4 ᠰᠠᠷ᠎ᠠ ᠶᠢᠨ 19 ᠤ ᠡᠳᠦᠷ᠂ ᠵᠦᠸᠧᠽᠢ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠢᠮᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢᠦ ᠹᠦ᠋ | ᠯᠢᠶᠠᠩ ᠬᠤᠷᠠᠯ ᠡᠷᠭᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠫᠧᠩ ᠹᠦ᠋ ᠴᠢᠤᠸᠠᠨ᠂ ᠱᠢ ᠰᠦ ᠹᠧᠨ᠂ ᠼᠤᠤ ᠸᠧᠨ ᠬᠤᠸᠠ ᠬᠤᠷᠠᠯ ᠳᠤ ᠣᠷᠣᠯᠴᠠᠵᠤ᠂ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠽᠧᠩ ᠮᠢᠩ ᠪᠣᠯᠣᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠬᠤᠶᠠᠷ ᠳᠠᠷᠤᠭ᠎ᠠ | ᠬᠤᠷᠠᠯ ᠳᠤ ᠰᠤᠯᠠ ᠣᠷᠣᠯᠴᠠᠪᠠ᠃ | | ᠬᠤᠷᠠᠯ ᠳᠤ ᠣᠷᠣᠯᠴᠠᠬᠤ ᠶᠣᠰᠣᠲᠠᠢ ᠪᠦᠷᠢᠯᠳᠦᠭᠦᠨ 33 ᠬᠥᠮᠥᠨ᠂ ᠪᠣᠳᠠᠲᠠᠢ ᠣᠷᠣᠯᠴᠠᠭᠰᠠᠨ ᠨᠢ 28 ᠬᠥᠮᠥᠨ | ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ | ᠬᠤᠷᠠᠯ ᠠᠴᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2023 | ᠣᠨ ᠤ ᠠᠵᠢᠯ ᠤᠨᠵᠦᠸᠧᠽᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠭᠦᠨ ᠳᠤ ᠲᠣᠬᠢᠷᠠᠭᠤᠯᠤᠯᠲᠠ ᠬᠢᠬᠦ ᠲᠤᠬᠠᠢ | ᠲᠣᠭᠲᠠᠭᠠᠯ ᠢ ᠬᠢᠨᠠᠨ ᠵᠥᠪᠯᠡᠵᠦ ᠪᠠᠲᠤᠯᠠᠨ᠎ᠠ︔ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠮᠢ | ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠤᠨ ᠲᠤᠬᠠᠢ ᠬᠢᠨᠠᠨ ᠵᠥᠪᠯᠡᠭᠰᠡᠨ ᠰᠠᠨᠠᠯ ᠢ | ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠨ᠎ᠠ︔ᠨᠢᠭᠡ ᠯᠡ ᠥᠷᠲᠡᠭᠡᠨ ᠤ ᠮᠠᠶ᠋ᠢᠭ ᠤᠨ | ᠣᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢᠨ ᠠᠵᠢᠯ ᠤᠨ ᠪᠠᠶᠢᠳᠠᠯ ᠤᠨ ᠲᠤᠬᠠᠢ ᠰᠢᠶᠠᠨ ᠤ | ᠠᠷᠠᠳ ᠤᠨ ᠰᠢᠭᠦᠬᠦ ᠬᠤᠷᠢᠶᠠᠨ ᠤ ᠮᠡᠳᠡᠭᠦᠯᠦᠯᠲᠡ ᠶᠢ ᠬᠢᠨᠠᠨ ᠶᠠᠷᠢᠯᠴᠠᠵᠤᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ | ᠴᠢᠩᠭᠠᠳᠬᠠᠭᠰᠠᠨ ᠪᠠᠶᠢᠳᠠᠯ ᠤᠨ ᠲᠤᠬᠠᠢ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠮᠡᠳᠡᠭᠦᠯᠦᠯᠲᠡ ᠶᠢ ᠬᠢᠨᠠᠨ | ᠶᠠᠷᠢᠯᠴᠠᠵᠤ ᠪᠠᠲᠤᠯᠠᠨ᠎ᠠ;ᠬᠤᠷᠠᠯ ᠠᠴᠠ ᠪᠢᠯᠧᠲ ᠥᠭᠴᠦ ᠰᠠᠨᠠᠯ ᠥᠭᠴᠦ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ | ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠪᠠ᠃ᠲᠤᠰᠢᠶᠠᠯ ᠡᠭᠦᠷᠭᠡᠯᠡᠬᠦ ᠪᠠᠷ ᠪᠠᠶᠢᠭ᠎ᠠ | ᠬᠥᠮᠥᠰ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠪᠣᠷ ᠢᠶᠠᠨ ᠢᠯᠡᠳᠬᠡᠬᠦ ᠦᠭᠡ ᠬᠡᠯᠡᠵᠦ᠂ ᠯᠢᠦ ᠹᠦ᠋ ᠯᠢᠶᠠᠩ | ᠲᠤᠰᠢᠶᠠᠯ ᠡᠭᠦᠷᠭᠡᠯᠡᠭᠴᠢ ᠳᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠰᠢᠨ᠎ᠡ ᠲᠤᠰᠢᠶᠠᠯ ᠡᠭᠦᠷᠭᠡᠯᠡᠭᠴᠢ ᠬᠠᠤᠯᠢ | ᠶᠣᠰᠣᠭᠠᠷ ᠦᠨᠳᠦᠰᠦᠨ ᠬᠠᠤᠯᠢ ᠳᠤ ᠲᠠᠩᠭᠠᠷᠢᠭᠯᠠᠪᠠ᠃ | | |