ᠵᠦᠸᠧᠽᠢ ᠰᠢᠶᠠᠨ ᠤ ︽ᠥᠯᠵᠡᠶᠢᠲᠦ ᠶᠢᠰᠦᠨ ᠳᠠᠭᠤᠷᠢᠯᠢᠭ ᠦᠵᠡᠰᠬᠦᠯᠡᠩᠲᠦ ᠰᠠᠶᠢᠬᠠᠨ ᠵᠦᠸᠧᠽᠢ︾ ᠰᠣᠶᠣᠯ ᠤᠨ ᠨᠠᠶᠢᠷ᠄ ᠰᠣᠶᠣᠯ ᠢ ︽ᠬᠥᠭᠵᠢᠭᠡᠨ︾ ᠠᠵᠤ ᠠᠬᠤᠢ ᠶᠢ ︽ᠠᠮᠢᠳᠤᠯᠢᠭ︾ ᠪᠣᠯᠭᠠᠨ᠎ᠠ
ᠨᠡᠶᠢᠲᠡᠯᠡᠭᠰᠡᠨ ᠴᠠᠭ᠄
2023/2/15
  2 ᠰᠠᠷ᠎ᠠ ᠶᠢᠨ 7  ᠤ ᠡᠳᠦᠷ᠂ ᠭᠤᠷᠪᠠᠨ ᠡᠳᠦᠷ ᠤᠨ ᠬᠤᠭᠤᠴᠠᠭ᠎ᠠ ᠲᠠᠢ ᠵᠦᠸᠧᠽᠢ ᠰᠢᠶᠠᠨ ᠤ ᠳᠥᠷᠪᠡᠳᠦᠭᠡᠷ ᠬᠤᠭᠤᠴᠠᠭᠠᠨ ᠤ︽ᠥᠯᠵᠡᠶᠢᠲᠦ ᠶᠢᠰᠦᠨ ᠳᠠᠭᠤᠷᠢᠯᠢᠭ ᠦᠵᠡᠰᠬᠦᠯᠡᠩᠲᠦ ᠰᠠᠶᠢᠬᠠᠨ ᠵᠦᠸᠧᠽᠢ︾ᠰᠣᠶᠣᠯ ᠤᠨ ᠨᠠᠶᠢᠷ ᠲᠡᠭᠦᠰ ᠠᠮᠵᠢᠯᠲᠠ ᠲᠠᠢ ᠥᠨᠳᠥᠷᠯᠡᠪᠡ᠃ᠠᠯᠢ ᠤᠯᠠᠨ ᠤᠯᠠᠨ ᠡᠰᠢᠲᠦ ᠠᠭᠤᠰᠤᠯᠴᠠᠭᠰᠠᠨ᠂ ᠭᠤᠶᠢᠳᠠ ᠰᠠᠶᠢᠬᠠᠨ ᠰᠣᠶᠣᠯ ᠤᠨ ᠠᠵᠢᠯᠯᠠᠭ᠎ᠠ ᠨᠢ ᠡᠷᠬᠢᠨ ᠲᠣᠭᠤᠷᠢᠨ ᠤ ᠭᠠᠵᠠᠷ ᠣᠷᠣᠨ ᠤ ᠤᠯᠠᠨ ᠲᠦᠮᠡᠨ ᠤ ᠠᠩᠬᠠᠷᠤᠯ ᠢ ᠲᠠᠲᠠᠵᠤ᠂ ᠭᠠᠵᠠᠷ ᠣᠷᠣᠨ ᠤ ᠬᠡᠷᠡᠭᠯᠡᠭᠡ ᠶᠢ ᠨᠡᠶᠢᠳᠡ 2500 ᠲᠦᠮᠡᠨ ᠲᠥᠭᠦᠷᠢᠭ ᠲᠠᠶᠢᠴᠢᠯᠠᠵᠤ᠂ ᠬᠡᠷᠡᠭᠯᠡᠭᠡ ᠶᠢ ᠲᠠᠶᠢᠴᠢᠯᠠᠵᠦ ᠢᠯᠡᠳᠲᠡ ᠦᠷ᠎ᠡ ᠪᠦᠲᠦᠮᠵᠢ ᠣᠯᠵᠤ᠂ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠰᠠᠶᠢᠵᠢᠷᠠᠪᠠ᠃  ᠰᠣᠶᠣᠯ ᠤᠨ ᠪᠠᠶᠠᠷ ᠤᠨ ᠬᠤᠭᠤᠴᠠᠭᠠᠨ ᠳᠤ᠂ ᠡᠬᠢᠯᠡᠯᠲᠡ ᠶᠢᠨ ᠶᠣᠰᠣᠯᠠᠯ ᠤᠨ ᠲᠣᠮᠣ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ᠂ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠶᠢᠰᠦᠨ ᠳᠠᠭᠤᠤ᠂ ᠤᠯᠠᠮᠵᠢᠯᠠᠯᠲᠤ ᠠᠷᠠᠳ ᠤᠨ ᠤᠷᠠᠯᠢᠭ ᠤᠨ ᠲᠣᠭᠯᠠᠯᠲᠠ᠂ ᠶᠠᠩᠭᠠᠷ ᠳᠠᠭᠤᠤ ᠶᠢᠨ ᠲᠣᠭᠯᠠᠯᠲᠠ᠂ ᠳᠠᠭᠤᠤ ᠬᠥᠭᠵᠢᠮ ᠤᠨ ᠬᠤᠸᠠᠷ ᠫᠤᠤᠵᠢᠩ᠂ ᠠᠷᠠᠳ ᠤᠨ ᠦᠯᠢᠶᠡᠨ ᠳᠡᠯᠡᠳᠬᠦ ᠬᠥᠭᠵᠢᠮ ᠤᠨ ᠲᠣᠭᠯᠠᠯᠲᠠ ᠶᠢᠨ ᠤᠷᠤᠯᠳᠤᠭᠠᠨ ᠵᠡᠷᠭᠡ ᠤᠯᠠᠨ ᠵᠦᠢᠯ ᠤᠨ ᠠᠵᠢᠯᠯᠠᠭ᠎ᠠ ᠳᠤ ᠣᠷᠣᠯᠴᠠᠵᠠᠢ᠃ ᠵᠤᠭᠠᠴᠠᠭᠰᠠᠳ ᠢ 10 ᠲᠦᠮᠡ ᠭᠠᠷᠤᠢ ᠬᠥᠮᠥᠨ ᠤᠳᠠᠭ᠎ᠠ ᠲᠠᠲᠠᠵᠤ᠂ ᠢᠳᠡᠭᠡᠨ ᠤᠮᠳᠠᠭᠠᠨ ᠤ ᠳᠡᠯᠭᠡᠭᠦᠷ ᠤᠨ ᠠᠶᠠᠨᠴᠢᠳ ᠤᠨ ᠲᠤᠭ᠎ᠠ ᠲᠦᠷᠭᠡᠨ ᠨᠡᠮᠡᠭᠳᠡᠵᠦ᠂ ᠵᠤᠭᠠᠴᠠᠯ ᠤᠨ ᠪᠠᠭᠤᠳᠠᠯ ᠤᠨ ᠵᠠᠬᠢᠶᠠᠯᠠᠭ᠎ᠠ ᠬᠥᠭᠵᠢᠶᠡᠨᠲᠡᠢ ᠪᠣᠯᠵᠤ᠂ ᠤᠯᠠᠮᠵᠢᠯᠠᠯᠲᠤ ᠬᠡᠷᠡᠭᠯᠡᠭᠡᠨ ᠤ ᠶᠠᠰᠤ ᠴᠢᠨᠠᠷ ᠲᠡᠰ ᠳᠠᠪᠰᠢᠵᠤ᠂ ᠣᠨᠴᠠᠯᠢᠭᠲᠤ ᠢᠳᠡᠭᠡᠨ ᠤ ᠬᠡᠷᠡᠭᠯᠡᠭᠡᠨ ᠤ ᠬᠢᠯᠠᠰ ᠴᠡᠭ ᠤᠯᠠᠠ ᠢᠯᠡᠷᠡᠵᠦ ᠪᠠᠶᠢᠨ᠎ᠠ ᠁ ᠰᠤᠷᠪᠤᠯᠵᠢᠯᠠᠭᠴᠢ ᠬᠤᠳᠠ ᠶᠢᠨ ᠠᠷᠠᠳ ᠪᠣᠯᠣᠨ ᠵᠤᠭᠠᠴᠠᠭᠰᠠᠳ ᠣᠨᠴᠠᠯᠢᠭᠲᠤ ᠲᠠᠬᠢᠶ᠎ᠠ ᠪᠠ ᠣᠨᠴᠠᠯᠢᠭᠲᠤ ᠠᠮᠲᠠᠲᠤ ᠢᠳᠡᠭᠡᠨ ᠬᠤᠳᠠᠯᠳᠤᠨ ᠠᠪᠬᠤ ᠪᠠᠷ ᠪᠤᠯᠢᠶᠠᠯᠳᠤᠵᠤ ᠪᠠᠶᠢᠬᠤ ᠶᠢ ᠣᠯᠵᠤ ᠬᠠᠷᠠᠵᠠᠢ᠃ᠵᠤᠭᠠᠴᠠᠭᠴᠢ ᠴᠧᠨ ᠰᠧ ᠰᠧ᠄︽ᠪᠢᠳᠡ ᠲᠤᠰᠬᠠᠶᠢᠯᠠᠨ ᠵᠢᠨᠢᠩ ᠠᠴᠠ ᠲᠡᠷᠭᠡ ᠵᠢᠯᠣᠭᠤᠳᠤᠨ ᠮᠠᠨ ᠤ ᠵᠦᠸᠥᠽᠢ ᠰᠢᠶᠠᠨ ᠳᠤ ᠢᠷᠡᠵᠦ᠂ ᠡᠨᠡ ᠶᠢᠰᠦᠨ ᠳᠠᠭᠤᠷᠢᠯᠢᠭ  ᠤᠨ ᠰᠣᠶᠣᠯ  ᠤᠨ ᠨᠠᠶᠢᠷ ᠲᠤ ᠣᠷᠤᠯᠴᠠᠬᠤ ᠪᠠᠷ ᠢᠷᠡᠭᠰᠡᠨ ᠶᠤᠮ᠂ ᠤᠴᠢᠷ ᠨᠢ ᠵᠢᠯ ᠪᠦᠷᠢ ᠶᠢᠨ ᠡᠨᠡ ᠶᠢᠰᠦᠨ ᠳᠠᠭᠤᠷᠢᠯᠢᠭ  ᠤᠨ ᠰᠣᠶᠣᠯ  ᠤᠨ ᠨᠠᠶᠢᠷ ᠢ ᠲᠤᠩ ᠰᠠᠶᠢᠨ ᠬᠢᠳᠡᠭ᠂ ᠪᠢᠳᠡ ᠪᠠᠰᠠ ᠵᠢᠯ ᠪᠣᠯᠭᠠᠨ ᠢᠷᠡᠵᠦ ᠲᠣᠭᠤᠷᠢᠨ ᠦᠵᠡᠳᠡᠭ᠂ ᠲᠣᠭᠤᠷᠢᠨ ᠦᠵᠡᠵᠦ ᠪᠠᠷᠠᠭᠰᠠᠨ ᠤ ᠲᠠᠷᠠᠭ᠎ᠠ ᠪᠢᠳᠡ ᠭᠤᠷᠪᠠᠭᠤᠯᠠ ᠶᠢᠰᠦᠨ ᠳᠠᠭᠤᠷᠢᠯᠢᠭ  ᠢ ᠲᠣᠭᠤᠷᠢᠬᠤ ᠪᠠᠷ ᠣᠴᠢᠵᠤ᠂ ᠡᠨᠡ ᠵᠢᠯ ᠪᠢᠳᠡᠨ ᠤ ᠠᠮᠤᠷ ᠲᠦᠪᠰᠢᠨ᠂ ᠡᠷᠡᠭᠦᠯ ᠲᠡᠩᠬᠡᠯᠡᠭᠦᠨ ᠪᠠᠶᠢᠬᠤ ᠶᠢ ᠵᠥᠩᠨᠡᠶ᠎ᠡ᠃ ᠪᠢᠳᠡ ᠬᠤᠶᠠᠷ ᠭᠤᠷᠪᠠᠨ ᠡᠳᠦᠷ ᠨᠠᠭᠠᠳᠤᠭᠠᠳ ᠪᠤᠴᠠᠵᠤ ᠢᠷᠡᠬᠦ ᠳᠡᠭᠡᠨ ᠬᠡᠳᠦᠨ ᠵᠦᠸᠧᠽᠢᠱᠠᠨ ᠠᠭᠤᠯᠠᠨ ᠤ ᠰᠢᠷᠠᠭᠰᠠᠨ ᠲᠠᠬᠢᠶ᠎ᠠ ᠠᠪᠤᠭᠠᠳ ᠵᠢᠨᠢᠩ ᠳᠤ ᠠᠪᠠᠴᠢᠭᠰᠠᠨ ᠶᠤᠮ︾ ᠭᠡᠪᠡ᠃   ᠵᠠᠩ ᠶᠢᠨ ᠲᠤᠤ ᠶᠢᠨ ᠰᠢᠷᠠᠭᠰᠠᠨ ᠲᠠᠬᠢᠶ᠎ᠠ ᠶᠢᠨ ᠳᠡᠯᠭᠡᠭᠦᠷ ᠤᠨ ᠬᠠᠷᠢᠭᠤᠴᠠᠯᠭᠠᠲᠠᠨ ᠯᠢ ᠬᠤᠸᠠ ᠪᠠᠶᠠᠷᠲᠠᠢ ᠪᠠᠷ᠄︽ᠡᠨᠡ ᠬᠡᠳᠦᠨ ᠡᠳᠦᠷ ᠮᠠᠨ ᠤ ᠰᠢᠶᠠᠨ ᠳᠤ ᠶᠢᠰᠦᠨ ᠳᠠᠭᠤᠷᠢᠯᠢᠭ ᠤᠨ ᠰᠣᠶᠣᠯ ᠤᠨ ᠨᠠᠶᠢᠷ ᠢ ᠡᠷᠬᠢᠯᠡᠵᠤ᠂ ᠭᠠᠳᠠᠷ ᠣᠷᠣᠨ ᠤ ᠪᠠ ᠲᠤᠰ ᠭᠠᠵᠠᠷ ᠤᠨ ᠮᠠᠰᠢ ᠤᠯᠠᠨ ᠬᠥᠮᠥᠰ ᠴᠥᠮ ᠡᠨᠡ ᠬᠦ ᠶᠢᠰᠦᠨ ᠳᠠᠭᠤᠷᠢᠯᠢᠭ ᠤᠨ ᠰᠣᠶᠣᠯ ᠤᠨ ᠨᠠᠶᠢᠷ ᠲᠤ ᠣᠷᠤᠯᠴᠠᠬᠤ ᠪᠠᠷ ᠢᠷᠡᠭᠰᠡᠨ ᠪᠠᠶᠢᠨ᠎ᠠ᠃ ᠬᠠᠷᠢᠵᠤ ᠢᠷᠡᠭᠰᠡᠨ ᠤ ᠪᠠᠨ ᠳᠠᠷᠠᠭ᠎ᠠ ᠮᠠᠨ ᠤ ᠰᠢᠷᠠᠭᠰᠠᠨ ᠲᠠᠬᠢᠶ᠎ᠠ ᠬᠤᠳᠠᠯᠳᠤᠨ ᠠᠪᠬᠤ ᠬᠥᠮᠥᠨ ᠴᠦ ᠲᠣᠩ ᠣᠯᠠᠨ᠂ ᠮᠠᠨ ᠤ ᠳᠥᠷᠪᠡᠨ ᠪᠠᠷᠠᠭ᠎ᠠ ᠬᠤᠳᠠᠯᠳᠤᠭᠴᠢ ᠪᠦᠷ ᠶᠠᠭᠠᠷᠠᠵᠤ ᠠᠮᠵᠢᠬᠤ ᠦᠭᠡᠢ᠂ ︵ᠪᠣᠷᠤᠯᠠᠭᠤᠯᠭ᠎ᠠ ᠶᠢᠨ ᠬᠡᠮᠵᠢᠶ᠎ᠡ︶ ᠬᠠᠮᠤᠭ ᠤᠨ ᠠᠷᠪᠢᠨ ᠡᠳᠦᠷ ᠲᠤ ᠪᠢᠳᠡ 1000 ᠭᠠᠷᠤᠢ ᠰᠢᠷᠠᠭᠰᠠᠨ ᠲᠠᠬᠢᠶ᠎ᠠ ᠬᠤᠳᠠᠯᠳᠤᠵᠤ᠂ ᠰᠢᠶᠠᠨ ᠳᠤ ᠡᠶᠢᠮᠦᠷᠬᠦᠦ ᠠᠵᠢᠯᠯᠠᠭ᠎ᠠ  ᠶᠢ ᠢᠯᠡᠭᠦᠦ ᠬᠡᠳᠦ ᠤᠳᠠᠭ᠎ᠠ ᠬᠢᠬᠦ  ᠶᠢ ᠬᠦᠰᠡᠵᠦ ᠪᠠᠶᠢᠨ᠎ᠠ︾ ᠭᠡᠵᠦ ᠬᠡᠯᠡᠪᠡ᠃   ᠵᠤᠭᠠᠴᠠᠭᠰᠠᠳ ᠤᠨ ᠲᠤᠭ᠎ᠠ ᠶᠢᠨ ᠨᠡᠮᠡᠭᠳᠡᠯ ᠨᠢ ᠴᠦ ᠪᠠᠭᠤᠳᠠᠯ ᠤᠨ ᠵᠠᠬᠢᠶᠠᠯᠠᠭ᠎ᠠ ᠶᠢᠨ ᠬᠡᠮᠵᠢᠶ᠎ᠡ ᠶᠢ ᠬᠠᠯᠠᠭᠤᠯᠵᠤ᠂ ᠬᠤᠲᠠ ᠶᠢᠨ ᠲᠣᠭᠤᠷᠢᠭ ᠲᠠᠬᠢ ᠡᠯ᠎ᠡ ᠲᠥᠷᠥᠯ ᠤᠨ ᠠᠵᠤ ᠠᠬᠤᠢ ᠶᠢᠨ ᠬᠡᠯᠪᠡᠷᠢ ᠶᠢᠨ ᠪᠠ ᠴᠢᠨᠠᠷ ᠰᠠᠶᠢᠲᠠᠢ ᠰᠣᠳᠣᠨ ᠪᠠᠭᠤᠳᠠᠯ ᠬᠤᠶᠢᠨ᠎ᠠ ᠬᠤᠶᠢᠨ᠎ᠠ  ᠠᠴᠠ ᠪᠠᠨ ᠳᠦᠭᠦᠷᠡᠩ ᠪᠣᠯᠪᠠ᠃    ᠵᠦᠸᠧᠽᠢ ᠰᠢᠶᠠᠨ ᠤ ᠷᠦᠢ ᠲᠠᠢ ᠪᠠᠭᠤᠳᠠᠯ ᠤᠨ ᠭᠤᠣᠯ ᠬᠠᠮᠢᠶᠠᠷᠤᠭᠴᠢ ᠯᠢ ᠶᠠᠨ ᠬᠤᠸᠠ ᠰᠤᠷᠪᠤᠯᠵᠢᠯᠠᠭᠴᠢ ᠳᠤ ᠬᠡᠯᠡᠬᠦ ᠳᠡᠭᠡᠨ᠄   ︽ᠷᠦᠢ ᠲᠠᠢ ᠵᠣᠴᠢᠳ ᠤᠨ ᠪᠠᠭᠤᠳᠠᠯ ᠳᠤ ᠨᠡᠶᠢᠲᠡ 104 ᠲᠠᠰᠤᠯᠭ᠎ᠠ ᠶᠡᠭᠡ ᠪᠠᠭ᠎ᠠ ᠵᠣᠴᠢᠨ ᠤ ᠥᠷᠥᠭᠡ ᠪᠤᠶ᠂ ᠡᠨᠡ ᠬᠡᠳᠦᠨ ᠡᠳᠦᠷ ᠲᠤ ᠮᠠᠨ ᠤ ᠰᠢᠶᠠᠨ ᠤ ᠬᠢᠨ ︿ᠥᠯᠵᠡᠶᠢᠲᠦ ᠶᠢᠰᠦᠨ ᠳᠠᠭᠤᠷᠢᠯᠢᠭ ᠦᠵᠡᠰᠬᠦᠯᠡᠩᠲᠦ ᠰᠠᠶᠢᠬᠠᠨ ᠵᠦᠸᠧᠽᠢ﹀ ᠰᠣᠶᠣᠯ ᠤᠨ ᠨᠠᠶᠢᠷ ᠡᠷᠭᠢᠯᠡᠵᠦ᠂ ᠠᠶᠠᠨᠴᠢᠳ ᠤᠨ ᠲᠤᠭ᠎ᠠ ᠮᠡᠳᠡᠭᠳᠡᠬᠦᠶᠢᠴᠡ ᠨᠡᠮᠡᠭᠳᠡᠵᠡᠢ᠂ ᠴᠠᠭᠠᠨ ᠰᠠᠷ᠎ᠠ  ᠶᠢᠨ ᠠᠷᠪᠠᠨ ᠬᠤᠶᠠᠷ  ᠠᠴᠠ ᠡᠬᠢᠯᠡᠨ ᠪᠦᠬᠦ ᠵᠣᠴᠢᠨ ᠤ ᠥᠷᠥᠭᠡ  ᠶᠢ ᠴᠥᠮ ᠵᠠᠬᠢᠶᠠᠯᠠᠵᠤ ᠭᠠᠷᠭᠠᠵᠠᠢ᠂ ᠪᠠᠭᠤᠳᠠᠯ ᠳᠤ ᠰᠠᠭᠤᠭᠰᠠᠨ ᠨᠣᠷᠮ᠎ᠠ 100% ᠳᠤ ᠬᠦᠷᠴᠦ᠂ ᠪᠠᠭᠤᠳᠠᠯ ᠤᠨ ᠰᠢᠨ᠎ᠡ ᠲᠡᠮᠳᠡᠭᠯᠡᠯ  ᠢ ᠡᠭᠦᠳᠴᠡᠢ᠂ ᠳᠠᠷᠠᠭᠠᠴᠢ  ᠶᠢᠨ ᠠᠯᠬᠤᠮ ᠳᠤ ᠪᠠᠭᠤᠳᠠᠯ ᠤᠨ ᠦᠢᠯᠡᠴᠢᠯᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠠᠭᠤᠳᠠᠯ ᠳᠤ ᠰᠠᠭᠤᠭᠰᠠᠨ ᠵᠣᠴᠢᠳ ᠲᠤ ᠭᠡᠷ ᠪᠦᠯᠢ  ᠶᠢᠨ ᠬᠠᠯᠠᠭᠤᠨ ᠳᠤᠯᠠᠭᠠᠨ ᠲᠥᠷᠥᠭᠳᠡᠯ ᠥᠭᠬᠦ ᠪᠣᠯᠣᠨ᠎ᠠ︾᠃   ᠴᠠᠭᠠᠨ ᠰᠠᠷ᠎ᠠ ᠶᠢᠨ ᠠᠷᠪᠠᠨ ᠭᠤᠷᠪᠠᠨ ᠤ ᠡᠳᠦᠷ ᠠᠴᠠ ᠡᠬᠢᠯᠡᠨ᠂ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠢᠳᠡᠭᠡᠨ ᠤᠮᠳᠠᠭᠠᠨ ᠤ ᠳᠡᠯᠭᠡᠭᠦᠷ ᠪᠠᠷᠤᠭ ᠭᠡᠷ ᠪᠣᠯᠭᠠᠨ ᠢᠶᠠᠷ ᠳᠦᠭᠦᠷᠴᠦ᠂ ᠦᠢᠯᠡᠴᠢᠯᠡᠭᠴᠢᠳ ᠨᠢᠭᠡ ᠨᠢᠭᠡ ᠪᠠᠷ ᠢᠶᠠᠨ ᠡᠷᠴᠢ ᠵᠣᠷᠢᠭ ᠢᠶᠠᠨ ᠬᠥᠪᠴᠢᠯᠡᠵᠦ᠂ ᠬᠤᠭᠤᠯᠠ ᠢᠳᠡᠬᠦ ᠪᠠᠷ ᠢᠷᠡᠭᠰᠡᠨ ᠵᠤᠭᠠᠴᠠᠭᠰᠠᠳ ᠪᠣᠯᠣᠨ ᠬᠤᠲᠠ ᠶᠢᠨ ᠠᠷᠠᠳ ᠲᠤ ᠬᠠᠮᠤᠭ ᠤᠨ ᠰᠠᠶᠢᠨ ᠨᠣᠭᠤᠭ᠎ᠠ ᠵᠠᠭᠤᠰᠢ ᠪᠣᠯᠣᠨ ᠦᠢᠯᠡᠴᠢᠯᠡᠭᠡ ᠬᠦᠷᠭᠡᠪᠡ᠃   ᠴᠧᠨ ᠶᠠᠩ ᠤᠨ ᠪᠣᠣᠪᠤ ᠲᠠᠢ ᠰᠢᠩᠭᠡᠨ ᠪᠤᠳᠠᠭᠠᠨ ᠤ ᠵᠠᠩᠭᠤᠶᠢᠳᠠ ᠵᠠᠩ ᠰᠢᠸ ᠯᠢᠶᠠᠨ ᠰᠡᠳᠬᠢᠯ ᠳᠣᠭᠳᠣᠯᠤᠨ ᠬᠡᠯᠡᠬᠦ ᠳᠡᠭᠡᠨ᠄ ︽ᠡᠨᠡ ᠵᠢᠯ ᠰᠢᠶᠠᠨ ᠤ ᠠᠵᠢᠯᠯᠠᠭ᠎ᠠ ᠶᠢ ᠮᠠᠰᠢ ᠰᠠᠶᠢᠨ ᠡᠷᠬᠢᠯᠡᠵᠡᠢ᠂ ᠪᠢᠳᠡᠨ ᠳᠤ ᠮᠠᠶᠢᠮᠠᠢ ᠠᠪᠴᠢᠷᠠᠵᠤ ᠥᠭᠴᠡᠢ᠂ ᠡᠳᠦᠷ ᠪᠦᠷᠢ ᠬᠡᠳᠦ ᠤᠳᠠᠭ᠎ᠠ ᠮᠠᠶᠢᠮᠠᠢ ᠬᠢᠵᠦ ᠪᠠᠶᠢᠨ᠎ᠠ᠂ ᠮᠠᠶᠢᠮᠠᠢ ᠨᠢ ᠡᠩ ᠤᠨ ᠦᠶ᠎ᠡ ᠶᠢᠨ ᠬᠢ ᠠᠴᠠ ᠬᠤᠶᠠᠷ ᠭᠤᠷᠪᠠ ᠲᠠᠬᠢᠨ ᠨᠡᠮᠡᠭᠳᠡᠵᠦ᠂ ᠡᠩ ᠤᠨ ᠦᠶ᠎ᠡ ᠳᠤ ᠨᠢᠭᠡ ᠬᠤᠶᠠᠷ ᠮᠢᠩᠭᠠᠨ ᠲᠥᠭᠦᠷᠢᠭ ᠢᠶᠠᠷ ᠬᠤᠳᠠᠯᠳᠤᠵᠤ᠂ ᠤᠳᠤ ᠲᠠᠪᠤ ᠵᠢᠷᠭᠤᠭᠠᠨ ᠮᠢᠩᠭᠠᠨ ᠲᠥᠭᠦᠷᠢᠭ ᠢᠶᠠᠷ ᠬᠤᠳᠠᠯᠳᠤᠵᠤ ᠪᠠᠶᠢᠨ᠎ᠠ᠂ ᠪᠢᠳᠡ ᠲᠤᠶᠢᠯ ᠢᠶᠠᠷ ᠰᠡᠳᠬᠢᠯ ᠬᠠᠨᠤᠮᠵᠢᠲᠠᠶ ᠪᠠᠶᠢᠨ᠎ᠠ᠂ ᠮᠠᠨ ᠤ ᠰᠢᠶᠠᠨ ᠤ ᠬᠢᠨ ᠵᠢᠯ ᠠᠴᠠ ᠵᠢᠯ ᠬᠦᠷ ᠬᠥᠭᠵᠢᠶᠡᠨ ᠲᠠᠢ ᠪᠣᠯᠬᠤ ᠶᠢ ᠬᠦᠰᠡᠵᠦ ᠪᠠᠶᠢᠨ᠎ᠠ︾ ᠭᠡᠵᠡᠢ᠃   ᠵᠦᠸᠧᠽᠢ ᠰᠢᠶᠠᠨ ᠤ ᠳᠥᠷᠪᠡᠳᠦᠭᠡᠷ ᠬᠤᠭᠤᠴᠠᠭᠠᠨ ᠤ ︽ᠥᠯᠵᠡᠶᠢᠲᠦ ᠶᠢᠰᠦᠨ ᠳᠠᠭᠤᠷᠢᠯᠢᠭ ᠦᠵᠡᠰᠬᠦᠯᠡᠩᠲᠦ ᠰᠠᠶᠢᠬᠠᠨ ᠵᠦᠸᠧᠽᠢ︾ ᠰᠣᠶᠣᠯ ᠤᠨ ᠨᠠᠶᠢᠷ ᠢ ᠠᠮᠵᠢᠯᠲᠠ ᠲᠠᠢ ᠡᠷᠬᠢᠯᠡᠭᠰᠡᠨ ᠨᠢ ᠵᠦᠸᠧᠽᠢ ᠶᠢᠨ ᠠᠯᠳᠠᠷᠰᠢᠯ ᠪᠠ ᠠᠯᠳᠠᠷᠰᠢᠯ ᠢ ᠶᠡᠬᠡᠪᠡᠷ ᠳᠡᠭᠡᠭᠰᠢᠯᠡᠭᠦᠯᠵᠦ᠂ ᠵᠦᠸᠧᠽᠢ ᠰᠢᠶᠠᠨ ᠤ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠵᠦᠸᠧᠽᠢ ᠰᠢᠶᠠᠨ ᠤ ᠰᠣᠶᠣᠯ ᠤᠨ ᠵᠢᠭᠤᠯᠴᠢᠯᠠᠯ ᠤᠨ ︽ᠠᠯᠲᠠᠨ ᠦᠰᠦᠭᠲᠦ︾ ᠫᠠᠶᠢᠰᠠ ᠶᠢ ᠭᠡᠷᠡᠯᠲᠦᠭᠦᠯᠬᠦ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠪᠡ᠃           ᠨᠠᠶᠢᠷᠠᠭᠤᠯᠤᠭᠴᠢ  ᠣᠷᠴᠢᠭᠤᠯᠤᠭᠴᠢ  ᠪᠠᠶᠠᠨᠪᠠᠲᠤ          
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2