᠰᠡᠷᠭᠡᠶᠢᠯᠡᠵᠦ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ | ᠨᠡᠮᠡᠭᠳᠡᠭᠦᠯᠦᠨ᠎ᠡ᠃ (ᠲᠦᠷᠦᠭᠦᠯᠡᠨ ᠬᠢᠬᠦ ᠨᠢᠭᠡᠴᠡ᠄ ᠰᠢᠶᠠᠨ ᠤ ᠴᠠᠭ ᠠᠭᠤᠷ ᠤᠨ ᠲᠣᠪᠴᠢᠶ᠎ᠠ; ᠬᠠᠮᠵᠢᠯᠴᠠᠬᠤ ᠨᠢᠭᠡᠴᠢ᠄ | ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | ︵ᠵᠢᠷᠭᠤᠭ᠎ᠠ︶ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | ᠃ | 14. ᠴᠠᠭ ᠠᠭᠤᠷ ᠤᠨ ᠵᠠᠩᠭᠢᠯᠠᠭ᠎ᠠ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ | ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠲᠤᠰ ᠣᠷᠣᠨᠴᠢᠯᠠᠬᠤ | ᠰᠤᠳᠤᠯᠭᠠᠨ ᠢ ᠲᠦᠯᠬᠢᠨ ᠠᠬᠢᠭᠤᠯᠤᠨ᠎ᠠ᠃ ᠰᠢᠨ᠎ᠡ ᠨᠢᠭᠡ ᠦᠶ᠎ᠡ ᠶᠢᠨ ᠴᠠᠭ ᠠᠭᠤᠷ ᠤᠨ ᠷᠠᠳᠠᠷ ᠤᠨ ᠪᠦᠲᠦᠭᠡᠭᠳᠡᠬᠦᠨ ᠢ | ᠲᠣᠰ ᠭᠠᠵᠠᠷ ᠲᠤᠨᠢ ᠬᠡᠷᠡᠭᠯᠡᠬᠦ ᠶᠢ ᠴᠢᠩᠭᠠᠳᠬᠠᠵᠤ᠂ ᠠᠮᠢ ᠠᠬᠤᠢ ᠶᠢᠨ ᠴᠠᠭ ᠠᠭᠤᠷ᠂ ᠳᠠᠭᠠᠭᠤᠯᠢ ᠣᠳᠣᠨ ᠤ | ᠠᠯᠤᠰ ᠰᠡᠷᠡᠯ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠮᠡᠳᠡᠭᠡ ᠵᠠᠩᠭᠢᠵᠢᠯᠲᠠ | ᠵᠡᠷᠭᠡ ᠬᠦᠷᠢᠶᠡᠨ ᠳᠠᠬᠢ ᠵᠠᠩᠭᠢᠯᠠᠭ᠎ᠠ ᠶᠢᠨ ᠮᠡᠷᠭᠡᠵᠢᠯ ᠢ ᠬᠡᠷᠡᠭᠯᠡᠨ᠂ ︽ᠴᠠᠭ ᠠᠭᠤᠷ + ᠠᠵᠢᠯ ᠲᠥᠷᠥᠯ︾ ᠤᠨ | ᠦᠢᠯᠡᠴᠢᠯᠡᠭᠡᠨ ᠤ ᠬᠡᠷᠡᠭᠯᠡᠯᠲᠡ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠰᠢᠶᠠᠨ ᠤ ᠴᠠᠭ ᠠᠭᠤᠷ ᠤᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 15. ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | | |