| ᠵᠣᠣ ᠬᠠᠨᠤᠯᠤᠰ ᠤᠨ ᠬᠠᠭᠤᠴᠢᠨ ᠨᠤᠲᠤᠭ︱ᠰᠢᠶᠠᠨ ᠤ ᠬᠢᠯᠢ ᠶᠢᠨ ᠬᠠᠭᠤᠴᠢᠨ ᠴᠢᠯᠠᠭᠤᠨ ᠵᠡᠪᠰᠡᠭ ᠤᠨ | ᠰᠡᠭᠦᠯᠴᠢ ᠶᠢᠨ ᠦᠶ᠎ᠡ ᠳᠤ ᠳᠠᠷᠤᠢ ᠡᠪᠦᠭᠡᠲ᠋ᠡᠭᠡᠳᠦᠰ ᠠᠵᠤ ᠲᠥᠷᠥᠵᠦ᠂ ᠪᠠᠶᠢᠯᠳᠤᠭᠠᠨᠲᠤ ᠤᠯᠤᠰ᠂ ᠬᠤᠶᠠᠷ ᠬᠠᠨ | ᠤᠯᠤᠰ ᠤᠨ ᠦᠶ᠎ᠡ ᠳᠤ ᠳᠠᠷᠤᠢ ᠶᠦᠨ ᠵᠥᠩ᠂ ᠳ᠋ᠢᠩ ᠰᠢᠶᠠᠩ᠂ ᠶᠠᠨ ᠮᠧᠨ᠂ ᠦ᠋ ᠶᠣᠣ ᠵᠡᠷᠭᠡ ᠵᠢᠶᠦ᠋ᠨ ᠰᠢᠶᠠᠨ ᠢ | ᠪᠠᠶᠢᠭᠤᠯᠵᠤ᠂ ᠡᠷᠲᠡᠨ ᠤ ᠵᠣᠣᠤᠯᠤᠰ ᠤᠨ ᠤᠮᠠᠷᠠᠲᠤ ᠬᠡᠰᠡᠭ ᠤᠨ ᠤᠷᠲᠤ ᠴᠠᠭᠠᠨ ᠬᠡᠷᠡᠮ ᠪᠠ ᠮᠠᠰᠢ ᠣᠯᠠᠨ | ᠡᠷᠲᠡᠨ ᠤ ᠬᠤᠲᠠ ᠶᠢᠨ ᠪᠠᠭᠤᠷᠢ ᠶᠢ ᠦᠯᠡᠳᠡᠭᠡᠭᠰᠡᠨ ᠪᠠᠶᠢᠨ᠎ᠠ᠃ᠬᠢᠯᠢ ᠶᠢᠨ ᠳᠣᠲᠣᠷᠠᠬᠢ ᠬᠠᠲᠤᠨ ᠭᠤᠣᠯ ᠤᠨ ᠰᠣᠶᠣᠯ᠂ | ᠲᠠᠯ᠎ᠠ ᠨᠤᠲᠤᠭ ᠤᠨᠰᠣᠶᠣᠯ᠂ ᠬᠤᠪᠢᠰᠬᠠᠯ ᠤᠨ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ ᠠᠭᠤᠰᠤᠯᠴᠠᠨ | ᠠᠭᠤᠰᠤᠯᠴᠠᠵᠤ᠂ᠭᠠᠵᠠᠷ ᠣᠷᠣᠨ ᠤ ᠣᠨᠴᠠᠯᠢᠭ ᠢᠶᠠᠷ ᠲᠤᠶᠢᠯ ᠤᠨ ᠪᠠᠶᠠᠯᠢᠭ ᠶᠡᠭᠡ ᠬᠠᠷ᠎ᠠ ᠭᠤᠣᠯ ᠤᠨ | ᠰᠣᠶᠣᠯ ᠢᠪᠦ᠋ᠷᠢᠯᠳᠦᠭᠦᠯᠵᠦ᠂ ᠦᠶ᠎ᠡ ᠦᠶ᠎ᠡ ᠶᠢᠨ ᠭᠠᠷᠮᠠᠭᠠᠢ ᠬᠥᠮᠥᠰ ᠢ ᠨᠥᠯᠥᠭᠡᠯᠡᠪᠡ᠃ᠵᠦᠸᠧᠽᠢ ᠶᠢᠨ ᠤᠲᠤᠮᠠᠯ | ᠲᠠᠬᠢᠶᠠᠵᠠᠭᠤᠨ ᠵᠢᠯ ᠤᠨ ᠠᠩᠬᠢᠯᠤᠮ᠎ᠠ ᠦᠨᠦᠷ ᠬᠠᠩᠬᠤᠯᠵᠤ᠂ ᠨᠣᠮ ᠤᠨ ᠵᠠᠬ᠎ᠠ ᠳᠡᠯᠭᠡᠭᠦᠷ ᠲᠤ ᠨᠡᠷᠡᠠᠯᠳᠠᠷᠰᠢᠵᠤ᠂ | ︽ᠤᠲᠤᠮᠠᠯ ᠲᠠᠬᠢᠶ᠎ᠠ ᠶᠢᠨ ᠨᠤᠲᠤᠭ︾᠂︽ᠨᠣᠮ ᠤᠨ ᠬᠤᠳᠠ︾ᠭᠡᠬᠦ ᠰᠠᠶᠢᠬᠠᠨ ᠠᠯᠳᠠᠷ ᠲᠠᠢ ᠪᠠᠶᠢᠵᠤ᠂ᠣᠶᠢᠷ᠎ᠠ ᠶᠢᠨ | ᠵᠢᠯ ᠤᠳ ᠲᠤ ᠳᠤᠮᠳᠠᠳᠤ ᠶᠢᠨ ᠰᠢᠯᠦᠭ ᠳᠠᠭᠤᠯᠠᠯ ᠤᠨ ᠨᠤᠲᠤᠭ᠂ ᠤᠯᠤᠰ ᠤᠨ ᠡᠷᠡᠭᠦᠯᠬᠠᠮᠠᠭᠠᠯᠠᠯ ᠤᠨ ᠰᠢᠶᠠᠨ ᠤ | ᠬᠤᠳᠠ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠦᠨᠲ᠋ᠠᠪᠰᠢᠯᠳᠠ ᠶᠢᠨ ᠰᠢᠶᠠᠨ᠂ ᠤᠯᠤᠰ ᠤᠨ ᠡᠮ ᠤᠨ | ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠵᠢᠱᠢᠶ᠎ᠡᠦᠵᠡᠭᠦᠯᠬᠦ ᠰᠢᠶᠠᠨ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ | ᠰᠢᠶᠠᠨ ᠤ ᠬᠤᠳᠠ᠂ ᠥᠪᠡᠷᠲᠡᠭᠡᠨ ᠵᠠᠰᠠᠬᠤᠣᠷᠣᠨ ᠤ ᠴᠡᠴᠡᠷᠯᠢᠭ ᠤᠨ ᠰᠢᠶᠠᠨ ᠤ ᠬᠤᠳᠠ ᠵᠡᠷᠭᠡ ᠤᠯᠤᠰ ᠪᠠ | ᠲᠣᠭᠤᠷᠢᠭ᠂ ᠬᠤᠳᠠ ᠶᠢᠨ ᠲᠡᠰ ᠤᠨ 20 ᠭᠠᠷᠤᠢᠵᠦ᠋ᠢᠯ ᠤᠨ ᠢᠷᠠᠭᠤ ᠠᠯᠳᠠᠷ ᠢ ᠬᠦᠷᠲᠡᠵᠡᠢ᠃ | |