ᠵᠢᠯ ᠤᠨ ᠨᠢᠭᠡ ᠤᠳᠠᠭᠠᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯᠬᠤ ᠭᠡᠵᠦ ᠪᠠᠶᠢᠨ᠎ᠠ᠂ ᠵᠦᠸᠧᠽᠢ | ᠰᠢᠶᠠᠨ ᠤ ᠹᠦ᠋ ᠠᠨ ᠪᠠᠭ᠎ᠠ ᠲᠣᠭᠤᠷᠢᠭ ᠤᠨ ᠠᠯᠢᠮ᠎ᠠ ᠶᠢᠨ ᠬᠤᠸᠠᠷ ᠬᠠᠳᠬᠤᠮᠠᠯ ᠤᠨ ᠨᠤᠲᠤᠭ ᠤᠨ ᠦᠢᠯᠡᠳᠪᠦᠷᠢ ᠶᠢᠨ | ᠲᠠᠰᠤᠭ ᠲᠤ᠂ ᠬᠠᠳᠬᠤᠮᠠᠯᠴᠢᠳ ᠬᠤᠷᠠᠨ ᠴᠤᠭᠯᠠᠷᠠᠵᠤ᠂ ᠬᠠᠳᠬᠤᠮᠠᠯ ᠤᠨ ᠲᠤᠷᠰᠢᠯᠭ᠎ᠠ ᠪᠠᠨ ᠰᠣᠯᠢᠯᠴᠠᠨ ᠶᠠᠷᠢᠯᠴᠠᠵᠤ᠂ | ᠲᠡᠳᠡᠨ ᠤ ᠨᠠᠷᠢᠯᠢᠭ ᠵᠢᠷᠤᠭ ᠲᠥᠯᠥᠪᠯᠡᠭᠡ ᠪᠠ ᠲᠠᠲᠠᠯᠭ᠎ᠠ ᠪᠠᠷ ᠬᠡᠳᠦᠨ ᠬᠡᠰᠡᠭ ᠪᠥᠰ᠂ ᠬᠡᠳᠦᠨ ᠰᠢᠷᠬᠡᠭ ᠬᠠᠳᠬᠤᠮᠠᠯ ᠤᠨ | ᠤᠲᠠᠰᠤᠨ ᠳᠤ ᠰᠦᠭ ᠰᠦᠨᠡᠰᠦ ᠣᠯᠭᠤᠵᠤ᠂ ᠯᠢᠩᠬᠤ᠎ᠠ ᠶᠢᠨ ᠬᠤᠨᠳᠠᠭ᠎ᠠ᠂ ᠦᠨᠦᠷᠲᠦ ᠬᠠᠪᠲᠠᠭ᠎ᠠ᠂ ᠪᠥᠰ ᠪᠠᠷᠰ ᠵᠡᠷᠭᠡ | ᠨᠢᠭᠡ ᠪᠦᠯᠦᠭ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠤᠨ ᠡᠯᠧᠮᠧᠨ᠋ᠲ ᠢᠶᠠᠷ ᠪᠠᠶᠠᠯᠢᠭ ᠥᠪᠡᠷᠮᠢᠴᠡ | ᠣᠨᠴᠠᠯᠢᠭ ᠲᠠᠢ ᠭᠠᠷ ᠤᠷᠠᠯᠠᠯ ᠤᠨ ᠬᠠᠳᠬᠤᠮᠠᠯ ᠤᠨ ᠪᠦᠲᠦᠭᠡᠯ ᠤᠳ ᠰᠢᠨ᠎ᠡ ᠪᠠᠷ ᠲᠣᠳᠣᠷᠠᠨ ᠭᠠᠷᠴᠤ᠂ ᠤᠯᠠᠮᠵᠢᠯᠠᠯᠲᠤ | ᠪᠠᠶᠠᠷ ᠤᠨ ᠡᠳᠦᠷ ᠲᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | | ᠬᠠᠳᠬᠤᠮᠠᠯ ᠪᠣᠯ ᠳᠤᠮᠳᠠᠳᠤ ᠤᠯᠤᠰ ᠤᠨ ᠠᠷᠠᠳ ᠤᠨ ᠤᠯᠠᠮᠵᠢᠯᠠᠯᠲᠤ ᠭᠠᠷ ᠤᠷᠠᠯᠠᠯ ᠤᠨ ᠨᠢᠭᠡ᠂ ᠮᠥᠨ ᠴᠦ ᠮᠢᠩᠭᠠᠨ | ᠵᠢᠯ ᠤᠯᠠᠮᠵᠢᠯᠠᠭᠳᠠᠭᠰᠠᠨ ᠤᠷᠠᠯᠢᠭ ᠤᠨ ᠦᠨᠡᠲᠦ ᠡᠷᠳᠡᠨᠢ ᠶᠤᠮ᠃ᠡᠨᠡᠬᠦ ᠠᠷᠠᠳ ᠤᠨ ᠭᠠᠷ ᠤᠷᠠᠯᠠᠯ ᠤᠨ ᠤᠷ᠎ᠠ ᠮᠡᠷᠭᠡᠵᠢᠯ ᠢ | ᠬᠠᠮᠠᠭᠠᠯᠠᠬᠤ ᠪᠠ ᠤᠯᠠᠮᠵᠢᠯᠠᠬᠤ ᠶᠢᠨ ᠬᠠᠮᠲᠤ ᠣᠨᠳᠣᠣ ᠭᠠᠵᠠᠷ ᠲᠤ ᠨᠡᠭᠦᠭᠰᠡᠨ ᠤᠯᠠᠨ ᠲᠦᠮᠡᠨ ᠤ ᠨᠡᠭᠦᠯᠭᠡᠵᠦ ᠳᠡᠶᠢᠯᠬᠦ᠂ | ᠲᠣᠭᠲᠠᠪᠤᠷᠢᠵᠢᠭᠤᠯᠵᠤ ᠳᠡᠶᠢᠯᠬᠦ᠂ ᠪᠠᠶᠠᠵᠢᠨ ᠴᠢᠨᠡᠭᠡᠯᠢᠭᠵᠢᠬᠦ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠬᠦ ᠶᠢᠨ | ᠲᠥᠯᠥᠭᠡ ᠶᠤᠮ᠃ᠵᠦᠸᠧᠽᠢ ᠰᠢᠶᠠᠨ ᠰᠣᠶᠣᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ | ᠳᠠᠭᠠᠭᠤᠯᠵᠤ᠂ ᠡᠨᠡᠬᠦ ᠠᠷᠠᠳ ᠤᠨ ᠤᠯᠠᠮᠵᠢᠯᠠᠯᠲᠤ ᠭᠠᠷ ᠤᠷᠠᠯᠠᠯ ᠢ ᠶᠡᠬᠡᠪᠡᠷ ᠠᠭᠤᠳᠠᠯᠤᠨ ᠬᠠᠮᠠᠭᠠᠯᠠᠵᠤ᠂ 2021 ᠣᠨ ᠳᠤ | ᠵᠦᠸᠧᠽᠢ ᠰᠢᠶᠠᠨ ᠤ ᠬᠢᠨ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠶᠢ ᠲᠥᠪᠯᠡᠷᠡᠭᠦᠯᠦᠨ ᠲᠥᠪᠬᠢᠨᠡᠭᠦᠯᠬᠦ | ᠭᠠᠵᠠᠷ ᠲᠤ ︽ᠠᠯᠢᠮ᠎ᠠ ᠶᠢᠨ ᠬᠤᠸᠠᠷ ᠬᠠᠳᠬᠤᠮᠠᠯ ᠤᠨ ᠦᠢᠯᠡᠳᠪᠦᠷᠢ ᠶᠢᠨ ᠲᠠᠰᠤᠭ︾ ᠋ ᠢ ᠪᠠᠶᠢᠭᠤᠯᠵᠤ᠂ ᠬᠠᠮᠤᠭ | ᠠᠩᠬᠠᠨ ᠤ 12 ᠬᠠᠳᠬᠤᠮᠠᠯ ᠤᠨ ᠦᠢᠯᠡᠳᠪᠦᠷᠢ ᠶᠢᠨ ᠲᠠᠰᠤᠭ ᠠᠴᠠ ᠤᠳᠤ 84 ᠪᠣᠯᠵᠤ ᠬᠥᠭᠵᠢᠭᠡᠳ᠂ ᠨᠥᠯᠥᠭᠡᠯᠡᠨ | ᠨᠡᠭᠦᠯᠭᠡᠭᠰᠡᠨ ᠡᠷᠦᠬᠡ ᠪᠣᠯᠣᠨ ᠡᠷᠬᠢᠨ ᠲᠣᠭᠤᠷᠢᠨ ᠤ 7 ᠰᠢᠶᠠᠩ ᠪᠠᠯᠭᠠᠰᠤᠨ ᠤ ᠪᠠᠭᠤᠷᠠᠢ ᠬᠥᠳᠡᠯᠮᠦᠷᠢ ᠬᠦᠴᠦᠨ ᠤ | ᠡᠮᠡᠭᠲᠡᠶᠢᠴᠦᠳ ᠢ ᠳᠠᠶᠢᠴᠢᠯᠠᠨ ᠭᠠᠷ ᠤᠷᠠᠯᠠᠯ ᠤᠨ ᠤᠷ᠎ᠠ ᠮᠡᠷᠭᠡᠵᠢᠯ ᠤᠨ ᠣᠨᠴᠠᠯᠢᠭ ᠢ ᠨᠢ ᠪᠠᠳᠠᠷᠠᠭᠤᠯᠵᠤ᠂ ︽ᠬᠤᠷᠤᠭᠤᠨ | ᠦᠵᠦᠭᠦᠷ︾︾ ᠤᠨ ᠤᠷ᠎ᠠ ᠮᠡᠷᠭᠡᠵᠢᠯ ᠢ ᠤᠯᠠᠮᠵᠢᠯᠠᠵᠤ᠂ ᠰᠠᠶᠢᠨ ᠰᠠᠶᠢᠬᠠᠨ ᠠᠮᠢᠳᠤᠷᠠᠯ ᠢ ᠨᠢ ︽ᠬᠠᠳᠬᠤᠬᠤ︾ᠪᠣᠯᠭᠠᠵᠠᠢ᠃ | | ᠬᠠᠳᠬᠤᠮᠠᠯᠴᠢᠨ ᠵᠠᠩ ᠯᠢᠨ᠄ ︽ᠪᠢ ᠡᠨᠡ ᠵᠢᠯ 73 ᠨᠠᠰᠤᠯᠠᠵᠠᠢ᠂ ᠡᠨᠡ ᠬᠦ ᠤᠯᠠᠮᠵᠢᠯᠠᠯᠲᠤ ᠭᠠᠷ ᠤᠷᠠᠯᠠᠯ ᠳᠤ ᠳᠤᠷ᠎ᠠ | ᠪᠠᠭ᠋ᠠᠲᠠᠢ ᠪᠠᠶᠢᠭᠰᠠᠨ᠂ 30 ᠵᠢᠯ ᠤᠨ ᠡᠮᠦᠨ᠎ᠡ ᠪᠢ ᠣᠶᠣᠵᠤ ᠪᠠᠶᠢᠭᠰᠠᠨ᠂ ᠲᠡᠷᠡ ᠦᠶ᠎ᠡ ᠳᠤ ᠬᠥᠮᠥᠰ ᠶᠡᠭᠡ ᠬᠦᠷᠢᠶᠡᠯᠡᠯ ᠲᠠᠢ | ᠪᠠᠶᠢᠭᠰᠠᠨ᠃ ᠵᠣᠭᠤᠰ ᠢᠶᠠᠨ ᠬᠤᠳᠠᠯᠳᠤᠬᠤ ᠶᠢᠨ ᠲᠥᠯᠥᠭᠡ ᠰᠡᠭᠦᠯᠡᠷ ᠨᠢ ᠵᠠᠬ᠎ᠠ ᠳᠡᠯᠭᠡᠭᠦᠷ ᠲᠤ ᠠᠪᠠᠴᠢᠵᠤ ᠬᠤᠳᠠᠯᠳᠤᠪᠠ᠂ | ᠬᠠᠮᠤᠭ ᠰᠡᠬᠦᠯ ᠳᠤᠨᠢ ᠰᠣᠨᠢᠨ ᠮᠡᠳᠡᠭᠡᠨ ᠤ ᠵᠠᠭᠤᠴᠢ ᠶᠢᠨ ᠬᠢᠨ ᠪᠠᠰᠠ ᠰᠤᠷᠪᠤᠯᠵᠢᠯᠠᠨ ᠮᠡᠳᠡᠭᠡᠯᠡᠵᠦ ᠥᠩᠭᠡᠷᠡᠵᠡᠢ᠃ ᠡᠨᠡ | ᠵᠢᠭᠠᠬᠠᠨ ᠤᠷ᠎ᠠ ᠮᠡᠷᠭᠡᠵᠢᠯ ᠢᠶᠠᠨ ᠠᠯᠳᠠᠬᠤ ᠠᠴᠠ ᠠᠶᠤᠭᠠᠳ ᠣᠳᠣ ᠪᠠᠰᠠ ᠵᠠᠯᠠᠭᠤᠴᠤᠳ ᠢ ᠳᠠᠭᠠᠭᠤᠯᠵᠤ᠂ ᠡᠨᠡ ᠤᠷ᠎ᠠ | ᠮᠡᠷᠭᠡᠵᠢᠯ ᠢ ᠰᠣᠷᠣᠨ᠎ᠠ᠃ ᠪᠠᠷᠰ ᠢ ᠣᠶᠣᠬᠤ ᠪᠠᠷ ᠳᠡᠮᠵᠢᠨ᠂ ᠲᠡᠳᠡᠨ ᠢ ᠳᠠᠭᠠᠭᠤᠯᠤᠨ ᠪᠠᠭ᠎ᠠ ᠰᠠᠭ᠎ᠠ ᠵᠣᠭᠤᠰ ᠣᠯᠵᠤ᠂ | ᠪᠠᠭ᠎ᠠ ᠰᠠᠭ᠎ᠠ ᠤᠷ᠎ᠠ ᠮᠡᠷᠭᠡᠵᠢᠯ ᠰᠤᠷᠤᠭᠰᠠᠨ ᠳᠠᠭᠠᠨ ᠪᠢ ᠪᠠᠰᠠ ᠶᠡᠭᠡ ᠪᠠᠶᠠᠷ ᠲᠠᠢ ᠪᠠᠶᠢᠨ᠎ᠠ︾ ᠭᠡᠵᠦ ᠬᠡᠯᠡᠪᠡ᠃ | | ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠦᠢᠯᠡᠳᠪᠦᠷᠢ ᠶᠢᠨ ᠲᠠᠰᠤᠭ ᠦᠢᠯᠡᠳᠪᠦᠷᠢᠯᠡᠯ ᠢᠶᠠᠨ ᠵᠣᠭᠰᠣᠭᠠᠭᠰᠠᠨ | ᠦᠭᠡᠢ᠂ ᠬᠠᠳᠬᠤᠮᠠᠯᠴᠢᠳ ᠢ ᠵᠣᠬᠢᠶᠠᠨ ᠪᠠᠶᠢᠭᠤᠯᠵᠤ ᠭᠡᠷ ᠲᠡᠭᠡᠨ ᠬᠠᠳᠬᠤᠮᠠᠯ ᠬᠠᠳᠬᠤᠭᠠᠳ ᠨᠡᠶᠢᠲᠡ 25 ᠲᠦᠮᠡᠨ | ᠲᠥᠭᠦᠷᠢᠭ ᠤᠨ ᠠᠰᠢᠭ ᠣᠷᠣᠯᠭ᠎ᠠ ᠣᠯᠵᠠᠢ᠃ᠣᠲᠣ ᠪᠣᠯᠲᠠᠯ᠎ᠠ᠂ ᠦᠢᠯᠡᠳᠪᠦᠷᠢ ᠶᠢᠨ ᠲᠠᠰᠤᠭ ᠤᠨ ᠦᠢᠯᠡᠳᠦᠭᠰᠡᠨ ᠭᠠᠷ | ᠤᠷᠠᠯᠠᠯ ᠤᠨ ᠰᠣᠳᠣᠨ ᠪᠦᠲᠦᠭᠡᠯ 8000 ᠭᠠᠷᠤᠢ ᠪᠠᠶᠢᠵᠤ᠂ ᠬᠠᠳᠬᠤᠮᠠᠯ ᠨᠢ ᠲᠠᠰᠤᠷᠠᠯᠲᠠ ᠦᠭᠡᠢ ᠬᠠᠭᠤᠴᠢᠨ ᠢ ᠤᠷᠬᠢᠨ | ᠰᠢᠨ᠎ᠡ ᠶᠢ ᠡᠭᠦᠳᠴᠦ᠂ ᠬᠠᠮᠤᠭ ᠤᠨ ᠠᠩᠬᠠᠨ ᠤ ᠭᠠᠭᠴᠠ ᠭᠠᠷ ᠤᠷᠠᠯᠠᠯ ᠤᠨ ᠱᠠᠬᠠᠢ ᠶᠢᠨ ᠤᠯᠠᠪᠴᠢ ᠪᠠᠶᠢᠭᠰᠠᠨ ᠠᠴᠠ ᠪᠠᠨ | ᠥᠷᠭᠡᠵᠢᠭᠡᠳ ᠣᠲᠣ ᠶᠢᠨ ᠭᠤᠷᠪᠠᠨ ᠶᠡᠭᠡ ᠲᠥᠷᠥᠯ ᠤᠨ 80 ᠭᠠᠷᠤᠢ ᠲᠥᠷᠥᠯ ᠵᠦᠢᠯ ᠪᠣᠯᠵᠠᠢ᠂ ᠡᠭᠦᠨ ᠳᠤ | ᠬᠠᠳᠬᠤᠮᠠᠯ ᠤᠨ ᠡᠯᠭᠦᠮᠡᠯ ᠵᠢᠷᠤᠭ᠂ ᠳᠡᠯᠭᠡᠮᠡᠯ ᠡᠳ᠋᠂ ᠰᠢᠷᠡᠭᠡᠨ ᠤ ᠲᠤᠭ᠂ ᠴᠠᠢ ᠶᠢᠨ ᠤᠯᠠᠪᠴᠢ᠂ ᠴᠣᠮᠣ ᠶᠢᠨ ᠤᠯᠠᠪᠴᠢ | ᠵᠡᠷᠭᠡ ᠲᠥᠷᠥᠯ ᠵᠦᠢᠯ ᠵᠢᠴᠢ ᠤᠯᠠᠭᠠᠨ ᠥᠩᠭᠡ ᠶᠢᠨ ᠭᠤᠣᠯ ᠰᠡᠳᠦᠪᠲᠦ ᠰᠢᠷᠢᠰ ᠪᠦᠲᠦᠭᠡᠯ ᠪᠠᠭᠲᠠᠨ᠎ᠠ᠃ | | ᠬᠠᠳᠬᠤᠮᠠᠯ ᠤᠨ ᠪᠦᠲᠦᠭᠡᠯ ᠪᠣᠯᠭᠠᠨ ᠳᠤ ᠭᠤᠶᠣ ᠰᠠᠶᠢᠬᠠᠨ ᠶᠣᠭᠲᠠ ᠤᠳᠬ᠎ᠠ ᠠᠭᠤᠯᠤᠭᠳᠠᠵᠤ᠂ ᠣᠯᠠᠨ ᠤ ᠬᠠᠮᠤᠭ ᠤᠨ | ᠪᠣᠷᠣᠭᠵᠢᠭᠤᠨ ᠬᠠᠶᠢᠷ᠎ᠠ ᠰᠡᠳᠬᠢᠯᠭᠡ ᠶᠢ ᠠᠬᠤᠭᠤᠯᠵᠤ ᠪᠠᠶᠢᠳᠠᠭ᠃ᠵᠢᠵᠢᠭᠬᠡᠨ ᠠᠯᠢᠮ᠎ᠠ ᠶᠢᠨ ᠬᠤᠸᠠᠷ ᠤᠨ ᠬᠠᠳᠬᠤᠮᠠᠯ ᠢ | ᠤᠷᠠᠯᠠᠨ ᠲᠥᠰᠥᠪᠯᠡᠬᠦ ᠠᠴᠠ ᠡᠰᠬᠡᠵᠦ ᠣᠶᠣᠬᠤ ᠬᠦᠷᠲᠡᠯ᠎ᠡ᠂ ᠦᠨᠦᠷᠲᠦ ᠤᠭᠤᠲᠠᠨ ᠳᠤ ᠡᠪᠡᠰᠦᠨ ᠡᠮ ᠨᠠᠶᠢᠷᠠᠭᠤᠯᠬᠤ | ᠬᠦᠷᠲᠡᠯ᠎ᠡ᠂ ᠡᠲᠡᠭᠡᠷ ᠠᠵᠢᠯ ᠤᠨ ᠳᠠᠷᠠᠭᠠᠯᠠᠯ ᠪᠠ ᠨᠠᠷᠢᠨ ᠵᠦᠢᠯᠡᠰ ᠲᠤ ᠴᠥᠮ ᠮᠠᠨ ᠤ ᠤᠯᠤᠰ ᠤᠨ ᠤᠯᠠᠮᠵᠢᠯᠠᠯᠲᠤ ᠰᠣᠶᠣᠯ | ᠢ ᠰᠢᠩᠭᠡᠭᠡᠵᠦ ᠪᠠᠶᠢᠳᠠᠭ ᠪᠥᠭᠡᠳ ᠬᠠᠳᠬᠤᠮᠠᠯᠴᠢᠳ ᠤᠨ ᠲᠡᠭᠦᠯᠳᠡᠷ ᠰᠠᠶᠢᠬᠠᠨ ᠢ ᠬᠥᠭᠡᠭᠡᠴᠡᠯᠳᠦᠨ᠂ ᠨᠢᠭᠲᠠ ᠠᠴᠠ | ᠨᠢᠭᠲᠠ ᠪᠠᠶᠢᠬᠤ ᠤᠷᠠᠨ ᠳᠠᠷᠬᠠᠨ ᠤ ᠵᠣᠷᠢᠭ ᠰᠠᠨᠠᠭ᠎ᠠ ᠶᠢ ᠴᠤ ᠢᠯᠡᠷᠡᠭᠦᠯᠵᠦ ᠪᠠᠶᠢᠳᠠᠭ᠃ᠡᠨᠡ ᠵᠢᠯ ᠤᠨ 4 ᠰᠠᠷ᠎ᠠ ᠳᠤ | ᠵᠦᠸᠧᠽᠢ ᠰᠢᠶᠠᠨ ᠤ ︽ᠠᠯᠢᠮ᠎ᠠ ᠶᠢᠨ ᠬᠤᠸᠠᠷ ᠬᠠᠳᠬᠤᠮᠠᠯ ᠤᠨ ᠨᠤᠲᠤᠭ ᠤᠨ ᠦᠢᠯᠡᠳᠪᠦᠷᠢ ᠶᠢᠨ ᠲᠠᠰᠤᠭ︾ ᠤᠨ 3 | ᠬᠠᠳᠬᠤᠮᠠᠯ ᠤᠨ ᠠᠵᠢᠯᠴᠢᠨ ᠤᠯᠠᠭᠠᠨᠴᠠᠪ ᠬᠤᠲᠠ ᠶᠢᠨ ᠠᠩᠬᠠᠳᠤᠭᠠᠷ ᠬᠤᠭᠤᠴᠠᠭᠠᠨ ᠤ ᠬᠥᠳᠡᠭᠡ ᠲᠣᠰᠬᠤᠨ ᠤ ᠤᠷᠠᠨ | ᠳᠠᠷᠬᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠴᠣᠯᠭᠤᠷᠠᠨ ᠭᠠᠷᠴᠤ᠂ ᠱᠠᠩᠨᠠᠯ ᠭᠥᠷᠳᠡᠪᠡ᠃ | ᠢᠲᠡᠭᠡᠯ ᠲᠠᠢ ᠪᠣᠯᠪᠠᠰᠤ ᠠᠯᠤᠰ ᠢ ᠵᠣᠷᠢᠨ᠎ᠠ᠃ᠬᠠᠲᠠᠭᠤᠵᠢᠬᠤ ᠶᠢ ᠯᠠ ᠡᠷᠬᠢᠮᠯᠡᠪᠡᠯ ᠰᠠᠶ᠋ᠢ ᠬᠠᠰ ᠤᠨ ᠠᠮᠵᠢᠯᠲᠠ ᠶᠢ ᠣᠯᠣᠨ᠎ᠠ᠃ | ᠬᠡᠳᠦᠨ ᠵᠢᠯ ᠤᠨ ᠬᠤᠭᠤᠷᠣᠨᠳᠤ᠂︽ᠠᠯᠢᠮ᠎ᠠ ᠶᠢᠨ ᠬᠤᠸᠠᠷ ᠬᠠᠳᠬᠤᠮᠠᠯ︾ᠭᠠᠷ ᠤᠷᠠᠯᠠᠯ ᠤᠨ ᠬᠠᠳᠬᠤᠮᠠᠯ ᠤᠨ ᠪᠦᠲᠦᠭᠡᠯ ᠨᠢ | ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠬᠥᠮᠥᠰ ᠤᠨ ᠪᠠᠭ᠋ᠠᠷᠬᠠᠯ ᠢ ᠲᠠᠲᠠᠵᠤ᠂ ᠵᠦᠸᠧᠽᠢ ᠰᠢᠶᠠᠨ ᠤ ᠪᠠᠰᠠ | ᠨᠢᠭᠡᠨ ᠭᠤᠶᠤ ᠰᠠᠶᠢᠬᠠᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ | | ᠠᠯᠢᠮ᠎ᠠ ᠶᠢᠨ ᠬᠤᠸᠠᠷ ᠬᠠᠳᠬᠤᠮᠠᠯ ᠤᠨ ᠦᠢᠯᠡᠳᠪᠦᠷᠢ ᠶᠢᠨ ᠲᠠᠰᠤᠭ ᠤᠨ ᠡᠷᠬᠢᠯᠡᠭᠴᠢ ᠴᠠᠩ ᠶᠦᠨ ᠬᠤ᠄︽ᠤᠳᠠᠯ ᠦᠭᠡᠢ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠥᠩᠭᠡᠷᠡᠬᠦ ᠳᠤ᠂ ᠮᠠᠨ ᠤ ᠬᠠᠳᠬᠤᠮᠠᠯᠴᠢᠳ ᠲᠤᠰᠬᠠᠶᠢᠯᠠᠨ | ᠨᠢᠭᠡ ᠪᠦᠯᠦᠭ ᠯᠢᠩᠬᠤ᠎ᠠ ᠶᠢᠨ ᠪᠦᠷᠢᠶᠡᠰᠦ ᠶᠢ ᠬᠢᠵᠦ ᠭᠠᠷᠭᠠᠪᠠ᠂ ᠯᠢᠩᠬᠤ᠎ᠠ ᠶᠢᠨ ᠪᠦᠷᠢᠶᠡᠰᠦ ᠶᠢᠨ ᠳᠣᠲᠣᠷ᠎ᠠ ᠶᠢᠰᠦᠨ | ᠵᠦᠢᠯ ᠤᠨ ᠬᠢᠲᠠᠳ ᠡᠮ ᠪᠤᠢ᠂ ᠳᠣᠲᠣᠷ᠎ᠠ ᠨᠢ ᠪᠠᠳᠷᠠᠰᠢ᠂ ᠭᠠᠪᠤᠷ ᠪᠤᠢ᠃ ᠭᠤᠣᠯᠳᠠᠭᠤ ᠪᠠᠲᠠᠭᠠᠨ᠎ᠠ ᠪᠠᠲᠠᠭᠠᠨ᠎ᠠ ᠶᠢ | ᠰᠡᠷᠭᠡᠶᠢᠯᠡᠵᠦ᠂ ᠸᠢᠷᠦ᠋ᠰ ᠢ ᠰᠡᠷᠭᠡᠶᠢᠯᠡᠵᠦ᠂ ᠬᠥᠮᠥᠨ ᠤ ᠪᠡᠶ᠎ᠡ ᠶᠢᠨ ᠡᠷᠡᠭᠦᠯ ᠴᠢᠭᠢᠷᠠᠭ ᠲᠤ ᠬᠠᠪᠰᠤᠷᠤᠮᠵᠢ ᠪᠣᠯᠳᠠᠭ᠃ ᠪᠢᠳᠡ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ ᠣᠨᠴᠣᠭᠤᠢᠯᠠᠨ ᠬᠤᠶᠠᠷ ᠵᠤᠷᠪᠤᠰ ᠢ ᠭᠠᠷᠭᠠᠭᠰᠠᠨ | ᠶᠤᠮ᠂ ᠨᠢᠭᠡ ᠨᠢ ᠯᠢᠩᠬᠤ᠎ᠠ ᠶᠢᠨ ᠬᠤᠨᠳᠠᠭ᠎ᠠ᠂ ᠯᠢᠩᠬᠤ᠎ᠠ ᠶᠢᠨ ᠬᠤᠨᠳᠠᠭ᠎ᠠ ᠪᠣᠯ ᠰᠠᠢᠬᠠᠨ ᠬᠤᠪᠢ ᠵᠠᠶᠠᠭ᠎ᠠ ᠲᠠᠢ᠂ ᠦᠷ᠎ᠡ | ᠬᠡᠦᠬᠡᠳ ᠲᠠᠢ ᠪᠠᠨ ᠰᠠᠢᠬᠠᠨ᠂ ᠶᠣᠭᠲᠠ ᠤᠳᠬ᠎ᠠ ᠲᠠᠢ᠃ ᠪᠠᠰᠠ ᠡᠶᠢᠮᠦ ᠱᠠᠪᠲᠠᠯ᠎ᠠ ᠪᠤᠢ᠂ ᠱᠠᠪᠲᠠᠯ᠎ᠠ ᠪᠣᠯ ᠶᠠᠪᠤᠳᠠᠯ ᠪᠦᠬᠦᠨ ᠤ | ᠰᠠᠨᠠᠭᠰᠠᠨ ᠢᠶᠠᠷ ᠪᠦᠲᠦᠬᠦ ᠶᠢ ᠲᠥᠯᠥᠭᠡᠯᠡᠵᠦ ᠪᠠᠶᠢᠳᠠᠭ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ | ᠬᠤᠭᠤᠴᠠᠭᠠᠨ ᠳᠤ ᠡᠨᠡ ᠬᠤᠶᠠᠷ ᠵᠦᠢᠯ ᠤᠨ ᠦᠢᠯᠡᠳᠬᠦᠨ ᠣᠯᠠᠨ ᠤ ᠬᠦᠷᠢᠶᠡᠯᠡᠯ ᠢ ᠶᠡᠬᠡᠳᠡ ᠣᠯᠵᠤ᠂ ᠶᠡᠭᠡ ᠰᠠᠶᠢᠨ | ᠬᠤᠳᠠᠯᠳᠤᠵᠤ ᠪᠠᠶᠢᠨ᠎ᠠ︾ ᠭᠡᠵᠡᠢ᠃ | ᠵᠦᠸᠧᠽᠢ ᠰᠢᠶᠠᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠥᠳᠡᠭᠡ ᠲᠣᠰᠬᠤᠨ ᠤ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠠᠵᠢᠯ ᠢ ᠲᠠᠰᠤᠷᠠᠯᠲᠠ ᠦᠭᠡᠢ ᠠᠬᠢᠭᠤᠯᠬᠤ ᠪᠣᠯᠣᠨ᠎ᠠ᠃︽ᠠᠯᠢᠮ᠎ᠠ ᠶᠢᠨ ᠴᠡᠴᠡᠭ ᠤᠨ | ᠬᠠᠳᠬᠤᠮᠠᠯ︾ ᠤᠨ ᠡᠷᠲᠡᠨ ᠤ ᠠᠷᠭ᠎ᠠ ᠶᠢ ᠤᠯᠠᠮᠵᠢᠯᠠᠨ ᠵᠠᠯᠭᠠᠮᠵᠢᠯᠠᠵᠤ᠂ ᠬᠠᠳᠬᠤᠮᠠᠯ ᠤᠨ ᠠᠵᠤ ᠦᠢᠯᠡᠰ ᠤᠨ ᠰᠢᠨ᠎ᠡ ᠶᠢ | ᠡᠭᠦᠳᠬᠦ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠵᠡᠭᠦᠨ ᠪᠠᠷᠠᠭᠤᠨ ᠣᠷᠣᠨ ᠤ ᠬᠠᠮᠵᠢᠯᠴᠠᠬᠤ ᠲᠠᠪᠴᠠᠩ ᠳᠤ | ᠲᠦᠰᠢᠭᠯᠡᠨ᠂ ︽ᠠᠯᠢᠮ᠎ᠠ ᠶᠢᠨ ᠴᠡᠴᠡᠭ ᠤᠨ ᠬᠠᠳᠬᠤᠮᠠᠯ︾ ᠤᠨ ᠤᠯᠠᠮᠵᠢᠯᠠᠯᠲᠤ ᠭᠠᠷ ᠤᠷᠠᠯᠠᠯ ᠢ ᠪᠠᠳᠠᠷᠠᠭᠤᠯᠤᠨ | ᠳᠡᠯᠭᠡᠷᠡᠭᠦᠯᠵᠦ᠂ ᠥᠪᠡᠷᠮᠢᠴᠡ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ᠨᠢᠭᠡ ᠪᠦᠯᠦᠭ ᠰᠢᠯᠢᠳᠡᠭ | ᠤᠷᠠᠨ ᠳᠠᠷᠬᠠᠨ ᠢ ᠴᠢᠷᠮᠠᠶᠢᠨ ᠬᠥᠮᠥᠵᠢᠭᠦᠯᠵᠦ᠂ ᠤᠷᠠᠨ ᠨᠠᠷᠢᠯᠢᠭ ᠤᠷ᠎ᠠ ᠮᠡᠷᠭᠡᠵᠢᠯ ᠲᠠᠢ ᠬᠥᠳᠡᠭᠡ ᠲᠣᠰᠬᠤᠨ ᠤ ᠤᠷᠠᠨ | ᠳᠠᠷᠬᠠᠨ ᠤ ᠡᠩᠨᠡᠭᠡ ᠶᠢ ᠲᠠᠶᠢᠴᠢᠯᠠᠨ ᠪᠠᠶᠢᠭᠤᠯᠵᠤ᠂ ᠬᠥᠳᠡᠭᠡ ᠲᠣᠰᠬᠤᠨ ᠤ ᠤᠯᠠᠮᠵᠢᠯᠠᠯᠲᠤ ᠭᠠᠷ ᠤᠷᠠᠯᠠᠯ ᠤᠨ ᠰᠢᠨ᠎ᠡ ᠴᠠᠭ | ᠦᠶ᠎ᠡ ᠳᠤ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ ᠶᠢ ᠠᠬᠢᠭᠤᠯᠬᠤ ᠬᠡᠷᠡᠭᠲᠡᠢ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |