ᠵᠦᠸᠧᠽᠢ ᠰᠢᠶᠠᠨ 12345 ᠬᠠᠯᠠᠮᠰᠢᠯ ᠤᠲᠠᠰᠤ ᠶᠢᠨ ᠵᠢᠯ ᠤᠨ ᠡᠴᠦᠰ ᠤᠨ ᠬᠢᠨᠠᠨ ᠰᠢᠯᠭᠠᠬᠤ ᠠᠵᠢᠯ ᠤᠨ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/24
    12 ᠰᠠᠷ᠎ᠠ ᠶᠢᠨ 20  ᠤ ᠡᠳᠦᠷ᠂ ᠵᠦᠸᠧᠽᠢ ᠰᠢᠶᠠᠨ 12345 ᠬᠠᠯᠠᠮᠰᠢᠯ ᠤᠲᠠᠰᠤᠨ ᠤ ᠵᠢᠯ ᠤᠨ ᠡᠴᠦᠰ ᠤᠨ ᠬᠢᠨᠠᠨ ᠰᠢᠯᠭᠠᠬᠤ ᠠᠵᠢᠯ ᠤᠨ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠵᠤ᠂ ᠪᠦᠬᠦ ᠵᠢᠯ ᠤᠨ ᠠᠵᠢᠯ ᠳᠤ ᠵᠠᠳᠠᠯᠤᠯᠲᠠ ᠳ᠋ᠦᠩᠨᠡᠯᠲᠡ ᠬᠢᠵᠦ᠂ ᠪᠠᠭᠤᠷᠠᠢ ᠭᠤᠭᠴᠤᠭ᠎ᠠ ᠳᠤ ᠲᠠᠬᠢᠨ ᠳᠠᠶᠢᠴᠢᠯᠠᠯᠲᠠ ᠬᠢᠵᠦ᠂ ᠲᠠᠬᠢᠨ ᠪᠠᠶᠢᠷᠢᠯᠠᠭᠤᠯᠤᠯᠲᠠ ᠬᠢᠵᠦ᠂ ᠮᠠᠨ ᠤ ᠰᠢᠶᠠᠨ ᠤ 12345 ᠬᠠᠯᠠᠮᠰᠢᠯ ᠤᠲᠠᠰᠤᠨ ᠤ ᠠᠵᠢᠯ ᠤᠨ ᠣᠷᠣᠨ ᠲᠠᠪᠰᠢᠨ ᠣᠷᠣᠬᠤ ᠪᠠᠷ ᠴᠢᠷᠮᠠᠶᠢᠬᠤ ᠶᠢ ᠪᠠᠲᠤᠯᠠᠵᠠᠢ᠃ ᠰᠢᠶᠠᠨ ᠤ ᠵᠠᠰᠠᠭ ᠤᠨ ᠣᠷᠳᠣᠨ ᠤ ᠭᠡᠷ ᠲᠡᠭᠡᠨ ᠪᠠᠶᠢᠭ᠎ᠠ ᠪᠠᠭ ᠤᠨ ᠪᠦᠷᠢᠯᠳᠦᠭᠦᠨ᠂ ᠭᠤᠣᠯᠳᠠᠯᠭ᠎ᠠ ᠲᠠᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠬᠤᠷᠠᠯ  ᠠᠴᠠ ᠬᠠᠯᠠᠭᠤᠨ ᠤᠲᠠᠰᠤᠨ ᠤ ᠣᠨ ᠤ ᠭᠦᠢᠴᠡᠳᠬᠡᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠮᠡᠳᠡᠭᠳᠡᠪᠡ᠃ ᠬᠤᠷᠠᠯ ᠠᠴᠠ᠂ 12345 ᠬᠠᠯᠠᠮᠰᠢᠯ ᠤᠲᠠᠰᠤ ᠨᠢ ᠨᠢᠭᠡ ᠲᠠᠯ᠎ᠠ ᠪᠠᠷ ᠵᠠᠰᠠᠭ ᠤᠨ ᠣᠷᠳᠣᠨ ᠲᠠᠢ ᠬᠤᠯᠪᠣᠯᠳᠤᠵᠤ᠂ ᠨᠢᠭᠡ ᠲᠠᠯ᠎ᠠ ᠪᠠᠷ ᠲᠦᠭ ᠲᠦᠮᠡᠨ ᠠᠶᠢᠯ ᠡᠷᠦᠬᠡ ᠲᠠᠢ ᠬᠤᠯᠪᠣᠯᠳᠤᠵᠤ᠂ ᠤᠯᠠᠨ ᠲᠦᠮᠡᠨ ᠪᠣᠯᠣᠨ ᠵᠠᠰᠠᠭ ᠤᠨ ᠣᠷᠳᠣᠨ ᠤ ᠰᠢᠭᠤᠳ ᠨᠡᠪᠲᠡᠷᠡᠯᠴᠡᠬᠦ ᠬᠥᠭᠦᠷᠭᠡ ᠪᠣᠯᠣᠨ᠎ᠠ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠯᠠᠮᠰᠢᠯ ᠤᠲᠠᠰᠤᠨ ᠤ ᠠᠵᠢᠯ ᠢ ᠨᠠᠶᠢᠳᠠᠪᠤᠷᠢᠵᠢᠭᠤᠯᠵᠤ᠂ ᠪᠣᠳᠠᠲᠠᠢ ᠪᠥᠭᠡᠳ ᠨᠠᠷᠢᠯᠢᠭ ᠬᠢᠵᠦ᠂ ᠤᠯᠠᠨ ᠲᠦᠮᠡᠨ ᠤ ᠲᠤᠰᠬᠠᠭᠰᠠᠨ ᠬᠡᠷᠡᠭ ᠶᠠᠪᠤᠳᠠᠯ ᠢ ᠴᠠᠭ ᠲᠤᠬᠠᠢ ᠳᠤᠨᠢ ᠴᠤᠤᠷᠢᠶᠠᠲᠤᠨ ᠲᠠᠭᠠᠵᠦ᠂ ᠴᠠᠭ ᠲᠤᠬᠠᠢ ᠳᠤᠨᠢ ᠰᠢᠢᠳᠪᠦᠷᠢᠯᠡᠵᠦ᠂ ᠦᠷ᠎ᠡ ᠳ᠋ᠦᠩ ᠳᠤ ᠬᠠᠨᠤᠮᠵᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ  ᠠᠴᠠ ᠱᠠᠭᠠᠷᠳᠠᠭᠰᠠᠨ ᠨᠢ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠠᠵᠢᠯ ᠤᠨ ᠬᠠᠭᠤᠳᠠᠰᠤᠨ ᠳᠤ ᠬᠠᠷᠢᠭᠤᠯᠲᠠ ᠥᠭᠬᠦ ᠴᠢᠨᠠᠷ ᠴᠢᠨᠰᠠᠭ᠎ᠠ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠨᠣᠷᠮ᠎ᠠ᠂ ᠰᠢᠢᠳᠪᠦᠷᠢᠯᠡᠬᠦ ᠬᠦᠴᠦᠨ ᠲᠠᠢ ᠬᠤᠭᠤᠴᠠᠭ᠎ᠠ᠂ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠵᠦ ᠳᠠᠭᠤᠰᠬᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠳᠠᠭᠠᠭᠠᠨ ᠭᠦᠢᠴᠡᠳᠬᠡᠬᠦ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠢ ᠬᠠᠯᠠᠮᠰᠢᠯ ᠤᠲᠠᠰᠤ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠠᠵᠢᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠬᠡᠷᠡᠭᠲᠡᠢ︔ ᠳᠠᠭᠠᠭᠠᠨ ᠰᠢᠳᠬᠡᠭᠴᠢ ᠤᠯᠤᠰ ᠲᠥᠷᠥ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠮᠠᠨ ᠤ ᠰᠢᠶᠠᠨ ᠤ ᠦᠯᠡᠳᠡᠵᠦ ᠪᠠᠶᠢᠭ᠎ᠠ ᠠᠵᠢᠯ ᠤᠨ ᠬᠠᠭᠤᠳᠠᠰᠤ ᠶᠢ ᠰᠠᠷ᠎ᠠ ᠶᠢᠨ ᠰᠡᠭᠦᠯᠴᠢ ᠠᠴᠠ ᠡᠮᠦᠨ᠎ᠡ ᠬᠥᠳᠡᠯᠦᠩᠭᠦᠢ ᠪᠠᠷ ᠦᠭᠡᠢ ᠪᠣᠯᠭᠠᠵᠤ᠂ ᠮᠠᠨ ᠤ ᠰᠢᠶᠠᠨ ᠤ ᠬᠠᠯᠠᠮᠰᠢᠯ ᠤᠲᠠᠰᠤᠨ ᠤ ᠬᠢᠷᠢ ᠪᠦᠲᠦᠮᠵᠢ ᠶᠢ ᠲᠡᠷᠢᠭᠦᠨ ᠳᠤ ᠣᠷᠣᠭᠤᠯᠬᠤ ᠪᠠᠷ ᠴᠢᠷᠮᠠᠶᠢᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ 12345 ᠬᠠᠯᠠᠮᠰᠢᠯ ᠤᠲᠠᠰᠤ ᠶᠢ ᠠᠷᠠᠳ ᠤᠯᠠᠨ ᠳᠤ ᠨᠡᠩ ᠰᠠᠶᠢᠨ ᠦᠢᠯᠡᠴᠢᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃  
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2