ᠵᠦᠸᠧᠽᠢ ᠰᠢᠶᠠᠨ ᠤ 2022 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠠᠵᠢᠯ ᠤᠨ ᠪᠠᠶᠢᠳᠠᠯ | 2022 ᠣᠨ ᠳᠤ᠂ ᠮᠠᠨ ᠤ ᠰᠢᠶᠠᠨ ︽ᠤᠯᠠᠭᠠᠨᠴᠠᠪ ᠬᠤᠲᠠ ᠶᠢᠨ 2022 ᠣᠨ ᠤ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠣᠰᠣᠭᠠᠷ᠂ ᠰᠢ ᠶᠢᠨ ᠫᠢᠩ ᠶᠢᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ | ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠬᠠᠤᠯᠢ | ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠥᠬᠦ ᠲᠠᠯ᠎ᠠ ᠪᠠᠷ ᠪᠠᠶᠢᠭᠤᠯᠪᠠ᠃ᠤᠳᠤ ᠮᠠᠨ ᠤ | ᠰᠢᠶᠠᠨ ᠤ 2022 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ | ᠪᠠᠶᠢᠳᠠᠯ ᠢ ᠳᠣᠣᠷᠠᠬᠢ ᠮᠡᠲᠦ ᠮᠡᠳᠡᠭᠦᠯᠦᠶ᠎ᠡ᠄ | ᠨᠢᠭᠡ᠂ ᠭᠤᠣᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠨᠠᠶᠢᠳᠠᠪᠤᠷᠢᠵᠢᠭᠤᠯᠬᠤ ᠠᠵᠢᠯ ᠤᠨ ᠡᠭᠦᠷᠭᠡ | ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ | ᠨᠢᠭᠡ ᠳᠤ ᠵᠢᠯᠤᠭᠤᠳᠬᠤ ᠦᠵᠡᠯ ᠰᠠᠨᠠᠭ᠎ᠠ ᠪᠠᠨ ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠦᠨ᠎ᠡ᠃ᠮᠠᠨ ᠤ ᠰᠢᠶᠠᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠨᠢ | ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠢ ᠶᠢᠨ ᠫᠢᠩ ᠤ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠢᠨᠠᠮᠠᠭᠠᠢ ᠰᠤᠷᠤᠯᠴᠠᠨ | ᠤᠬᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠬᠠᠢ ᠰᠢ ᠶᠢᠨ ᠫᠢᠩ ᠤ | ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠤᠨ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨᠣᠷᠳᠣᠨ ᠢᠲ᠋ᠦ᠋ᠷᠭᠡᠳᠬᠡᠨ | ᠪᠠᠶᠢᠭᠤᠯᠤᠨ᠎ᠠ᠃ᠬᠤᠶᠠᠷ ᠲᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ | ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠎ᠠ᠃ᠳᠡᠭᠡᠳᠦ ᠪᠠᠶᠢᠷᠢ ᠠᠴᠠ ᠠᠬᠢᠭᠤᠯᠬᠤ ᠶᠢ ᠪᠠᠷᠢᠮᠲᠠᠯᠠᠵᠤ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠳᠤ ᠴᠠᠭ ᠲᠤᠬᠠᠢ | ᠳᠤᠨᠢ ᠲᠣᠬᠢᠷᠠᠭᠤᠯᠤᠯᠲᠠ ᠬᠢᠵᠦ᠂ ᠬᠠᠤᠯᠢ ᠪᠠᠷ ᠰᠢᠶᠠᠨ ᠢ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ | ᠭᠦᠢᠴᠡᠳᠬᠡᠬᠦ ᠲᠤᠬᠠᠢ ᠲᠣᠭᠲᠠᠭᠠᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠤᠳᠤᠷᠢᠳᠬᠤ | ᠺᠠᠳ᠋ᠷᠴᠤᠳ ᠤᠨ ᠬᠠᠤᠯᠢ ᠴᠠᠭᠠᠵᠠ ᠶᠢ ᠰᠤᠷᠤᠯᠴᠠᠬᠤ᠂ ᠬᠠᠤᠯᠢ ᠶᠣᠰᠣᠭᠠᠷ ᠲᠦᠷᠦ ᠪᠠᠷᠢᠬᠤ᠂ ᠬᠠᠤᠯᠢ ᠶᠣᠰᠣᠭᠠᠷ ᠵᠠᠰᠠᠭ | ᠶᠠᠪᠤᠭᠤᠯᠬᠤ᠂ ᠬᠠᠤᠯᠢ ᠶᠣᠰᠣᠭᠠᠷ ᠬᠡᠷᠡᠭ ᠡᠷᠬᠢᠯᠡᠬᠦ ᠴᠢᠳᠠᠪᠤᠷᠢ ᠪᠠ ᠬᠢᠷᠢ ᠬᠡᠮᠵᠢᠶ᠎ᠡ ᠵᠢᠴᠢ ᠬᠠᠤᠯᠢ ᠴᠠᠭᠠᠵᠠ ᠶᠢ | ᠵᠢᠷᠤᠮᠯᠠᠨ ᠰᠠᠬᠢᠵᠤ ᠪᠠᠶᠢᠭ᠎ᠠ ᠪᠠᠶᠢᠳᠠᠯ ᠢ ᠣᠨ ᠤ ᠬᠢᠨᠠᠨ ᠰᠢᠯᠭᠠᠯᠲᠠ ᠶᠢᠨ ᠴᠢᠬᠤᠯᠠ ᠠᠭᠤᠯᠭ᠎ᠠ ᠪᠣᠯᠭᠠᠨ᠎ᠠ᠃ | ᠭᠤᠷᠪᠠ ᠳᠤ᠂ ︽ᠵᠦᠸᠧᠽᠢ ᠰᠢᠶᠠᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ 2022 | ᠣᠨ ᠤ ᠠᠵᠢᠯ ᠤᠨ ᠭᠤᠣᠯᠳᠠᠯᠭ᠎ᠠ︾᠂ ︽ᠵᠦᠸᠧᠽᠢ ᠰᠢᠶᠠᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠤᠤᠱᠯᠠᠭᠤᠯᠬᠤ ᠶᠢᠨ ᠬᠡᠷᠡᠭᠵᠢᠭᠦᠯᠬᠦ | ᠬᠥᠲᠥᠯᠪᠦᠷᠢ ︵2021 ︱ 2025 ᠣᠨ︶ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ﹀ ᠢ | ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠲᠥᠰᠥᠯ︾ ᠢ ᠲᠣᠭᠲᠠᠭᠠᠨ ᠳᠠᠷᠤᠮᠠᠯᠯᠠᠨ | ᠲᠠᠷᠬᠠᠭᠠᠵᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠪᠠᠶᠢᠴᠠᠭᠠᠨ ᠵᠢᠯᠤᠭᠤᠳᠬᠤ ᠪᠠᠨ ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠠᠵᠢᠯ ᠤᠨ ᠲᠠᠰ ᠳᠡᠪᠰᠢᠬᠦ ᠶᠢ ᠲᠠᠰᠤᠷᠠᠯᠲᠠ ᠦᠭᠡᠢ ᠠᠬᠢᠭᠤᠯᠤᠨ᠎ᠠ᠃ᠳᠥᠷᠪᠡ ᠳᠤ ᠰᠢ ᠶᠢᠨ ᠫᠢᠩ ᠤᠨ ᠬᠠᠤᠯᠢ ᠪᠠᠷ | ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠪᠠ᠃ᠰᠢ ᠶᠢᠨ ᠫᠢᠩ ᠋ ᠤ ᠬᠠᠤᠯᠢᠵᠢᠯ ᠤᠨ ᠦᠵᠡᠯ ᠰᠠᠨᠠᠭ᠎ᠠ ᠶᠢ | ᠰᠤᠷᠤᠯᠴᠠᠨ ᠤᠬᠠᠭᠤᠯᠬᠤ ᠶᠢ ᠭᠤᠣᠯᠳᠠᠯᠭ᠎ᠠ ᠲᠠᠢ ᠬᠠᠤᠯᠢ ᠰᠤᠷᠤᠯᠴᠠᠬᠤ ᠠᠭᠤᠯᠭ᠎ᠠ ᠪᠣᠯᠭᠠᠵᠤ᠂ ᠰᠢ ᠶᠢᠨ ᠫᠢᠩ ᠋ ᠤ | ᠬᠠᠤᠯᠢᠵᠢᠯ ᠤᠨ ᠦᠵᠡᠯ ᠰᠠᠨᠠᠭ᠎ᠠ ᠶᠢ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ᠂ | ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠤᠷᠤᠯᠴᠠᠬᠤ ᠠᠭᠤᠯᠭ᠎ᠠ ᠵᠢᠴᠢ | ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠰᠠᠯᠠᠭ᠎ᠠ ᠶᠢᠨ ᠲᠡᠰ ᠤᠨ ᠺᠠᠳ᠋ᠷ ᠤᠨ ᠰᠤᠷᠤᠯᠴᠠᠬᠤ | ᠬᠢᠴᠢᠶᠡᠯ ᠳᠤ ᠣᠷᠣᠭᠤᠯᠤᠨ᠎ᠠ᠃6 ᠰᠠᠷ᠎ᠠ ᠳᠤ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ ᠪᠣᠯᠣᠨ ᠪᠦᠬᠦ ᠰᠢᠶᠠᠨ ᠤ ᠰᠠᠯᠠᠭ᠎ᠠ ᠶᠢᠨ ᠲᠡᠰ ᠤᠨ ᠭᠤᠷᠪᠠᠨ ᠵᠠᠭᠤ ᠰᠢᠬᠠᠮ ᠺᠠᠳ᠋ᠷ ᠢ | ᠵᠣᠬᠢᠶᠠᠨ ᠪᠠᠶᠢᠭᠤᠯᠵᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠲᠤᠰᠬᠠᠢ ᠰᠡᠳᠦᠪᠲᠦ | ᠲᠠᠶᠢᠯᠤᠮᠵᠢ ᠶᠢ ᠨᠢᠭᠡ ᠤᠳᠠᠭ᠎ᠠ ᠰᠣᠨᠣᠰᠪᠠ᠃ᠪᠦᠬᠦ ᠰᠢᠶᠠᠨ ᠤ ᠡᠯ᠎ᠡ ᠬᠠᠤᠯᠢ ᠬᠡᠷᠡᠭᠵᠢᠭᠦᠯᠬᠦ ᠨᠢᠭᠡᠴᠢ ᠲᠥᠪᠯᠡᠷᠡᠭᠦᠯᠦᠨ | ᠰᠤᠷᠤᠯᠴᠠᠬᠤ ᠪᠠ ᠬᠤᠪᠢ ᠬᠥᠮᠥᠨ ᠤ ᠥᠪᠡᠰᠦᠪᠡᠨ ᠰᠤᠷᠤᠯᠴᠠᠬᠤ ᠠᠷᠭ᠎ᠠ ᠮᠠᠶ᠋ᠢᠭ ᠢ ᠤᠶᠠᠯᠳᠤᠭᠤᠯᠬᠤ ᠪᠠᠷ | ᠳᠠᠮᠵᠢᠭᠤᠯᠤᠨ᠂ ᠬᠠᠤᠯᠢ ᠴᠠᠭᠠᠵᠠ ᠶᠢᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠲᠤᠰ ᠬᠦᠷᠢᠶᠡᠨ ᠳᠠᠬᠢ | ᠬᠤᠯᠪᠣᠭᠳᠠᠯ ᠪᠦᠬᠦᠢ ᠬᠠᠤᠯᠢ ᠴᠠᠭᠠᠵᠠ ᠶᠢ ᠰᠤᠷᠤᠯᠴᠠᠪᠠ᠃ | ︵ᠬᠤᠶᠠᠷ︶ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮ ᠢ | ᠲᠡᠭᠦᠯᠵᠢᠷᠳᠦᠭᠦᠯᠦᠨᠡ | ᠨᠢᠭᠡ ᠳᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠤᠨ᠎ᠠ᠃ | ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠲᠦᠯᠬᠢᠨ | ᠠᠬᠢᠭᠤᠯᠵᠤ᠂ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ 4721 ᠵᠤᠷᠪᠤᠰ ᠨᠡᠶᠢᠲᠡᠯᠡᠵᠦ᠂ ᠡᠯ᠎ᠡ | ᠰᠠᠯᠠᠭ᠎ᠠ ᠮᠥᠴᠢᠷ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠲᠤᠰ ᠰᠠᠯᠠᠭ᠎ᠠ ᠮᠥᠴᠢᠷ ᠤᠨ ᠢᠶᠠᠨ ᠡᠷᠬᠡ | ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠴᠠᠭ ᠲᠤᠬᠠᠢ ᠳᠤᠨᠢ ᠬᠥᠳᠡᠯᠦᠩᠭᠦᠢ ᠪᠠᠷ ᠲᠣᠬᠢᠷᠠᠭᠤᠯᠪᠠ᠃︽ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ︵2019 ᠣᠨ ᠤ ᠬᠡᠪᠯᠡᠯ︶︾ | ᠶᠢᠨ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠬᠤ᠂ ᠳᠣᠷᠣᠭᠰᠢ ᠪᠠᠭᠤᠯᠭᠠᠬᠤ ᠪᠠ ᠨᠠᠶᠢᠳᠠᠨ ᠬᠠᠮᠢᠶᠠᠷᠤᠭᠤᠯᠬᠤ | ᠶᠠᠪᠤᠳᠠᠯ ᠢ ᠭᠥᠯᠢᠶᠡᠨ ᠠᠪᠴᠤ᠂ ᠶᠠᠮᠠᠷ ᠴᠤ ᠬᠡᠯᠪᠡᠷᠢ ᠶᠢ ᠨᠢ ᠥᠭᠡᠷᠡᠳᠡᠭᠦᠯᠦᠨ ᠬᠢᠨᠠᠨ ᠵᠥᠪᠰᠢᠶᠡᠷᠡᠬᠦ ᠶᠠᠪᠤᠳᠠᠯ ᠦᠭᠡᠢ | ᠂ ᠨᠠᠷᠢᠨ ᠲᠠᠩᠰᠠ ᠠᠴᠠ ᠭᠠᠳᠠᠨᠠᠬᠢ ᠠᠵᠢᠯ ᠲᠥᠷᠥᠯ᠂ ᠬᠦᠷᠢᠶ᠎ᠡ ᠴᠠᠷᠠᠭ᠎ᠠ ᠪᠠ ᠲᠤᠬᠠᠶᠢᠯᠠᠭᠰᠠᠨ ᠠᠵᠢᠯ ᠳᠤ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠴᠥᠮ ᠡᠷᠬᠡ ᠲᠡᠭᠰᠢ ᠪᠠᠷ ᠣᠷᠣᠵᠤ ᠪᠣᠯᠣᠨ᠎ᠠ᠂ ︽ | ᠴᠠᠭᠠᠵᠠᠯᠠᠬᠤ ᠦᠭᠡᠢ ᠪᠣᠯ ᠳᠠᠷᠤᠢ ᠣᠷᠣᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ᠲᠣᠳᠣᠷᠬᠠᠢ | ᠬᠠᠭᠤᠳᠠᠰᠤᠨ ᠳᠤ ᠵᠢᠭᠰᠠᠭᠠᠨ ᠣᠷᠣᠭᠤᠯᠤᠭᠰᠠᠨ ᠰᠦᠢᠳᠬᠡᠯ ᠬᠤᠷᠢᠶᠠᠬᠤ ᠭᠠᠷᠴᠠᠭ ᠪᠦᠬᠦᠨ ᠨᠢ ᠵᠠᠰᠠᠭ ᠤᠨ ᠣᠷᠳᠣᠨ | ᠠᠴᠠ ᠦᠨ᠎ᠡ ᠲᠣᠭᠲᠠᠭᠠᠨ ᠡᠵᠡᠩᠨᠡᠬᠦ ᠦᠢᠯᠡᠴᠢᠯᠡᠭᠡᠨ ᠤ ᠴᠢᠨᠠᠷᠲᠠᠢ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠬᠡᠷᠡᠭᠵᠢᠭᠦᠯᠵᠦ ᠪᠠᠶᠢᠭ᠎ᠠ ᠪᠣᠯᠬᠤᠷ ᠲᠣᠳᠣᠷᠬᠠᠢ ᠬᠠᠭᠤᠳᠠᠰᠤᠨ ᠳᠤ ᠵᠢᠭᠰᠠᠭᠠᠨ ᠣᠷᠣᠭᠤᠯᠤᠭᠰᠠᠨ ᠦᠭᠡᠢ ᠰᠦᠢᠳᠬᠡᠯ | ᠬᠤᠷᠢᠶᠠᠬᠤ ᠲᠥᠷᠥᠯ ᠵᠦᠢᠯ ᠪᠦᠬᠦᠨ ᠳᠤ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠨᠡᠶᠢᠭᠡᠮ ᠤᠨ ᠪᠤᠰᠤᠳ | ᠵᠣᠬᠢᠶᠠᠨ ᠪᠠᠶᠢᠭᠤᠯᠤᠯᠲᠠ ᠲᠤᠰᠢᠶᠠᠬᠤ ᠦᠭᠡᠢ ᠪᠠᠶᠢᠬᠤ ᠡᠷᠬᠡ ᠲᠠᠢ᠃ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠳᠠᠷᠤᠶᠢᠬᠠᠨ ᠭᠦᠢᠴᠡᠳᠬᠡᠬᠦ᠂ ᠰᠦᠯᠵᠢᠶᠡᠨ | ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ | ᠥᠪᠡᠰᠦᠪᠡᠨ ᠭᠦᠢᠴᠡᠳᠬᠡᠬᠦ︾ ᠶᠢ ᠬᠡᠷᠡᠭᠵᠢᠭᠦᠯᠦᠨ᠂ ᠰᠦᠯᠵᠢᠶᠡᠨ ᠳᠡᠭᠡᠷᠡᠬᠢ ᠲᠠᠪᠴᠠᠩ ᠢ ᠨᠡᠭᠡᠭᠡᠵᠦ᠂ ᠴᠠᠭ | ᠬᠤᠭᠤᠴᠠᠭ᠎ᠠ ᠪᠠ ᠣᠷᠣᠨ ᠵᠠᠢ ᠶᠢᠨ ᠬᠢᠵᠠᠭᠠᠷᠯᠠᠯ ᠢ ᠠᠯᠭᠠᠰᠠᠨ᠂ ᠬᠤᠪᠢ ᠬᠥᠮᠥᠨ ᠪᠠ ᠠᠵᠤ ᠠᠬᠤᠶᠢᠯᠠᠯ ᠬᠡᠵᠢᠶ᠎ᠡ | ᠬᠠᠮᠢᠭ᠎ᠠ ᠴᠤ ᠭᠡᠰᠡᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠪᠣᠯᠣᠨ᠎ᠠ᠃ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠳᠤ ᠥᠪᠡᠰᠦᠪᠡᠨ ᠦᠢᠯᠡᠴᠢᠯᠡᠬᠦ ᠲᠣᠭᠤᠷᠢᠭ ᠢ ᠲᠣᠬᠢᠷᠠᠭᠤᠯᠵᠤ᠂ ᠰᠢᠯᠵᠢᠮᠡᠯ | ᠦᠵᠦᠭᠦᠷ᠂ ᠥᠪᠡᠰᠦᠪᠡᠨ ᠦᠢᠯᠡᠴᠢᠯᠡᠬᠦ ᠦᠵᠦᠭᠦᠷ ᠵᠡᠷᠭᠡ ᠶᠢ ᠬᠡᠷᠡᠭᠯᠡᠨ ᠥᠪᠡᠰᠦᠪᠡᠨ ᠦᠢᠯᠡᠴᠢᠯᠡᠬᠦ ᠡᠯ᠎ᠡ ᠵᠦᠢᠯ ᠤᠨ | ᠴᠢᠳᠠᠮᠵᠢ ᠶᠢ ᠲᠡᠭᠦᠯᠳᠡᠷᠵᠢᠭᠦᠯᠦᠨ᠎ᠡ᠃ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢᠨ ᠦᠨᠡᠯᠡᠯᠲᠡ | ︾ ᠶᠢᠨ ᠦᠨᠡᠯᠡᠯᠲᠡ ᠶᠢ ᠪᠥᠬᠦ ᠲᠠᠯ᠎ᠠ ᠪᠠᠷ ᠥᠷᠨᠢᠭᠦᠯᠬᠦ ᠶᠢᠨ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠨᠢᠭᠡ ᠴᠣᠭᠴᠠᠵᠢᠭᠤᠯᠬᠤ ᠲᠠᠪᠴᠠᠩ ᠳᠤ ᠦᠨᠡᠯᠡᠯᠲᠡ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠦᠨᠡᠨ ᠨᠡᠷ᠎ᠡ ᠪᠠᠷ ᠢᠶᠠᠨ | ᠮᠠᠭᠤ ᠦᠨᠡᠯᠡᠯᠲᠡ ᠬᠢᠵᠦ ᠬᠠᠷᠢᠭᠤ ᠰᠤᠷᠪᠤᠯᠵᠢᠯᠠᠨ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠶᠢ 100% ᠳᠤ | ᠬᠦᠷᠦᠭᠦᠯᠦᠨᠡᠦ᠋ᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠢ ᠰᠢᠯᠢᠳᠡᠭᠵᠢᠭᠦᠯᠦᠨ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠨᠡᠶᠢᠳᠡ | 39 ᠰᠠᠯᠠᠭ᠎ᠠ ᠮᠥᠴᠢᠷ ᠲᠤ ᠣᠷᠣᠵᠤ ᠰᠠᠭᠤᠵᠤ᠂ ᠵᠢᠷᠭᠤᠭᠠᠨ ᠲᠦᠷᠦᠯ ᠤᠨ ᠭᠤᠶᠤᠴᠢᠯᠠᠬᠤ ᠵᠦᠢᠯᠡᠰ ᠪᠠ ᠤᠯᠠᠨ | ᠨᠡᠶᠢᠲᠡ ᠶᠢᠨ ᠦᠢᠯᠡᠴᠢᠯᠡᠭᠡᠨ ᠤ ᠵᠦᠢᠯᠡᠰ ᠨᠡᠶᠢᠳᠡ 911 ᠵᠦᠢᠯ ᠳᠤ ᠣᠷᠣᠵᠤ ᠰᠠᠭᠤᠵᠤ᠂ ︽ᠣᠷᠣᠭᠤᠯᠬᠤ | ᠶᠣᠰᠣᠲᠠᠢ ᠶᠢ ᠨᠢ ᠵᠠᠪᠠᠯ ᠣᠷᠣᠭᠤᠯᠬᠤ︾ ᠶᠢ ᠦᠨᠳᠦᠰᠦᠨ ᠳᠡᠭᠡᠨ ᠪᠡᠶᠡᠯᠡᠭᠦᠯᠪᠡ᠃ᠮᠠᠨ ᠤ ᠰᠢᠶᠠᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠲᠤ ᠲᠣᠬᠢᠷᠠᠬᠤ ︽ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠷᠭ᠎ᠠ︾ ᠶᠢ | ᠲᠣᠭᠲᠠᠭᠠᠪᠠ᠃︽ᠳᠤᠲᠠᠭᠤ ᠶᠢ ᠪᠠᠭᠲᠠᠭᠠᠵᠤ ᠭᠥᠯᠢᠶᠡᠨ ᠠᠪᠴᠤ ᠰᠢᠢᠳᠪᠦᠷᠢᠯᠡᠬᠦ︾ ᠶᠢ ᠬᠡᠷᠡᠭᠵᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠠᠭᠤᠰᠤᠯᠴᠠᠨ | ᠨᠡᠪᠲᠡᠷᠡᠯᠴᠡᠬᠦ ᠶᠢ ᠠᠬᠢᠭᠤᠯᠤᠨ᠂ ︽ᠣᠯᠠᠨ ᠭᠠᠵᠠᠷ ᠬᠠᠮᠲᠤᠷᠠᠨ ᠭᠦᠢᠴᠡᠳᠬᠡᠬᠦ︾ ᠶᠢ ᠰᠢᠯᠢᠳᠡᠭᠵᠢᠭᠦᠯᠵᠦ᠂ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠲᠦᠷᠭᠡᠳᠬᠡᠨ ᠠᠬᠢᠭᠤᠯᠤᠨ᠎ᠠ᠃ᠬᠤᠶᠠᠷ ᠲᠤ ᠬᠠᠤᠯᠢ ᠪᠠᠷ ᠵᠠᠰᠠᠬᠤ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ᠮᠠᠨ ᠤ ᠰᠢᠶᠠᠨ ︽ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ᠢ ᠥᠷᠭᠡᠨ ᠢᠶᠠᠷ ᠤᠬᠠᠭᠤᠯᠵᠤ᠂ | ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠲᠣᠭᠲᠠᠭᠠᠯ︾ | ︽ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠠᠵᠢᠯᠯᠠᠭᠠᠨ ᠤ ᠲᠥᠰᠥᠯ︾ ︽ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ | ᠠᠯᠬᠤᠮ ᠰᠢᠯᠢᠳᠡᠭᠵᠢᠭᠦᠯᠬᠦ ᠲᠤᠬᠠᠢ ᠠᠷᠭ᠎ᠠ ᠬᠡᠮᠵᠢᠶ᠎ᠡ ᠨᠦᠭᠦᠳ︾ ︽ᠵᠦᠸᠧᠽᠢ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ︽ᠵᠠᠰᠠᠭ ᠤᠨ ᠣᠷᠳᠣᠨ ᠤ ᠠᠮᠠᠯᠠᠯᠲᠠ + ᠨᠡᠶᠢᠭᠡᠮ ᠤᠨ ᠬᠢᠨᠠᠯᠲᠠ ᠲᠠᠯᠪᠢᠬᠤ + | ᠢᠲᠡᠭᠡᠯ ᠠᠯᠳᠠᠭᠰᠠᠨ ᠠᠴᠠ ᠬᠠᠷᠢᠭᠤᠴᠠᠯᠭ᠎ᠠ ᠨᠡᠬᠡᠮᠵᠢᠯᠡᠬᠦ︾ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ | ᠮᠡᠳᠡᠭᠳᠡᠯ︾ ᠢ ᠨᠠᠶᠢᠳᠠᠪᠤᠷᠢᠵᠢᠭᠤᠯᠪᠠ᠃ᠰᠢᠭᠦᠬᠦ ᠬᠤᠷᠢᠶ᠎ᠠ ᠪᠠᠶᠢᠴᠠᠭᠠᠬᠤ ᠺᠣᠮᠫᠠᠨᠢ ᠶᠢᠨ ᠵᠠᠮ ᠬᠠᠷᠢᠯᠴᠠᠭᠠᠨ ᠤ | ᠴᠠᠭᠳᠠᠭ᠎ᠠ ᠶᠢᠨ ᠰᠠᠯᠠᠭ᠎ᠠ ᠮᠥᠴᠢᠷ ︽ᠬᠤᠷᠢᠳᠤᠭᠠᠷ ᠶᠡᠭᠡ ᠬᠤᠷᠠᠯ ᠢ ᠤᠭᠲᠤᠬᠤ᠂ ᠬᠠᠤᠯᠢ ᠪᠠᠷ ᠵᠠᠰᠠᠬᠤ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ︾ | ᠶᠡᠭᠡ ᠶᠠᠷᠢᠯᠴᠠᠭᠠᠨ ᠤ ᠠᠵᠢᠯᠯᠠᠭ᠎ᠠ ᠥᠷᠨᠢᠭᠦᠯᠵᠦ᠂ ᠮᠠᠨ ᠤ ᠰᠢᠶᠠᠨ ᠤ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠪᠡ᠃ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠬᠤᠭᠤᠴᠠᠭᠠᠨ ᠳᠤ | ᠠᠵᠤ ᠠᠬᠤᠶᠢᠯᠠᠯ ᠤᠨ ᠲᠥᠯᠥᠭᠡᠯᠡᠭᠴᠢ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠵᠡᠷᠭᠡ ᠶᠢ ᠤᠷᠢᠵᠤ | 10 ᠭᠠᠷᠤᠢ ᠤᠳᠠᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠰᠠᠨᠠᠯ ᠪᠠ ᠰᠠᠨᠠᠭᠤᠯᠭ᠎ᠠ ᠶᠢ ᠨᠢ ᠰᠣᠨᠣᠰᠪᠠ᠃ | ᠤᠬᠠᠭᠤᠯᠬᠤ ᠠᠩᠭᠢ ᠶᠢ ᠵᠣᠬᠢᠶᠠᠨ ᠪᠠᠶᠢᠭᠤᠯᠵᠤ ᠡᠯ᠎ᠡ ᠰᠢᠶᠠᠩ ᠪᠠᠯᠭᠠᠰᠤᠨ ᠤ ᠠᠵᠤ ᠠᠬᠤᠶᠢᠯᠠᠯ ᠪᠠ ᠬᠤᠪᠢ ᠶᠢᠨ | ᠡᠷᠦᠬᠡ ᠳᠤ ᠭᠦᠨᠵᠡᠭᠡᠶᠢᠷᠡᠵᠦ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾᠂ | ︽ᠢᠷᠭᠡᠨ ᠤ ᠬᠠᠤᠯᠢ ᠶᠢᠨ ᠪᠢᠴᠢᠭ︾ᠵᠡᠷᠭᠡ ᠶᠢ ᠤᠬᠠᠭᠤᠯᠪᠠ᠃ᠭᠤᠷᠪᠠ ᠳᠤ᠂ ᠵᠠᠰᠠᠭ ᠤᠨ ᠣᠷᠳᠣᠨ ᠤ ᠢᠲᠡᠭᠡᠮᠵᠢ ᠶᠢ | ᠰᠠᠬᠢᠵᠤ ᠠᠮᠠᠯᠠᠯᠲᠠ ᠪᠠᠨ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠬᠠᠮᠢᠶᠠᠷᠴᠤ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠢᠯᠡᠴᠢᠯᠡᠨ ᠮᠡᠳᠡᠭᠦᠯᠬᠦ ᠤᠲᠠᠰᠤ ᠵᠡᠷᠭᠡ ᠵᠠᠭᠠᠯᠳᠤᠬᠤ ᠠᠷᠭ᠎ᠠ ᠵᠠᠮ ᠢ | ᠪᠠᠶᠢᠭᠤᠯᠤᠨ᠎ᠠ᠃ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ | ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ | ᠠᠬᠢᠭᠤᠯᠵᠤ᠂ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠦᠯᠳᠦᠭᠡᠨ ᠢ ᠬᠠᠷᠰᠢᠯᠠᠬᠤ ᠡᠯ᠎ᠡ ᠵᠦᠢᠯ ᠤᠨ | ᠲᠣᠭᠲᠠᠭᠠᠯ ᠢ ᠴᠠᠭ ᠲᠤᠬᠠᠢ ᠳᠤᠨᠢ ᠴᠡᠪᠡᠷᠯᠡᠨ ᠬᠦᠴᠦᠨ ᠦᠭᠡᠢ ᠪᠣᠯᠭᠠᠨ᠎ᠠ᠃ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠣᠯ ᠬᠠᠲᠠᠭᠤ ᠡᠭᠦᠷᠭᠡ ᠮᠥᠨ ᠭᠡᠬᠦ | ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠨᠠᠷᠢᠯᠢᠭ ᠨᠠᠶᠢᠳᠠᠪᠤᠷᠢᠵᠢᠭᠤᠯᠬᠤ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠭᠠᠶᠢᠯᠢ ᠰᠦᠢᠳᠬᠡᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ᠂ ᠪᠥᠬᠦ ᠲᠠᠯ᠎ᠠ ᠪᠠᠷ᠂ ᠨᠠᠷᠢᠯᠢᠭ ᠣᠨᠣᠴᠠᠲᠠᠢ ᠪᠠᠷ | ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ | ᠥᠷᠢᠲᠦᠵᠦ ᠪᠠᠶᠢᠭ᠎ᠠ ᠲᠠᠩᠰᠠᠨ ᠵᠣᠭᠤᠰ ᠢ ᠴᠠᠭ ᠲᠤᠬᠠᠢ ᠳᠤᠨᠢ ᠢᠯᠭᠠᠷᠠᠭᠤᠯᠤᠨ᠎ᠠ | ︵ᠭᠤᠷᠪᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ᠎ᠡ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠲᠠᠰ ᠳᠠᠷᠠᠭᠠᠯᠠᠯ ᠢ ᠨᠡᠶᠢᠲᠡᠯᠡᠬᠦ ᠶᠢᠨ ᠬᠠᠮᠲᠤ᠂ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠳᠦᠷᠢᠮ ᠢ ᠨᠠᠶᠢᠳᠠᠪᠤᠷᠢᠵᠢᠭᠤᠯᠪᠠ᠃ | ᠴᠢᠬᠤᠯᠠ ᠶᠡᠭᠡ ᠠᠰᠠᠭᠤᠳᠠᠯ ᠳᠤ ᠬᠤᠯᠪᠣᠭᠳᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠬᠤ ᠳᠠᠭᠠᠨ ᠴᠥᠮ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠰᠤᠳᠤᠯᠤᠭᠤᠯᠵᠤ᠂ ᠬᠢᠨᠠᠨ | ᠶᠠᠷᠢᠯᠴᠠᠭᠤᠯᠬᠤ ᠪᠠᠷ ᠳᠡᠪᠰᠢᠭᠦᠯᠬᠦ ᠠᠴᠠ ᠡᠮᠦᠨ᠎ᠡ ᠴᠥᠮ ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠯᠲᠠ ᠬᠢᠵᠦ᠂ | ᠬᠢᠨᠠᠨ ᠪᠠᠶᠢᠴᠠᠭᠠᠯᠭᠠᠭᠰᠠᠨ ᠦᠭᠡᠢ ᠪᠣᠯ ᠬᠢᠨᠠᠨ ᠶᠠᠷᠢᠯᠴᠠᠵᠤ ᠪᠣᠯᠬᠤ ᠦᠭᠡᠢ᠂ ᠤᠯᠠᠨ ᠲᠦᠮᠡᠨ ᠤ ᠠᠮᠢ ᠪᠡᠶ᠎ᠡ ᠶᠢᠨ | ᠠᠰᠢᠭ ᠲᠤᠰᠠ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠵᠤ᠂ ᠠᠷᠠᠳ ᠤᠨ ᠵᠠᠰᠠᠭ ᠤᠨ ᠣᠷᠳᠣᠨ ᠤ ᠠᠯᠪᠠᠨ ᠤ ᠰᠦᠯᠵᠢᠶ᠎ᠡ ᠳᠤ ᠢᠯᠡ ᠪᠠᠷ ᠰᠠᠨᠠᠯ ᠬᠤᠷᠢᠶᠠᠬᠤ ᠶᠢᠨ | ᠬᠠᠮᠲᠤ ᠦᠨᠡᠯᠡᠨ ᠵᠢᠱᠢᠵᠦ ᠨᠤᠲᠠᠯᠠᠬᠤ᠂ ᠬᠠᠤᠯᠢ ᠶᠣᠰᠣᠨ ᠤ ᠴᠢᠨᠠᠷᠲᠠᠢ ᠬᠢᠨᠠᠨ ᠬᠠᠷᠭᠤᠭᠤᠯᠬᠤ᠂ ᠬᠠᠮᠲᠤ ᠪᠠᠷ ᠬᠢᠨᠠᠨ | ᠶᠠᠷᠢᠯᠴᠠᠬᠤ ᠵᠡᠷᠭᠡ ᠵᠢᠷᠤᠮ ᠢ ᠬᠠᠤᠯᠢ ᠶᠣᠰᠣᠭᠠᠷ ᠬᠡᠷᠡᠭᠵᠢᠭᠦᠯᠪᠡ᠃ᠵᠢᠷᠤᠮᠵᠢᠯ ᠣᠨ ᠴᠢᠨᠠᠷᠲᠠᠢ ᠪᠢᠴᠢᠭ | ᠮᠠ⌲ᠧᠷᠢᠶᠠᠯ ᠢ ᠨᠢᠭᠡᠳᠦᠯᠲᠡᠢ ᠳᠠᠩᠰᠠᠯᠠᠬᠤ᠂ ᠨᠢᠭᠡᠳᠦᠯᠲᠡᠢ ᠳ᠋ᠤᠭᠠᠷᠯᠠᠬᠤ᠂ ᠨᠢᠭᠡᠳᠦᠯᠲᠡᠢ ᠨᠡᠶᠢᠲᠡᠯᠡᠬᠦ ᠳᠦᠷᠢᠮ | ᠢ ᠨᠠᠶᠢᠳᠠᠪᠤᠷᠢᠵᠢᠭᠤᠯᠬᠤ ᠬᠡᠷᠡᠭᠲᠡᠢ᠃ᠳᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠢᠯᠭᠠᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨᠠᠲᠣᠭᠲᠠᠮᠠᠯ | ᠬᠤᠭᠤᠴᠠᠭ᠎ᠠ ᠲᠠᠢ ᠪᠠᠷ ᠢᠯᠭᠠᠷᠠᠭᠤᠯᠬᠤ ᠪᠠ ᠴᠠᠭ ᠲᠤᠬᠠᠢ ᠳᠤᠨᠢ ᠢᠯᠭᠠᠷᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠤᠶᠠᠷ ᠵᠢᠯ ᠪᠦᠷᠢ ᠨᠢᠭᠡ ᠤᠳᠠᠭ᠎ᠠ ᠪᠥᠬᠦ | ᠲᠠᠯ᠎ᠠ ᠪᠠᠷ ᠢᠯᠭᠠᠷᠠᠭᠤᠯᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠤᠨ ᠲᠣᠪᠬᠢᠮᠠᠯ ᠢ | ᠬᠥᠳᠡᠯᠦᠩᠭᠦᠢ ᠪᠠᠷ᠂ ᠮᠡᠳᠡᠭᠡ ᠵᠠᠩᠭᠢᠵᠢᠭᠤᠯᠤᠨ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠢ᠃ | ︵ᠳᠥᠷᠪᠡ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠦᠨ᠎ᠡ | ︽ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠵᠢᠷᠤᠮ ᠤᠨ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︽ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠵᠢᠷᠤᠮ ᠢ ᠤᠯᠠᠮ ᠨᠢᠭᠡ ᠠᠯᠬᠤᠮ | ᠵᠢᠷᠤᠮᠵᠢᠭᠤᠯᠬᠤ ᠲᠤᠬᠠᠢ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠵᠡᠷᠭᠡ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ | ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠨᠤᠭᠤᠳ ᠢ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠭᠦᠢᠴᠡᠳᠬᠡᠬᠦ ᠪᠡᠶᠡᠴᠢ ᠴᠣᠭᠴᠠ᠂ ᠭᠦᠢᠴᠡᠳᠬᠡᠬᠦ ᠴᠠᠭ ᠤᠨ ᠬᠢᠵᠠᠭᠠᠷ᠂ | ᠭᠦᠢᠴᠡᠳᠬᠡᠭᠰᠡᠨ ᠢ ᠬᠠᠷᠢᠭᠤ ᠲᠤᠰᠬᠠᠬᠤ ᠵᠡᠷᠭᠡ ᠠᠭᠤᠯᠭ᠎ᠠ ᠶᠢ ᠲᠣᠳᠣᠷᠬᠠᠢ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ᠃ | ᠤᠯᠠᠨ ᠨᠡᠶᠢᠲᠡ ᠪᠠᠷ ᠢᠶᠠᠨ ᠣᠷᠤᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ | ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠶᠢ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠵᠠᠪᠠᠯ ᠥᠩᠭᠡᠷᠡᠭᠡᠬᠦ ᠵᠢᠷᠤᠮ | ᠪᠣᠯᠭᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠨᠡᠶᠢᠲᠡᠯᠡᠪᠡ᠃ | ᠣᠯᠠᠨ ᠨᠡᠶᠢᠲᠡ ᠪᠠᠷ ᠢᠶᠠᠨ ᠣᠷᠤᠯᠴᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠵᠦᠸᠧᠽᠢ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢ ᠣᠯᠠᠨ ᠨᠡᠶᠢᠲᠡ ᠪᠠᠷ ᠢᠶᠠᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠣᠷᠤᠯᠴᠠᠬᠤ ᠭᠤᠣᠯ ᠲᠠᠪᠴᠠᠩ ᠪᠣᠯᠭᠠᠨ ᠪᠠᠶᠢᠭᠤᠯᠵᠤ᠂ ᠫᠤᠷᠲ᠋ᠧᠯ ᠰᠦᠯᠵᠢᠶ᠎ᠡ ᠶᠢᠨ ᠵᠠᠰᠠᠭ ᠤᠨ | ᠶᠠᠪᠤᠳᠠᠯ ᠢ ᠢᠯᠡ ᠪᠣᠯᠭᠠᠬᠤ᠂ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠪᠣᠯᠭᠠᠬᠤ ᠶᠢ ᠪᠡᠶᠡᠯᠡᠭᠦᠯᠦᠨ᠂ ᠣᠯᠠᠨ | ᠨᠡᠶᠢᠲᠡ ᠳᠤ ᠰᠠᠨᠠᠯ ᠬᠤᠷᠢᠶᠠᠬᠤ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠠᠰᠠᠭᠤᠨ ᠯᠠᠪᠯᠠᠵᠤ ᠵᠠᠭᠠᠯᠳᠤᠬᠤ | ᠠᠷᠭ᠎ᠠ ᠵᠠᠮ ᠢ ᠬᠠᠩᠭᠠᠨ᠎ᠠ᠃ᠲᠤᠰᠬᠠᠢ ᠮᠡᠷᠭᠡᠵᠢᠯᠲᠡᠨ ᠤ ᠨᠤᠲᠠᠯᠠᠯᠲᠠ ᠪᠠ ᠠᠶᠤᠯ ᠲᠦᠭᠰᠢᠭᠦᠷᠢ ᠶᠢᠨ ᠦᠨᠡᠯᠡᠨ | ᠵᠢᠱᠢᠯᠲᠡ ᠶᠢ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠴᠢᠨᠠᠷᠲᠠᠢ᠂ ᠮᠡᠷᠭᠡᠵᠢᠯ ᠤᠨ ᠴᠢᠨᠠᠷᠲᠠᠢ ᠰᠢᠢᠳᠪᠦᠷᠢᠲᠦ | ᠪᠣᠳᠣᠯᠭ᠎ᠠ ᠲᠣᠭᠲᠠᠭᠠᠬᠤ ᠵᠦᠢᠯᠡᠰ ᠲᠤ ᠲᠤᠰᠬᠠᠢ ᠮᠡᠷᠭᠡᠵᠢᠯᠲᠡᠨ᠂ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢ ᠵᠣᠬᠢᠶᠠᠨ | ᠪᠠᠶᠢᠭᠤᠯᠤᠨ ᠨᠤᠲᠠᠯᠠᠯᠲᠠ ᠬᠢᠯᠭᠡᠵᠦ᠂ ᠲᠤᠰᠬᠠᠢ ᠮᠡᠷᠭᠡᠵᠢᠯᠲᠡᠨ ᠤ ᠮᠡᠳᠡᠭᠡ ᠵᠠᠩᠭᠢ ᠪᠠ ᠨᠤᠲᠠᠯᠠᠯᠲᠠ ᠶᠢᠨ ᠰᠠᠨᠠᠯ ᠢ ᠢᠯᠡ | ᠪᠣᠯᠭᠠᠬᠤ ᠶᠢ ᠬᠡᠷᠡᠭᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠬᠠᠤᠯᠢᠴᠢ᠂ | ᠲᠤᠰᠬᠠᠢ ᠮᠡᠷᠭᠡᠵᠢᠯ ᠤᠨ ᠠᠵᠢᠯᠲᠠᠨ ᠤ ᠰᠠᠨᠠᠭᠤᠯᠭ᠎ᠠ ᠶᠢ ᠰᠣᠨᠣᠰᠪᠠ᠃︽ᠨᠠᠮ ᠵᠠᠰᠠᠭ ᠤᠨ ᠪᠠᠶᠢᠭᠤᠯᠭ᠎ᠠ ᠶᠢᠨ ᠬᠠᠤᠯᠢ | ᠴᠠᠭᠠᠵᠠ ᠶᠢᠨ ᠵᠥᠪᠯᠡᠭᠴᠢ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠵᠦᠸᠧᠽᠢ ᠰᠢᠶᠠᠨ ᠤ ᠠᠵᠢᠯ ᠤᠨ | ᠲᠥᠰᠥᠯ︾ ᠢ ᠨᠡᠶᠢᠲᠡᠯᠡᠵᠦ᠂ ᠡᠯ᠎ᠡ ᠨᠢᠭᠡᠴᠢ ᠶᠢᠨ ᠬᠢᠨ ᠪᠣᠳᠠᠲᠠᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠠᠤᠯᠢ | ᠴᠠᠭᠠᠵᠠ ᠶᠢᠨ ᠵᠥᠪᠯᠡᠭᠴᠢ ᠶᠢ ᠤᠷᠢᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠠᠵᠢᠯ ᠳᠤ | ᠣᠷᠤᠯᠴᠠᠬᠤ ᠶᠢ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ | ᠳᠦᠷᠢᠮ ᠳᠤ ᠣᠷᠣᠭᠤᠯᠪᠠ᠃︽ᠵᠦᠸᠧᠽᠢ ᠰᠢᠶᠠᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠬᠠᠷᠢᠭᠤ ᠲᠤᠰᠬᠠᠬᠤ ᠪᠠ ᠰᠡᠭᠦᠯᠴᠢ ᠶᠢᠨ ᠦᠨᠡᠯᠡᠨ ᠵᠢᠱᠢᠬᠦ | ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠠᠶᠢᠳᠠᠪᠤᠷᠢᠵᠢᠭᠤᠯᠵᠤ᠂ ᠪᠣᠳᠠᠲᠠᠢ ᠬᠡᠷᠡᠭᠴᠡᠭᠡ ᠶᠢ ᠦᠨᠳᠦᠰᠦᠯᠡᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ᠂ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠴᠥᠮ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠢᠯᠡ | ᠨᠡᠶᠢᠲᠡᠯᠡᠨ᠎ᠡ᠃ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠬᠠᠤᠯᠢ | ᠶᠣᠰᠣᠭᠠᠷ ᠲᠦᠯᠬᠢᠨ ᠠᠬᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠭᠰᠡᠨ | ᠦᠷ᠎ᠡ ᠳ᠋ᠦᠩ ᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤ ᠲᠣᠬᠢᠷᠠᠭᠤᠯᠤᠯᠲᠠ ᠬᠢᠬᠦ ᠶᠢᠨ | ᠴᠢᠬᠤᠯᠠ ᠦᠨᠳᠦᠰᠦᠯᠡᠯ ᠪᠣᠯᠭᠠᠨ᠎ᠠ | ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠰᠢᠰᠲ᠋ᠧᠮᠵᠢ ᠶᠢ ᠪᠦᠷᠢᠨᠰᠢᠭᠦᠯᠦᠨ᠎ᠡ | ᠨᠢᠭᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠤᠨ ᠰᠢᠰᠲ᠋ᠧᠮ ᠢ ᠲᠡᠭᠦᠯᠳᠡᠷᠵᠢᠭᠦᠯᠬᠦ ᠠᠵᠢᠯ ᠤᠨ ᠱᠠᠭᠠᠷᠳᠠᠯᠭ᠎ᠠ ᠶᠢᠨ ᠲᠠᠯ᠎ᠠ ᠪᠠᠷ᠂ ᠮᠠᠨ ᠤ ᠰᠢᠶᠠᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠰᠢᠶᠠᠩ ᠪᠠᠯᠭᠠᠰᠤ ᠬᠢᠭᠡᠳ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ᠰᠢᠯᠵᠢᠭᠦᠯᠦᠨ ᠬᠦᠷᠭᠡᠬᠦ ᠵᠢᠴᠢ ᠵᠣᠬᠢᠴᠠᠭᠤᠯᠤᠨ | ᠬᠠᠮᠵᠢᠯᠴᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠪᠠᠶᠢᠭᠤᠯᠭ᠎ᠠ ᠶᠢᠨ ᠶᠠᠯ᠎ᠠ ᠬᠢᠭᠰᠡᠨ ᠰᠡᠵᠢᠭᠯᠡᠯᠲᠡᠢ ᠬᠡᠷᠡᠭ ᠢ ᠰᠢᠯᠵᠢᠭᠦᠯᠦᠨ ᠬᠦᠷᠭᠡᠬᠦ ᠲᠣᠭᠲᠠᠭᠠᠯ︾ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ ᠶᠢᠨ ᠬᠡᠷᠡᠭ ᠤᠨ ᠬᠠᠤᠯᠢ | ᠴᠠᠭᠠᠵᠠ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠪᠡ᠃ᠰᠢᠶᠠᠨ ᠰᠢᠶᠠᠩ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠵᠣᠬᠢᠴᠠᠭᠤᠯᠤᠨ ᠬᠢᠨᠠᠯᠲᠠ ᠲᠠᠯᠪᠢᠬᠤ ᠰᠢᠰᠲ᠋ᠧᠮᠵᠢ ᠶᠢᠨ ᠲᠤᠷᠰᠢᠯᠲᠠ ᠶᠢᠨ ᠴᠢᠭ᠋ ᠤᠨ ᠠᠵᠢᠯ ᠢ | ᠥᠷᠨᠢᠭᠦᠯᠵᠦ᠂ ᠲᠤᠷᠰᠢᠯᠲᠠ ᠶᠢᠨ ᠴᠢᠭ᠋ ᠤᠨ ᠲᠥᠰᠥᠯ ᠢ ᠲᠣᠭᠲᠠᠭᠠᠨ᠂ ᠳᠥᠷᠪᠡᠨ ᠱᠠᠲᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮᠵᠢ ᠶᠢ ᠪᠠᠶᠢᠭᠤᠯᠬᠤ ᠳᠤ | ᠳᠠᠭᠤᠷᠢᠶᠠᠵᠤ ᠪᠣᠯᠬᠤ ᠲᠤᠷᠰᠢᠯᠭ᠎ᠠ ᠬᠠᠩᠭᠠᠬᠤ ᠪᠠᠷ ᠴᠢᠷᠮᠠᠶᠢᠨ᠎ᠠ᠃ᠡᠯ᠎ᠡ ᠰᠢᠶᠠᠩ ᠪᠠᠯᠭᠠᠰᠤᠨ ᠳᠤ ᠭᠦᠨᠵᠡᠭᠡᠶᠢᠷᠡᠨ | ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯ ᠢ | ᠵᠢᠯᠤᠭᠤᠳᠴᠤ᠂ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ︽ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ︾ | ᠢᠶᠠᠷ ᠳᠠᠮᠵᠢᠭᠤᠯᠤᠨ ᠪᠢᠴᠢᠵᠦ ᠣᠷᠣᠭᠤᠯᠬᠤ ᠶᠢ ᠱᠠᠭᠠᠷᠳᠠᠵᠤ᠂ ᠬᠡᠷᠡᠭ ᠢ ᠪᠢᠴᠢᠵᠦ ᠣᠷᠣᠭᠤᠯᠬᠤ ᠠᠵᠢᠯ ᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠲᠤ ᠲᠣᠣᠷ | ᠰᠦᠯᠵᠢᠶ᠎ᠡ ᠪᠠᠷ ᠬᠢᠨᠠᠯᠲᠠ ᠲᠠᠯᠪᠢᠬᠤ ᠶᠢ ᠪᠡᠶᠡᠯᠡᠭᠦᠯᠦᠨ᠎ᠡ᠃ | ᠬᠤᠶᠠᠷ ᠲᠤ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ | ᠢᠳᠡᠭᠡᠨ ᠤ ᠵᠦᠢᠯ ᠡᠮ ᠤᠨ ᠵᠦᠢᠯ᠂ ᠵᠠᠬ᠎ᠠ ᠳᠡᠯᠭᠡᠭᠦᠷ ᠤᠨ ᠬᠢᠨᠠᠯᠲᠠ᠂ ᠠᠮᠢ ᠠᠬᠤᠢ ᠶᠢᠨ ᠣᠷᠴᠢᠨ ᠲᠣᠭᠤᠷᠢᠨ | ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠠᠤᠯᠢ | ᠬᠡᠷᠡᠭᠵᠢᠭᠦᠯᠬᠦ ᠠᠵᠢᠯᠯᠠᠭ᠎ᠠ ᠪᠣᠯᠣᠨ ᠤᠬᠠᠭᠤᠯᠭ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ | ᠶᠠᠪᠤᠴᠠ ᠳᠤ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠬᠢᠬᠦ | ᠳᠤᠮᠳᠠ᠂ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠨᠣᠮ ᠪᠢᠴᠢᠭ ᠲᠠᠷᠬᠠᠭᠠᠬᠤ ᠪᠠᠷ ᠳᠠᠮᠵᠢᠭᠤᠯᠤᠨ | ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠵᠤ᠂ ᠬᠠᠤᠯᠢ ᠶᠢ ᠵᠥᠷᠢᠴᠡᠭᠰᠡᠨ ᠪᠣᠳᠠᠲᠠᠢ ᠠᠵᠢᠯᠯᠠᠭ᠎ᠠ ᠶᠢ | ᠲᠠᠶᠢᠯᠪᠤᠷᠢᠯᠠᠬᠤ ︽ᠬᠡᠷᠡᠭ ᠢᠶᠠᠷ ᠬᠠᠤᠯᠢ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠪᠠᠷ ᠵᠠᠰᠠᠬᠤ | ᠬᠥᠮᠦᠵᠢᠯ ᠢ ᠴᠢᠩᠭᠠᠳᠬᠠᠵᠤ᠂ ᠢᠳᠡᠵᠦ ᠡᠮᠦᠰᠬᠦ ᠶᠠᠪᠤᠵᠤ ᠰᠠᠭᠤᠬᠤ ᠲᠦᠷᠪᠡᠨ ᠶᠡᠭᠡ ᠬᠦᠷᠢᠶᠡᠨ ᠳᠠᠬᠢ ᠬᠠᠤᠯᠢ | ᠬᠡᠷᠡᠭᠵᠢᠭᠦᠯᠬᠦ ᠪᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠢ ᠦᠨᠡᠨ ᠬᠦ ᠥᠷᠨᠢᠭᠦᠯᠦᠨ᠎ᠡ᠃ᠭᠤᠷᠪᠠ ᠳᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠵᠢᠷᠤᠮ ᠢ ᠲᠡᠭᠦᠯᠳᠡᠷᠵᠢᠭᠦᠯᠦᠨ᠎ᠡ᠃︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ | ᠶᠠᠪᠤᠴᠠ ᠶᠢ ᠲᠡᠮᠳᠡᠭᠯᠡᠬᠦ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠳᠤ ᠬᠠᠤᠯᠢ ᠳᠦᠷᠢᠮ ᠤᠨ ᠬᠢᠨᠠᠨ | ᠬᠠᠷᠭᠤᠭᠤᠯᠬᠤ ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠯ᠎ᠡ | ᠲᠥᠷᠥᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡ ᠨᠡᠶᠢᠲᠡᠯᠡᠵᠦ᠂ ᠡᠯ᠎ᠡ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠨᠢᠭᠡᠴᠡ ᠨᠦᠭᠦᠳ ᠬᠠᠤᠯᠢ ᠬᠡᠷᠡᠭᠵᠢᠭᠦᠯᠦᠯᠲᠡ ᠶᠢᠨ ᠲᠡᠮᠳᠡᠭᠯᠡᠭᠦᠷ ᠲᠣᠬᠢᠷᠠᠭᠤᠯᠤᠨ ᠬᠠᠤᠯᠢ ᠬᠡᠷᠡᠭᠵᠢᠭᠦᠯᠬᠦ | ᠪᠥᠬᠦ ᠶᠠᠪᠤᠴᠠ ᠶᠢ ᠲᠡᠮᠳᠡᠭᠯᠡᠬᠦ ᠳᠦᠷᠢᠮ ᠢ ᠬᠡᠷᠡᠭᠵᠢᠭᠦᠯᠵᠦ᠂ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠨᠢ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠬᠤ ᠠᠴᠠ ᠡᠮᠦᠨ᠎ᠡ ᠴᠥᠮ ᠬᠠᠤᠯᠢ | ᠳᠦᠷᠢᠮ ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠢ᠃ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ | ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠ ᠬᠢᠷᠢ ᠬᠡᠮ ᠤᠨ ᠬᠠᠮᠢᠶᠠᠷᠤᠯᠲᠠ ᠶᠢᠨ ᠳᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ | ᠬᠠᠮᠢᠶᠠᠷᠤᠯᠲᠠ ᠶᠢ ᠨᠢᠭᠡᠳᠦᠯᠲᠡᠢ ᠪᠣᠯᠭᠠᠵᠤ᠂ ᠬᠠᠤᠯᠢ ᠬᠡᠷᠡᠭᠵᠢᠭᠦᠯᠬᠦ ᠶᠠᠪᠤᠴᠠ ᠳᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ᠂ ᠦᠨᠡᠮᠯᠡᠯ ᠢᠶᠠᠨ ᠢᠯᠡ ᠪᠠᠷ ᠬᠠᠤᠯᠢ | ᠬᠡᠷᠡᠭᠵᠢᠭᠦᠯᠬᠦ᠂ ᠬᠤᠪᠴᠠᠰᠤ ᠬᠤᠨᠠᠷ ᠢᠶᠠᠨ ᠵᠢᠷᠤᠮᠵᠢᠭᠤᠯᠬᠤ ᠶᠢ ᠪᠥᠬᠦᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ᠂ ᠪᠢᠴᠢᠭ ᠬᠠᠷ᠎ᠠ ᠶᠢᠨ ᠵᠠᠭᠪᠤᠷ ᠪᠠ | ᠦᠨᠳᠦᠰᠦᠨ ᠪᠠᠷᠢᠮᠵᠢᠶ᠎ᠠ ᠶᠢ ᠨᠢᠭᠡᠳᠦᠯᠲᠡᠢ ᠬᠡᠷᠡᠭᠯᠡᠵᠦ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠤᠨ | ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷᠡᠭ ᠤᠨ ᠡᠪᠬᠡᠮᠡᠯ ᠢ ᠦᠨᠡᠯᠡᠨ | ᠪᠠᠶᠢᠴᠠᠭᠠᠬᠤ ᠪᠠᠷ ᠲᠣᠬᠢᠶᠠᠯ ᠪᠣᠯᠭᠠᠨ ᠬᠠᠤᠯᠢ ᠬᠡᠷᠡᠭᠵᠢᠭᠦᠯᠬᠦ ᠶᠢᠨ ᠪᠠᠭᠤᠷᠠᠢ ᠲᠠᠯ᠎ᠠ ᠶᠢ ᠴᠢᠩᠭᠠᠷᠠᠭᠤᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠡᠪᠬᠡᠮᠡᠯ᠂ ᠪᠢᠴᠢᠭ ᠬᠠᠷ᠎ᠠ ᠶᠢᠨ ᠵᠢᠷᠤᠮᠵᠢᠯ ᠤᠨ ᠬᠢᠷᠢ ᠬᠡᠮᠵᠢᠶ᠎ᠡ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ᠵᠢᠷᠤᠮᠵᠢᠭᠤᠯᠤᠨ ᠬᠥᠭᠵᠢᠭᠦᠯᠬᠦ ᠶᠢ ᠠᠳᠬᠤᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠢ ᠪᠣᠯᠭᠠᠵᠤ᠂ ᠦᠨᠳᠦᠰᠦᠯᠡᠯ | ᠪᠠ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠨᠢᠭᠡᠴᠡ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠲᠣᠭᠲᠠᠭᠠᠬᠤ ᠶᠢᠨ ᠬᠠᠮᠲᠤ ᠨᠡᠶᠢᠲᠡᠯᠡᠬᠦ ᠶᠢ ᠱᠠᠭᠠᠷᠳᠠᠬᠤ ᠶᠢᠨ ᠬᠠᠮᠲᠤ ᠵᠢᠯ ᠤᠨ ᠡᠴᠦᠰ ᠠᠴᠠ ᠡᠮᠦᠨ᠎ᠡ | ᠨᠢᠭᠡᠳᠦᠯᠲᠡᠢ ᠨᠡᠶᠢᠲᠡᠯᠡᠨ᠎ᠡ᠃ | ︵ᠵᠢᠷᠭᠤᠭ᠎ᠠ︶ ᠭᠡᠨᠡᠳᠲᠡ ᠶᠢᠨ ᠬᠡᠷᠡᠭ ᠢ ᠠᠷᠭᠠᠴᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ | ᠬᠦᠨᠳᠦ ᠶᠡᠭᠡ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠵᠦ ᠰᠢᠢᠳᠪᠦᠷᠢᠯᠡᠬᠦ ᠳᠦᠷᠢᠮ ᠤᠨ ᠲᠣᠭᠲᠠᠴᠠ ᠶᠢ | ᠲᠡᠭᠦᠯᠳᠡᠷᠵᠢᠭᠦᠯᠦᠨ᠎ᠡ᠃ᠮᠠᠨ ᠤ ᠰᠢᠶᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ | ᠦᠢᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ | ᠬᠡᠷᠡᠭ ᠢ ᠠᠷᠭᠠᠴᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠡᠷᠡᠰ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠢ ᠮᠡᠷᠭᠡᠵᠢᠯᠲᠡᠨ ᠤᠷᠢᠬᠤ ᠳᠠᠭᠠᠨ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠤᠯᠤᠰ ᠤᠨ ᠭᠡᠨᠡᠳᠲᠡ ᠶᠢᠨ | ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠵᠡᠷᠭᠡ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ︽ᠬᠥᠮᠥᠨ ᠢᠶᠠᠷ ᠦᠨᠳᠦᠰᠦ ᠪᠣᠯᠭᠠᠬᠤ᠂ ᠬᠠᠤᠯᠢ | ᠶᠣᠰᠣᠭᠠᠷ ᠵᠢᠷᠤᠮᠵᠢᠭᠤᠯᠬᠤ᠂ ᠱᠠᠲᠤ ᠬᠤᠪᠢᠶᠠᠨ ᠬᠠᠷᠢᠭᠤᠴᠠᠬᠤ︾ ᠵᠡᠷᠭᠡ ᠵᠠᠷᠴᠢᠮ ᠢ ᠵᠢᠷᠤᠮᠯᠠᠵᠤ᠂ ︽ᠵᠦᠸᠧᠽᠢ | ᠰᠢᠶᠠᠨ ᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ | ᠢ ᠨᠠᠶᠢᠷᠠᠭᠤᠯᠤᠨ ᠵᠠᠰᠠᠭᠰᠠᠨ ᠪᠥᠭᠡᠳ 2021 ᠣᠨ ᠤ 5 ᠰᠠᠷ᠎ᠠ ᠳᠤ ᠨᠡᠶᠢᠲᠡᠯᠡᠪᠡ᠃ᠪᠠᠴᠢᠮ ᠪᠠᠶᠢᠳᠠᠯ ᠢ | ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ᠢᠶᠠᠷ ᠭᠤᠣᠯ ᠪᠣᠯᠭᠠᠵᠤ᠂ ᠡᠯ᠎ᠡ ᠰᠠᠯᠠᠭ᠎ᠠ ᠮᠥᠴᠢᠷ ᠤᠨ ᠪᠡᠯᠡᠳᠬᠡᠯ | ᠲᠥᠰᠥᠯ᠂ ᠲᠤᠰᠬᠠᠢ ᠵᠦᠢᠯ ᠤᠨ ᠪᠡᠯᠡᠳᠬᠡᠯ ᠲᠥᠰᠥᠯ ᠢᠶᠠᠷ ᠬᠠᠪᠰᠤᠷᠤᠮᠵᠢ ᠪᠣᠯᠭᠠᠭᠰᠠᠨ ᠪᠡᠯᠡᠳᠬᠡᠯ ᠲᠥᠰᠥᠯ ᠤᠨ | ᠰᠢᠰᠲ᠋ᠧᠮᠵᠢ ᠶᠢ ᠬᠦᠴᠦᠯᠡᠨ ᠪᠠᠶᠢᠭᠤᠯᠬᠤ ᠬᠡᠷᠡᠭᠲᠡᠢ᠃ᠪᠦᠬᠦ ᠰᠢᠶᠠᠨ ᠤ ᠭᠠᠵᠠᠷ ᠰᠢᠨᠵᠢᠯᠡᠭᠡᠨ ᠤ ᠭᠠᠢ ᠭᠠᠮᠰᠢᠭ᠂ | ᠪᠠᠶᠢᠭᠠᠯᠢ ᠶᠢᠨ ᠭᠠᠢ ᠭᠠᠮᠰᠢᠭ ᠤᠨ ᠳᠠᠯᠳᠠ ᠭᠡᠮ ᠤᠨ ᠴᠡᠭ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠪᠠ᠃ᠠᠵᠤ | ᠠᠬᠤᠶᠢᠯᠠᠯ ᠤᠨ ᠡᠯ᠎ᠡ ᠲᠦᠷᠦᠯ ᠤᠨ ᠲᠤᠰᠬᠠᠢ ᠰᠣᠷᠢᠯᠲᠠ ᠬᠢᠬᠦ ᠶᠢ ᠵᠢᠯᠤᠭᠤᠳᠴᠤ᠂ ᠰᠢᠶᠠᠨ ᠤ ᠰᠤᠷᠭᠠᠨ | ᠬᠥᠮᠦᠵᠢᠯ ᠤᠨ ᠰᠢᠰᠲ᠋ᠧᠮ ᠤᠨ ᠭᠠᠯ ᠢ ᠰᠡᠷᠭᠡᠶᠢᠯᠡᠬᠦ᠂ ᠭᠠᠵᠠᠷ ᠬᠥᠳᠡᠯᠦᠯᠲᠡ ᠶᠢ ᠲᠠᠷᠬᠠᠭᠠᠨ ᠠᠮᠢ ᠵᠢᠭᠤᠲᠠᠬᠤ | ᠰᠣᠷᠢᠯᠲᠠ ᠶᠢ ᠵᠢᠯᠤᠭᠤᠳᠴᠤ᠂ ᠪᠦᠬᠦ ᠰᠢᠶᠠᠨ ᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠰᠣᠷᠢᠯᠲᠠ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ᠦᠶᠡᠷ ᠢ ᠰᠡᠷᠭᠡᠶᠢᠯᠡᠬᠦ᠂ ᠭᠠᠯ ᠰᠡᠷᠭᠡᠶᠢᠯᠡᠬᠦ᠂ ᠭᠠᠵᠠᠷ ᠬᠥᠳᠡᠯᠦᠯᠲᠡ᠂ | ᠭᠠᠵᠠᠷ ᠤᠨ ᠭᠠᠢ ᠭᠠᠮᠰᠢᠭ ᠬᠢᠭᠡᠳ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠨ ᠮᠡᠳᠡᠭᠡᠯᠡᠬᠦ | ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠭᠠᠢ | ᠭᠠᠮᠰᠢᠭ ᠤᠨ ᠠᠳᠡᠯ ᠭᠠᠷᠬᠤ ᠦᠶ᠎ᠡ ᠳᠤ ᠬᠠᠮᠤᠭ ᠤᠨ ᠲᠡᠷᠢᠭᠦᠨ ᠳᠤ ᠰᠡᠷᠡᠮᠵᠢᠯᠡᠭᠦᠯᠬᠦ᠂ ᠬᠠᠮᠤᠭ ᠤᠨ ᠲᠡᠷᠢᠭᠦᠨ ᠳᠤ | ᠳᠠᠭᠠᠬᠤ᠂ ᠬᠠᠮᠤᠭ ᠤᠨ ᠲᠡᠷᠢᠭᠦᠨ ᠳᠤ ᠦᠢᠯᠡᠴᠢᠯᠡᠬᠦ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠶᠢ ᠪᠡᠶᠡᠯᠡᠭᠦᠯᠪᠡ᠃ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ | ᠨᠡᠶᠢᠭᠡᠮ ᠤᠨ ᠬᠦᠴᠦᠨ ᠤ ᠭᠡᠨᠡᠳᠲᠡ ᠶᠢᠨ ᠬᠡᠷᠡᠭ ᠢ ᠠᠷᠭᠠᠴᠠᠬᠤ ᠳᠤ ᠣᠷᠤᠯᠴᠠᠬᠤ ᠶᠢ ᠬᠥᠲᠥᠯᠥᠨ ᠵᠢᠯᠤᠭᠤᠳᠬᠤ ᠪᠠ | ᠵᠢᠷᠤᠮᠵᠢᠭᠤᠯᠵᠤ᠂ ᠰᠢᠶᠠᠩ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠠᠴᠠᠭ᠎ᠠ ︵ᠨᠡᠶᠢᠭᠡᠮ ᠲᠣᠭᠤᠷᠢᠭ︶ | ᠶᠢᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ᠂ ᠠᠷᠭᠠᠴᠠᠬᠤ ᠳᠤ ᠬᠠᠤᠯᠢ ᠶᠣᠰᠣᠭᠠᠷ ᠣᠷᠤᠯᠴᠠᠬᠤ ᠶᠢ | ᠲᠦᠯᠬᠢᠨ ᠠᠬᠢᠭᠤᠯᠤᠨ᠎ᠠ᠃︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠷ ᠳᠡᠪᠲᠡᠷ︾ ᠢ ᠨᠠᠶᠢᠷᠠᠭᠤᠯᠤᠨ | ᠵᠣᠬᠢᠶᠠᠵᠤ᠂ ᠨᠢᠭᠡᠴᠡ᠂ ᠲᠣᠰᠬᠤᠨ᠂ ᠨᠡᠶᠢᠭᠡᠮ ᠲᠣᠭᠤᠷᠢᠭ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠶᠢ ᠣᠯᠠᠨ ᠤᠳᠠᠭ᠎ᠠ ᠥᠷᠨᠢᠭᠦᠯᠵᠦ᠂ ᠬᠠᠮᠤᠭ ᠤᠨ | ᠲᠡᠷᠢᠭᠦᠨ ᠳᠤ ᠰᠡᠷᠡᠮᠵᠢᠯᠡᠭᠦᠯᠬᠦ᠂ ᠬᠠᠮᠤᠭ ᠤᠨ ᠲᠡᠷᠢᠭᠦᠨ ᠳᠤ ᠳᠠᠭᠠᠬᠤ᠂ ᠬᠠᠮᠤᠭ ᠤᠨ ᠲᠡᠷᠢᠭᠦᠨ ᠳᠤ ᠦᠢᠯᠡᠴᠢᠯᠡᠬᠦ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠢ᠃ | ︵ᠲᠤᠯᠤᠭ᠎ᠠ︶ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠤ ᠵᠠᠰᠠᠭ ᠵᠠᠬᠢᠷᠭᠠᠨ ᠤ ᠤᠷᠢᠳᠴᠢᠯᠠᠨ ᠰᠡᠷᠭᠡᠶᠢᠯᠡᠬᠦ | ᠡᠶᠡᠳᠡᠭᠦᠯᠦᠨ ᠰᠢᠢᠳᠪᠦᠷᠢᠯᠡᠬᠦ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠦᠨ᠎ᠡ | ᠨᠢᠭᠡ ᠳᠤ ᠵᠠᠰᠠᠭ ᠵᠠᠬᠢᠷᠭᠠᠨ ᠤ ᠡᠶᠡᠳᠡᠭᠦᠯᠭᠡ ᠶᠢᠨ ᠠᠵᠢᠯ ᠢ ᠴᠢᠩᠭᠠᠳᠬᠠᠵᠤ᠂ ᠶᠡᠭᠡ ᠡᠶᠡᠳᠡᠭᠦᠯᠭᠡ ᠶᠢᠨ ᠠᠵᠢᠯ ᠤᠨ | ᠪᠠᠶᠢᠷᠢᠰᠢᠯ ᠢ ᠪᠤᠢ ᠪᠣᠯᠭᠠᠨ᠎ᠠ᠃ᠠᠷᠠᠳ ᠤᠨ ᠡᠶᠡᠳᠡᠭᠦᠯᠭᠡ ᠶᠢᠨ ᠬᠠᠤᠯᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠢ | ᠠᠷᠢᠯᠭᠠᠬᠤ ᠤᠯᠠᠨ ᠡᠰᠢᠲᠦ ᠲᠥᠪ ᠢ ᠪᠠᠶᠢᠭᠤᠯᠵᠤ᠂ ᠶᠡᠭᠡ ᠡᠶᠡᠳᠡᠭᠦᠯᠭᠡ ᠶᠢᠨ ᠠᠵᠢᠯ ᠤᠨ ᠪᠠᠶᠢᠷᠢᠰᠢᠯ ᠢ ᠪᠠᠶᠢᠭᠤᠯᠬᠤ ᠶᠢ | ᠲᠦᠯᠬᠢᠨ ᠠᠬᠢᠭᠤᠯᠵᠤ᠂ ᠵᠠᠭᠤᠷᠠᠯᠳᠤᠭᠠᠨ ᠢ ᠰᠢᠢᠳᠪᠦᠷᠢᠯᠡᠬᠦ ︽ᠨᠢᠭᠡ ᠦᠷᠳᠡᠭᠡᠯᠢᠭ ᠬᠡᠯᠪᠡᠷᠢ︾ ᠶᠢᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠤ᠂ ᠠᠷᠠᠳ ᠤᠯᠠᠨ ᠤ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠶᠠᠪᠤᠴᠠ ᠳᠠᠬᠢ | ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ | ᠲᠣᠭᠲᠠᠴᠠ ᠶᠢ ᠪᠠᠶᠢᠭᠤᠯᠵᠤ᠂ ᠵᠢᠭᠤᠷᠠᠯᠳᠤᠭᠠᠨ ᠢ ᠡᠬᠢ ᠰᠤᠷᠪᠤᠯᠵᠢ ᠠᠴᠠ ᠨᠢ ᠤᠷᠢᠳᠴᠢᠯᠠᠨ ᠰᠡᠷᠭᠡᠶᠢᠯᠡᠬᠦ ᠪᠠ | ᠪᠠᠭᠠᠰᠬᠠᠵᠤ᠂ ᠠᠷᠠᠳ ᠤᠨ ᠡᠶᠡᠳᠡᠭᠦᠯᠭᠡ ᠶᠢᠨ ᠨᠡᠶᠢᠭᠡᠮ ᠤᠨ ᠬᠠᠮᠢᠶᠠᠷᠤᠯᠲᠠ ᠳᠠᠬᠢ ︽ᠤᠷᠢᠳᠴᠢᠯᠠᠨ ᠰᠡᠷᠡᠮᠵᠢᠯᠡᠭᠦᠯᠬᠦ | ᠪᠠᠭᠠᠵᠢ︾᠂ ︽ᠳᠠᠷᠤᠯᠲᠠ ᠶᠢ ᠪᠠᠭᠠᠰᠬᠠᠬᠤ ᠨᠡᠭᠡᠯᠡᠭᠡᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ᠲᠣᠰᠬᠤᠨ ᠤ ︽ | ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠡᠶᠡᠳᠡᠭᠦᠯᠬᠦ | ᠬᠦᠴᠦᠨ ᠢ ᠴᠢᠩᠭᠠᠷᠠᠭᠤᠯᠵᠤ᠂ ᠪᠥᠬᠦ ᠰᠢᠶᠠᠨ ᠤ 130 ᠡᠶᠡᠳᠡᠭᠦᠯᠬᠦ ᠵᠥᠪᠯᠡᠯ᠂ ᠨᠥᠬᠦᠪᠦᠷᠢ ᠬᠥᠮᠥᠨ ᠢ | ᠲᠣᠬᠢᠷᠠᠭᠤᠯᠤᠨ ᠨᠥᠬᠦᠪᠦᠷᠢᠯᠡᠪᠡ | ᠪᠦᠬᠦ ᠰᠢᠶᠠᠨ ᠤ 130 ᠡᠶᠡᠳᠡᠭᠦᠯᠬᠦ ᠺᠣᠮᠢᠰ ᠢ ᠲᠣᠬᠢᠷᠠᠭᠤᠯᠤᠨ ᠨᠥᠬᠦᠪᠦᠷᠢᠯᠡᠵᠦ᠂ ᠠᠷᠠᠳ ᠤᠨ ᠡᠶᠡᠳᠡᠭᠦᠯᠦᠭᠴᠢ ᠶᠢᠨ | ᠡᠩᠨᠡᠭᠡᠨ ᠤ ᠬᠦᠴᠦᠨ ᠢ ᠨᠡᠶᠢᠳᠡ 454 ᠬᠥᠮᠥᠨ ᠨᠥᠬᠦᠪᠦᠷᠢᠯᠡᠪᠡ᠃ᠠᠵᠢᠯ ᠲᠥᠷᠥᠯ ᠤᠨ ᠴᠢᠨᠠᠷᠲᠠᠢ ᠲᠤᠰᠬᠠᠢ | ᠮᠡᠷᠭᠡᠵᠢᠯ ᠤᠨ ᠴᠢᠨᠠᠷᠲᠠᠢ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ 6 ᠪᠠᠶᠢᠭᠤᠯᠪᠠ᠃︽ᠵᠦᠸᠧᠽᠢ ᠰᠢᠶᠠᠨ ᠤ ᠤᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ︾ ᠶᠢᠨ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠢ ᠨᠡᠭᠡᠭᠡᠵᠦ᠂ | ᠠᠷᠠᠳ ᠤᠨ ᠡᠶᠡᠳᠡᠭᠦᠯᠭᠡ ᠶᠢ ᠭᠤᠶᠤᠴᠢᠯᠠᠬᠤ ᠡᠭᠦᠳᠡ ᠶᠢ ᠨᠡᠭᠡᠭᠡᠵᠦ᠂ ᠤᠯᠠᠨ ᠲᠦᠮᠡᠨ ᠤ ᠬᠡᠵᠢᠶ᠎ᠡ ᠬᠠᠮᠢᠭ᠎ᠠ ᠴᠤ | ᠭᠡᠰᠡᠨ ᠠᠷᠠᠳ ᠤᠨ ᠡᠶᠡᠳᠡᠭᠦᠯᠭᠡ ᠶᠢ ᠭᠤᠶᠤᠴᠢᠯᠠᠬᠤ ᠳᠤ ᠲᠦᠬᠦᠮ ᠦᠵᠡᠭᠦᠯᠵᠦ᠂ ᠲᠠᠪᠴᠠᠩ ᠨᠢ ᠤᠯᠠᠨ ᠲᠦᠮᠡᠨ ᠤ | ᠭᠤᠶᠤᠴᠢᠯᠠᠭᠰᠠᠨ ᠡᠶᠡᠳᠡᠭᠦᠯᠭᠡ ᠶᠢ ᠴᠠᠭ ᠲᠤᠬᠠᠢ ᠳᠤᠨᠢ ᠡᠶᠡᠳᠡᠭᠦᠯᠭᠡ ᠶᠢᠨ ᠺᠣᠮᠢᠰ ᠲᠤ ᠬᠦᠷᠭᠡᠬᠦ ᠶᠢᠨ ᠬᠠᠮᠲᠤ | ᠠᠮᠵᠢᠯᠲᠠ ᠲᠠᠢ ᠪᠠᠷ ᠡᠶᠡᠳᠡᠭᠦᠯᠦᠭᠰᠡᠨ ᠬᠡᠷᠡᠭ ᠲᠤ ᠶᠡᠷᠦᠩᠬᠡᠶᠢᠯᠡᠭᠰᠡᠨ ᠦᠨᠡᠯᠡᠯᠲᠡ ᠬᠢᠪᠡ᠃ᠬᠤᠶᠠᠷ ᠲᠤ ᠵᠠᠰᠠᠭ | ᠵᠠᠬᠢᠷᠭᠠᠨ ᠤ ᠳᠠᠬᠢᠨ ᠵᠥᠪᠯᠡᠵᠦ ᠵᠠᠰᠠᠭ ᠵᠠᠬᠢᠷᠭᠠᠨ ᠤ ᠮᠠᠷᠭᠤᠯᠳᠤᠭᠠᠨ ᠢ ᠠᠷᠢᠯᠭᠠᠬᠤ ᠭᠤᠣᠯ ᠠᠷᠭ᠎ᠠ ᠵᠠᠮ ᠤᠨ | ᠦᠢᠯᠡᠳᠦᠯ ᠢ ᠪᠠᠳᠠᠷᠠᠭᠤᠯᠤᠨ᠎ᠠ᠃ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ | ᠦᠷᠭᠦᠯᠵᠢᠯᠡᠨᠮᠠᠨ ᠤ ᠰᠢᠶᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠯ᠎ᠡ | ᠵᠦᠢᠯ ᠤᠨ ᠠᠵᠢᠯ ᠢ ᠨᠠᠷᠢᠨ ᠬᠢᠨᠠᠮᠠᠭᠠᠢ ︽ᠵᠦᠸᠧᠽᠢ ᠰᠢᠶᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠨᠠᠶᠢᠳᠠᠪᠤᠷᠢᠵᠢᠭᠤᠯᠵᠤ᠂ ︽ᠨᠢᠭᠡ ᠱᠠᠲᠤᠨ ᠤ | ᠵᠠᠰᠠᠭ ᠤᠨ ᠣᠷᠳᠣᠨ ᠨᠢᠭᠡ ᠯᠡ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠪᠠᠶᠢᠭᠤᠯᠬᠤ︾ ᠶᠡᠷᠦᠩᠬᠡᠢ | ᠱᠠᠭᠠᠷᠳᠠᠯᠭ᠎ᠠ ᠶᠣᠰᠣᠭᠠᠷ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ | ᠲᠤᠰᠬᠠᠢ ᠰᠠᠯᠠᠭ᠎ᠠ ᠮᠥᠴᠢᠷ ᠪᠠᠶᠢᠭᠤᠯᠵᠤ᠂ ᠰᠢᠶᠠᠨ ᠤ ᠱᠠᠲᠤᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠳᠠᠬᠢᠨ | ᠵᠥᠪᠯᠡᠬᠦ ᠠᠵᠢᠯᠲᠠᠨ ᠤ ᠢᠷᠡᠯᠲᠡ ᠶᠢᠨ ᠲᠣᠬᠢᠷᠠᠭᠤᠯᠤᠯᠲᠠ ᠶᠢ ᠡᠮᠬᠢᠯᠡᠨ ᠨᠡᠶᠢᠯᠡᠭᠦᠯᠵᠦ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠠᠵᠢᠯᠲᠠᠨ ᠢ ᠰᠢᠯᠵᠢᠭᠦᠯᠦᠨ ᠬᠠᠷᠢᠶᠠᠯᠠᠭᠤᠯᠵᠤ᠂ ᠵᠢᠩᠬᠢᠨᠢᠴᠢᠯᠡᠭᠰᠡᠨ᠂ ᠲᠤᠰᠬᠠᠶᠢᠵᠢᠭᠰᠠᠨ᠂ ᠠᠵᠢᠯ | ᠮᠡᠷᠭᠡᠵᠢᠭᠰᠡᠨ ᠵᠠᠰᠠᠭ ᠵᠠᠬᠢᠷᠭᠠᠨ ᠤ ᠳᠠᠬᠢᠨ ᠵᠥᠪᠯᠡᠬᠦ ᠡᠩᠨᠡᠭᠡ ᠶᠢ ᠲᠦᠷᠭᠡᠳᠬᠡᠨ ᠪᠠᠶᠢᠭᠤᠯᠵᠤ᠂ ᠵᠠᠰᠠᠭ ᠵᠠᠬᠢᠷᠭᠠᠨ ᠤ | ᠳᠠᠬᠢᠨ ᠵᠥᠪᠯᠡᠬᠦ ᠠᠵᠢᠯ ᠢ ᠲᠠᠰᠤᠷᠠᠯᠲᠠ ᠦᠭᠡᠢ ᠴᠢᠩᠭᠠᠳᠬᠠᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠱᠠᠭᠠᠷᠳᠠᠯᠭ᠎ᠠ | ᠳᠣᠣᠷ᠎ᠠ᠂ ᠰᠢᠭᠦᠬᠦ ᠬᠤᠭᠤᠴᠠᠭ᠎ᠠ ᠣᠬᠤᠷ᠂ ᠦᠷ᠎ᠡ ᠪᠦᠲᠦᠮᠵᠢ ᠪᠠᠷ ᠥᠨᠳᠥᠷ᠂ ᠰᠦᠢᠳᠬᠡᠯ ᠬᠤᠷᠢᠶᠠᠬᠤ ᠦᠭᠡᠢ | ᠪᠠᠶᠢᠬᠤ ᠳᠦᠷᠢᠮ ᠤᠨ ᠳᠠᠪᠠᠭᠤᠯᠢᠭ ᠢ ᠠᠯᠬᠤᠮ ᠠᠯᠬᠤᠮ ᠢᠶᠠᠷ ᠪᠠᠳᠠᠷᠠᠭᠤᠯᠪᠠ᠃ 2022 ᠣᠨ ᠳᠤ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠨᠡᠶᠢᠲᠡ 6 ᠬᠤᠪᠢ᠂ ᠬᠦᠴᠦᠨ ᠦᠭᠡᠢ ᠪᠣᠯᠭᠠᠬᠤ ᠲᠣᠭᠲᠠᠭᠠᠯ 2 | ᠬᠤᠪᠢ᠂ ᠬᠡᠪ ᠢᠶᠠᠷ ᠪᠠᠶᠢᠯᠭᠠᠬᠤ ᠲᠣᠭᠲᠠᠭᠠᠯ 3 ᠬᠤᠪᠢ᠂ ᠬᠠᠤᠯᠢ ᠠᠴᠠ ᠵᠥᠷᠢᠴᠡᠭᠰᠡᠨ ᠢ ᠨᠤᠲᠠᠯᠠᠬᠤ 1 ᠬᠤᠪᠢ | ᠬᠡᠷᠡᠭ ᠢ ᠭᠥᠯᠢᠶᠡᠨ ᠠᠪᠴᠤ ᠰᠢᠢᠳᠪᠦᠷᠢᠯᠡᠭᠡᠳ᠂ ᠦᠨᠡᠨ ᠬᠦ ᠬᠤᠪᠢ ᠶᠢ ᠲᠣᠭᠲᠠᠭᠠᠵᠤ ᠮᠠᠷᠭᠤᠭᠠᠨ ᠢ ᠵᠣᠭᠰᠤᠭᠠᠬᠤ | ᠦᠢᠯᠡᠳᠦᠯ ᠭᠠᠷᠭᠠᠭᠰᠠᠨ ᠪᠠᠶᠢᠨ᠎ᠠ᠃ᠭᠤᠷᠪᠠ ᠳᠤ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ | ᠵᠢᠷᠤᠮᠵᠢᠭᠤᠯᠪᠠ᠃ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ | ᠬᠦᠯᠢᠶᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠳᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠠᠷᠠᠳ ᠤᠨ ᠰᠢᠭᠦᠬᠦ ᠬᠤᠷᠢᠶ᠎ᠠ ᠶᠢᠨ ᠵᠠᠰᠠᠭ ᠵᠠᠬᠢᠷᠭᠠᠨ ᠤ | ᠬᠡᠷᠡᠭ ᠢ ᠬᠠᠤᠯᠢ ᠶᠣᠰᠣᠭᠠᠷ ᠭᠥᠯᠢᠶᠡᠨ ᠠᠪᠴᠤ ᠰᠢᠢᠳᠪᠦᠷᠢᠯᠡᠬᠦ ᠪᠠ ᠰᠢᠭᠦᠬᠦ ᠶᠢ ᠶᠡᠭᠡ ᠪᠠᠷ ᠲᠡᠮᠵᠢᠵᠤ᠂ | ᠢᠳᠡᠪᠬᠢᠲᠡᠢ ᠪᠠᠷ ᠰᠢᠭᠦᠯᠲᠡ ᠳᠤ ᠣᠷᠣᠯᠴᠠᠨ ᠵᠠᠷᠭᠤ ᠬᠦᠯᠢᠶᠡᠵᠦ᠂ ᠬᠦᠴᠦᠨ ᠲᠠᠢ ᠪᠣᠯᠤᠭᠰᠠᠨ ᠲᠠᠰᠤᠯᠤᠨᠵᠠᠰᠠᠭ | ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠵᠦ᠂ ︽ᠵᠠᠰᠠᠭ ᠵᠠᠬᠢᠷᠭᠠᠨ ᠤ ᠪᠠᠶᠢᠴᠠᠭᠠᠬᠤ | ᠪᠠ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠶᠢ ᠵᠣᠯᠭᠠᠭᠤᠯᠬᠤ ᠠᠵᠢᠯ ᠢ ᠴᠢᠩᠭᠠᠳᠬᠠᠬᠤ ᠲᠤᠬᠠᠢ ᠰᠠᠨᠠᠯ︾ ᠢ | ᠨᠠᠶᠢᠳᠠᠪᠤᠷᠢᠵᠢᠭᠤᠯᠵᠤ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ | ᠪᠠ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ ᠶᠢ ᠳᠡᠮᠵᠢᠨ ᠬᠠᠮᠵᠢᠯᠴᠠᠵᠤ᠂ ᠲᠤᠰᠢᠶᠠᠯ | ᠬᠠᠷᠢᠭᠤᠴᠠᠯᠭ᠎ᠠ ᠪᠠᠨ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠭᠦᠢᠴᠡᠳᠬᠡᠨ᠎ᠡ᠃ | ︵ᠨᠠᠢᠮᠠ︶ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠰᠢᠰᠲ᠋ᠧᠮ ᠢ | ᠲᠡᠭᠦᠯᠳᠡᠷᠵᠢᠭᠦᠯᠦᠨ᠎ᠡ | ᠮᠠᠨ ᠤ ᠰᠢᠶᠠᠨ ᠨᠠᠮ ᠤᠨ ᠳᠣᠲᠣᠭᠠᠳᠤ ᠶᠢᠨ ᠬᠢᠨᠠᠯᠲᠠ ᠬᠢᠭᠡᠳ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠢᠨᠠᠯᠲᠠ᠂ ᠠᠷᠠᠳᠴᠢᠯᠠᠯ ᠤᠨ ᠬᠢᠨᠠᠯᠲᠠ᠂ ᠵᠠᠰᠠᠭ ᠵᠠᠬᠢᠷᠭᠠᠨ ᠤ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ᠂ | ᠬᠠᠤᠯᠢ ᠪᠠᠷᠢᠬᠤ ᠬᠢᠨᠠᠯᠲᠠ᠂ ᠤᠯᠠᠨ ᠲᠦᠮᠡᠨ ᠤ ᠬᠢᠨᠠᠯᠲᠠ᠂ ᠵᠠᠬᠢᠳᠠᠯ ᠰᠣᠷᠪᠤᠯᠵᠢᠯᠠᠭ᠎ᠠ ᠶᠢᠨ ᠬᠢᠨᠠᠯᠲᠠ᠂ ᠶᠠᠷᠢᠶ᠎ᠠ | ᠬᠡᠯᠡᠯᠴᠡᠭᠡᠨ ᠤ ᠬᠢᠨᠠᠯᠲᠠ ᠵᠡᠷᠭᠡ ᠡᠯ᠎ᠡ ᠲᠦᠷᠦᠯ ᠤᠨ ᠬᠢᠨᠠᠯᠲᠠ ᠶᠢ ᠣᠷᠭᠠᠨᠢᠭ ᠢᠶᠠᠷ ᠨᠠᠪᠲᠠᠷᠡᠭᠦᠯᠵᠦ᠂ ᠬᠠᠷᠢᠯᠴᠠᠨ | ᠵᠣᠬᠢᠴᠠᠭᠤᠯᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ | ᠪᠦᠷᠢᠯᠳᠦᠭᠦᠯᠪᠡ᠃ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ᠂ ᠡᠳ᠋ ᠤᠨ | ᠶᠠᠪᠤᠳᠠᠯ ᠨᠢᠭᠲᠠᠯᠠᠨ ᠪᠣᠳᠣᠯᠲᠠ ᠶᠢᠨ ᠬᠢᠨᠠᠯᠲᠠ ᠲᠠᠯᠪᠢᠬᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ᠂ | ᠵᠠᠰᠠᠭ ᠵᠠᠬᠢᠷᠭᠠᠨ ᠤ ᠲᠠᠬᠢᠨ ᠵᠥᠪᠯᠡᠬᠦ ᠵᠡᠷᠭᠡ ᠲᠠᠯ᠎ᠠ ᠶᠢᠨ ᠬᠢᠨᠠᠯᠲᠠ ᠲᠠᠯᠪᠢᠬᠤ ᠦᠢᠯᠡᠳᠦᠯ ᠢ ᠢᠳᠡᠪᠬᠢᠲᠡᠢ ᠪᠠᠷ | ᠪᠠᠳᠠᠷᠠᠭᠤᠯᠤᠨ᠎ᠠ᠃ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ ᠬᠠᠤᠯᠢ ᠪᠠᠷᠢᠬᠤ | ᠪᠠᠶᠢᠭᠤᠯᠭ᠎ᠠ ᠶᠢᠨ ᠬᠢᠨᠠᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠲᠤᠰᠢᠶᠠᠯᠲᠠᠨ ᠤ | ᠲᠣᠭᠲᠠᠭᠠᠯ ᠢ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ᠂ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠬᠠᠷᠢᠭᠤᠴᠠᠯᠭ᠎ᠠ ᠨᠡᠬᠡᠮᠵᠢᠯᠡᠵᠦ᠂ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ᠠᠯᠪᠠᠲᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢ | ᠴᠢᠩᠭᠠᠳᠬᠠᠬᠤ ᠠᠰᠠᠭᠤᠳᠠᠯ ᠳᠤ ᠴᠢᠭᠯᠡᠭᠦᠯᠦᠨ᠂ ᠠᠯᠪᠠᠲᠠᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠠᠷᠤᠭ | 800 ᠭᠠᠷᠤᠢ ᠬᠤᠪᠢ ᠪᠠᠶᠢᠭᠤᠯᠵᠤ᠂ ᠵᠦᠸᠧᠽᠢ ᠰᠢᠶᠠᠨ ᠤ ᠠᠯᠪᠠᠲᠠᠨ ᠤ ᠡᠩᠨᠡᠭᠡ ᠶᠢ ᠪᠦᠲᠦᠮᠵᠢᠲᠡᠶ ᠬᠠᠮᠤᠷᠪᠠ᠃ | ᠰᠢᠶᠠᠨ ᠰᠢᠶᠠᠩ ᠬᠤᠶᠠᠷ ᠱᠠᠲᠤᠨ ᠤ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠴᠥᠮ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠭᠦᠢᠴᠡᠳᠬᠡᠵᠦ᠂ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠨ ᠴᠢᠬᠡᠴᠢ ᠪᠠᠷ ᠵᠠᠰᠠᠭ | ᠪᠠᠷᠢᠬᠤ ᠬᠤᠷᠠᠯᠳᠤᠭᠠᠨ ᠢ ᠬᠤᠷᠠᠯᠳᠤᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠢ ᠪᠠᠶᠢᠷᠢᠯᠠᠭᠤᠯᠤᠨ᠎ᠠ᠃ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ | ᠪᠠ ᠰᠠᠨᠠᠯ ᠢ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ᠵᠠᠰᠠᠭ ᠤᠨ ᠣᠷᠳᠣᠨ ᠤ | ᠰᠦᠯᠵᠢᠶ᠎ᠡ ᠳᠤ ᠲᠣᠰ ᠲᠣᠰ ︽ᠰᠢᠶᠠᠨ ᠤ ᠳᠠᠷᠤᠭ᠎ᠠ ᠶᠢᠨ ᠵᠠᠬᠢᠳᠠᠯ ᠤᠨ ᠬᠠᠶᠢᠷᠴᠠᠭ︾᠂ ︽ᠠᠷᠠᠳ ᠤᠨ ᠰᠠᠨᠠᠭ᠎ᠠ ᠶᠢ | ᠴᠤᠭᠯᠠᠭᠤᠯᠬᠤ︾ ᠵᠡᠷᠭᠡ ᠪᠤᠯᠤᠩ ᠭᠠᠷᠭᠠᠵᠤ᠂ ᠣᠯᠠᠨ ᠲᠦᠮᠡᠨ ᠤ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠪᠠ | ᠵᠠᠭᠠᠯᠳᠤᠬᠤ ᠳᠤ ᠲᠥᠬᠦᠮ ᠦᠵᠡᠭᠦᠯᠦᠨ᠂ ᠴᠠᠭ ᠲᠤᠬᠠᠢ ᠳᠤᠨᠢ ᠬᠠᠷᠢᠭᠤ ᠥᠭᠴᠦ ᠰᠢᠢᠳᠪᠦᠷᠢᠯᠡᠨ᠂ ᠶᠠᠪᠤᠳᠠᠯ | ᠪᠣᠯᠭᠠᠨ ᠳᠤ ᠬᠠᠷᠢᠭᠤ ᠥᠭᠴᠦ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠵᠠᠢ᠃ᠬᠢᠨᠠᠨ ᠪᠤᠳᠤᠬᠤ | ᠳᠦᠷᠢᠮ ᠢ ᠲᠡᠭᠦᠯᠳᠡᠷᠵᠢᠭᠦᠯᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠡᠷᠬᠡ ᠶᠢ ᠬᠠᠤᠯᠢ ᠶᠣᠰᠣᠭᠠᠷ ᠪᠡᠶ᠎ᠡ ᠪᠠᠨ | ᠳᠠᠭᠠᠭᠠᠵᠤ ᠬᠡᠷᠡᠭᠵᠢᠭᠦᠯᠬᠦ ᠳᠤ ᠠᠰᠢᠭᠲᠠᠢ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠵᠦ᠂ | ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠤᠯᠤᠰ ᠤᠨ ᠥᠮᠴᠢᠯᠡᠯ ᠤᠨ | ᠡᠬᠢ ᠪᠠᠶᠠᠯᠢᠭ ᠪᠠ ᠤᠳᠤᠷᠢᠳᠬᠤ ᠺᠠᠳ᠋ᠷᠴᠤᠳ ᠤᠨ ᠠᠵᠤ ᠠᠬᠤᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ | ᠪᠠᠶᠢᠳᠠᠯ ᠳᠤ ᠬᠢᠨᠠᠨ ᠪᠣᠳᠣᠯᠲᠠ ᠶᠢ ᠨᠡᠶᠢᠳᠡᠮ ᠬᠡᠷᠡᠭᠵᠢᠭᠦᠯᠦᠨ᠎ᠡ᠃ | ︵ᠶᠢᠰᠦ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠪᠠᠲᠤᠯᠠᠭ᠎ᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠠᠵᠢᠭᠤᠯᠬᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ ᠶᠢ ᠢᠳᠡᠪᠬᠢᠲᠡᠢ ᠪᠠᠷ ᠤᠬᠠᠭᠤᠯᠤᠨ | ᠳᠡᠯᠭᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ | ᠶᠢ ᠬᠦᠴᠦᠨ ᠢᠶᠠᠨ ᠲᠥᠪᠯᠡᠷᠡᠭᠦᠯᠦᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ | ᠰᠦᠯᠵᠢᠶᠡᠨ ᠳᠡᠭᠡᠷ᠎ᠡ ᠭᠦᠢᠴᠡᠳᠬᠡᠬᠦ︾ ︽ᠠᠯᠠᠭᠠᠨ ᠳᠡᠭᠡᠷ᠎ᠡ ᠠᠴᠠ ᠭᠦᠢᠴᠡᠳᠬᠡᠬᠦ︾ ︽ᠥᠪᠡᠰᠦᠪᠡᠨ ᠭᠦᠢᠴᠡᠳᠬᠡᠬᠦ︾ | ᠶᠢ ᠶᠡᠬᠡᠪᠡᠷ ᠲᠦᠯᠬᠢᠨ ᠠᠬᠢᠭᠤᠯᠵᠤ᠂ ᠣᠲᠣ ᠨᠢᠭᠡᠨᠲᠡ ᠵᠠᠰᠠᠭ ᠤᠨ ᠣᠷᠳᠣᠨ ᠤ ᠠᠵᠤ ᠠᠬᠤᠶᠢᠯᠠᠯ ᠪᠠ ᠣᠯᠠᠨ | ᠲᠦᠮᠡᠨ ᠳᠤ ᠦᠢᠯᠡᠴᠢᠯᠡᠬᠦ ᠴᠢᠬᠤᠯᠠ ᠠᠷᠭ᠎ᠠ ᠵᠠᠮ ᠪᠣᠯᠤᠭᠰᠠᠨ ᠪᠠᠶᠢᠨ᠎ᠠ᠃ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠢᠯᠵᠢᠮᠡᠯ ᠦᠵᠦᠭᠦᠷ ᠳᠠᠰᠢ ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ᠨᠠᠩ ᠣᠯᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ᠪᠥᠬᠦ | ᠰᠢᠶᠠᠨ ᠢᠶᠠᠷ ᠢᠶᠠᠨ ᠰᠢᠶᠠᠨ ᠤ ᠵᠠᠰᠠᠭ ᠤᠨ ᠣᠷᠳᠣᠨ ᠤ ᠠᠯᠪᠠᠨ ᠤ ᠰᠦᠯᠵᠢᠶ᠎ᠡ ᠶᠢᠨ ᠨᠡᠶᠢᠲᠡᠯᠡᠭᠰᠡᠨ ᠮᠡᠳᠡᠭᠡ ᠵᠠᠩᠭᠢ ᠶᠢ | ᠨᠢᠭᠡᠳᠦᠯᠲᠡᠢ ᠬᠡᠷᠡᠭᠯᠡᠨ᠂ ᠡᠯ᠎ᠡ ᠲᠥᠷᠥᠯ ᠤᠨ ᠲᠤᠭ᠎ᠠ ᠪᠠᠷᠢᠮᠲᠠ᠂ ᠰᠦᠯᠵᠢᠶᠡᠨ ᠤ ᠲᠠᠪᠴᠠᠩ ᠢ ᠰᠢᠯᠢᠳᠡᠭᠵᠢᠭᠦᠯᠦᠨ | ᠡᠮᠬᠢᠯᠡᠨ ᠨᠡᠶᠢᠯᠡᠭᠦᠯᠵᠦ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠶᠢ ᠰᠡᠷᠭᠡᠶᠢᠯᠡᠪᠡ᠃ᠵᠠᠰᠠᠭ ᠤᠨ ᠶᠠᠪᠤᠳᠠᠯ ᠤᠨ | ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ | ᠬᠢᠭᠡᠳ ᠭᠤᠷᠪᠠᠳᠠᠭᠢ ᠡᠲᠡᠭᠡᠳ ᠤᠨ ᠲᠠᠪᠴᠠᠩ ᠤᠨ ᠬᠠᠮᠲᠤᠷᠠᠯᠴᠠᠭ᠎ᠠ ᠶᠢ ᠪᠡᠶᠡᠯᠡᠭᠦᠯᠦᠨ᠂ ᠰᠢᠯᠵᠢᠮᠡᠯ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠡᠷᠡᠭᠦᠯ ᠪᠥᠭᠡᠳ ᠡᠮᠬᠢ ᠳᠢᠭᠯᠢᠮ ᠢ ᠪᠠᠲᠤᠯᠠᠨ᠎ᠠ᠃ | ᠬᠤᠶᠠᠷ᠂ ᠭᠦᠢᠴᠡᠳ ᠪᠤᠰᠤ ᠪᠠ ᠰᠢᠯᠲᠠᠭᠠᠨ ᠣᠷᠣᠰᠢᠵᠤ ᠪᠠᠶᠢᠨ᠎ᠠ | ᠨᠢᠭᠡ ᠳᠤ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ | ᠴᠢᠩᠭᠠᠳᠬᠠᠬᠤ ᠴᠢᠬᠤᠯᠠᠲᠠᠢ ᠪᠠᠶᠢᠵᠤ᠂ ᠣᠨᠴᠠ ᠵᠠᠷᠢᠮ ᠨᠢᠭᠡᠴᠢ ᠶᠢᠨ ᠭᠤᠣᠯ ᠬᠠᠷᠢᠭᠤᠴᠠᠯᠭᠠᠲᠠᠨ ᠤ ᠬᠠᠤᠯᠢ ᠪᠠᠷ | ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ | ᠬᠡᠰᠡᠭ ᠠᠵᠢᠯᠲᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ | ᠲᠦᠯᠬᠢᠨ ᠠᠬᠢᠭᠤᠯᠬᠤ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠷ ᠳᠤᠲᠠᠮᠠᠭ ᠪᠠᠶᠢᠵᠤ᠂ ᠲᠡᠭᠦᠨ ᠢ ᠤᠯᠤᠰ | ᠲᠦᠷᠦ ᠶᠢ ᠡᠷᠬᠢᠮᠯᠡᠬᠦ ᠠᠵᠢᠯ ᠭᠡᠵᠦ ᠥᠷᠥᠭᠡᠰᠦᠭᠡᠯ ᠢᠶᠠᠷ ᠦᠵᠡᠵᠦ᠂ ᠬᠠᠤᠯᠢ ᠪᠠᠷ ᠵᠠᠰᠠᠬᠤ ᠰᠡᠳᠬᠢᠬᠦᠢ ᠪᠠᠨ | ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ | ᠬᠤᠶᠠᠷ ᠲᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠩᠨᠡᠭᠡᠨ ᠤ ᠬᠦᠴᠦᠨ ᠪᠠᠭᠤᠷᠠᠢ | ᠪᠠᠶᠢᠨ᠎ᠠ᠃ᠡᠩ ᠤᠨ ᠦᠶ᠎ᠡ ᠶᠢᠨ ᠠᠵᠢᠯ ᠤᠨ ᠪᠠᠶᠢᠳᠠᠯ ᠤᠨ ᠬᠠᠷᠢᠭᠤ ᠲᠤᠰᠬᠠᠯ ᠠᠴᠠ ᠦᠵᠡᠪᠡᠯ᠂ ᠣᠨᠴᠠ ᠵᠠᠷᠢᠮ | ᠨᠢᠭᠡᠴᠡ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠩᠨᠡᠭᠡ ᠪᠠ ᠬᠠᠷᠢᠭᠤᠴᠠᠯᠭᠠᠲᠠᠨ ᠢ | ᠲᠣᠳᠣᠷᠬᠠᠶᠢᠯᠠᠭᠰᠠᠨ ᠦᠭᠡᠢ ᠠᠴᠠ ᠪᠣᠯᠵᠤ᠂ ᠮᠠᠨ ᠤ ᠰᠢᠶᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ | ᠲᠦᠯᠬᠢᠨ ᠠᠬᠢᠭᠤᠯᠬᠤ ᠦᠶ᠎ᠡ ᠳᠤ ᠴᠠᠭ ᠲᠤᠬᠠᠢ ᠳᠤᠨᠢ ᠳᠠᠭᠠᠵᠤ᠂ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ | ᠳᠡᠶᠢᠯᠬᠦ ᠦᠭᠡᠢ ᠪᠣᠯᠵᠤ᠂ ᠲᠦᠯᠬᠢᠨ ᠠᠬᠢᠭᠤᠯᠬᠤ ᠠᠬᠢᠴᠠ ᠶᠢ ᠤᠳᠠᠭᠠᠰᠢᠷᠠᠭᠤᠯᠵᠤ ᠪᠠᠶᠢᠨ᠎ᠠ᠃ | ᠭᠤᠷᠪᠠ ᠳᠤ ᠬᠠᠤᠯᠢ ᠳᠦᠷᠢᠮ ᠤᠨ ᠪᠠᠶᠢᠭᠤᠯᠤᠮᠵᠢ ᠶᠢᠨ ᠠᠵᠢᠯᠲᠠᠨ ᠨᠡᠯᠢᠶᠡᠳ ᠪᠠᠭᠤᠷᠠᠢ᠂ ᠵᠠᠷᠢᠮ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠨᠢᠭᠡᠴᠡ ᠳᠤ ᠬᠠᠤᠯᠢ ᠳᠦᠷᠢᠮ ᠤᠨ ᠬᠢᠨᠠᠨ ᠬᠠᠷᠭᠤᠭᠤᠯᠬᠤ ᠪᠠᠶᠢᠭᠤᠯᠤᠮᠵᠢ ᠪᠠᠶᠢᠬᠤ ᠦᠭᠡᠢ | ᠮᠥᠷᠲᠡᠭᠡᠨ ᠬᠠᠤᠯᠢ ᠴᠠᠭᠠᠵᠠ ᠶᠢᠨ ᠵᠥᠪᠯᠡᠭᠴᠢ ᠴᠦ ᠤᠷᠢᠭᠰᠠᠨ ᠦᠭᠡᠢ᠂ ᠴᠢᠨᠠᠭᠰᠢᠯᠠᠪᠠᠯ ᠲᠣᠭᠲᠠᠮᠠᠯ ᠲᠤᠰᠬᠠᠢ | ᠬᠥᠮᠥᠨ ᠴᠦ ᠡᠨᠡ ᠬᠦ ᠠᠵᠢᠯ ᠢ ᠬᠢᠭᠰᠡᠨ ᠦᠭᠡᠢ ᠠᠴᠠ ᠪᠣᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠦᠶ᠎ᠡ ᠳᠤ ᠲᠤᠰᠬᠠᠢ ᠰᠠᠯᠠᠭ᠎ᠠ ᠮᠥᠴᠢᠷ᠂ ᠲᠤᠰᠬᠠᠢ ᠮᠡᠷᠭᠡᠵᠢᠯ ᠤᠨ ᠠᠵᠢᠯᠲᠠᠨ ᠤ | ᠬᠠᠮᠢᠶᠠᠷᠤᠯᠲᠠ ᠪᠠᠷ ᠳᠤᠲᠠᠮᠠᠭ ᠪᠣᠯᠵᠤ᠂ ᠣᠳᠣᠬᠠᠨ ᠤ ᠪᠠᠶᠢᠳᠠᠯ ᠳᠣᠣᠷᠠᠬᠢ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠬᠡᠷᠡᠭᠴᠡᠭᠡ ᠶᠢ ᠠᠷᠭᠠᠴᠠᠬᠤ ᠳᠤ ᠬᠦᠴᠢᠷᠲᠡᠢ ᠪᠣᠯᠤᠭᠰᠠᠨ ᠪᠠᠶᠢᠨ᠎ᠠ᠃ | ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ | ᠮᠠᠨ ᠤ ᠰᠢᠶᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠯᠪᠣᠭᠳᠠᠯ | ᠪᠦᠬᠦᠢ ᠵᠣᠷᠢᠭ ᠰᠠᠨᠠᠭ᠎ᠠ ᠪᠠ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠢᠨᠠᠨ ᠰᠢᠯᠭᠠᠯᠲᠠ ᠪᠠᠷ | ᠭᠠᠷᠳᠠᠴᠠ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠬᠢᠷᠢ ᠲᠦᠪᠰᠢᠨ ᠤ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠨ᠎ᠠ᠃ | ᠨᠢᠭᠡ ᠳᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ | ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠳᠤᠮᠳᠠᠳᠤ ᠤᠯᠤᠰ᠂ ᠬᠠᠤᠯᠢ ᠪᠠᠷ ᠵᠠᠰᠠᠬᠤ ᠨᠡᠶᠢᠭᠡᠮ ᠪᠠ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠠᠰᠠᠭ ᠤᠨ ᠣᠷᠳᠣᠨ ᠤ | ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠬᠤ᠂ ᠡᠯ᠎ᠡ ᠲᠠᠯ᠎ᠠ ᠶᠢ ᠵᠣᠬᠢᠴᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ | ᠬᠤᠶᠠᠷ ᠲᠤ ᠬᠠᠤᠯᠢ ᠪᠠᠷ ᠵᠠᠰᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ᠬᠠᠤᠯᠢ ᠪᠠᠷ ᠵᠠᠰᠠᠬᠤ ᠡᠩᠨᠡᠭᠡᠨ ᠤ | ᠪᠠᠶᠢᠭᠤᠯᠤᠯᠲᠠ ᠪᠠ ᠭᠤᠣᠯᠯᠠᠭᠴᠢ ᠬᠦᠴᠦᠨ ᠢ ᠪᠣᠶᠢᠵᠢᠭᠤᠯᠬᠤ ᠡᠷᠴᠢᠮ ᠢ ᠴᠢᠩᠭᠠᠷᠠᠭᠤᠯᠤᠨ᠎ᠠ᠃ᠬᠠᠤᠯᠢ ᠴᠠᠭᠠᠵᠠ ᠶᠢᠨ | ᠵᠥᠪᠯᠡᠭᠴᠢ ᠶᠢᠨ ᠳᠦᠷᠢᠮ ᠢ ᠨᠡᠶᠢᠳᠡᠮ ᠬᠡᠷᠡᠭᠵᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠤᠯᠢ | ᠴᠠᠭᠠᠵᠠ ᠶᠢᠨ ᠵᠥᠪᠯᠡᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠳᠣᠬᠠᠨ ᠤ ᠬᠠᠤᠯᠢ ᠪᠠᠷ ᠵᠠᠰᠠᠬᠤ | ᠠᠵᠢᠯᠲᠠᠨ ᠤ ᠲᠤᠰᠬᠠᠢ ᠮᠡᠷᠭᠡᠵᠢᠯ ᠬᠦᠷᠦᠯᠴᠡᠬᠦ ᠦᠭᠡᠢ ᠪᠠᠶᠢᠬᠤ ᠵᠡᠷᠭᠡ ᠲᠣᠪᠣᠶᠢᠮ᠎ᠠ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠨ᠎ᠡ᠃ | ᠭᠤᠷᠪᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠳᠦᠷᠢᠮ ᠤᠨ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠦᠨ᠎ᠡ᠃︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢ ᠴᠢᠩᠭ᠎ᠠ ᠵᠢᠷᠤᠮᠯᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ | ᠳᠦᠷᠢᠮ︾ ᠢ ᠳᠡᠭᠡᠭᠰᠢᠯᠡᠭᠦᠯᠬᠦ ᠠᠵᠢᠯ ᠤᠨ ᠦᠷ᠎ᠡ ᠪᠦᠲᠦᠮᠵᠢ ᠣᠯᠬᠤ ᠶᠢ ᠪᠥᠬᠦ ᠲᠠᠯ᠎ᠠ ᠪᠠᠷ ᠠᠬᠢᠭᠤᠯᠵᠤ᠂ ᠴᠢᠩᠭ᠎ᠠ | ᠵᠢᠷᠤᠮᠵᠢᠭᠤᠨ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ | ᠳᠥᠷᠪᠡ ᠳᠤ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ | ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠶᠠᠰᠤ ᠴᠢᠨᠠᠷ ᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ | ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠲᠠᠪᠤ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠰᠢᠪᠠᠳᠠᠨ | ᠪᠠᠶᠢᠴᠠᠭᠠᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ | ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠲᠤᠰᠬᠠᠢ | ᠵᠦᠢᠯ ᠢᠶᠠᠷ ᠰᠢᠪᠠᠳᠠᠨ ᠪᠠᠶᠢᠴᠠᠭᠠᠬᠤ ᠠᠵᠢᠯ ᠢ ᠥᠷᠨᠢᠭᠦᠯᠵᠦ᠂ ᠡᠯ᠎ᠡ ᠵᠦᠢᠯ ᠤᠨ ᠠᠵᠢᠯ ᠢ ᠬᠤᠭᠤᠴᠠᠭ᠎ᠠ ᠶᠣᠰᠣᠭᠠᠷ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | | | | |