ᠠᠯᠪᠠᠨ ᠵᠠᠷ ᠤᠨ ᠬᠡᠯᠪᠡᠷ
ᠨᠡᠶᠢᠲᠡᠯᠡᠭᠰᠡᠨ ᠴᠠᠭ᠄
2023/2/15
ᠠᠯᠪᠠᠨ ᠵᠠᠷ ᠪᠢᠴᠢᠬᠦ ᠳᠤ ᠠᠩᠬᠠᠷᠬᠤ ᠵᠦᠢᠯ ᠤᠳ᠄         1. ᠠᠯᠪᠠᠨ ᠵᠠᠷ ᠤᠨ ᠭᠠᠷᠴᠠᠭ᠄ ᠭᠤᠣᠯᠳᠠᠭᠤ ᠬᠤᠶᠠᠷ ᠵᠦᠢᠯ ᠤᠨ ᠬᠡᠯᠪᠡᠷᠢ ᠲᠠᠢ᠃ ᠨᠢᠭᠡ ᠵᠦᠢᠯ ᠨᠢ ᠠᠯᠪᠠᠨ ᠪᠢᠴᠢᠭ ᠲᠠᠷᠬᠠᠭᠠᠭᠰᠠᠨ ᠪᠠᠶᠢᠭᠤᠯᠭ᠎ᠠ᠂ ᠤᠴᠢᠷ ᠰᠢᠯᠲᠠᠭᠠᠨ ᠪᠠ ᠪᠢᠴᠢᠭ ᠤᠨ ᠲᠦᠷᠦᠯ ᠵᠦᠢᠯ ᠠᠴᠠ ᠪᠦᠷᠢᠯᠳᠦᠵᠦ᠂ ᠨᠢᠭᠡ ᠵᠦᠢᠯ ᠨᠢ ᠤᠴᠢᠷ ᠰᠢᠯᠲᠠᠭᠠᠨ ᠢ ᠲᠣᠪᠴᠢᠯᠠᠵᠤ᠂ ᠠᠯᠪᠠᠨ ᠪᠢᠴᠢᠭ ᠲᠠᠷᠬᠠᠭᠠᠭᠰᠠᠨ ᠪᠠᠶᠢᠭᠤᠯᠭ᠎ᠠ ᠪᠠ ᠪᠢᠴᠢᠭ ᠤᠨ ᠲᠦᠷᠦᠯ ᠵᠦᠢᠯ ᠠᠴᠠ ᠪᠦᠷᠢᠯᠳᠦᠨ᠎ᠡ᠂ ᠵᠢᠱᠢᠶᠡᠯᠡᠪᠡᠯ ︽ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠪᠠᠨ ᠵᠠᠷ︾ ᠭᠡᠬᠦ ᠮᠡᠲᠦ᠃           2. ᠭᠤᠣᠯ ᠠᠭᠤᠯᠭ᠎ᠠ ᠶᠢᠨ ᠬᠡᠰᠡᠭ᠄ ᠠᠯᠪᠠᠨ ᠵᠠᠷ ᠤᠨ ᠭᠤᠣᠯ ᠠᠭᠤᠯᠭ᠎ᠠ ᠶᠢᠨ ᠬᠡᠰᠡᠭ ᠲᠤ ᠵᠠᠷᠯᠠᠨ ᠮᠡᠳᠡᠭᠳᠡᠬᠦ ᠵᠦᠢᠯᠡᠰ ᠢᠶᠠᠨ ᠪᠣᠳᠠᠲᠠᠢ ᠪᠥᠭᠡᠳ ᠲᠣᠳᠣᠷᠬᠠᠢ ᠪᠢᠴᠢᠬᠦ ᠬᠡᠷᠡᠭᠲᠡᠢ᠃ ᠬᠡᠷᠪᠡ ᠵᠠᠷᠯᠠᠨ ᠮᠡᠳᠡᠭᠳᠡᠬᠦ ᠠᠭᠤᠯᠭ᠎ᠠ ᠨᠢ ᠲᠣᠪᠴᠢ ᠠᠪᠰᠠᠷ᠂ ᠨᠡᠯᠢᠶᠡᠳ ᠴᠥᠭᠡᠨ ᠪᠣᠯ ᠨᠢᠭᠡ ᠪᠠᠳᠠᠭ ᠲᠤ ᠪᠠᠭᠲᠠᠭᠠᠵᠤ ᠪᠣᠯᠣᠨ᠎ᠠ᠃ ᠬᠡᠷᠪᠡ ᠵᠠᠷᠯᠠᠨ ᠮᠡᠳᠡᠭᠳᠡᠬᠦ ᠠᠭᠤᠯᠭ᠎ᠠ  ᠨᠢ ᠨᠡᠯᠢᠶᠡᠳ ᠠᠷᠪᠢᠨ ᠪᠣᠯ᠂ ᠲᠡᠰ ᠳᠠᠪᠬᠤᠷᠭ᠎ᠠ ᠬᠤᠪᠢᠶᠠᠬᠤ ᠠᠷᠭ᠎ᠠ ᠪᠠᠷ ᠪᠢᠴᠢᠵᠦ ᠪᠣᠯᠣᠨ᠎ᠠ᠃ ᠭᠤᠣᠯ ᠠᠭᠤᠯᠭ᠎ᠠ ᠶᠢᠨ ᠬᠡᠰᠡᠭ ᠢᠶᠠᠨ ᠲᠡᠭᠦᠰᠬᠡᠭᠰᠡᠨ ᠤ ᠰᠡᠭᠦᠯᠡᠷ᠂ ᠵᠠᠷᠢᠮ ᠳᠠᠭᠠᠨ ︽ᠣᠨᠴᠠᠭᠠᠶᠢᠯᠠᠨ ᠵᠠᠷᠯᠠᠪᠠ︾ ᠭᠡᠬᠦ ᠮᠡᠲᠦ ᠶᠢᠨ ᠲᠤᠰᠬᠠᠢ ᠬᠡᠯᠡᠴᠡ ᠶᠢ ᠬᠡᠷᠡᠭᠯᠡᠵᠦ ᠪᠣᠯᠣᠨ᠎ᠠ᠃  3. ᠲᠡᠭᠦᠰᠬᠡᠯ ᠤᠨ ᠬᠡᠰᠡᠭ᠄ ᠠᠯᠪᠠᠨ ᠪᠢᠴᠢᠭ ᠲᠠᠷᠬᠠᠭᠠᠭᠰᠠᠨ ᠪᠠᠶᠢᠭᠤᠯᠭ᠎ᠠ ᠶᠢᠨ ᠭᠠᠷ ᠤᠨ ᠦᠰᠦᠭ᠂ ᠲᠠᠮᠠᠭ᠎ᠠ ᠪᠠ ᠡᠳᠦᠷ ᠰᠠᠷ᠎ᠠ ᠠᠴᠠ ᠪᠦᠷᠢᠯᠳᠦᠨ᠎ᠡ᠃        
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2