ᠡᠬᠢ ᠪᠠᠶᠠᠯᠢᠭ ᠤᠨ ᠡᠷᠳᠡᠨᠢ ᠶᠢᠨ ᠣᠷᠣᠨ
ᠨᠡᠶᠢᠲᠡᠯᠡᠭᠰᠡᠨ ᠴᠠᠭ᠄
2023/7/19

ᠡᠬᠢ‌‍ᠪᠠᠶᠠᠯᠢᠭ ᠤᠨ ᠡᠷᠳᠡᠨᠢ ᠶᠢᠨ ᠣᠷᠣᠨ ︱ ᠰᠢᠶᠠᠨ ᠤ ᠬᠢᠯᠢ ᠶᠢᠨ ᠤᠰᠤᠨ ᠬᠦᠴᠦᠨ ᠤ ᠡᠬᠢ ᠪᠠᠶᠠᠯᠢᠭ

ᠡᠯᠪᠡᠭ‌‍ᠲ᠋ᠡᠯᠪᠡᠭ ᠪᠠᠶᠢᠵᠤ᠂ ᠬᠠᠲᠤᠨ ᠭᠤᠣᠯ ᠤᠨ ᠨᠢᠭᠡᠳᠦᠭᠡᠷ ᠳᠡᠰ ᠤᠨ ᠴᠢᠳᠬᠤᠯᠠᠩ ᠤᠨ ᠶᠡᠭᠡ ᠬᠠᠷ᠎ᠠ

ᠭᠤᠣᠯ ‍ᠤᠨ‌‍ᠬᠢᠯᠢ ᠳᠣᠲᠣᠷᠠᠬᠢ ᠤᠷᠤᠰᠬᠠᠯ ᠤᠨ ᠣᠷᠳᠣ ᠨᠢ 86 ᠺᠢᠯᠣᠮᠧᠲᠷ ᠪᠠᠶᠢᠵᠤ᠂ ᠤᠰᠤᠨ ᠤ ᠡᠬᠢ

ᠪᠠᠶᠠᠯᠢᠭ ‍ᠤᠨ‌‍ᠶᠡᠷᠦᠩᠬᠡᠢ ᠬᠡᠮᠵᠢᠶ᠎ᠡ ᠨᠢ ᠵᠢᠯ ᠳᠤ 1.95 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂

ᠬᠥᠮᠥᠨ‌‍ᠪᠦ᠋ᠷᠢ ᠳᠤ ᠳᠤᠮᠳᠠᠴᠢ ᠪᠠᠷ ᠨᠣᠭᠳᠠᠬᠤ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠨᠢ

ᠵᠢᠯ ᠳᠤ1017 ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ 3 ᠤᠰᠤᠨ ᠴᠥᠭᠦᠷᠥᠮ ᠢ ᠪᠠᠶᠢᠭᠤᠯᠤᠨ

ᠳᠠᠭᠤᠰᠬᠠᠵᠤ᠂ᠶᠡᠷᠦᠩᠬᠡᠢ ᠴᠥᠭᠦᠷᠥᠮ ᠤᠨ ᠪᠠᠭᠲᠠᠭᠠᠮᠵᠢ ᠨᠢ 5902 ᠲᠦᠮᠡᠨ ᠪᠣᠰᠤᠭ᠎ᠠ ᠳᠥᠷᠪᠡᠯᠵᠢᠨ ᠮᠧᠲᠷ ᠲᠤ

ᠬᠥᠷᠪᠡ᠃ᠥᠩᠭᠡ ᠦᠵᠡᠮᠵᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠡᠯᠪᠡᠭ᠂ ᠠᠰᠢᠭᠲᠤ ᠰᠠᠯᠬᠢᠨ ᠤ ᠴᠠᠭ ᠣᠯᠠᠨ᠂

ᠰᠠᠯᠬᠢᠨ ᠤ ᠡᠨᠧᠷᠭᠢ ᠶᠢᠨ ᠴᠢᠨᠠᠷ ᠲᠠᠰ ᠥᠨᠳᠥᠷ᠂ ᠭᠠᠵᠠᠷ ᠤᠨ ᠨᠢᠭᠤᠷ  ᠠᠴᠠ ᠳᠡᠭᠡᠭᠰᠢ 70

ᠮᠧᠲᠷ ‍ᠦᠨ‌ᠥᠨᠳᠥᠷ ᠲᠤ ᠵᠢᠯ ᠤᠨ ᠳᠤᠮᠳᠠᠴᠢ ᠰᠠᠯᠬᠢᠨ ᠤ ᠬᠤᠷᠳᠤᠴᠠ ᠨᠢ ᠰᠧᠺᠦ᠋ᠨ᠋ᠳ᠋ ᠪᠦᠷᠢ 7.2 ︱ 8.8 ᠮᠧᠲᠷ

᠂ ᠵᠢᠯ ‍ᠦᠨ‌ᠠᠰᠢᠭᠲᠤ ᠰᠠᠯᠬᠢᠨ ᠤ ᠴᠠᠭ ᠨᠢ 7300 ︱ 8100 ᠴᠠᠭ︔ᠵᠢᠯ ᠤᠨ ᠳᠤᠮᠳᠠᠴᠢ ᠨᠡᠷᠡᠨ ᠤ ᠲᠤᠰᠤᠯᠲᠠ

2900 ᠴᠠᠭ᠂ ᠳᠤᠮᠳᠠᠴᠢ ᠰᠠᠴᠤᠷᠠᠯᠲᠠ ᠶᠢᠨ ᠬᠡᠮᠵᠢᠶ᠎ᠡ ᠨᠢ 5800 ᠰᠠᠶ᠎ᠠ ᠵᠦᠯ/ᠲᠡᠭᠰᠢ ᠳᠥᠷᠪᠡᠯᠵᠢᠨ ᠮᠧᠲᠷ

ᠪᠠᠶᠢᠵᠤ᠂ᠪᠥᠬᠦ ᠤᠯᠤᠰ ᠤᠨ ᠨᠡᠷᠡᠨ ᠤ ᠲᠤᠰᠤᠯᠲᠠ ᠶᠢᠨ ᠥᠨᠳᠥᠷ ᠥᠷᠲᠡᠭᠲᠦ ᠣᠷᠣᠨ ᠳᠤ ᠬᠠᠷᠢᠶᠠᠯᠠᠭᠳᠠᠨ᠎ᠠ᠃

ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠨᠢᠭᠡᠨᠲᠡ ᠡᠯ᠎ᠡ

ᠲᠥᠷᠥᠯ ‍ᠦᠨ‌‍ᠲ᠋ᠡᠮᠦᠷᠯᠢᠭ ᠤᠨ ᠠᠭᠤᠷᠬᠠᠢ᠂ ᠲᠡᠮᠦᠷᠯᠢᠭ ᠪᠤᠰᠤ ᠠᠭᠤᠷᠬᠠᠢ ᠶᠢ 30 ᠭᠠᠷᠤᠢ ᠵᠦᠢᠯ ᠬᠠᠶᠢᠨ ᠲᠣᠳᠣᠯᠠᠵᠤ

᠂ᠡᠭᠦᠨ ᠤ ᠳᠣᠲᠣᠷ᠎ᠠ ᠮᠤᠯᠢᠪᠳᠧᠨ ᠤ ᠠᠭᠤᠷᠬᠠᠢ ᠶᠢᠨ ᠬᠠᠶᠢᠨ ᠲᠣᠳᠣᠯᠠᠭᠰᠠᠨ ᠬᠠᠳᠠᠭᠠᠯᠠᠭᠳᠠᠴᠠ ᠨᠢ 1ᠳ᠋ᠦᠩᠰᠢᠭᠤᠷ

ᠭᠠᠷᠤᠢ ᠲᠣᠨ ᠪᠠᠶᠢᠨ᠎ᠠ᠃

 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2