ᠬᠤᠲᠠ ᠰᠢᠶᠠᠨ ᠬᠤᠶᠠᠷ ᠱᠠᠲᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠭᠤᠷᠬᠠᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/12/10
    ᠣᠶᠢᠷ᠎ᠠ ᠳᠤ᠂ ᠤᠯᠠᠭᠠᠨᠴᠠᠪ ᠬᠤᠲᠠ ᠶᠢᠨ ᠠᠮᠤᠷ ᠲᠦᠪᠰᠢᠨ ᠤ ᠵᠥᠪᠯᠡᠯ ︽ᠨᠡᠭᠦᠷᠡᠰᠦᠨ ᠤ ᠪᠤᠰᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠦᠯᠡᠳᠡᠭᠳᠡᠯ ᠬᠦᠳᠡᠷ ᠤᠨ ᠬᠥᠮᠥᠷᠭᠡ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠪᠠᠴᠢᠮ ᠮᠡᠳᠡᠭᠳᠡᠯ︾ ︵ᠥᠪᠥᠷ ᠮᠣᠩᠭᠤᠯ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ﹇2023﹈ 124 ᠳ᠋ᠦᠭᠡᠷ ᠲᠣᠭᠠᠲᠤ︶ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠪᠥᠬᠦ ᠬᠤᠲᠠ ᠶᠢᠨ ᠦᠯᠡᠳᠡᠭᠳᠡᠯ ᠬᠦᠳᠡᠷ ᠤᠨ ᠬᠥᠮᠥᠷᠭᠡ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠬᠤᠲᠠ ᠰᠢᠶᠠᠨ ᠤ ᠬᠤᠶᠠᠷ ᠱᠠᠲᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠠᠤᠯᠢ ᠬᠡᠷᠡᠭᠵᠢᠭᠦᠯᠬᠦ ᠠᠩᠭᠢ ᠶᠢᠨ ᠠᠵᠢᠯᠲᠠᠳ ᠵᠦᠸᠧᠽᠢ ᠰᠢᠶᠠᠨ ᠤ ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠪᠠᠶᠢᠴᠠᠭᠠᠯᠲᠠ ᠬᠢᠪᠡ᠃
    ᠪᠠᠶᠢᠴᠠᠭᠠᠬᠤ ᠳᠤᠭᠤᠶᠢᠯᠠᠩ ᠤᠨ ᠬᠢᠨ ᠨᠡᠭᠦᠷᠡᠰᠦᠨ ᠠᠭᠤᠷᠬᠠᠢ ᠶᠢᠨ ᠪᠤᠰᠤ ᠠᠵᠤ ᠠᠬᠤᠶᠢᠯᠠᠯ ᠳᠤ ᠭᠦᠨᠵᠡᠭᠡᠶᠢᠷᠡᠨ ᠦᠯᠡᠳᠡᠭᠳᠡᠯ ᠬᠦᠳᠡᠷ ᠤᠨ ᠬᠥᠮᠥᠷᠭᠡ ᠶᠢᠨ ᠠᠮᠤᠷ ᠲᠦᠪᠰᠢᠨ ᠤ ᠬᠡᠮ ᠰᠣᠭᠤᠭ ᠢ ᠬᠢᠨᠠᠨ ᠵᠢᠯᠤᠭᠤᠳᠴᠤ ᠪᠠᠶᠢᠴᠠᠭᠠᠬᠤ ᠶᠢ ᠥᠷᠨᠢᠭᠦᠯᠵᠦ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠠᠵᠤ ᠠᠬᠤᠶᠢᠯᠠᠯ ᠤᠨ ᠦᠨᠡᠮᠯᠡᠯ᠂ ᠠᠮᠤᠷ ᠲᠦᠪᠰᠢᠨ ᠤ ᠲᠥᠬᠦᠭᠡᠷᠦᠮᠵᠢ ᠶᠢᠨ ︽ᠭᠤᠷᠪᠠ ᠶᠢ ᠵᠡᠷᠭᠡᠪᠡᠷ ᠬᠢᠬᠦ︾᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠵᠡᠷᠭᠡ ᠦᠨᠳᠦᠰᠦᠨ ᠪᠠᠶᠢᠳᠠᠯ ᠢ ᠵᠡᠷᠭᠡᠪᠡᠷ ᠬᠢᠨᠠᠨ ᠪᠠᠶᠢᠴᠠᠭᠠᠪᠠ᠃ ᠬᠥᠮᠥᠷᠭᠡ ᠶᠢᠨ ᠳᠣᠲᠣᠷᠠᠬᠢ ᠦᠶᠡᠷ ᠢ ᠵᠠᠯᠠᠬᠤ ᠪᠡᠯᠡᠳᠬᠡᠮᠵᠢ ᠪᠣᠯᠣᠨ ᠬᠥᠮᠥᠷᠭᠡ ᠶᠢᠨ ᠭᠠᠳᠠᠨᠠᠬᠢ ᠦᠶᠡᠷ ᠢ ᠰᠡᠷᠭᠡᠶᠢᠯᠡᠬᠦ ᠪᠡᠯᠡᠳᠬᠡᠮᠵᠢ ᠶᠢ ᠭᠤᠣᠯᠳᠠᠯᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠢᠯᠡᠷᠡᠭᠦᠯᠦᠭᠰᠡᠨ ᠳᠠᠯᠳᠠ ᠬᠡᠮ ᠢ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠲᠦᠷᠭᠡᠬᠡᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠰᠠᠭᠤᠳᠠᠯ ᠪᠣᠯᠣᠨ ᠳᠠᠯᠳᠠ ᠬᠡᠮ ᠢ ᠴᠠᠭ ᠲᠤᠬᠠᠢ ᠳᠤᠨᠢ ᠵᠠᠰᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠠᠵᠤ ᠠᠬᠤᠶᠢᠯᠠᠯ ᠤᠨ 24 ᠴᠠᠭ ᠢᠶᠠᠷ ᠲᠤᠰᠬᠠᠢ ᠬᠥᠮᠥᠨ ᠵᠢᠵᠢᠭᠦᠷᠯᠡᠬᠦ ᠳᠦᠷᠢᠮ ᠪᠠ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠭᠰᠡᠨ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠵᠡᠷᠭᠡ ᠪᠠᠶᠢᠳᠠᠯ ᠳᠤ ᠪᠠᠶᠢᠴᠠᠭᠠᠯᠲᠠ ᠬᠢᠨ᠎ᠡ᠃ ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢᠶᠠᠨ ᠴᠢᠩᠭᠠᠳᠬᠠᠬᠤ ᠶᠢ ᠲᠦᠯᠬᠢᠨ ᠠᠬᠢᠭᠤᠯᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠪᠠ ᠣᠷᠴᠢᠨ ᠠᠬᠤᠢ ᠶᠢᠨ ᠬᠡᠷᠡᠭ ᠭᠠᠷᠬᠤ ᠶᠢ ᠴᠢᠩᠭ᠎ᠠ ᠰᠡᠷᠭᠡᠶᠢᠯᠡᠨ᠎ᠡ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2