ᠵᠦᠸᠧᠽᠢ ᠰᠢᠶᠠᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠸᠢᠴᠠᠲ ᠤᠨ ᠵᠢᠵᠢᠭ ᠫᠷᠣᠭ᠍ᠷᠠᠮ ᠨᠢ ᠣᠯᠠᠨ ᠲᠦᠮᠡᠨ ᠢ ᠬᠠᠤᠯᠢ ᠴᠠᠭᠠᠵᠠ ᠶᠢᠨ ᠵᠥᠪᠯᠡᠭᠴᠢ ᠲᠠᠢ ᠪᠣᠯᠭᠠᠵᠠᠢ
ᠨᠡᠶᠢᠲᠡᠯᠡᠭᠰᠡᠨ ᠴᠠᠭ᠄
2023/12/26
     ᠣᠶᠢᠷ᠎ᠠ ᠶᠢᠨ ᠵᠢᠯ ᠠᠴᠠ ᠨᠠᠭᠠᠰᠢ᠂ ᠵᠦᠸᠧᠽᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︽ᠣᠶᠤᠨᠴᠢ ᠪᠠᠷ ᠬᠠᠤᠯᠢ ᠴᠠᠭᠠᠵᠠ ᠬᠠᠤᠯᠢ ᠴᠠᠭᠠᠵᠠ  ᠶᠢ ᠠᠷᠠᠳ ᠤᠨ ᠲᠥᠯᠥᠭᠡ ᠬᠡᠷᠡᠭᠵᠢᠭᠦᠯᠬᠦ︾ ᠪᠠᠷ ᠡᠭᠦᠰᠬᠡᠯ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠪᠣᠳᠠᠲᠤ ᠬᠡᠷᠡᠭᠴᠡᠭᠡ ᠶᠢᠨ ᠲᠣᠭᠤᠷᠢᠨ ᠳᠤ᠂ ᠵᠦᠸᠧᠽᠢ ᠰᠢᠶᠠᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠢᠶᠠᠷ ᠬᠦᠷᠦᠯᠴᠡᠬᠦ ᠴᠡᠭ ᠪᠣᠯᠭᠠᠵᠤ᠂ ᠪᠦᠬᠦ ᠲᠤᠬᠠᠶᠢᠯᠠᠭᠰᠠᠨ ᠠᠵᠢᠯ ᠢ ᠬᠠᠮᠤᠷᠤᠭᠰᠠᠨ ᠣᠶᠤᠨᠲᠤ ᠰᠦᠯᠵᠢᠶᠡᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠳᠤ ᠨᠠᠷᠢᠯᠢᠭ ᠣᠨᠣᠪᠴᠢᠲᠠᠢ᠂ ᠨᠠᠷᠢᠯᠢᠭ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠬᠠᠤᠯᠢ ᠴᠠᠭᠠᠵᠠ ᠶᠢᠨ ᠦᠢᠯᠡᠴᠢᠯᠡᠭᠡ ᠶᠢᠨ︽ᠤᠯᠠᠨ ᠠᠷᠭ᠎ᠠ ᠵᠠᠮ︾᠂ ᠤᠯᠠᠨ ᠲᠦᠮᠡᠨ ᠳᠤ ᠦᠢᠯᠡᠴᠢᠯᠡᠬᠦ ᠶᠢᠨ︽ᠥᠴᠥᠬᠡᠨ ᠴᠦ ᠵᠠᠢ ᠦᠭᠡᠢ︾᠂ 24 ᠴᠠᠭ ᠲᠤ︽ᠡᠭᠦᠳᠡ ᠪᠠᠨ ᠬᠠᠭᠠᠬᠤ ᠦᠭᠡᠢ︾ᠪᠠᠶᠢᠬᠤ ᠶᠢ ᠦᠨᠡᠨᠬᠦ ᠪᠡᠶᠡᠯᠡᠭᠦᠯᠦᠨ᠎ᠡ᠃     ᠵᠦᠥᠸ᠋ ᠽᠢ ᠱᠠᠨ ᠪᠠᠯᠭᠠᠰᠤᠨ ᠤ ᠯᠦᠩ ᠱᠧᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠤᠤ ᠠᠪᠠᠭ᠋ᠠᠢ᠂ ᠣᠶᠢᠷ᠎ᠠ ᠶᠢᠨ ᠬᠤᠭᠤᠴᠠᠭᠠᠨ ᠳᠤ ᠭᠡᠷ ᠤᠨ ᠢᠶᠠᠨ ᠨᠢᠭᠡᠨ ᠠᠵᠤ ᠠᠬᠤᠢ ᠶᠢᠨ ᠵᠢᠭᠤᠷᠠᠯᠳᠤᠭᠠᠨ ᠤ ᠬᠡᠷᠡᠭᠲᠡᠨ ᠤ ᠲᠥᠯᠥᠭᠡ ᠰᠠᠨᠠᠭ᠎ᠠ ᠵᠣᠪᠠᠵᠤ ᠪᠠᠶᠢᠨ᠎ᠠ᠃ ᠥᠷᠯᠥᠭᠡ ᠡᠷᠲᠡ ᠲᠡᠷᠡ ᠵᠦᠸᠧᠽᠢ ᠰᠢᠶᠠᠨ ᠤ ᠣᠯᠠᠨ ᠨᠡᠶᠢᠲᠡ  ᠶᠢᠨ ᠬᠠᠤᠯᠢ ᠴᠠᠭᠠᠵᠠ  ᠶᠢᠨ ᠦᠢᠯᠡᠴᠢᠯᠡᠭᠡᠨ ᠤ ᠲᠥᠪ ᠲᠤ ᠬᠦᠷᠴᠦ ᠬᠠᠤᠯᠢ ᠴᠠᠭᠠᠵᠠ  ᠶᠢᠨ ᠲᠤᠰᠠᠯᠠᠮᠵᠢ ᠡᠷᠢᠵᠡᠢ᠃ ᠠᠵᠢᠯᠲᠠᠳ ᠤᠨ ᠵᠢᠯᠣᠭᠤᠳᠤᠯᠭ᠎ᠠ ᠳᠣᠣᠷ᠎ᠠ᠂ ᠬᠤᠸ ᠠᠪᠠᠭ᠋ᠠᠢ ︽ᠵᠦᠸᠧᠽᠢ ᠰᠢᠶᠠᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ︾ ᠭᠡᠬᠦ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠠᠩᠬᠠᠷᠤᠯ ᠲᠠᠯᠪᠢᠵᠤ᠂ ᠠᠵᠢᠯᠲᠠᠨ  ᠠᠴᠠ ᠲᠡᠭᠦᠨ ᠳᠤ ᠬᠠᠮᠢᠶ᠎ᠠ ᠪᠦᠬᠦᠢ ᠴᠢᠳᠠᠮᠵᠢ ᠶᠢ ᠨᠢ ᠨᠠᠷᠢᠨ ᠲᠠᠨᠢᠯᠴᠠᠭᠤᠯᠵᠤ᠂ ᠬᠤᠸ ᠠᠪᠠᠭ᠋ᠠᠢ ᠬᠠᠤᠯᠢ ᠴᠠᠭᠠᠵᠠ ᠶᠢᠨ ᠯᠠᠪᠯᠠᠯᠲᠠ ᠶᠢᠨ ᠴᠢᠳᠠᠮᠵᠢ ᠶᠢ ᠬᠥᠩᠭᠡᠬᠡᠨ ᠲᠣᠪᠴᠢᠳᠠᠬᠤ ᠪᠠᠷ ᠳᠡᠮᠵᠢᠨ ᠲᠠᠪᠴᠠᠩ ᠳᠡᠭᠡᠷᠡᠬᠢ ᠨᠡᠷ᠎ᠡ ᠬᠦᠨᠳᠦ ᠲᠠᠢ ᠬᠠᠤᠯᠢᠴᠢ ᠲᠠᠢ ᠬᠤᠯᠪᠣᠭ᠎ᠠ ᠠᠪᠴᠤ᠂ ᠣᠶᠢᠯᠠᠭᠠᠬᠤ ᠭᠡᠰᠡᠨ ᠬᠠᠤᠯᠢ ᠴᠠᠭᠠᠵᠠ ᠶᠢᠨ ᠠᠰᠠᠭᠤᠳᠠᠯ ᠳᠤ ᠪᠦᠲᠦᠮᠵᠢᠲᠡᠶ ᠬᠠᠷᠢᠭᠤᠯᠲᠠ ᠣᠯᠪᠠ᠃ ᠵᠦᠸᠧᠽᠢ ᠰᠢᠶᠠᠨ ᠤ ᠯᠦᠩ ᠱᠧᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠤᠤ ᠠᠪᠠᠭ᠋ᠠᠢ    ᠥᠨᠥᠳᠥᠷ ᠪᠢ ᠠᠵᠤ ᠠᠬᠤᠢ ᠶᠢᠨ ᠵᠢᠭᠤᠷᠠᠯᠳᠤᠭᠠᠨ ᠢ ᠠᠰᠠᠭᠤᠵᠤ ᠯᠠᠪᠯᠠᠬᠤ ᠪᠠᠷ ᠢᠷᠡᠭᠰᠡᠨ ᠶᠤᠮ᠂ ᠤᠤᠯ ᠨᠢ ᠬᠠᠤᠯᠢᠴᠢ ᠠᠴᠠ ᠠᠰᠠᠭᠤᠵᠤ ᠯᠠᠪᠯᠠᠬᠤ ᠪᠠᠷ ᠢᠷᠡᠭᠰᠡᠨ ᠶᠤᠮ᠂ ᠢᠷᠡᠭᠰᠡᠨ ᠤ ᠪᠠᠨ ᠲᠠᠷᠠᠭ᠎ᠠ ᠡᠶᠢᠮᠦ ︵ᠵᠦᠥᠸ᠋ᠽᠢ ᠰᠢᠶᠠᠨ ᠤ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ︶ ᠲᠠᠪᠴᠠᠩ ᠲᠠᠢ ᠪᠣᠯᠬᠤ ᠳᠤ ᠲᠤᠩ ᠲᠦᠬᠦᠮ᠂ ᠳᠡᠭᠡᠷ᠎ᠡ ᠱᠠᠲᠤᠨ ᠤ ᠬᠢᠨ ᠴᠥᠮ ᠰᠦᠢᠳᠬᠡᠯ ᠬᠤᠷᠢᠶᠠᠬᠤ ᠦᠭᠡᠢ ᠬᠠᠤᠯᠢᠴᠢ ᠲᠠᠢ ᠪᠣᠯᠵᠤ᠂ ᠪᠠᠭ᠎ᠠ ᠪᠤᠰᠤ ᠵᠣᠭᠤᠰ ᠠᠷᠪᠢᠯᠠᠵᠤ᠂ ᠤᠴᠢᠷ ᠶᠠᠪᠤᠳᠠᠯ ᠢ ᠴᠤ ᠪᠦᠲᠦᠭᠡᠴᠢᠬᠡᠯ᠎ᠡ᠃ (ᠵᠦᠥᠸ᠋ᠽᠢ ᠰᠢᠶᠠᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ) ᠶᠢᠨ ᠲᠠᠪᠴᠠᠩ ᠲᠠᠢ ᠪᠣᠯᠬᠤ ᠳᠤ ᠲᠤᠩ ᠲᠦᠬᠦᠮ᠃     ︽ᠵᠦᠸᠧᠽᠢ ᠰᠢᠶᠠᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ︾ ᠸᠢᠴᠠᠲ ᠤᠨ ᠨᠡᠶᠢᠲᠡ ᠶᠢᠨ ᠳ᠋ᠤᠭᠠᠷ ᠨᠢ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠪᠠ ᠡᠭᠦᠯᠡᠨ ᠪᠣᠳᠣᠯᠲᠠ ᠪᠠᠷ ᠭᠤᠣᠯ ᠪᠣᠯᠭᠠᠵᠤ᠂ ᠸᠢᠴᠠᠲ ᠤᠨ ᠵᠢᠵᠢᠭ ᠫᠷᠣᠭ᠍ᠷᠠᠮ ᠪᠠ ᠺᠣᠳ᠋ ᠰᠢᠷᠪᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠦᠯᠵᠢᠶ᠎ᠡ ᠳᠤ ᠰᠠᠭᠤᠷᠢᠯᠠᠭᠰᠠᠨ ᠰᠢᠨ᠎ᠡ ᠮᠠᠶ᠋ᠢᠭ ᠤᠨ ᠦᠢᠯᠡᠴᠢᠯᠡᠭᠡᠨ ᠤ ᠲᠠᠪᠴᠠᠩ ᠢ ᠪᠡᠶᠡᠯᠡᠭᠦᠯᠪᠡ᠃ ᠣᠯᠠᠨ ᠲᠦᠮᠡᠨ ᠵᠥᠪᠬᠡᠨ ᠭᠠᠷ ᠤᠲᠠᠰᠤᠨ ᠤ ᠳᠡᠯᠭᠡᠴᠡ ᠳᠡᠭᠡᠷ᠎ᠡ ᠬᠥᠩᠭᠡᠨ ᠰᠢᠭ ᠬᠡᠲᠦ ᠲᠠᠯᠪᠢᠪᠠᠯ ᠳᠠᠷᠤᠢ ᠬᠠᠤᠯᠢᠴᠢ ᠶᠢᠨ ᠦᠨᠳᠦᠰᠦᠨ ᠮᠡᠳᠡᠭᠡ ᠵᠠᠩᠭᠢ ᠶᠢ ᠬᠢᠯᠪᠠᠷᠬᠠᠨ ᠢᠶᠠᠷ ᠪᠠᠶᠢᠴᠠᠭᠠᠨ ᠦᠵᠡᠬᠦ ᠶᠢᠨ ᠬᠠᠮᠲᠤ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠠᠷᠠᠳ ᠤᠨ ᠡᠶᠡᠳᠡᠭᠦᠯᠭᠡ ᠬᠢᠬᠦ᠂ ᠠᠯᠪᠠᠨ ᠭᠡᠷᠡᠴᠢᠯᠡᠭᠡ ᠶᠢᠨ ᠪᠣᠯᠵᠤᠭ᠎ᠠ ᠵᠡᠷᠭᠡ ᠦᠢᠯᠡᠴᠢᠯᠡᠭᠡ ᠶᠢ ᠬᠢᠵᠦ ᠲᠠᠶᠢᠯᠤᠨ᠎ᠠ᠃ ᠵᠦᠸᠧᠽᠢ ᠰᠢᠶᠠᠨ ᠤ ᠪᠧᠢ ᠵᠢᠶᠧ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠶᠠᠩ ᠠᠪᠠᠭ᠋ᠠᠢ    ᠥᠨᠥᠳᠥᠷ ᠪᠢ ᠡᠨᠡ ᠬᠦ ᠥᠪ ᠵᠠᠯᠭᠠᠮᠵᠢᠯᠠᠯᠲᠠ ᠪᠠᠨ ᠬᠠᠶᠠᠬᠤ ︵ᠢᠯᠡᠷᠬᠡᠶᠢᠯᠡᠯᠲᠡ︶ ᠶᠠᠪᠤᠳᠠᠯ ᠢ ᠲᠥᠪ ᠭᠤᠣᠯᠴᠢ  ᠪᠠᠷ ᠰᠢᠢᠳᠪᠦᠷᠢᠯᠡᠬᠦ ᠪᠠᠷ ᠢᠷᠡᠭᠰᠡᠨ ᠶᠤᠮ᠂ ᠴᠣᠬᠤᠮ ᠳᠠᠭᠠᠨ ᠨᠠᠰᠢ ᠴᠠᠰᠢ ᠭᠦᠶᠦᠬᠦ ᠴᠢᠬᠤᠯᠠ ᠲᠠᠢ ᠪᠠᠢᠭᠰᠠᠨ ᠶᠤᠮ᠃ ᠳᠠᠷᠠᠭ᠎ᠠ ᠪᠠᠷ ᠨᠢ ᠨᠡᠶᠢᠭᠡᠮ ᠲᠣᠭᠤᠷᠢᠭ ᠢᠶᠠᠷ ᠳᠡᠮᠵᠢᠨ ᠨᠢᠭᠡᠨ ᠵᠦᠸᠧᠽᠢ ᠰᠢᠶᠠᠨ ᠤ ᠣᠯᠠᠨ ᠨᠡᠶᠢᠲᠡ ᠶᠢᠨ ︵ᠬᠠᠤᠯᠢ︶ ᠦᠢᠯᠡᠴᠢᠯᠡᠭᠡᠨ ᠤ ᠲᠠᠪᠴᠠᠩ ᠪᠠᠶᠢᠬᠤ  ᠶᠢ ᠣᠶᠢᠯᠠᠭᠠᠵᠤ᠂ ᠪᠢ ︵ᠵᠦᠸᠧᠽᠢ ᠰᠢᠶᠠᠨ︶ ᠣᠯᠠᠨ ᠨᠡᠶᠢᠲᠡ ᠶᠢᠨ ︵ᠬᠠᠤᠯᠢ ᠴᠠᠭᠠᠵᠠ ᠶᠢᠨ ᠦᠢᠯᠡᠴᠢᠯᠡᠭᠡᠨ ᠤ︶ ᠲᠠᠪᠴᠠᠩ ᠳᠡᠭᠡᠷ᠎ᠡ ᠪᠣᠯᠵᠣᠬᠤ ᠪᠠᠷ ᠭᠤᠶᠤᠴᠢᠯᠠᠭᠰᠠᠨ ᠳᠤ᠂ ᠤᠳᠠᠯ ᠦᠭᠡᠢ ᠠᠵᠢᠯᠲᠠᠨ ᠨᠠᠳᠠ ᠳᠤ ᠬᠠᠮᠢᠶ᠎ᠠ ᠪᠦᠬᠦᠢ ᠮᠠᠲ᠋ᠧᠷᠢᠶᠠᠯ ᠢ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠬᠡᠯᠡᠵᠦ ᠥᠭᠴᠡᠢ᠂ ᠥᠨᠥᠳᠥᠷ ᠪᠢ ᠢᠷᠡᠵᠦ ᠭᠦᠢᠴᠡᠳᠬᠡᠭᠡᠳ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠭᠦᠢᠴᠡᠳᠬᠡᠵᠡᠢ᠂ ᠡᠶᠢᠮᠦ ᠲᠠᠪᠴᠠᠩ ᠲᠠᠢ ᠪᠣᠯᠴᠢᠬᠠᠪᠠᠯ᠂ ᠮᠠᠨ ᠤ ᠠᠷᠠᠳ ᠲᠦᠮᠡᠨ ᠳᠤ ᠠᠪᠴᠤ ᠬᠡᠯᠡᠪᠡᠯ ᠮᠠᠰᠢ ᠲᠥᠬᠦᠮ ᠪᠣᠯᠣᠨ᠎ᠠ ᠭᠡᠵᠦ ᠬᠡᠯᠡᠵᠦ ᠥᠭᠭᠦᠭᠰᠡᠨ ᠶᠤᠮ᠃ {ᠵᠦᠸᠧᠽᠢ ᠰᠢᠶᠠᠨ ᠤ} ᠣᠯᠠᠨ ᠨᠡᠶᠢᠲᠡ ᠶᠢᠨ ︵ᠬᠠᠤᠯᠢ ᠴᠠᠭᠠᠵᠠ ᠶᠢᠨ ᠦᠢᠯᠡᠴᠢᠯᠡᠭᠡᠨ ᠤ︶ ᠲᠠᠪᠴᠠᠩ ᠳᠡᠭᠡᠷ᠎ᠡ ᠪᠣᠯᠵᠣᠬᠤ ᠪᠠᠷ ᠭᠤᠶᠤᠴᠢᠯᠠᠭᠰᠠᠨ ᠳᠤ᠂ ᠡᠨᠡ ᠬᠦ ᠲᠠᠪᠴᠠᠩ ᠲᠠᠢ ᠪᠣᠯᠴᠢᠬᠠᠬᠤ ᠨᠢ ᠮᠠᠨ ᠤ ᠠᠷᠠᠳ ᠲᠦᠮᠡᠨ ᠳᠤ ᠠᠪᠴᠤ ᠬᠡᠯᠡᠪᠡᠯ ᠮᠠᠰᠢ ᠲᠥᠬᠦᠮ ᠶᠤᠮ᠃   ᠲᠣᠰ ᠲᠠᠪᠴᠠᠩ ᠢ ᠨᠢᠳᠤᠨᠤᠨ ᠤ 10 ᠰᠠᠷ᠎ᠠ ᠳᠤ ᠰᠦᠯᠵᠢᠶᠡᠨ ᠳᠤ ᠣᠷᠣᠭᠤᠯᠤᠭᠰᠠᠨ ᠠᠴᠠ ᠨᠠᠰᠢ᠂ ᠴᠠᠭ ᠪᠠ ᠣᠷᠣᠨ ᠵᠠᠢ ᠶᠢᠨ ᠲᠠᠯ᠎ᠠ ᠪᠠᠷ ᠬᠢ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠵᠠᠭᠠᠷᠯᠠᠯ ᠢ ᠰᠢᠢᠳᠪᠦᠷᠢᠯᠡᠵᠦ᠂ ᠣᠯᠠᠨ ᠲᠦᠮᠡᠨ ᠳᠤ ᠪᠥᠬᠦ ᠡᠳᠦᠷ ᠢᠶᠠᠷ ᠢᠶᠠᠨ᠂ 24 ᠴᠠᠭ ᠢᠶᠠᠷ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠴᠠᠭ ᠲᠤᠬᠠᠢ ᠳᠤᠨᠢ ᠬᠦᠷᠲᠡᠭᠡᠭᠰᠡᠨ ᠪᠠᠶᠢᠨ᠎ᠠ᠃ ᠸᠢᠴᠠᠲ ᠤᠨ ᠨᠡᠶᠢᠲᠡ ᠶᠢᠨ ᠳ᠋ᠤᠭᠠᠷ ᠨᠢ ᠣᠯᠠᠨ ᠲᠦᠮᠡᠨ ᠤ ︽ᠡᠭᠦᠳᠡ ᠪᠠᠨ ᠬᠠᠭᠠᠬᠤ ᠦᠭᠡᠢ︾ ᠪᠠᠶᠢᠬᠤ ᠬᠠᠤᠯᠢ ᠴᠠᠭᠠᠵᠠ ᠶᠢᠨ ᠵᠥᠪᠯᠡᠭᠴᠢ ᠪᠠ ᠬᠠᠤᠯᠢ ᠴᠠᠭᠠᠵᠠ ᠶᠢᠨ ᠪᠠᠭᠠᠵᠢ ᠪᠣᠯᠵᠤ᠂ ᠪᠣᠳᠠᠲᠤ ᠴᠣᠭᠴᠠ ᠶᠢᠨ ᠦᠢᠯᠡᠴᠢᠯᠡᠭᠡ᠂ ᠬᠠᠯᠠᠭᠤᠨ ᠤᠲᠠᠰᠤ ᠪᠠ ᠰᠦᠯᠵᠢᠶᠡᠨ ᠤ ᠲᠠᠪᠴᠠᠩ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠵᠠᠪᠰᠠᠷ ᠦᠭᠡᠢ ᠬᠤᠯᠪᠣᠬᠤ ᠶᠢ ᠪᠡᠶᠡᠯᠡᠭᠦᠯᠵᠦ᠂ ᠣᠯᠠᠨ ᠲᠦᠮᠡᠨ ᠤ ᠰᠢᠢᠳᠪᠦᠷᠢᠯᠡᠬᠦ ᠤᠴᠢᠷ ᠶᠠᠪᠤᠳᠠᠯ ᠢ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠪᠠ᠃ ᠡᠭᠦᠨ ᠤ ᠬᠠᠮᠲᠤ ᠂ ᠣᠯᠠᠨ ᠲᠦᠮᠡᠨ ᠤ ︽ᠬᠠᠤᠯᠢ ᠶᠣᠰᠣᠭᠠᠷ ᠠᠵᠢᠯᠯᠠᠬᠤ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ︾ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠬᠠᠤᠯᠢ ᠪᠠᠷ ᠵᠠᠰᠠᠬᠤ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠵᠦᠸᠧᠽᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ     ᠮᠠᠨ ᠤ ᠡᠨᠡ ᠬᠦ ︵ᠵᠦᠸᠧᠽᠢ ᠰᠢᠶᠠᠨ︶ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠰᠦᠯᠵᠢᠶᠡᠨ ᠳᠤ ᠭᠠᠷᠤᠭᠰᠠᠨ ᠠᠴᠠ ᠨᠠᠰᠢ᠂ ᠲᠦᠮᠡ ᠰᠢᠬᠠᠮ ᠪᠠᠭ᠋ᠠᠷᠬᠠᠭᠴᠢᠳ ᠤᠨ ᠠᠩᠬᠠᠷᠤᠯ ᠢ ᠲᠠᠲᠠᠵᠤ᠂ ᠲᠠᠪᠴᠠᠩ ᠳᠡᠭᠡᠷ᠎ᠡ ᠮᠢᠩᠭ᠎ᠠ ᠭᠠᠷᠤᠢ ᠬᠥᠮᠥᠨ ᠠᠰᠠᠭᠤᠨ ᠯᠠᠪᠯᠠᠵᠤ᠂ ᠡᠯ᠎ᠡ ᠵᠦᠢᠯ ᠤᠨ ᠬᠠᠤᠯᠢ ᠴᠠᠭᠠᠵᠠ ᠶᠢᠨ ᠠᠰᠠᠭᠤᠳᠠᠯ ᠢ ᠠᠰᠠᠭᠤᠨ ᠯᠠᠪᠯᠠᠵᠤ᠂ ᠮᠠᠨ ᠤ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠪᠠ ᠰᠠᠶᠢᠨ ᠦᠨᠡᠯᠡᠯᠲᠡ ᠶᠢᠨ ᠨᠣᠷᠮ᠎ᠠ ᠴᠥᠮ 100% ᠳᠤ ᠭᠦᠷᠦᠭᠰᠡᠨ ᠪᠠᠶᠢᠨ᠎ᠠ᠃ ᠪᠢᠳᠡ ᠬᠤᠶᠢᠰᠢᠳᠠ ᠶᠢᠨ ᠠᠵᠢᠯ ᠤᠨ ᠳᠤᠮᠳᠠ ᠪᠠᠨ ᠲᠠᠪᠴᠠᠩ ᠤᠨ ᠦᠢᠯᠡᠴᠢᠯᠡᠭᠡᠨ ᠤ ᠵᠦᠢᠯᠡᠰ ᠢ ᠨᠠᠩ ᠢᠯᠡᠭᠦᠦ ᠲᠡᠭᠦᠯᠳᠡᠷᠵᠢᠭᠦᠯᠵᠦ᠂ ᠣᠯᠠᠨ ᠲᠦᠮᠡᠨ ᠳᠤ ᠨᠠᠩ ᠰᠠᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠡᠳ᠋ᠯᠡᠭᠦᠯᠵᠦ᠂ ︵ᠪᠢᠳᠡ︶ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠣᠯᠠᠨ ᠲᠦᠮᠡᠨ ᠳᠤ ᠦᠢᠯᠡᠴᠢᠯᠡᠬᠦ ᠡᠴᠦᠰ ᠤᠨ ᠨᠢᠭᠡ ᠮᠧᠲᠷ ᠢ ᠨᠡᠪᠲᠡᠷᠡᠭᠦᠯᠦᠨ᠎ᠡ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2