ᠣᠶᠢᠷ᠎ᠠ ᠳᠤ᠂ ᠬᠤᠲᠠ ᠶᠢᠨ ᠠᠷᠠᠯᠵᠢᠶ᠎ᠠ ᠶᠢ ᠠᠬᠢᠭᠤᠯᠬᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠨᠡᠶᠢᠭᠡᠮᠯᠢᠭ ᠤᠨ ᠳᠠᠷᠤᠭ᠎ᠠ ᠵᠠᠩ ᠮᠧᠶ ᠪᠣᠯᠣᠨ ᠬᠤᠯᠪᠣᠭᠳᠠᠯ ᠪᠦᠬᠦᠢ ᠰᠠᠯᠠᠭ᠎ᠠ ᠲᠠᠰᠤᠭ ᠤᠨ ᠤᠳᠤᠷᠢᠳᠤᠯᠭ᠎ᠠ ᠨᠠᠷ | ᠵᠦᠸᠧᠽᠢ ᠰᠢᠶᠠᠨ ᠳᠤ ᠢᠷᠡᠵᠦ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠵᠦ᠂ | ᠶᠠᠷᠢᠯᠴᠠᠬᠤ ᠬᠤᠷᠠᠯ ᠪᠠ ᠰᠣᠯᠢᠯᠴᠠᠭᠠᠨ ᠤ ᠬᠤᠷᠠᠯ ᠬᠢᠵᠦ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠰᠢᠨ | ᠴᠦᠨ ᠶᠠᠷᠢᠯᠴᠠᠬᠤ ᠬᠤᠷᠠᠯ ᠳᠤ ᠣᠷᠣᠯᠴᠠᠪᠠ᠃ | | ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠬᠤᠤ ᠶᠤᠸᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠵᠦᠸ᠋ᠸ ᠵᠦᠸ᠋ᠸ ᠳᠡᠭᠡᠳᠦ ᠰᠢᠨ᠎ᠡ ᠮᠠᠲᠧᠷᠢᠶᠠᠯ ᠤᠨ ᠬᠢᠵᠠᠭᠠᠷᠲᠤ ᠺᠣᠮᠫᠠᠨᠢ ᠪᠣᠯᠣᠨ ᠥᠪᠥᠷ | ᠮᠣᠩᠭᠤᠯ ᠤᠨ ᠪᠠᠳᠢ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠺᠣᠮᠫᠠᠨᠢ ᠶᠢᠨ | ᠲᠥᠯᠥᠭᠡᠯᠡᠭᠴᠢ ᠣᠳᠣᠬᠠᠨ ᠤ ᠭᠠᠳᠠᠭᠠᠳᠤ ᠠᠷᠠᠯᠵᠢᠶᠠᠨ ᠤ ᠠᠵᠢᠯᠯᠠᠭᠠᠨ ᠤ ᠪᠠᠶᠢᠳᠠᠯ ᠪᠣᠯᠣᠨ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠤᠨ ᠲᠤᠬᠠᠢ ᠲᠠᠨᠢᠯᠴᠠᠭᠤᠯᠪᠠ᠃ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠮᠠᠨ ᠤ ᠰᠢᠶᠠᠨ ᠤ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠥᠭᠵᠢᠯᠲᠡ ᠶᠢ | ᠠᠬᠢᠭᠤᠯᠬᠤ ᠲᠠᠯ᠎ᠠ ᠪᠠᠷ ᠬᠢᠭᠰᠡᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ | ᠨᠡᠶᠢᠭᠡᠮᠯᠢᠭ ᠤᠨ ᠳᠠᠷᠤᠭ᠎ᠠ ᠵᠠᠩ ᠮᠧᠶ ᠠᠵᠤ ᠠᠬᠤᠶᠢᠯᠠᠯ ᠤᠨ ᠦᠨᠳᠦᠰᠦᠨ ᠪᠠᠶᠢᠳᠠᠯ ᠵᠢᠴᠢ ᠣᠳᠣᠬᠠᠨ ᠳᠤ ᠲᠤᠯᠭᠠᠷᠠᠵᠤ | ᠪᠠᠶᠢᠭ᠎ᠠ ᠬᠦᠴᠢᠷᠳᠡᠯ ᠪᠣᠯᠣᠨ ᠬᠦᠰᠡᠯ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠡᠭᠦᠨ ᠤ ᠬᠠᠮᠲᠤ ᠠᠵᠤ ᠠᠬᠤᠶᠢᠯᠠᠯ ᠤᠨ | ᠡᠵᠡᠩᠨᠡᠯᠲᠡ ᠪᠣᠯᠣᠨ ᠭᠠᠳᠠᠭᠠᠳᠤ ᠠᠷᠠᠯᠵᠢᠶᠠᠨ ᠤ ᠵᠠᠬᠢᠶᠠᠯᠠᠭ᠎ᠠ ᠶᠢᠨ ᠬᠠᠭᠤᠳᠠᠰᠤ ᠶᠢ ᠣᠯᠬᠤ ᠲᠠᠯ᠎ᠠ ᠪᠠᠷ ᠵᠢᠯᠤᠭᠤᠳᠬᠤ ᠰᠠᠨᠠᠯ | ᠳᠤᠷᠠᠳᠴᠤ᠂ ᠳᠠᠷᠠᠭᠠᠴᠢ ᠶᠢᠨ ᠠᠯᠬᠤᠮ ᠳᠤ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ | ᠠᠵᠤ ᠠᠬᠤᠶᠢᠯᠠᠯ ᠯᠤᠭ᠎ᠠ ᠶᠢᠨ ᠣᠯᠣᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ | ᠡᠮᠦᠨᠡᠰᠢ ᠪᠠᠨ ᠦᠢᠯᠡᠴᠢᠯᠡᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠠᠷᠭ᠎ᠠ | ᠵᠠᠮ᠂ ᠤᠯᠠᠨ ᠬᠡᠯᠪᠡᠷᠢ ᠪᠠᠷ ᠠᠵᠤ ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠥᠷᠭᠡᠳᠬᠡᠬᠦ ᠳᠤ ᠬᠦᠴᠦᠨ ᠨᠡᠮᠡᠷᠢᠯᠡᠨ᠎ᠡ ᠭᠡᠵᠦ | ᠢᠯᠡᠳᠬᠡᠪᠡ᠃ | ᠸᠠᠩ ᠰᠢᠨ ᠴᠦᠨ ᠠᠵᠤ ᠠᠬᠤᠶᠢᠯᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠠᠵᠤ ᠠᠬᠤᠶᠢᠯᠠᠯ ᠤᠨ | ᠬᠢᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯ ᠲᠥᠷᠥᠯ ᠤᠨ ᠬᠢᠨ ᠢᠶᠠᠨ ᠭᠦᠨᠵᠡᠭᠡᠶᠢᠷᠡᠭᠦᠯᠦᠨ ᠪᠦᠲᠦᠭᠡᠭᠳᠡᠬᠦᠨ ᠢᠶᠠᠨ | ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ | ᠶᠡᠭᠡ ᠬᠥᠭᠵᠢᠯᠲᠡ ᠶᠢ ᠡᠷᠢᠯᠬᠢᠯᠡᠬᠦ ᠶᠢ ᠵᠣᠷᠢᠭᠵᠢᠭᠤᠯᠵᠠᠢ᠃ | |