ᠯᠢᠦ ᠪᠦᠦ ᠴᠧᠩ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠵᠤ︾ ᠠᠶᠤᠯᠭᠦᠢ ᠦᠢᠯᠡᠳᠪᠦᠷᠢᠯᠡᠯ ᠵᠢᠴᠢ ᠢᠯᠴᠢ ᠬᠠᠩᠭᠠᠯᠭ᠎ᠠ ᠶᠢᠨ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/12/10
    12 ᠰᠠᠷ᠎ᠠ ᠶᠢᠨ 5 ᠋ ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢᠦ ᠪᠦᠦ ᠴᠧᠩ ᠥᠪᠥᠷ ᠮᠣᠩᠭᠤᠯ ᠤᠨ ᠬᠤᠸᠠ ᠢ ᠵᠦᠸᠧᠽᠢ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ᠂ ᠢᠯᠴᠢ ᠬᠠᠩᠭᠠᠯᠭ᠎ᠠ ᠶᠢᠨ ᠪᠠᠲᠤᠯᠠᠭ᠎ᠠ ᠵᠢᠴᠢ ᠠᠵᠤ ᠠᠬᠤᠶᠢᠯᠠᠯ ᠤᠨ ᠠᠵᠢᠯᠯᠠᠭᠠᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ᠂ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ ᠥᠭᠴᠡᠢ᠃
    ᠥᠪᠥᠷ ᠮᠣᠩᠭᠤᠯ ᠤᠨ ᠬᠤᠸᠠ ᠢ ᠶᠢᠨ ᠵᠦᠸᠧᠽᠢ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ ᠳᠤ᠂ ᠯᠢᠦ ᠪᠦᠦ ᠴᠧᠩ ᠢᠯᠴᠢ ᠬᠠᠩᠭᠠᠬᠤ ᠰᠢᠰᠲ᠋ᠧᠮ ᠤᠨ ᠪᠦᠬᠦᠯᠢ ᠴᠣᠭᠴᠠ ᠶᠢᠨ ᠠᠵᠢᠯᠯᠠᠭᠠᠨ᠂ ᠬᠠᠩᠭᠠᠯᠭ᠎ᠠ ᠶᠢᠨ ᠪᠠᠲᠤᠯᠠᠭ᠎ᠠ ᠵᠢᠴᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠡᠷᠡᠴᠢᠯᠡᠨ ᠡᠨᠡ ᠡᠪᠦᠯ ᠤᠨ ᠳᠤᠯᠠᠭᠠᠯᠭ᠎ᠠ ᠶᠢᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠲᠡᠷᠡ ᠴᠢᠬᠤᠯᠠᠴᠢᠯᠠᠭᠰᠠᠨ ᠨᠢ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠵᠢᠯ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠣᠯᠠᠨ ᠲᠦᠮᠡᠨ ᠤ ᠬᠠᠮᠤᠭ ᠤᠨ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠤᠸᠠ ᠢ ᠵᠦᠸᠧᠽᠢ ᠢᠯᠴᠢ ᠶᠢᠨ ᠴᠠᠬᠢᠯᠭᠠᠨ ᠤ ᠺᠣᠮᠫᠠᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠨᠡ ᠡᠪᠦᠯ ᠢᠷᠡᠬᠦ ᠬᠠᠪᠤᠷ ᠤᠨ ᠳᠤᠯᠠᠭᠠᠯᠠᠭ᠎ᠠ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯ ᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ︔ ᠢᠯᠴᠢ ᠬᠠᠩᠭᠠᠬᠤ ᠪᠡᠯᠡᠳᠬᠡᠮᠵᠢ ᠶᠢᠨ ᠠᠵᠢᠯᠯᠠᠭᠠᠨ ᠤ ᠬᠠᠮᠢᠶᠠᠷᠤᠯᠲᠠ ᠪᠠ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠢᠯᠴᠢ ᠬᠠᠩᠭᠠᠬᠤ ᠳᠤᠮᠳᠠ ᠣᠷᠣᠰᠢᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠢᠯᠴᠢ ᠬᠠᠩᠭᠠᠬᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃
    ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ᠂ ᠯᠢᠦ ᠪᠦᠦ ᠴᠧᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠬᠥᠭᠵᠢᠯᠲᠡ ᠶᠢᠨ ᠲᠥᠯᠦᠪᠵᠢᠭᠦᠯᠭᠡ᠂ ᠠᠶᠤᠯᠭᠦᠢ ᠦᠢᠯᠡᠳᠪᠦᠷᠢᠯᠡᠯ᠂ ᠲᠦᠷᠦᠯ ᠵᠦᠢᠯ ᠤᠨ ᠭᠠᠵᠠᠷ ᠰᠢᠷᠣᠢ ᠶᠢᠨ ᠲᠠᠲᠠᠪᠤᠷᠢᠯᠠᠯᠲᠠ ᠵᠢᠴᠢ ᠦᠯᠡᠳᠡᠭᠳᠡᠯ ᠬᠦᠳᠡᠷ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠷᠡ ᠱᠠᠭᠠᠷᠳᠠᠭᠰᠠᠨ ᠨᠢ᠂ ᠬᠠᠷᠢᠶ᠎ᠠ ᠭᠠᠵᠠᠷ ᠤᠨ ᠰᠢᠶᠠᠩ ᠪᠠᠯᠭᠠᠰᠤ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭᠴᠡᠭᠡ ᠶᠢ ᠣᠨᠣᠪᠴᠢᠲᠠᠢ ᠡᠵᠡᠮᠳᠡᠵᠦ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠠᠵᠤ ᠠᠬᠤᠶᠢᠯᠠᠯ ᠢ ᠴᠠᠭ ᠲᠤᠬᠠᠢ ᠳᠤᠨᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠬᠡᠷᠡᠭᠲᠡᠢ︔ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯᠲᠠᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤ ᠪᠠᠬᠢ ᠪᠠᠶᠢᠭᠤᠯᠬᠤ ᠬᠡᠷᠡᠭᠲᠡᠢ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2