ᠵᠦᠸᠧᠽᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/12/24
    12 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠵᠦᠸᠧᠽᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ 2023 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠥᠷᠭᠡᠳᠬᠡᠭᠰᠡᠨ ᠰᠤᠷᠤᠯᠴᠠᠯᠭ᠎ᠠ ᠶᠢᠨ ᠬᠤᠷᠠᠯ ᠵᠢᠴᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠬᠢᠯᠡᠪᠡ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠦ᠋ ᠵᠢᠶᠠᠨ ᠴᠢᠩ ᠬᠤᠷᠠᠯ ᠡᠷᠭᠢᠯᠡᠵᠦ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠭᠠᠵᠠᠷ ᠤᠨ ᠲᠠᠰ ᠤᠨ ᠤᠳᠤᠷᠢᠳᠤᠯᠭ᠎ᠠ᠂ ︽ᠨᠢᠭᠡᠳᠦᠭᠡᠷ ᠠᠯᠪᠠᠨ ᠭᠡᠷ ᠳᠥᠷᠪᠡᠳᠦᠭᠡᠷ ᠵᠥᠪᠯᠡᠯ︾ ᠤᠨ ᠡᠷᠬᠢᠯᠡᠭᠴᠢ᠂ ᠳᠡᠳ᠋ ᠡᠷᠬᠢᠯᠡᠭᠴᠢ ᠵᠢᠴᠢ ᠬᠡᠰᠡᠭ ᠺᠠᠳ᠋ᠷ ᠰᠤᠷᠤᠯᠴᠠᠯᠭ᠎ᠠ ᠳᠤ ᠣᠷᠣᠯᠴᠠᠵᠠᠢ᠃
   ᠰᠤᠷᠤᠯᠴᠠᠯᠭ᠎ᠠ ᠳᠤ ᠣᠷᠣᠯᠴᠠᠭᠰᠠᠳ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂︽ᠲᠠᠪᠤᠨ ᠶᠡᠭᠡ ᠡᠭᠦᠷᠭᠡᠲᠦ ᠺᠠᠳ᠋ᠷ ᠤᠨ ᠤᠩᠰᠢᠬᠤ ᠪᠢᠴᠢᠭ︾ᠵᠢᠴᠢ ᠰᠢᠨ᠎ᠡ ᠪᠠᠷ ᠵᠠᠰᠠᠪᠤᠷᠢ ᠣᠷᠣᠭᠤᠯᠤᠭᠰᠠᠨ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠦᠬᠦ ᠤᠯᠤᠰ ᠤᠨ ᠬᠤᠷᠢᠶᠠᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠳᠦᠷᠢᠮ︾᠋ ᠢ ᠭᠤᠣᠯᠳᠠᠯᠭ᠎ᠠ ᠲᠠᠢ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠰᠬᠠᠢ ᠰᠡᠳᠦᠪᠲᠦ ᠰᠤᠷᠤᠯᠴᠠᠬᠤ ᠮᠠᠲᠧᠷᠢᠶᠠᠯ ᠢ ᠪᠠᠲᠤᠳᠬᠠᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠲᠤᠤᠱᠯᠠᠭᠤᠯᠵᠤ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ︾᠋ ᠤᠨ ᠲᠣᠭᠤᠷᠢᠨ ᠳᠤ ᠰᠣᠯᠢᠯᠴᠠᠨ ᠰᠤᠳᠤᠯᠤᠨ ᠶᠠᠷᠢᠯᠴᠠᠵᠤ᠂ ᠪᠤᠰᠤᠳ ᠰᠤᠷᠤᠯᠴᠠᠯᠭ᠎ᠠ ᠳᠤ ᠣᠷᠣᠯᠴᠠᠭᠰᠠᠨ ᠬᠥᠮᠥᠰ ᠪᠢᠴᠢᠭ ᠤᠨ ᠰᠣᠯᠢᠯᠴᠠᠭᠠᠨ ᠤ ᠮᠠᠲᠧᠷᠢᠶᠠᠯ ᠢᠶᠠᠨ ᠳᠡᠪᠰᠢᠭᠦᠯᠵᠡᠢ᠃    ᠣᠯᠠᠨ ᠢᠶᠠᠷ ᠢᠶᠠᠨ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠡᠷᠭᠡ ᠡᠯ᠎ᠡ ᠵᠦᠢᠯ ᠤᠨ ᠠᠵᠢᠯ ᠢ ᠥᠷᠨᠢᠭᠦᠯᠬᠦ ᠶᠠᠪᠤᠴᠠ ᠳᠤ ᠴᠥᠮ ᠲᠡᠭᠦᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ ᠢ ᠣᠯᠭᠤᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢ ᠨᠡᠮᠡᠷᠢᠯᠡᠨ᠎ᠡ᠃ ᠡᠭᠦᠨ ᠤ ᠬᠠᠮᠲᠤ ᠢᠯᠡᠷᠬᠡᠶᠢᠯᠡᠭᠰᠡᠨ ᠨᠢ᠂ ︽ᠡᠭᠦᠷᠢᠳᠡ ᠵᠣᠭᠰᠣᠰᠢ ᠦᠭᠡᠢ ᠪᠠᠶᠢᠬᠤ︾ᠤᠯᠤᠰ ᠲᠦᠷᠦ ᠶᠢᠨ ᠰᠡᠷᠭᠡᠭ ᠪᠠᠶᠢᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠢᠮᠠᠭᠲᠠ ᠭᠦᠨᠵᠡᠭᠡᠶᠢᠷᠡᠭᠦᠯᠬᠦ ᠶᠢ ᠢᠮᠠᠭᠲᠠ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠤᠬᠠᠮᠰᠠᠷ ᠠᠴᠠ ᠪᠠᠨ ᠰᠢᠯᠢᠳᠡᠭ ᠰᠤᠷᠲᠠᠯ ᠤᠨ ᠬᠥᠮᠦᠵᠢᠯ ᠢ ᠴᠢᠩᠭᠠᠳᠬᠠᠵᠤ᠂︽ᠴᠢᠩᠭ᠎ᠠ ᠦᠨᠡᠨ ᠨᠠᠷᠢᠨ ᠪᠣᠳᠠᠲᠠᠢ ᠲᠦᠷᠭᠡᠨ︾ ᠠᠵᠢᠯ ᠤᠨ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠠᠵᠢᠯ ᠢᠶᠠᠨ ᠴᠢᠨᠠᠷ ᠰᠠᠶᠢᠲᠠᠢ ᠦᠷ᠎ᠡ ᠪᠦᠲᠦᠮᠵᠢᠲᠡᠢ᠂ ᠠᠮᠢᠳᠤᠯᠢᠭ ᠰᠠᠶᠢᠬᠠᠨ ᠬᠢᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠢᠩᠬᠢᠨᠢ ᠴᠢᠳᠠᠪᠤᠷᠢ᠂ ᠰᠠᠶᠢᠨ ᠰᠤᠷᠲᠠᠯ ᠢᠶᠠᠷ ᠢᠶᠠᠨ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠳᠦᠷᠰᠦ ᠪᠠᠶᠢᠳᠠᠯ ᠢ ᠪᠤᠢ ᠪᠣᠯᠭᠠᠬᠤ ᠬᠡᠷᠡᠭᠲᠡᠢ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2