ᠰᠦᠢ ᠸᠧᠢ ᠵᠢᠶᠦ᠋ᠨ ᠵᠦᠸᠧᠽᠢ ᠰᠢᠶᠠᠨ ᠳᠤ ᠡᠪᠦᠯ ᠤᠨ ᠤᠯᠠᠷᠢᠯ ᠤᠨ ᠵᠢᠭᠤᠯᠴᠢᠯᠠᠯ ᠪᠠ ᠰᠢᠷᠠᠭᠰᠠᠨ ᠲᠠᠬᠢᠶ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/12/10
     12 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠦᠸᠧᠽᠢ ᠰᠢᠶᠠᠨ ᠳᠤ ᠭᠦᠨᠵᠡᠭᠡᠶᠢᠷᠡᠨ ᠡᠪᠦᠯ ᠤᠨ ᠤᠯᠠᠷᠢᠯ ᠤᠨ ᠵᠢᠭᠤᠯᠴᠢᠯᠠᠯ᠂ ᠰᠢᠷᠠᠭᠰᠠᠨ ᠲᠠᠬᠢᠶ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃
    12 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠦᠸᠧᠽᠢ ᠰᠢᠶᠠᠨ ᠳᠤ ᠰᠢᠷᠠᠭᠰᠠᠨ ᠲᠠᠬᠢᠶ᠎ᠠ ᠶᠢᠨ ᠠᠵᠤ ᠦᠢᠯᠡᠰ ᠲᠤ ᠪᠠᠶᠢᠴᠠᠭᠠᠨ ᠰᠤᠳᠤᠯᠤᠯᠲᠠ ᠬᠢᠵᠦ᠂ ᠦᠢᠯᠡᠳᠬᠦᠨ ᠦᠢᠯᠡᠳᠴᠦ ᠪᠣᠯᠪᠠᠰᠤᠷᠠᠭᠤᠯᠬᠤ ᠶᠠᠪᠤᠴᠠ ᠵᠢᠴᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠣᠶᠢᠯᠠᠭᠠᠪᠠ᠃    ᠯᠢᠨ ᠬᠧ ᠭᠦ᠋ ᠰᠠᠢ ᠵᠤᠭᠠᠴᠠᠯ ᠤᠨ ᠦᠵᠡᠮᠵᠢ ᠶᠢᠨ ᠣᠷᠣᠨ ᠳᠤ᠂ ᠰᠦᠢ ᠸᠧᠢ ᠵᠢᠶᠦ᠋ᠨ ᠦᠵᠡᠮᠵᠢ ᠶᠢᠨ ᠣᠷᠣᠨ ᠤ ᠡᠵᠡᠩᠨᠡᠯᠲᠡ ᠳᠤ ᠣᠷᠣᠭᠰᠠᠨ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠡᠪᠦᠯ ᠤᠨ ᠤᠯᠠᠷᠢᠯ ᠤᠨ ᠵᠤᠭᠠᠴᠠᠯ ᠤᠨ ᠲᠦᠷᠦᠯ ᠵᠦᠢᠯ ᠤᠨ ᠪᠡᠯᠡᠳᠬᠡᠯ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠦᠵᠡᠮᠵᠢ ᠶᠢᠨ ᠣᠷᠣᠨ ᠳᠤ ᠲᠤᠯᠭᠠᠷᠠᠭᠰᠠᠨ ᠬᠥᠭᠵᠢᠯᠲᠡ ᠶᠢᠨ ᠪᠣᠭᠤᠮᠢ ᠪᠠ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠦᠯᠲᠡ ᠬᠦᠷᠦᠯᠴᠡᠬᠦ ᠦᠭᠡᠢ ᠵᠡᠷᠭᠡ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠡᠷᠡ᠂︽ᠴᠠᠰᠤ ᠮᠥᠰᠥᠨ ᠳᠤ ᠬᠤᠴᠢᠭᠳᠠᠭᠰᠠᠨ ᠭᠠᠵᠠᠷ ᠴᠤ ᠠᠯᠳᠠ ᠮᠥᠩᠭᠦᠨ ᠠᠭᠤᠯᠠ︾ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠵᠠᠬ᠎ᠠ ᠳᠡᠯᠭᠡᠭᠦᠷ ᠤᠨ ᠬᠡᠷᠡᠭᠴᠡᠭᠡ ᠠᠴᠠ ᠡᠭᠦᠰᠬᠦ ᠶᠢ ᠪᠠᠷᠢᠮᠲᠠᠯᠠᠵᠤ᠂ ᠦᠢᠯᠡᠳᠬᠦᠨ ᠤ ᠡᠵᠡᠩᠨᠡᠯᠲᠡ ᠶᠢᠨ ᠬᠡᠯᠪᠡᠷᠢ ᠶᠢ ᠳᠠᠰᠤᠷᠠᠯᠳᠠ ᠦᠭᠡᠢ ᠪᠠᠶᠠᠯᠢᠭᠵᠢᠭᠤᠯᠵᠤ᠂ ᠵᠤᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠳᠦᠷᠪᠡᠨ ᠤᠯᠠᠷᠢᠯ ᠤᠨ ᠵᠤᠭᠠᠴᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ ᠭᠡᠵᠦ ᠬᠡᠯᠡᠪᠡ᠃ ᠡᠪᠦᠯ ᠤᠨ ᠤᠯᠠᠷᠢᠯ ᠤᠨ ᠵᠤᠭᠠᠴᠠᠯ ᠤᠨ ᠠᠵᠢᠯ ᠢ ᠰᠠᠶᠢᠲᠤᠷ ᠬᠢᠵᠦ᠂ ᠡᠪᠦᠯ ᠤᠨ ᠤᠯᠠᠷᠢᠯ ᠤᠨ ᠵᠤᠭᠠᠴᠠᠯ ᠤᠨ ᠲᠦᠷᠦᠯ ᠵᠦᠢᠯ ᠢ ᠢᠳᠡᠪᠬᠢᠲᠡᠢ ᠲᠥᠰᠥᠪᠯᠡᠵᠦ᠂ ᠤᠯᠠᠭᠠᠨᠴᠠᠪ ᠤᠨ︽ᠮᠥᠰᠥ ᠴᠠᠰᠤᠨ ᠤ ᠬᠠᠶᠢᠷ᠎ᠠ︾ᠲᠠᠮᠢᠷ ᠤᠨ ᠤᠯᠠᠷᠢᠯ ᠤᠨ ᠲᠦᠷᠦᠯ ᠲᠡᠮᠳᠡᠭ ᠢ ᠡᠭᠦᠳᠴᠦ᠂ ᠮᠥᠰᠥ ᠴᠠᠰᠤᠨ ᠤ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠶᠤᠨᠲᠤ ᠵᠤᠭᠠᠴᠠᠯ ᠤᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠦᠵᠡᠮᠵᠢ ᠶᠢᠨ ᠣᠷᠣᠨ ᠤ ᠤᠰᠤ᠂ ᠴᠠᠬᠢᠯᠭᠠᠨ᠂ ᠵᠠᠮ᠂ ᠲᠣᠣᠷ᠂ ᠵᠣᠷᠯᠣᠩ ᠵᠡᠷᠭᠡ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠦᠯᠲᠡ ᠶᠢ ᠴᠢᠨᠠᠭᠰᠢᠳᠠ ᠲᠡᠭᠦᠯᠳᠡᠷᠵᠢᠭᠦᠯᠵᠦ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃    ᠰᠢᠷᠠᠭᠰᠠᠨ ᠲᠠᠬᠢᠶ᠎ᠠ ᠪᠣᠯ ᠵᠦᠸᠥᠽᠢ ᠰᠢᠶᠠᠨ ᠤ ᠲᠤᠯᠭᠠᠭᠤᠷᠢ ᠠᠵᠤ ᠦᠢᠯᠡᠰ ᠤᠨ ᠨᠢᠭᠡ ᠪᠣᠯᠣᠨ᠎ᠠ᠂ ᠰᠦᠢ ᠸᠧᠢ ᠵᠢᠶᠦ᠋ᠨ ᠰᠢᠷᠠᠭᠰᠠᠨ ᠲᠠᠬᠢᠶ᠎ᠠ ᠶᠢᠨ ᠮᠦᠽᠧᠢ ᠶᠢ ᠲᠣᠭᠤᠷᠢᠨ ᠦᠵᠡᠵᠦ᠂ ᠴᠧᠨ ᠭᠦᠸᠧ ᠲᠢᠩ ᠤᠨ ᠰᠢᠷᠠᠭᠰᠠᠨ ᠲᠠᠬᠢᠶ᠎ᠠ ᠪᠣᠯᠣᠨ ᠵᠠᠩ  ᠶᠢᠨ ᠲᠤᠤ ᠶᠢᠨ ᠰᠢᠷᠠᠭᠰᠠᠨ ᠲᠠᠬᠢᠶ᠎ᠠ ᠶᠢᠨ ᠳᠡᠯᠭᠡᠭᠦᠷ ᠲᠤ ᠬᠦᠷᠴᠦ᠂ ᠰᠢᠷᠠᠭᠰᠠᠨ ᠲᠠᠬᠢᠶ᠎ᠠ ᠶᠢ ᠪᠣᠯᠪᠠᠰᠤᠷᠠᠭᠤᠯᠬᠤ ᠶᠠᠪᠤᠴᠠ᠂ ᠢᠳᠡᠭᠡᠨ ᠤ ᠠᠮᠤᠷ ᠲᠦᠪᠰᠢᠨ᠂ ᠪᠣᠷᠤᠯᠠᠭᠤᠯᠭ᠎ᠠ ᠶᠢᠨ ᠠᠷᠭ᠎ᠠ ᠵᠠᠮ᠂ ᠲᠦᠷᠦᠯ ᠲᠡᠮᠳᠡᠭ ᠤᠨ ᠰᠣᠶᠣᠯ ᠵᠡᠷᠭᠡ ᠶᠢ ᠣᠶᠢᠯᠠᠭᠠᠪᠠ᠃ ᠲᠡᠷᠡ ᠬᠡᠯᠡᠭᠰᠡᠨ ᠨᠢ᠂ ᠤᠯᠠᠮᠵᠢᠯᠠᠨ ᠵᠠᠯᠭᠠᠮᠵᠢᠯᠠᠭᠰᠠᠨ ᠰᠠᠭᠤᠷᠢᠨ ᠳᠡᠭᠡᠷ᠎ᠡ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠰᠢᠨ᠎ᠡ ᠦᠢᠯᠡᠳᠬᠦᠨ ᠢ ᠪᠣᠶᠢᠵᠢᠭᠤᠯᠤᠨ ᠨᠡᠭᠡᠭᠡᠨ ᠬᠥᠭᠵᠢᠭᠦᠯᠵᠦ᠂ ︽ᠤᠯᠠᠭᠠᠨᠴᠠᠪ︾ ︽ᠵᠣᠰᠣᠲᠤ ᠲᠠᠬᠢᠶ᠎ᠠ︾ ᠵᠡᠷᠭᠡ ᠣᠷᠣᠨ ᠨᠤᠲᠤᠭ ᠤᠨ ᠣᠨᠴᠠᠯᠢᠭ ᠲᠠᠢ ᠣᠷᠣᠨ ᠪᠦᠰᠡ ᠶᠢᠨ ᠨᠠᠷᠠᠲᠤ ᠲᠡᠮᠳᠡᠭᠲᠦ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ︔ ᠵᠣᠰᠣᠲᠤ ᠲᠠᠬᠢᠶ᠎ᠠ ᠶᠢᠨ ᠲᠡᠦᠬᠡ ᠰᠣᠶᠣᠯ ᠤᠨ ᠡᠯᠧᠮᠧᠨ᠋ᠲ ᠢ ᠭᠦᠨᠵᠡᠭᠡᠢ ᠠᠭᠤᠳᠠᠯᠵᠤ᠂ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠪᠣᠯᠣᠨ ᠠᠷᠠᠳ ᠤᠨ ᠵᠠᠩ ᠦᠶᠯᠡ ᠶᠢ ᠬᠠᠷᠢᠯᠴᠠᠨ ᠠᠭᠤᠰᠤᠯᠴᠠᠭᠤᠯᠵᠤ᠂ ᠲᠡᠭᠦᠨ ᠢ ᠭᠠᠵᠠᠷ ᠣᠷᠣᠨ ᠤ ᠰᠣᠶᠣᠯ ᠤᠨ ᠬᠤᠷᠴᠠ ᠰᠣᠷᠭᠤᠭ ᠲᠡᠮᠳᠡᠭ ᠪᠣᠯᠭᠠᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2