ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠵᠢᠴᠢ ᠰᠢᠶᠠᠨ ᠳᠤ | ᠰᠠᠭᠤᠭ᠎ᠠ ᠡᠯ᠎ᠡ ᠨᠢᠭᠡᠴᠢ ᠳᠤ᠄ | ︽ᠵᠦᠸᠧᠽᠢ ᠰᠢᠶᠠᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠡᠷᠡᠭᠵᠢᠭᠦᠯᠬᠦ | ᠨᠠᠷᠢᠨ ᠳᠦᠷᠢᠮ︾ ᠢ ᠰᠢᠶᠠᠨ ᠤ ᠠᠷᠠᠳ ᠤᠨ ᠵᠠᠰᠠᠭ ᠤᠨ ᠣᠷᠳᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯᠳᠤᠭᠠᠨ ᠢᠶᠠᠷ ᠨᠢᠭᠡᠨᠲᠡ ᠬᠢᠨᠠᠨ ᠶᠠᠷᠢᠯᠴᠠᠵᠤ ᠪᠠᠲᠤᠯᠠᠪᠠ᠂ ᠤᠳᠤ ᠲᠠ ᠨᠠᠷ ᠲᠤ ᠳᠠᠷᠤᠮᠠᠯᠯᠠᠨ ᠲᠠᠷᠬᠠᠭᠠᠪᠠ᠂ | ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | 2023 ᠣᠨ ᠤ 12 ᠰᠠᠷ᠎ᠠ ᠶᠢᠨ 27 | | | | | ᠵᠦᠸᠧᠽᠢ ᠰᠢᠶᠠᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠡᠷᠡᠭᠵᠢᠭᠦᠯᠬᠦ ᠨᠠᠷᠢᠨ | ᠳᠥ᠋ᠷᠢᠮ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠦᠨᠳᠦᠰᠦ ᠪᠠᠷᠢᠮᠲᠠ ᠄ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ | ᠲᠦᠷᠭᠡᠪᠴᠢᠯᠡᠨ ᠬᠥᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ | ᠲᠥᠷᠥ ᠠᠯᠪᠠᠨ ᠲᠠᠷᠬᠠᠭᠠᠭᠰᠠᠨ ﹇2021﹈ 22 ᠳ᠋ᠤᠭᠠᠷ ᠲᠣᠭᠠᠲᠤ︶ ︽ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢᠨ ᠠᠵᠢᠯ ᠢ ᠲᠦᠷᠭᠡᠳᠬᠡᠨ ᠬᠥᠭᠵᠢᠭᠦᠯᠬᠦ ᠬᠤᠯᠪᠣᠭᠳᠠᠯ ᠪᠦᠬᠦᠢ ᠤᠴᠢᠷ ᠤᠨ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 53 ᠳ᠋ᠤᠭᠠᠷ ᠲᠣᠭᠠᠲᠤ︶ ︽︿ | ᠤᠯᠠᠭᠠᠨᠴᠠᠪ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ | ᠬᠥᠭᠵᠢᠭᠦᠯᠬᠦ ᠶᠢ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠤᠯᠠᠭᠠᠨᠴᠠᠪ ᠥᠰᠥᠭ ﹇2022﹈ 61 ᠳ᠋ᠦᠭᠡᠷ | ᠲᠣᠭᠠᠲᠤ︶ ᠤᠨ ᠵᠣᠷᠢᠭ ᠰᠠᠨᠠᠭ᠎ᠠ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ | ᠬᠡᠷᠡᠭᠵᠢᠭᠦᠯᠬᠦ ᠨᠠᠷᠢᠨ ᠳᠦᠷᠢᠮ ᠢ ᠣᠨᠴᠠᠭᠠᠶᠢᠯᠠᠨ ᠲᠣᠭᠲᠠᠭᠠᠪᠠ᠃ | ᠬᠤᠶᠠᠳᠤᠭᠠᠷ ᠵᠦᠢᠯ ᠲᠣᠰ ᠨᠠᠷᠢᠨ ᠳᠦᠷᠢᠮ ᠳᠤ ᠬᠡᠯᠡᠵᠦ ᠪᠠᠶᠢᠭ᠎ᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ | ᠣᠷᠣᠨ ᠰᠠᠭᠤᠴᠠ ᠭᠡᠳᠡᠭ ᠨᠢ ᠵᠠᠰᠠᠭ ᠤᠨ ᠣᠷᠳᠣᠨ ᠠᠴᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ | ᠣᠯᠠᠨ ᠭᠤᠣᠯ ᠴᠣᠭᠴᠠ᠂ ᠣᠯᠠᠨ ᠠᠷᠭ᠎ᠠ ᠵᠠᠮ ᠢᠶᠠᠷ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠨᠥᠬᠦᠴᠡᠯ ᠳᠤ | ᠨᠡᠶᠢᠴᠡᠬᠦ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠱᠠᠲᠤ ᠦᠶ᠎ᠡ ᠶᠢᠨ ᠴᠢᠨᠠᠷᠲᠠᠢ ᠣᠷᠣᠨ ᠰᠠᠭᠤᠴᠠ ᠶᠢᠨ | ᠬᠦᠴᠢᠷᠳᠡᠯᠲᠡᠢ ᠬᠥᠮᠥᠰ ᠲᠤ ᠬᠠᠨᠳᠤᠭᠤᠯᠤᠨ᠂ ᠲᠦᠷᠢᠶᠡᠰᠦᠯᠡᠬᠦ ᠬᠡᠷᠡᠭᠴᠡᠭᠡ᠂ ᠲᠦᠷᠢᠶᠡᠰᠦᠨ ᠮᠥᠩᠭᠦ ᠶᠢᠨ | ᠪᠠᠷᠢᠮᠵᠢᠶ᠎ᠠ ᠶᠢ ᠬᠢᠵᠠᠭᠠᠷᠯᠠᠨ ᠲᠣᠭᠲᠠᠭᠠᠭᠰᠠᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠵᠢᠭᠠᠵᠤ ᠪᠣᠶ᠃ | ᠭᠤᠷᠪᠠᠳᠤᠭᠠᠷ ᠵᠦᠢᠯ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠣᠯ ᠪᠠᠲᠤᠯᠠᠭ᠎ᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠯᠣᠨ᠎ᠠ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠢᠷᠢ ᠬᠡᠮ ᠢ ᠵᠥᠪᠰᠢᠶᠡᠷᠡᠨ | ᠣᠷᠣᠭᠤᠯᠬᠤ ᠶᠢ ᠬᠢᠨᠠᠨ ᠬᠠᠷᠭᠤᠭᠤᠯᠬᠤ᠂ ᠲᠦᠷᠢᠶᠡᠰᠦᠨ ᠮᠥᠩᠭᠦ ᠶᠢ ᠬᠠᠮᠢᠶᠠᠷᠬᠤ᠂ ᠲᠣᠬᠢᠷᠠᠭᠤᠯᠤᠨ | ᠲᠦᠷᠢᠶᠡᠰᠦᠯᠡᠭᠦᠯᠬᠦ ᠶᠢ ᠬᠠᠮᠢᠶᠠᠷᠬᠤ᠂ ᠪᠤᠴᠠᠭᠠᠵᠤ ᠭᠠᠷᠭᠠᠬᠤ ᠶᠢ ᠬᠠᠮᠢᠶᠠᠷᠬᠤ ᠵᠢᠴᠢ ᠬᠢᠨᠠᠯᠲᠠ ᠲᠠᠯᠪᠢᠵᠤ ᠬᠠᠮᠢᠶᠠᠷᠬᠤ | ᠵᠡᠷᠭᠡ ᠬᠠᠮᠢᠶ᠎ᠠ ᠪᠦᠬᠦᠢ ᠠᠵᠢᠯ ᠥᠷᠨᠢᠭᠦᠯᠬᠦ ᠶᠢ ᠬᠠᠷᠢᠭᠤᠴᠠᠨ ᠵᠢᠯᠤᠭᠤᠳᠴᠤ᠂ ᠲᠤᠰ ᠨᠠᠷᠢᠨ ᠳᠦᠷᠢᠮ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠲᠦᠭᠡᠭᠡᠯ ᠤᠰᠤᠨ ᠤ ᠺᠣᠮᠫᠠᠨᠢ᠂ | ᠢᠯᠴᠢ ᠶᠢᠨ ᠬᠦᠴᠦᠨ ᠤ ᠺᠣᠮᠫᠠᠨᠢ︶᠂ ᠴᠠᠬᠢᠯᠭᠠᠨ ᠬᠠᠩᠭᠠᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ︶᠂ ᠵᠦᠥᠸ᠋ | ᠽᠢ ᠱᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠡᠯ᠎ᠡ ᠨᠡᠶᠢᠭᠡᠮ ᠲᠣᠭᠤᠷᠢᠭ︶ ᠵᠡᠷᠭᠡ ᠬᠠᠮᠢᠶ᠎ᠠ ᠪᠦᠬᠦᠢ | ᠨᠢᠭᠡᠴᠡ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠪᠠ ᠠᠷᠠᠳ ᠤᠨ ᠬᠡᠷᠡᠭᠯᠡᠭᠡᠨ ᠤ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠶᠢᠨ ᠦᠨ᠎ᠡ ︵ | ᠳᠤᠯᠠᠭᠠᠯᠠᠭ᠎ᠠ ᠶᠢ ᠵᠦᠸᠧᠽᠢ ᠰᠢᠶᠠᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠷᠢᠮᠵᠢᠶ᠎ᠠ ᠪᠠᠷ | ᠬᠡᠷᠡᠭᠵᠢᠭᠦᠯᠦᠨ᠎ᠡ︶ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠲᠥᠷᠥᠯ ᠵᠦᠢᠯ ᠤᠨ ᠡᠵᠡᠩᠨᠡᠯᠲᠡ ᠶᠢᠨ ᠶᠠᠪᠤᠴᠠ ᠳᠠᠬᠢ ᠬᠠᠮᠢᠶ᠎ᠠ ᠪᠦᠬᠦᠢ ᠠᠵᠢᠯ ᠢ ᠬᠠᠮᠵᠢᠯᠴᠠᠨ | ᠰᠠᠶᠢᠲᠤᠷ ᠬᠢᠨ᠎ᠡ᠃ | ᠬᠤᠶᠠᠳᠤᠭᠠᠷ ᠪᠦᠯᠦᠭ ᠵᠥᠪᠰᠢᠶᠡᠷᠡᠨ ᠣᠷᠣᠭᠤᠯᠬᠤ ᠬᠢᠷᠢ ᠬᠡᠮ | ᠳᠥᠷᠪᠡᠳᠦᠭᠡᠷ ᠵᠦᠢᠯ ᠪᠠᠲᠤᠯᠠᠭ᠎ᠠ ᠶᠢᠨ ᠡᠲᠡᠭᠡᠳ᠃ ᠭᠤᠣᠯᠳᠠᠭᠤ ᠮᠠᠨ ᠤ ᠰᠢᠶᠠᠨ ᠤ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢᠨ ᠪᠠᠶᠢᠭ᠎ᠠ ᠬᠠᠷᠢᠶᠠᠲᠤ ᠣᠷᠣᠨ ᠤ ᠬᠡᠪᠴᠢᠶᠡᠨ ᠳᠠᠬᠢ ᠥᠪᠡᠷ ᠤᠨ ᠣᠷᠣᠨ | ᠰᠠᠭᠤᠴᠠ ᠦᠭᠡᠢ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠬᠠᠮᠲᠤᠯᠢᠭ ᠲᠤ ᠬᠠᠨᠳᠤᠭᠤᠯᠵᠤ᠂ ᠰᠢᠨ᠎ᠡ ᠪᠠᠷ | ᠠᠵᠢᠯ ᠣᠯᠣᠭᠰᠠᠨ ᠣᠶᠤᠲᠠᠨ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠥᠮᠥᠰ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯᠲᠠᠨ ᠠᠵᠢᠯᠴᠢᠨ᠂ ᠭᠠᠳᠠᠭᠰᠢ ᠭᠠᠷᠴᠤ ᠬᠤᠲᠠ ᠳᠤ | ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠢᠴᠢ ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ | ᠬᠥᠮᠥᠰ ᠵᠡᠷᠭᠡ ᠬᠠᠮᠲᠤᠯᠢᠭ ᠢ ᠪᠠᠭᠲᠠᠭᠠᠨ᠎ᠠ᠃ ᠪᠠᠲᠤᠯᠠᠭ᠎ᠠ ᠶᠢᠨ ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠭᠰᠠᠨ ᠪᠠᠶᠢᠳᠠᠯ ᠳᠣᠣᠷ᠎ᠠ᠂ ᠨᠡᠶᠢᠭᠡᠮ ᠳᠤ ᠬᠠᠨᠳᠤᠭᠤᠯᠤᠨ ᠲᠦᠷᠢᠶᠡᠰᠦᠯᠡᠭᠦᠯᠵᠦ ᠪᠣᠯᠣᠨ᠎ᠠ᠃ | ᠲᠠᠪᠤᠳᠤᠭᠠᠷ ᠵᠦᠢᠯ ᠵᠥᠪᠰᠢᠶᠡᠷᠡᠨ ᠣᠷᠣᠭᠤᠯᠬᠤ ᠪᠠᠷ ᠭᠤᠶᠤᠴᠢᠯᠠᠬᠤ ᠨᠥᠬᠦᠴᠡᠯ᠃ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠬᠦ ᠠᠴᠠ ᠪᠢᠰᠢ ᠬᠤᠳᠠᠯᠳᠤᠬᠤ ᠦᠭᠡᠢ᠂ ᠵᠥᠪᠰᠢᠶᠡᠷᠡᠨ | ᠣᠷᠣᠭᠤᠯᠬᠤ ᠪᠠᠷ ᠭᠤᠶᠤᠴᠢᠯᠠᠬᠤ ᠳᠤ ᠣᠷᠣᠯᠭ᠎ᠠ ᠶᠢᠨ ᠬᠢᠵᠠᠭᠠᠷᠯᠠᠯ ᠲᠣᠭᠲᠠᠭᠠᠬᠤ ᠦᠭᠡᠢ᠂ ᠬᠠᠮᠤᠭ ᠤᠨ ᠣᠬᠤᠷ | ᠬᠤᠭᠤᠴᠠᠭᠠᠨ ᠳᠤ 1 ᠵᠢᠯ ᠲᠦᠷᠢᠶᠡᠰᠦᠯᠡᠵᠦ᠂ ᠬᠠᠮᠤᠭ ᠤᠨ ᠣᠷᠳᠣ ᠳᠠᠭᠠᠨ 3 ᠵᠢᠯ ᠲᠦᠷᠢᠶᠡᠰᠦᠯᠡᠬᠦ ᠪᠠᠷ | ᠲᠣᠭᠲᠠᠭᠠᠨ᠎ᠠ᠃ ᠮᠠᠨ ᠤ ᠰᠢᠶᠠᠨ ᠤ ᠪᠤᠰᠤ ᠡᠷᠦᠬᠡ ᠠᠮᠠ ᠶᠢᠨ ᠲᠠᠩᠰᠠ ᠲᠠᠢ ᠪᠠᠶᠢᠩᠭᠤ ᠰᠠᠭᠤᠭ᠎ᠠ ᠬᠥᠮᠥᠨ ᠠᠮᠠ ᠪᠠ | ᠰᠢᠨ᠎ᠡ ᠪᠠᠷ ᠠᠵᠢᠯ ᠣᠯᠣᠭᠰᠠᠨ ᠣᠶᠤᠲᠠᠨ ᠵᠡᠷᠭᠡ ᠳᠤ ᠬᠠᠨᠳᠤᠭᠤᠯᠤᠨ᠂ ᠭᠤᠣᠯᠳᠠᠭᠤ ᠰᠢᠨ᠎ᠡ ᠬᠤᠲᠠ ᠶᠢᠨ ᠠᠷᠠᠳ᠂ | ᠵᠠᠯᠠᠭᠤᠴᠤᠳ ᠢᠯᠠᠩᠭᠤᠶ᠎ᠠ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠵᠢᠯ ᠬᠢᠵᠦ ᠪᠠᠶᠢᠭ᠎ᠠ ᠬᠥᠮᠥᠰ | ᠵᠡᠷᠭᠡ ᠬᠠᠮᠲᠤᠯᠢᠭ ᠤᠨ ᠣᠷᠣᠨ ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠨ᠎ᠡ᠃ | ︵ᠨᠢᠭᠡ︶ ᠭᠤᠶᠤᠴᠢᠯᠠᠭᠴᠢ ᠨᠢ ᠲᠤᠰ ᠰᠢᠶᠠᠨ ᠳᠤ ᠵᠢᠯ ᠲᠤᠷᠰᠢ ᠠᠮᠢᠳᠤᠷᠠᠵᠤ ᠰᠠᠭᠤᠬᠤ ᠪᠤᠶᠤ ᠲᠤᠰ ᠰᠢᠶᠠᠨ ᠳᠤ | ᠠᠵᠢᠯᠯᠠᠵᠤ ᠪᠠᠶᠢᠬᠤ; | ︵ᠬᠤᠶᠠᠷ︶ ᠭᠤᠶᠤᠴᠢᠯᠠᠭᠴᠢ ᠶᠢᠨ ᠬᠤᠯᠪᠣᠰᠤ ᠵᠢᠴᠢ ᠨᠠᠰᠤᠨ ᠳᠤ ᠬᠦᠷᠦᠭᠡᠳᠦᠢ ᠦᠷ᠎ᠡ ᠬᠡᠦᠬᠡᠳ ᠨᠢ ᠵᠠᠷᠴᠢᠮ | ᠳᠡᠭᠡᠷ᠎ᠡ ᠪᠠᠨ ᠬᠠᠮᠲᠤ ᠭᠤᠶᠤᠴᠢᠯᠠᠭᠴᠢ ᠪᠣᠯᠬᠤ ᠬᠡᠷᠡᠭᠲᠡᠢ; | ︵ᠭᠤᠷᠪᠠ︶ ᠭᠤᠶᠤᠴᠢᠯᠠᠭᠴᠢ ᠨᠢ ᠭᠤᠶᠤᠴᠢᠯᠠᠭᠰᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ | ᠪᠠᠶᠢᠭ᠎ᠠ ᠭᠠᠵᠠᠷ ᠤᠨ ᠬᠠᠷᠢᠶ᠎ᠠ ᠣᠷᠣᠨ ᠤ ᠬᠡᠪᠴᠢᠶᠡᠨ ᠳᠣᠲᠣᠷ᠎ᠠ ᠥᠪᠡᠷ ᠤᠨ ᠭᠡᠷ ᠪᠠᠶᠢᠰᠢᠩ ᠦᠭᠡᠢ ᠪᠠᠶᠢᠬᠤ; | ︵ᠳᠥᠷᠪᠡ︶ ᠲᠣᠰ ᠬᠠᠷᠢᠶ᠎ᠠ ᠣᠷᠣᠨ ᠤ ᠬᠡᠪᠴᠢᠶᠡᠨ ᠳᠤ ᠣᠷᠣᠨ ᠰᠠᠭᠤᠴᠠ ᠶᠢᠨ ᠪᠠᠲᠤᠯᠠᠭ᠎ᠠ ᠶᠢᠨ ᠪᠤᠰᠤᠳ | ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠪᠠᠶᠢᠳᠠᠯ ᠣᠷᠣᠰᠢᠵᠤ ᠪᠠᠶᠢᠬᠤ ᠦᠭᠡᠢ᠃ | ᠵᠢᠷᠭᠤᠳᠤᠭᠠᠷ ᠵᠦᠢᠯ ᠳᠡᠪᠰᠢᠭᠦᠯᠦᠨ ᠲᠤᠰᠢᠶᠠᠪᠠᠰᠤ ᠵᠣᠬᠢᠬᠤ ᠭᠤᠶᠤᠴᠢᠯᠠᠯ ᠤᠨ ᠮᠠᠲ᠋ᠧᠷᠢᠶᠠᠯ | ︵ᠨᠢᠭᠡ︶ ︽ᠵᠦᠸᠧᠽᠢ ᠰᠢᠶᠠᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠳᠤ ᠣᠷᠣᠵᠤ | ᠰᠠᠭᠤᠬᠤ ᠭᠤᠶᠤᠴᠢᠯᠠᠯ ᠤᠨ ᠬᠦᠰᠦᠨᠦᠭᠲᠦ︾︔ | ︵ᠬᠤᠶᠠᠷ︶ ᠭᠤᠶᠤᠴᠢᠯᠠᠭᠴᠢ ᠵᠢᠴᠢ ᠬᠠᠮᠲᠤ ᠪᠠᠷ ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠭᠦᠨ ᠤ ᠡᠷᠦᠬᠡ ᠠᠮᠠ | ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠥᠯᠥ ᠬᠥᠳᠡᠯᠬᠦ ᠬᠥᠷᠥᠩᠭᠡ ᠶᠢᠨ ᠭᠡᠷᠡᠴᠢ︔ | ︵ᠭᠤᠷᠪᠠ︶ ᠲᠤᠰ ᠰᠢᠶᠠᠨ ᠤ ᠡᠷᠦᠬᠡ ᠠᠮᠠ ᠶᠢᠨ ᠳᠠᠩᠰᠠ ᠦᠭᠡᠢ ᠬᠥᠮᠥᠰ ᠤᠨ ᠬᠠᠩᠭᠠᠭᠰᠠᠨ ᠵᠦᠸᠧᠽᠢ ᠰᠢᠶᠠᠨ ᠤ | ᠣᠷᠣᠰᠢᠨ ᠰᠠᠭᠤᠬᠤ ᠭᠡᠷᠡᠴᠢ᠂ ᠬᠥᠳᠡᠯᠮᠦᠷᠢ ᠶᠢᠨ ᠭᠡᠷ᠎ᠡ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ | ᠤᠷᠢᠨ ᠬᠡᠷᠡᠭᠯᠡᠬᠦ ᠬᠡᠯᠡᠯᠴᠡᠭᠡᠷ᠂ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠵᠡᠷᠭᠡ ᠭᠡᠷᠡᠴᠢᠯᠡᠬᠦ ᠮᠠᠲ᠋ᠧᠷᠢᠶᠠᠯ ︵ | ᠨᠢᠭᠡ ᠶᠢ ᠨᠢ ᠰᠣᠩᠭᠤᠵᠤ ᠬᠠᠩᠭᠠᠪᠠᠯ ᠪᠣᠯᠴᠢᠬᠠᠨ᠎ᠠ︶ | ︵ᠳᠥᠷᠪᠡ︶ ᠭᠤᠶᠤᠴᠢᠯᠠᠭᠴᠢ ᠵᠢᠴᠢ ᠬᠠᠮᠲᠤ ᠪᠠᠷ ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠭᠦᠨ ᠤ | ᠤᠷᠤᠭ ᠤᠨ ᠪᠠᠶᠢᠳᠠᠯ ᠤᠨ ᠭᠡᠷᠡᠴᠢᠯᠡᠯ ᠤᠨ ᠮᠠᠲ᠋ᠧᠷᠢᠶᠠᠯ ︵ᠨᠢᠭᠡᠨᠲᠡ ᠤᠷᠤᠭᠯᠠᠭᠰᠠᠨ ᠨᠢ ᠤᠷᠤᠭ ᠤᠨ ᠦᠨᠡᠮᠯᠡᠯ | ᠬᠠᠩᠭᠠᠬᠤ᠂ ᠤᠷᠤᠭ ᠰᠠᠯᠤᠭᠰᠠᠨ ᠨᠢ ᠤᠷᠤᠭ ᠰᠠᠯᠤᠭᠰᠠᠨ ᠦᠨᠡᠮᠯᠡᠯ ᠬᠠᠩᠭᠠᠬᠤ ᠪᠤᠶᠤ ᠰᠢᠭᠦᠬᠦ ᠬᠤᠷᠢᠶᠠᠨ ᠤ | ᠢᠷᠭᠡᠨ ᠤ ᠬᠡᠷᠡᠭ ᠤᠨ ᠡᠶᠡᠳᠡᠭᠦᠯᠭᠡ ᠶᠢᠨ ᠪᠢᠴᠢᠭ ᠪᠤᠶᠤ ᠰᠢᠭᠦᠨ ᠲᠠᠰᠤᠯᠤᠯᠲᠠ ᠶᠢᠨ ᠪᠢᠴᠢᠭ ᠬᠠᠩᠭᠠᠬᠤ᠂ ᠭᠠᠭᠴᠠ | ᠪᠡᠶ᠎ᠡ ᠨᠢ ᠤᠷᠤᠭᠯᠠᠭᠠᠳᠤᠢ ᠠᠮᠠᠯᠠᠯᠲᠠ ᠶᠢᠨ ᠪᠢᠴᠢᠭ ᠬᠠᠩᠭᠠᠬᠤ︶ | ︵ᠲᠠᠪᠤ︶ ᠠᠵᠢᠯᠴᠢᠨ ᠬᠡᠷᠡᠭᠯᠡᠬᠦ ᠨᠢᠭᠡᠴᠢ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ | ᠭᠤᠶᠤᠴᠢᠯᠠᠬᠤ ᠳᠤ ᠨᠡᠶᠢᠴᠡᠭᠰᠡᠨ ᠪᠠᠶᠢᠪᠠᠯ᠂ ᠠᠵᠢᠯᠴᠢᠨ ᠬᠡᠷᠡᠭᠯᠡᠬᠦ ᠨᠢᠭᠡᠴᠢ ᠠᠴᠠ ᠣᠷᠣᠨ ᠰᠠᠭᠤᠴᠠ ᠶᠢᠨ | ᠪᠠᠲᠤᠯᠠᠭ᠎ᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠨ᠎ᠠ; | ︵ᠵᠢᠷᠭᠤᠭ᠎ᠠ︶ ᠬᠠᠩᠭᠠᠬᠤ ᠴᠢᠬᠤᠯᠠᠲᠠᠢ ᠪᠤᠰᠤᠳ ᠮᠠᠲ᠋ᠧᠷᠢᠶᠠᠯ᠃ | ᠳᠣᠯᠣᠳᠤᠭᠠᠷ ᠵᠦᠢᠯ〓〓ᠵᠥᠪᠰᠢᠶᠡᠷᠡᠨ ᠣᠷᠣᠭᠤᠯᠬᠤ ᠳᠡᠰ ᠳᠠᠷᠠᠭᠠᠯᠠᠯ | ︵ᠨᠢᠭᠡ︶ ᠭᠤᠶᠤᠴᠢᠯᠠᠬᠤ᠄ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠭᠡᠷ ᠪᠦᠯᠢ ᠪᠤᠶᠤ ᠬᠤᠪᠢ ᠬᠥᠮᠥᠨ ᠪᠠᠶᠢᠭ᠎ᠠ | ᠨᠡᠶᠢᠭᠡᠮ ᠲᠣᠭᠤᠷᠢᠭ ᠪᠤᠶᠤ ᠠᠵᠢᠯᠴᠢᠨ ᠬᠡᠷᠡᠭᠯᠡᠬᠦ ᠨᠢᠭᠡᠴᠢ ᠳᠤ ᠭᠤᠶᠤᠴᠢᠯᠠᠯ ᠭᠠᠷᠭᠠᠵᠤ᠂ ᠪᠠᠶᠢᠭ᠎ᠠ ᠨᠡᠶᠢᠭᠡᠮ ᠲᠣᠭᠤᠷᠢᠭ | ᠪᠤᠶᠤ ᠠᠵᠢᠯᠴᠢᠨ ᠬᠡᠷᠡᠭᠯᠡᠬᠦ ᠨᠢᠭᠡᠴᠢ ᠠᠴᠠ ᠰᠢᠶᠠᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ | ᠮᠥᠴᠢᠷ ᠲᠤ ᠭᠤᠶᠤᠴᠢᠯᠠᠯ ᠤᠨ ᠬᠦᠰᠦᠨᠦᠭᠲᠦ ᠵᠢᠴᠢ ᠵᠣᠬᠢᠴᠠᠩᠭᠤᠢ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠨ᠎ᠠ᠃ | | ︵ᠬᠤᠶᠠᠷ︶ ᠬᠢᠨᠠᠨ ᠬᠠᠷᠭᠤᠭᠤᠯᠵᠤ ᠳᠠᠩᠰᠠᠯᠠᠭᠤᠯᠬᠤ᠄ ᠰᠢᠶᠠᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ | ᠮᠥᠴᠢᠷ ᠪᠦᠷᠢᠨ ᠭᠦᠢᠴᠡᠳ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠭᠤᠶᠤᠴᠢᠯᠠᠯ ᠤᠨ ᠮᠡᠳᠡᠭᠡ | ᠵᠠᠩᠭᠢ ᠶᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠰᠢᠰᠲ᠋ᠧᠮ ᠳᠤ | ᠣᠷᠣᠭᠤᠯᠵᠤ᠂ 10 ᠠᠵᠢᠯᠯᠠᠬᠤ ᠡᠳᠦᠷ ᠤᠨ ᠳᠣᠲᠣᠷ᠎ᠠ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ᠂ ᠭᠡᠷ | ᠬᠥᠷᠥᠩᠭᠡ ᠶᠢᠨ ᠬᠠᠷᠢᠴᠠᠯ ᠢ ᠠᠳᠠᠯᠢ ᠲᠡᠭᠰᠢ ᠪᠠᠷ ᠬᠢᠨᠠᠨ ᠬᠠᠷᠭᠤᠭᠤᠯᠬᠤ᠂ ᠳᠠᠩᠰᠠᠯᠠᠬᠤ ᠠᠵᠢᠯ ᠢ ᠪᠡᠶᠡᠯᠡᠭᠦᠯᠦᠨ᠎ᠡ᠃ | ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠭᠰᠡᠨ ᠪᠠᠶᠢᠪᠠᠯ ᠰᠢᠢᠳᠪᠦᠷᠢᠯᠡᠵᠦ ᠥᠭᠭᠦᠨ᠎ᠡ; ᠨᠥᠬᠦᠴᠡᠯ ᠳᠤ | ᠨᠡᠶᠢᠴᠡᠬᠦ ᠦᠭᠡᠢ ᠪᠠᠶᠢᠪᠠᠯ᠂ ᠮᠠᠲ᠋ᠧᠷᠢᠶᠠᠯ ᠢ ᠬᠢᠨᠠᠨ ᠰᠢᠯᠭᠠᠭᠰᠠᠨ ᠤ ᠳᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ | ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠢ᠃ | ᠭᠤᠷᠪᠠᠳᠤᠭᠠᠷ ᠪᠦᠯᠦᠭ ᠲᠦᠷᠢᠶᠡᠰᠦᠨ ᠮᠥᠩᠭᠦ ᠶᠢᠨ ᠬᠠᠮᠢᠶᠠᠷᠤᠯᠲᠠ | ᠨᠠᠢᠮᠠᠳᠤᠭᠠᠷ ᠵᠦᠢᠯ ᠲᠦᠷᠢᠶᠡᠰᠦᠨ ᠮᠥᠩᠭᠦ ᠶᠢᠨ ᠦᠨ᠎ᠡ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢ ᠵᠠᠷᠴᠢᠮ | ᠳᠡᠭᠡᠷ᠎ᠡ ᠪᠠᠨ ᠠᠳᠠᠯᠢ ᠭᠠᠵᠠᠷ ᠤᠨ ᠬᠡᠰᠡᠭ ᠤᠨ ᠠᠳᠠᠯᠢ ᠶᠠᠰᠤ ᠴᠢᠨᠠᠷ ᠲᠠᠢ ᠵᠠᠬ᠎ᠠ ᠳᠡᠯᠭᠡᠭᠦᠷ ᠤᠨ ᠲᠦᠷᠢᠶᠡᠰᠦᠨ ᠣᠷᠣᠨ | ᠰᠠᠭᠤᠴᠠ ᠶᠢᠨ ᠲᠦᠷᠢᠶᠡᠰᠦᠨ ᠮᠥᠩᠭᠦ ᠶᠢᠨ 70% ᠣᠷᠴᠢᠮ ᠢᠶᠠᠷ ᠲᠣᠭᠲᠠᠭᠠᠨ᠎ᠠ᠃ ᠪᠥᠬᠦ ᠰᠢᠶᠠᠨ ᠤ ᠭᠡᠷ | ᠪᠠᠶᠢᠰᠢᠩ ᠲᠦᠷᠢᠶᠡᠰᠦᠯᠡᠭᠰᠡᠨ ᠪᠠᠶᠢᠳᠠᠯ ᠤᠨ ᠲᠤᠬᠠᠢ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠪᠠᠷ ᠳᠡᠮᠵᠢᠨ᠂ | ᠲᠦᠷᠢᠶᠡᠰᠦᠨ ᠮᠥᠩᠭᠦ ᠶᠢᠨ ᠦᠨ᠎ᠡ ᠶᠢ ᠠᠩᠬ᠎ᠠ ᠤᠳᠠᠭ᠎ᠠ 5 ᠲᠥᠭᠦᠷᠢᠭ/ᠰᠠᠷ᠎ᠠ᠂ ᠪᠠᠲᠤᠯᠠᠭ᠎ᠠ ᠶᠢᠨ ᠮᠥᠩᠭᠦ 5000 | ᠲᠥᠭᠦᠷᠢᠭ ᠢᠶᠠᠷ ᠲᠣᠭᠲᠠᠭᠠᠵᠤ᠂ ᠭᠡᠷ᠎ᠡ ᠶᠢᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠣᠯᠠᠨ ᠨᠡᠶᠢᠲᠡ ᠶᠢᠨ | ᠲᠥᠬᠦᠭᠡᠷᠦᠮᠵᠢ ᠶᠢ ᠡᠪᠳᠡᠭᠰᠡᠨ ᠦᠭᠡᠢ ᠪᠠᠶᠢᠪᠠᠯ ᠪᠠᠲᠤᠯᠠᠭ᠎ᠠ ᠶᠢᠨ ᠮᠥᠩᠭᠦ ᠶᠢ ᠨᠢ ᠪᠤᠴᠠᠭᠠᠵᠤ ᠥᠭᠭᠦᠨ᠎ᠡ᠃ ᠪᠣᠳᠠᠲᠠᠢ | ᠲᠦᠷᠢᠶᠡᠰᠦᠨ ᠮᠥᠩᠭᠦ ᠶᠢᠨ ᠪᠠᠷᠢᠮᠵᠢᠶ᠎ᠠ ᠶᠢ ᠠᠳᠠᠯᠢ ᠪᠤᠰᠤ ᠪᠦᠲᠦᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ᠂ ᠠᠳᠠᠯᠢ | ᠪᠤᠰᠤ ᠲᠥᠷᠥᠯ ᠵᠦᠢᠯ ᠳᠤ ᠴᠢᠭᠯᠡᠭᠦᠯᠦᠨ᠂ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠪᠤᠶᠤ ᠡᠵᠡᠩᠨᠡᠯᠲᠡ | ᠬᠠᠮᠢᠶᠠᠷᠤᠯᠲᠠ ᠶᠢᠨ ᠭᠤᠣᠯ ᠴᠣᠭᠴᠠ ᠠᠴᠠ ᠲᠥᠷᠥᠯ ᠵᠦᠢᠯ ᠤᠨ ᠥᠪᠡᠷ ᠤᠨ ᠥᠷᠲᠡᠭ᠂ ᠲᠦᠷᠢᠶᠡᠰᠦᠯᠡᠨ ᠰᠠᠭᠤᠬᠤ | ᠡᠲᠡᠭᠡᠳ ᠲᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠵᠡᠷᠭᠡ ᠬᠦᠴᠦᠨ ᠵᠦᠢᠯ ᠲᠠᠢ | ᠤᠶᠠᠯᠳᠤᠭᠤᠯᠵᠤ᠂ ᠲᠦᠷᠢᠶᠡᠰᠦᠨ ᠮᠥᠩᠭᠦ ᠶᠢᠨ ᠪᠠᠷᠢᠮᠵᠢᠶ᠎ᠠ ᠶᠢ ᠲᠥᠷᠥᠯ ᠬᠤᠪᠢᠶᠠᠨ ᠲᠣᠭᠲᠠᠭᠠᠬᠤ ᠶᠢᠨ ᠬᠠᠮᠲᠤ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ | ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | ᠶᠢᠰᠦᠳᠦᠭᠡᠷ ᠵᠦᠢᠯ ᠲᠦᠷᠢᠶᠡᠰᠦᠨ ᠮᠥᠩᠭᠦ ᠥᠭᠬᠦ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢ ᠡᠵᠡᠩᠨᠡᠯᠲᠡ ᠶᠢᠨ | ᠬᠠᠮᠢᠶᠠᠷᠤᠯᠲᠠ ᠶᠢᠨ ᠨᠢᠭᠡᠴᠢ ᠬᠢᠭᠡᠳ ᠲᠦᠷᠢᠶᠡᠰᠦᠯᠡᠭᠴᠢ ᠶᠢᠨ ᠲᠣᠭᠲᠠᠭᠠᠭᠰᠠᠨ ᠲᠦᠷᠢᠶᠡᠰᠦᠯᠡᠬᠦ ᠭᠡᠷ᠎ᠡ ᠳᠤ ᠪᠣᠯᠵᠣᠨ | ᠲᠣᠭᠲᠠᠭᠰᠠᠨ ᠠᠷᠭ᠎ᠠ ᠮᠠᠶ᠋ᠢᠭ ᠢᠶᠠᠷ ᠲᠤᠰᠢᠶᠠᠨ᠎ᠠ᠂ ᠡᠵᠡᠩᠨᠡᠯᠲᠡ ᠶᠢᠨ ᠬᠠᠮᠢᠶᠠᠷᠤᠯᠲᠠ ᠶᠢᠨ ᠨᠢᠭᠡᠴᠢ ᠨᠢ | ᠲᠦᠷᠢᠶᠡᠰᠦᠯᠡᠭᠴᠢ ᠠᠴᠠ ᠵᠠᠭᠤᠴᠢᠯᠠᠬᠤ ᠵᠠᠷᠤᠳᠠᠯ᠂ ᠦᠢᠯᠡᠴᠢᠯᠡᠭᠡᠨ ᠤ ᠵᠠᠷᠤᠳᠠᠯ ᠵᠡᠷᠭᠡ ᠪᠤᠰᠤᠳ ᠵᠠᠷᠤᠳᠠᠯ ᠢ | ᠬᠡᠯᠪᠡᠷᠢ ᠶᠢ ᠨᠢ ᠥᠭᠡᠷᠡᠲᠦᠭᠦᠯᠦᠨ ᠬᠤᠷᠢᠶᠠᠵᠤ ᠪᠣᠯᠬᠤ ᠦᠭᠡᠢ᠃ ᠲᠦᠷᠢᠶᠡᠰᠦᠯᠡᠭᠴᠢ ᠨᠢ ᠭᠡᠷ ᠪᠠᠶᠢᠰᠢᠩ ᠤᠨ | ᠲᠦᠷᠢᠶᠡᠰᠦᠨ ᠮᠥᠩᠭᠦ ᠪᠠ ᠭᠡᠷ ᠪᠠᠶᠢᠰᠢᠩ ᠢ ᠬᠡᠷᠡᠭᠯᠡᠬᠦ ᠶᠠᠪᠤᠴᠠ ᠳᠤ ᠡᠭᠦᠰᠦᠭᠰᠡᠨ ᠠᠳᠠᠯ ᠠᠬᠤᠢ ᠶᠢᠨ | ᠬᠠᠮᠢᠶᠠᠷᠤᠯᠲᠠ ᠶᠢᠨ ᠵᠠᠷᠤᠳᠠᠯ᠂ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ᠂ ᠴᠢᠮᠡᠭᠡ ᠨᠡᠪᠲᠡᠷᠡᠯᠭᠡ ᠵᠡᠷᠭᠡ ᠶᠢᠨ | ᠵᠠᠷᠤᠳᠠᠯ ᠢ ᠴᠠᠭ ᠲᠤᠬᠠᠢ ᠳᠤᠨᠢ ᠲᠤᠰᠢᠶᠠᠬᠤ ᠬᠡᠷᠡᠭᠲᠡᠢ᠃ | ᠳᠥᠷᠪᠡᠳᠦᠭᠡᠷ ᠪᠦᠯᠦᠭ ᠲᠦ᠋ᠷᠢᠶᠡᠰᠦ ᠲᠦᠭᠡᠭᠡᠨ ᠥᠭᠬᠦ ᠶᠢ ᠬᠠᠮᠢᠶᠠᠷᠬᠤ | ᠠᠷᠪᠠᠳᠤᠭᠠᠷ ᠵᠦᠢᠯ ᠲᠦ᠋ᠷᠢᠶᠡᠰᠦ ᠲᠦᠭᠡᠭᠡᠨ ᠥᠭᠬᠦ ᠬᠠᠮᠢᠶᠠᠷᠤᠯᠲᠠ | ᠬᠢᠨᠠᠨ ᠬᠠᠷᠭᠤᠭᠤᠯᠤᠭᠠᠳ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠡᠵᠡᠩᠨᠡᠯᠲᠡ ᠶᠢᠨ | ᠬᠠᠮᠢᠶᠠᠷᠤᠯᠲᠠ ᠶᠢᠨ ᠨᠢᠭᠡᠴᠢ ᠨᠢ ᠵᠢᠷᠤᠮ ᠶᠣᠰᠣᠭᠠᠷ ᠭᠡᠷ ᠪᠠᠶᠢᠰᠢᠩ ᠢᠶᠠᠨ ᠬᠤᠪᠢᠶᠠᠷᠢᠯᠠᠵᠤ᠂ ᠲᠦᠷᠢᠶᠡᠰᠦᠯᠡᠬᠦ ᠭᠡᠷ᠎ᠡ | ᠲᠣᠭᠲᠠᠭᠠᠬᠤ ᠬᠡᠷᠡᠭᠲᠡᠢ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠨᠢ ᠣᠷᠣᠨ ᠰᠠᠭᠤᠴᠠ ᠶᠢᠨ | ᠬᠦᠴᠢᠷᠳᠡᠯ ᠲᠠᠢ ᠬᠥᠮᠥᠰ ᠢ ᠤᠷᠢᠳᠠᠪᠠᠷ ᠪᠠᠲᠤᠯᠠᠬᠤ ᠶᠢᠨ ᠬᠠᠮᠲᠤ ᠵᠠᠷᠴᠢᠮ ᠳᠡᠭᠡᠷ᠎ᠡ ᠪᠠᠨ ᠨᠢᠭᠡ ᠭᠡᠷ ᠪᠦᠯᠢ ᠪᠤᠶᠤ | ᠭᠠᠭᠴᠠ ᠪᠡᠶ᠎ᠡ ᠬᠥᠮᠥᠨ ᠵᠥᠪᠬᠡᠨ ᠨᠢᠭᠡ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ | ᠲᠦᠷᠢᠶᠡᠰᠦᠯᠡᠬᠦ ᠪᠠᠷ ᠭᠤᠶᠤᠴᠢᠯᠠᠵᠤ ᠪᠣᠯᠣᠨ᠎ᠠ᠃ ᠭᠡᠷ ᠪᠠᠶᠢᠰᠢᠩ ᠤᠨ ᠢᠷᠡᠯᠲᠡ ᠭᠦᠢᠴᠡᠳ ᠪᠠᠶᠢᠬᠤ ᠪᠠᠶᠢᠳᠠᠯ | ᠳᠣᠣᠷ᠎ᠠ᠂ ᠬᠡᠪ ᠤᠨ ᠪᠠᠶᠢᠳᠠᠯ ᠢᠶᠠᠷ ᠲᠦᠷᠢᠶᠡᠰᠦ ᠲᠣᠬᠢᠷᠠᠭᠤᠯᠬᠤ ᠶᠢ ᠬᠡᠷᠡᠭᠵᠢᠭᠦᠯᠵᠦ᠂ ᠵᠥᠪᠰᠢᠶᠡᠷᠡᠨ ᠣᠷᠣᠭᠤᠯᠬᠤ | ᠨᠥᠬᠦᠴᠡᠯ ᠳᠤ ᠨᠡᠶᠢᠴᠡᠬᠦ ᠡᠲᠡᠭᠡᠳ ᠲᠤ ︽ᠤᠷᠢᠳ ᠢᠶᠠᠷ ᠭᠦᠷᠪᠡᠯ ᠤᠷᠢᠳ ᠢᠶᠠᠷ ᠲᠦᠷᠢᠶᠡᠰᠦᠯᠡᠵᠦ᠂ ᠬᠡᠵᠢᠶ᠎ᠡ | ᠭᠦᠷᠪᠡᠯ ᠬᠡᠵᠢᠶ᠎ᠡ ᠲᠦᠷᠢᠶᠡᠰᠦᠯᠡᠨ᠎ᠡ︾ ᠭᠡᠳᠡᠭ ᠢ ᠬᠡᠷᠡᠭᠵᠢᠭᠦᠯᠦᠨ᠎ᠡ᠃ ᠲᠦᠭᠡᠭᠡᠨ ᠲᠦᠷᠢᠶᠡᠰᠦᠯᠡᠭᠦᠯᠬᠦ | ᠬᠤᠭᠤᠴᠠᠭᠠᠨ ᠳᠤ᠂ ᠲᠥᠷᠥᠯ ᠵᠦᠢᠯ ᠤᠨ ᠭᠡᠷ ᠪᠠᠶᠢᠰᠢᠩ ᠤᠨ ᠢᠷᠡᠯᠲᠡ ᠨᠢ ᠳᠦᠭᠦᠷᠲᠡᠯ᠎ᠡ ᠲᠦᠷᠢᠶᠡᠰᠦᠯᠡᠭᠰᠡᠨ | ᠪᠠᠶᠢᠪᠠᠯ᠂ ᠡᠭᠡᠯᠵᠢᠯᠡᠨ ᠬᠦᠯᠢᠶᠡᠯᠭᠡᠵᠦ ᠲᠦᠭᠡᠭᠡᠨ ᠲᠦᠷᠢᠶᠡᠰᠦᠯᠡᠭᠦᠯᠬᠦ ᠶᠢ ᠬᠡᠷᠡᠭᠵᠢᠭᠦᠯᠵᠦ᠂ ᠡᠭᠡᠯᠵᠢᠯᠡᠨ ᠬᠦᠯᠢᠶᠡᠬᠦ | ᠨᠡᠷᠡᠰ ᠤᠨ ᠳᠡᠪᠲᠡᠷ ᠪᠠᠶᠢᠭᠤᠯᠵᠤ᠂ ᠭᠤᠶᠤᠴᠢᠯᠠᠯ ᠤᠨ ᠡᠮᠦᠨ᠎ᠡ ᠬᠤᠶᠢᠨᠠᠬᠢ ᠲᠠᠰ ᠳᠠᠷᠠᠭᠠᠯᠠᠯ ᠢᠶᠠᠷ ᠡᠭᠡᠯᠵᠢᠯᠡᠨ | ᠬᠦᠯᠢᠶᠡᠯᠭᠡᠵᠦ ᠲᠦᠭᠡᠭᠡᠨ ᠲᠦᠷᠢᠶᠡᠰᠦᠯᠡᠭᠦᠯᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢᠨ ᠣᠷᠣᠨ ᠰᠠᠭᠤᠴᠠ ᠶᠢᠨ ᠢᠷᠡᠯᠲᠡ ᠶᠢᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠨᠡᠶᠢᠭᠡᠮ ᠲᠤ ᠨᠡᠶᠢᠲᠡᠯᠡᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠭᠡᠷ᠎ᠡ ᠶᠢᠨ ᠬᠠᠮᠢᠶᠠᠷᠤᠯᠲᠠ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠬᠦ ᠭᠡᠷ᠎ᠡ ᠶᠢᠨ ᠬᠤᠭᠤᠴᠠᠭ᠎ᠠ ᠶᠢ | ᠡᠩ ᠤᠨ ᠪᠠᠶᠢᠳᠠᠯ ᠳᠤ 3 ᠵᠢᠯ ᠠᠴᠠ ᠬᠡᠲᠦᠷᠡᠭᠦᠯᠬᠦ ᠦᠭᠡᠢ᠃ ᠲᠦᠷᠢᠶᠡᠰᠦᠯᠡᠬᠦ ᠭᠡᠷ᠎ᠡ ᠶᠢᠨ ᠬᠤᠭᠤᠴᠠᠭ᠎ᠠ ᠨᠢ | ᠲᠤᠯᠤᠭᠰᠠᠨ ᠤ ᠲᠠᠷᠠᠭ᠎ᠠ᠂ ᠲᠠᠬᠢᠨ ᠬᠢᠨᠠᠨ ᠬᠠᠷᠭᠤᠭᠤᠯᠤᠭᠠᠳ ᠵᠥᠪᠰᠢᠶᠡᠷᠡᠨ ᠣᠷᠣᠭᠤᠯᠬᠤ ᠨᠥᠬᠦᠴᠡᠯ ᠳᠤ ᠨᠡᠶᠢᠴᠡᠭᠰᠡᠨ | ᠪᠠᠶᠢᠪᠠᠯ ᠦᠷᠭᠦᠯᠵᠢᠯᠡᠨ ᠲᠦᠷᠢᠶᠡᠰᠦᠯᠡᠵᠦ ᠪᠣᠯᠣᠨ᠎ᠠ᠃ | ᠠᠷᠪᠠᠨ ᠭᠤᠷᠪᠠᠳᠤᠭᠠᠷ ᠵᠦᠢᠯ ᠨᠢᠭᠡᠴᠡ ᠬᠠᠮᠲᠤ ᠪᠠᠷ ᠲᠦᠷᠢᠶᠡᠰᠦᠯᠡᠬᠦ ᠠᠷᠭ᠎ᠠ ᠮᠠᠶ᠋ᠢᠭ ᠢ ᠠᠪᠴᠤ ᠪᠠᠲᠤᠯᠠᠭ᠎ᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠭᠤᠶᠤᠴᠢᠯᠠᠪᠠᠯ᠂ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠢ | ᠭᠤᠶᠤᠴᠢᠯᠠᠭᠰᠠᠨ ᠨᠢᠭᠡᠴᠡ ᠯᠦᠭᠡ ᠲᠦᠷᠢᠶᠡᠰᠦᠯᠡᠬᠦ ᠭᠡᠷ᠎ᠡ ᠲᠣᠭᠲᠠᠬᠤ ᠶᠢᠨ ᠬᠠᠮᠲᠤ ᠲᠤᠰ ᠲᠤᠰ ᠤᠨ | ᠬᠠᠷᠢᠭᠤᠴᠠᠯᠭ᠎ᠠ ᠶᠢᠨ ᠡᠷᠬᠡ ᠪᠠᠨ ᠲᠣᠳᠣᠷᠬᠠᠶᠢᠯᠠᠬᠤ ᠬᠡᠷᠡᠭᠲᠡᠢ᠃ ᠭᠤᠶᠤᠴᠢᠯᠠᠭᠰᠠᠨ ᠨᠢᠭᠡᠴᠡ ᠤᠯᠠᠷᠢᠯ ᠪᠦᠷᠢ | ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠳᠤ ᠣᠷᠣᠵᠤ ᠰᠠᠭᠤᠭᠰᠠᠳ ᠤᠨ ᠬᠠᠮᠢᠶ᠎ᠠ ᠪᠦᠬᠦᠢ ᠪᠠᠶᠢᠳᠠᠯ ᠢᠶᠠᠨ | ᠮᠡᠳᠡᠭᠦᠯᠦᠨ ᠬᠦᠷᠭᠡᠬᠦ ᠬᠡᠷᠡᠭᠲᠡᠢ᠃ ᠨᠢᠭᠡᠴᠡ ᠶᠢᠨ ᠬᠠᠮᠲᠤ ᠶᠢᠨ ᠲᠦᠷᠢᠶᠡᠰᠦᠯᠡᠯ ᠤᠨ ᠠᠷᠭ᠎ᠠ ᠮᠠᠶ᠋ᠢᠭ ᠢᠶᠠᠷ ᠣᠷᠣᠵᠤ | ᠰᠠᠭᠤᠭᠰᠠᠳ ᠲᠤ ᠲᠣᠰ ᠨᠠᠷᠢᠨ ᠳᠦᠷᠢᠮ ᠤᠨ ᠲᠣᠭᠲᠠᠭᠠᠯ ᠶᠣᠰᠣᠭᠠᠷ ᠬᠢᠷᠢ ᠬᠡᠮ ᠤᠨ ᠬᠢᠨᠠᠨ ᠪᠠᠶᠢᠴᠠᠭᠠᠯᠲᠠ | ᠬᠢᠬᠦ ᠶᠢᠨ ᠬᠠᠮᠲᠤ ᠰᠢᠶᠠᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠵᠦ | ᠬᠠᠷᠭᠤᠭᠤᠯᠤᠨ ᠪᠠᠶᠢᠴᠠᠭᠠᠯᠭᠠᠬᠤ ᠪᠠ ᠳᠠᠩᠰᠠᠯᠠᠭᠤᠯᠬᠤ ᠬᠡᠷᠡᠭᠲᠡᠢ᠃ | | | ᠲᠠᠪᠤᠳᠤᠭᠠᠷ ᠪᠦᠯᠦᠭ ᠤᠬᠤᠷᠢᠨ ᠭᠠᠷᠬᠤ ᠶᠢ ᠬᠠᠮᠢᠶᠠᠷᠬᠤ | | | ᠠᠷᠪᠠᠨ ᠳᠥᠷᠪᠡᠳᠦᠭᠡᠷ ᠵᠦᠢᠯ ᠤᠬᠤᠷᠢᠨ ᠭᠠᠷᠬᠤ ᠪᠠᠶᠢᠳᠠᠯ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠭᠴᠢ ᠳᠤ ᠳᠣᠣᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠨᠢ ᠪᠠᠶᠢᠪᠠᠯ᠂ ᠲᠦᠷᠢᠶᠡᠰᠦᠯᠡᠬᠦ ᠭᠡᠷ᠎ᠡ ᠶᠢ ᠳᠠᠭᠤᠰᠬᠠᠵᠤ᠂ ᠨᠢᠭᠡᠨᠲᠡ ᠲᠦᠷᠢᠶᠡᠰᠦᠯᠡᠭᠰᠡᠨ ᠭᠡᠷ | ᠪᠠᠶᠢᠰᠢᠩ ᠢ ᠬᠤᠷᠢᠶᠠᠨ ᠠᠪᠴᠤ᠂ ᠪᠠᠲᠤᠯᠠᠭ᠎ᠠ ᠠᠴᠠ ᠭᠠᠷᠭᠠᠨ᠎ᠠ᠂ ᠲᠦᠷᠢᠶᠡᠰᠦᠨ ᠮᠥᠩᠭᠦ ᠶᠢ ᠪᠤᠴᠠᠭᠠᠵᠤ ᠥᠭᠬᠦ ᠦᠭᠡᠢ᠃ | | ︵ᠨᠢᠭᠡ︶ ᠵᠦᠥᠸ᠋ ᠽᠢ ᠱᠠᠨ ᠪᠠᠯᠭᠠᠰᠤᠨ ᠳᠤ ᠠᠵᠢᠯᠯᠠᠵᠤ ᠪᠠᠶᠢᠬᠤ ᠦᠭᠡᠢ᠂ ᠰᠠᠭᠤᠵᠤ ᠪᠠᠶᠢᠬᠤ ᠦᠭᠡᠢ | ︵ᠬᠤᠶᠠᠷ︶ ᠲᠦᠷᠢᠶᠡᠰᠦᠯᠡᠯ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠠᠶᠢᠭ᠎ᠠ ᠬᠠᠷᠢᠶ᠎ᠠ | ᠣᠷᠣᠨ ᠠᠴᠠ ᠪᠤᠰᠤᠳ ᠭᠡᠷ ᠪᠠᠶᠢᠰᠢᠩ ᠬᠤᠳᠠᠯᠳᠤᠨ ᠠᠪᠬᠤ᠂ ᠵᠠᠯᠭᠠᠮᠵᠢᠯᠠᠬᠤ᠂ ᠪᠡᠯᠡᠭᠯᠡᠬᠦ ᠵᠡᠷᠭᠡ ᠪᠠᠷ ᠪᠤᠰᠤᠳ ᠭᠡᠷ | ᠪᠠᠶᠢᠰᠢᠩ ᠣᠯᠣᠭᠰᠠᠨ; | ︵ᠭᠤᠷᠪᠠ︶ ᠲᠦᠷᠢᠶᠡᠰᠦᠯᠡᠭᠰᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠡᠪᠳᠡᠭᠰᠡᠨ᠂ | ᠥᠭᠡᠷᠡᠴᠢᠯᠡᠭᠰᠡᠨ ᠪᠤᠶᠤ ᠳᠤᠷ᠎ᠠ ᠪᠠᠷ ᠢᠶᠠᠨ ᠵᠠᠰᠠᠵᠤ ᠴᠢᠮᠡᠭᠯᠡᠭᠡᠳ ᠤᠤᠯ ᠤᠨ ᠪᠠᠶᠢᠳᠠᠯ ᠢ ᠨᠢ ᠰᠡᠷᠭᠦᠭᠡᠬᠦ ᠶᠢ | ᠲᠡᠪᠴᠢᠭᠰᠡᠨ; | ︵ᠳᠥᠷᠪᠡ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠰᠢᠯᠵᠢᠭᠦᠯᠦᠨ | ᠲᠦᠷᠢᠶᠡᠰᠦᠯᠡᠭᠦᠯᠦᠭᠰᠡᠨ᠂ ᠰᠢᠯᠵᠢᠭᠦᠯᠦᠨ ᠥᠭᠭᠦᠭᠰᠡᠨ᠂ ᠵᠢᠭᠡᠯᠡᠭᠦᠯᠦᠭᠰᠡᠨ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ | ᠣᠷᠣᠨ ᠰᠠᠭᠤᠴᠠ ᠶᠢ ᠠᠰᠢᠭᠯᠠᠨ ᠬᠠᠤᠯᠢ ᠪᠤᠰᠤ ᠠᠵᠢᠯᠯᠠᠭ᠎ᠠ ᠬᠢᠭᠰᠡᠨ ᠪᠤᠶᠤ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠬᠢᠭᠰᠡᠨ; | ︵ᠲᠠᠪᠤ︶ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠶᠢᠨ ᠡᠳᠦᠷ | ᠲᠤᠳᠤᠮ ᠤᠨ ᠬᠠᠮᠢᠶᠠᠷᠤᠯᠲᠠ ᠶᠢᠨ ᠠᠵᠢᠯ ᠳᠤ ᠬᠠᠮᠵᠢᠯᠴᠠᠬᠤ ᠶᠢ ᠲᠡᠪᠴᠢᠭᠰᠡᠨ; | ︵ᠵᠢᠷᠭᠤᠭ᠎ᠠ︶ ᠭᠡᠷ᠎ᠡ ᠶᠢᠨ ᠪᠣᠯᠵᠣᠯ ᠢ ᠦᠨᠳᠦᠰᠦᠯᠡᠨ ᠭᠡᠷ᠎ᠡ ᠶᠢ ᠴᠤᠴᠠᠯᠬᠤ ᠪᠤᠶᠤ ᠲᠦᠷᠢᠶᠡᠰᠦ ᠶᠢ ᠪᠤᠴᠠᠭᠠᠬᠤ | ᠪᠠᠶᠢᠳᠠᠯ ᠳᠤ ᠨᠡᠶᠢᠴᠡᠭᠰᠡᠨ; | ︵ᠲᠤᠯᠤᠭ᠎ᠠ︶ ᠬᠤᠪᠢ ᠬᠥᠮᠥᠨ ᠤ ᠬᠤᠳᠠᠯ ᠬᠠᠭᠤᠷᠮᠠᠭ ᠮᠡᠳᠡᠭᠡ ᠵᠠᠩᠭᠢ ᠪᠠ ᠮᠠᠲ᠋ᠧᠷᠢᠶᠠᠯ ᠢᠶᠠᠨ ᠲᠤᠰᠢᠶᠠᠭᠰᠠᠨ᠂ | ᠡᠰᠡᠬᠦᠯ᠎ᠡ ᠮᠡᠬᠡᠯᠡᠬᠦ ᠵᠡᠷᠭᠡ ᠲᠥᠪ ᠪᠤᠰᠤ ᠠᠷᠭ᠎ᠠ ᠪᠠᠷᠢᠯ ᠢᠶᠠᠷ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢ ᠲᠦᠷᠢᠶᠡᠰᠦᠯᠡᠭᠰᠡᠨ; | ︵ᠨᠠᠢᠮᠠ︶ ᠬᠢᠨᠠᠨ ᠪᠠᠶᠢᠴᠠᠭᠠᠭᠠᠳ ᠵᠥᠪᠰᠢᠶᠡᠷᠡᠨ ᠣᠷᠣᠭᠤᠯᠬᠤ ᠨᠥᠬᠦᠴᠡᠯ ᠲᠤ ᠨᠡᠶᠢᠴᠡᠬᠦ ᠦᠭᠡᠢ ᠪᠣᠯᠤᠭᠰᠠᠨ | | ︵ᠶᠢᠰᠦ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠵᠦᠢ ᠶᠣᠰᠣᠨ ᠤ ᠰᠢᠯᠲᠠᠭᠠᠨ | ᠦᠭᠡᠢ ᠪᠠᠷ ᠵᠠᠯᠭᠠᠭᠠᠪᠠᠷ 3 ᠰᠠᠷ᠎ᠠ ᠠᠴᠠ ᠳᠡᠭᠡᠭᠰᠢ ᠰᠤᠯᠠ ᠪᠠᠶᠢᠯᠭᠠᠭᠰᠠᠨ | ︵ᠠᠷᠪᠠ︶ ᠲᠦᠷᠢᠶᠡᠰᠦᠯᠡᠭᠴᠢ ᠨᠢ ᠨᠡᠶᠢᠳᠡ 3 ᠰᠠᠷ᠎ᠠ ᠠᠴᠠ ᠳᠡᠭᠡᠭᠰᠢ ᠬᠤᠭᠤᠴᠠᠭ᠎ᠠ ᠲᠠᠢ ᠲᠦᠷᠢᠶᠡᠰᠦᠨ ᠮᠥᠩᠭᠦ ᠶᠢ | ᠥᠷᠢᠲᠦᠵᠦ ᠤᠳᠠᠭᠠᠰᠢᠷᠠᠭᠤᠯᠤᠭᠰᠠᠨ᠃ | ︵ᠠᠷᠪᠠᠨ ᠨᠢᠭᠡ︶ ᠭᠡᠷ᠎ᠡ ᠶᠢ ᠳᠠᠭᠤᠰᠬᠠᠬᠤ᠂ ᠭᠡᠷ ᠪᠠᠶᠢᠰᠢᠩ ᠢ ᠬᠤᠷᠢᠶᠠᠨ ᠠᠪᠬᠤ ᠶᠣᠰᠣᠲᠠᠢ ᠪᠤᠰᠤᠳ ᠪᠠᠶᠢᠳᠠᠯ ᠤᠳ᠃ | ᠠᠷᠪᠠᠨ ᠲᠠᠪᠤᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠢ ᠵᠥᠪᠰᠢᠶᠡᠷᠡᠨ | ᠣᠷᠣᠭᠤᠯᠬᠤ ᠨᠥᠬᠦᠴᠡᠯ ᠲᠤ ᠨᠡᠶᠢᠴᠡᠬᠦ ᠦᠭᠡᠢ ᠪᠣᠯᠤᠭᠰᠠᠨ ᠪᠤᠶᠤ ᠬᠤᠪᠢ ᠬᠥᠮᠥᠨ ᠤ ᠰᠢᠯᠲᠠᠭᠠᠨ ᠠᠴᠠ ᠪᠣᠯᠵᠤ | ᠪᠠᠲᠤᠯᠠᠭ᠎ᠠ ᠵᠢᠨᠴᠢᠨᠠᠷᠲᠠᠢ ᠲᠦᠷᠢᠶᠡᠰᠦᠨ ᠣᠷᠣᠨ ᠰᠠᠭᠤᠴᠠ ᠠᠴᠠ ᠤᠬᠤᠷᠢᠨ ᠭᠠᠷᠬᠤ ᠶᠢ ᠰᠠᠨᠠᠭᠠᠴᠢᠯᠠᠭ᠎ᠠ ᠠᠴᠠ ᠪᠠᠨ | ᠭᠤᠶᠤᠴᠢᠯᠠᠭᠰᠠᠨ ᠪᠠᠶᠢᠪᠠᠯ᠂ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠢ ᠲᠡᠭᠦᠨ ᠯᠦᠭᠡ ᠲᠦᠷᠢᠶᠡᠰᠦᠨ ᠭᠡᠷ᠎ᠡ ᠪᠠᠨ | ᠬᠦᠴᠦᠨ ᠦᠭᠡᠢ ᠪᠣᠯᠭᠠᠬᠤ ᠶᠢᠨ ᠬᠠᠮᠲᠤ ᠬᠠᠮᠤᠭ ᠤᠨ ᠤᠷᠳᠤ ᠲᠠᠭᠠᠨ 1 ᠰᠠᠷ᠎ᠠ ᠠᠴᠠ ᠬᠡᠲᠦᠷᠡᠬᠦ ᠦᠭᠡᠢ ᠰᠤᠯᠠᠯᠠᠨ | ᠪᠤᠴᠠᠭᠠᠬᠤ ᠰᠢᠯᠵᠢᠯᠲᠡ ᠶᠢᠨ ᠬᠤᠭᠤᠴᠠᠭ᠎ᠠ ᠥᠭᠴᠦ᠂ ᠰᠢᠯᠵᠢᠯᠲᠡ ᠶᠢᠨ ᠬᠤᠭᠤᠴᠠᠭᠠᠨ ᠲᠠᠬᠢ ᠲᠦᠷᠢᠶᠡᠰᠦᠨ | ᠮᠥᠩᠭᠦ ᠢ ᠤᠤᠯ ᠭᠡᠷ᠎ᠡ ᠳᠤ ᠪᠣᠯᠵᠣᠨ ᠲᠣᠭᠲᠠᠭᠰᠠᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠶᠣᠰᠣᠭᠠᠷ | ᠲᠤᠰᠢᠶᠠᠨ᠎ᠠ᠃ ᠤᠬᠤᠷᠢᠨ ᠭᠠᠷᠬᠤ ᠬᠠᠮᠢᠶᠠᠷᠤᠯᠲᠠ ᠶᠢ ᠳᠠᠭᠠᠬᠤ ᠦᠭᠡᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ | ᠪᠤᠶᠤ ᠭᠡᠷ᠎ᠡ ᠶᠢᠨ ᠪᠣᠯᠵᠣᠯ ᠶᠣᠰᠣᠭᠠᠷ ᠰᠢᠭᠦᠬᠦ ᠬᠤᠷᠢᠶ᠎ᠠ ᠳᠤ ᠠᠯᠪᠠᠳᠠᠨ ᠭᠦᠢᠴᠡᠳᠬᠡᠭᠦᠯᠬᠦ ᠪᠠᠷ ᠭᠤᠶᠤᠴᠢᠯᠠᠵᠤ | ᠪᠣᠯᠣᠨ᠎ᠠ᠃ | ᠵᠢᠷᠭᠤᠳᠤᠭᠠᠷ ᠪᠦᠯᠦᠭ ᠬᠢᠨᠠᠵᠤ ᠬᠠᠮᠢᠶᠠᠷᠬᠤ | ᠠᠷᠪᠠᠨ ᠵᠢᠷᠭᠤᠳᠤᠭᠠᠷ ᠵᠦᠢᠯ ᠡᠵᠡᠩᠨᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠬᠤ ᠪᠤᠶᠤ ᠬᠡᠯᠪᠡᠷᠢ ᠶᠢ ᠨᠢ | ᠥᠭᠡᠷᠡᠲᠦᠭᠦᠯᠦᠨ ᠪᠣᠷᠣᠯᠠᠭᠤᠯᠬᠤ ᠶᠢ ᠡᠷᠡᠰ ᠰᠡᠷᠭᠡᠶᠢᠯᠡᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠨᠡᠷ᠎ᠡ ᠪᠠᠷ ᠲᠣᠭᠲᠠᠭᠠᠯ ᠠᠴᠠ ᠵᠥᠷᠢᠴᠡᠨ ᠡᠵᠡᠩᠨᠡᠬᠦ ᠪᠤᠶᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠮᠡᠬᠡᠯᠡᠨ ᠣᠯᠬᠤ ᠶᠢ ᠴᠢᠩᠭ᠎ᠠ ᠴᠠᠭᠠᠵᠠᠯᠠᠨ᠎ᠠ᠃ ᠰᠢᠶᠠᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ | ᠰᠠᠯᠠᠭ᠎ᠠ ᠮᠥᠴᠢᠷ ᠤᠨ ᠬᠢᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠤᠷᠢᠨ | ᠪᠠᠶᠢᠴᠠᠭᠠᠬᠤ᠂ ᠪᠠᠶᠢᠴᠠᠭᠠᠬᠤ ᠶᠠᠪᠤᠴᠠ ᠳᠤ ᠭᠤᠶᠤᠴᠢᠯᠠᠭᠳᠠᠬᠤ ᠡᠲᠡᠭᠡᠳ᠂ ᠣᠷᠣᠬᠤ ᠵᠥᠪᠰᠢᠶᠡᠷᠡᠯ ᠤᠨ ᠨᠥᠬᠦᠴᠡᠯ ᠳᠤ | ᠨᠡᠶᠢᠴᠡᠬᠦ ᠦᠭᠡᠢ᠂ ᠲᠦᠷᠢᠶᠡᠰᠦᠯᠡᠬᠦ ᠦᠨ᠎ᠡ᠂ ᠲᠦᠷᠢᠶᠡᠰᠦᠯᠡᠬᠦ ᠬᠤᠭᠤᠴᠠᠭ᠎ᠠ ᠨᠢ ᠲᠣᠭᠲᠠᠭᠠᠯ ᠠᠴᠠ ᠬᠡᠲᠦᠷᠡᠭᠰᠡᠨ᠂ | ᠲᠣᠭᠲᠠᠭᠠᠯ ᠠᠴᠠ ᠵᠥᠷᠢᠴᠡᠨ ᠡᠵᠡᠩᠨᠡᠭᠰᠡᠨ ᠪᠤᠶᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠮᠡᠬᠡᠯᠡᠨ ᠠᠪᠤᠭᠰᠠᠨ | ᠵᠡᠷᠭᠡ ᠡᠶᠢᠮᠦᠷᠬᠦ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠬᠥᠮᠥᠰ ᠵᠢᠴᠢ | ᠬᠠᠮᠢᠶᠠᠷᠤᠯᠲᠠ ᠶᠢᠨ ᠨᠢᠭᠡᠴᠢ ᠶᠢ ᠰᠢᠪᠠᠳᠠᠵᠤ ᠪᠠᠶᠢᠭᠠᠳ ᠴᠠᠭ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠦᠨ᠎ᠡ; | ᠰᠣᠩᠭᠤᠨ ᠪᠠᠶᠢᠴᠠᠭᠠᠬᠤ ᠶᠠᠪᠤᠴᠠ ᠳᠤ ᠬᠡᠷᠪᠡ ᠲᠦᠷᠢᠶᠡᠰᠦᠯᠡᠭᠰᠡᠨ ᠡᠲᠡᠭᠡᠳ ᠲᠤ ᠬᠤᠳᠠᠯ ᠬᠠᠭᠤᠷᠮᠠᠭ ᠮᠠᠲ᠋ᠧᠷᠢᠶᠠᠯ | ᠬᠠᠩᠭᠠᠭᠰᠠᠨ᠂ ᠦᠨᠡᠨ ᠪᠣᠳᠠᠲᠤ ᠪᠠᠶᠢᠳᠠᠯ ᠢᠶᠠᠨ ᠨᠢᠭᠤᠨ ᠳᠠᠯᠳᠠᠯᠠᠭᠰᠠᠨ ᠪᠠᠶᠢᠳᠠᠯ ᠣᠷᠣᠰᠢᠵᠤ ᠪᠠᠶᠢᠬᠤ ᠶᠢ ᠣᠯᠵᠤ | ᠮᠡᠳᠡᠪᠡᠯ᠂ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠠᠴᠠ ᠲᠦᠷᠢᠶᠡᠰᠦᠯᠡᠭᠰᠡᠨ ᠡᠲᠡᠭᠡᠳ ᠢ ᠲᠡᠷᠡ ᠳᠠᠷᠤᠢ ᠳᠤᠨᠢ | ᠢᠯᠭᠠᠷᠠᠭᠤᠯᠤᠨ ᠪᠤᠴᠠᠭᠠᠬᠤ ᠶᠢᠨ ᠬᠠᠮᠲᠤ ᠬᠢᠷᠢ ᠬᠡᠮ ᠢ ᠨᠢ ᠬᠠᠰᠤᠬᠤ ᠶᠢᠨ ᠬᠠᠮᠲᠤ ᠣᠷᠣᠨ ᠰᠠᠭᠤᠴᠠ ᠶᠢᠨ | ᠪᠠᠲᠤᠯᠠᠭ᠎ᠠ ᠶᠢᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠬᠡᠷᠡᠭᠲᠡᠢ᠃ | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠠᠷᠪᠠᠨ ᠳᠣᠯᠣᠳᠤᠭᠠᠷ ᠵᠦᠢᠯ ᠣᠷᠣᠨ ᠰᠠᠭᠤᠴᠠ ᠶᠢᠨ ᠪᠠᠲᠤᠯᠠᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠵᠢᠴᠢ ᠲᠡᠭᠦᠨ ᠤ ᠠᠵᠢᠯᠲᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ | ᠠᠵᠢᠯ ᠤᠨ ᠳᠤᠮᠳᠠ ᠲᠣᠰ ᠨᠠᠷᠢᠨ ᠳᠦᠷᠢᠮ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ | ᠦᠭᠡᠢ᠂ ᠡᠰᠡᠬᠦᠯ᠎ᠡ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠳᠠᠭᠠᠨ | ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ | ᠪᠠᠶᠢᠭ᠎ᠠ ᠭᠤᠣᠯᠴᠢᠯᠠᠨ ᠬᠠᠮᠢᠶᠠᠷᠬᠤ ᠠᠵᠢᠯᠲᠠᠨ ᠪᠣᠯᠣᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ | ᠬᠠᠤᠯᠢ ᠶᠣᠰᠣᠭᠠᠷ ᠰᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠨᠠᠢᠮᠠᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠥᠮᠴᠢᠯᠡᠬᠦ ᠡᠷᠬᠡᠲᠦ | ᠬᠥᠮᠥᠨ ᠤ ᠨᠠᠶᠢᠳᠠᠭᠰᠠᠨ ᠡᠵᠡᠩᠨᠡᠯᠲᠡ ᠶᠢᠨ ᠨᠢᠭᠡᠴᠡ ᠲᠤᠰ ᠠᠷᠭ᠎ᠠ ᠶᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠣᠷᠣᠨ ᠰᠠᠭᠤᠴᠠ ᠵᠢᠨᠪᠠᠲᠤᠯᠠᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠭ᠎ᠠ ᠬᠢᠯᠭᠡᠨ᠎ᠡ᠄ | ︵ᠨᠢᠭᠡ︶ ᠨᠥᠬᠦᠴᠡᠯ ᠳᠤ ᠨᠡᠶᠢᠴᠡᠬᠦ ᠦᠭᠡᠢ ᠡᠲᠡᠭᠡᠳ ᠲᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠲᠦᠷᠢᠶᠡᠰᠦᠯᠡᠭᠦᠯᠦᠭᠰᠡᠨ; | ︵ᠬᠤᠶᠠᠷ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠴᠢ ᠲᠡᠭᠦᠨ ᠤ ᠢᠵᠢ ᠪᠦᠷᠢᠳᠦᠭᠦᠯᠬᠦ | ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠡᠭᠦᠷᠭᠡ ᠪᠠᠨ ᠦᠯᠦ ᠭᠦᠢᠴᠡᠳᠬᠡᠭᠰᠡᠨ; | ︵ᠭᠤᠷᠪᠠ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠰᠢᠨᠵᠢ ᠴᠢᠨᠠᠷ᠂ ᠬᠡᠷᠡᠭᠴᠡᠭᠡ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠲᠥᠯᠦᠪᠵᠢᠭᠦᠯᠭᠡ ᠶᠢᠨ | ᠬᠡᠷᠡᠭᠴᠡᠭᠡ ᠶᠢ ᠬᠤᠪᠢᠷᠠᠭᠤᠯᠤᠭᠰᠠᠨ᠃ | ᠠᠷᠪᠠ ᠶᠢᠰᠦᠳᠦᠭᠡᠷ ᠵᠦᠢᠯ ᠭᠤᠶᠤᠴᠢᠯᠠᠭᠴᠢ ᠬᠤᠯᠪᠣᠭᠳᠠᠯ ᠪᠦᠬᠦᠢ ᠪᠠᠶᠢᠳᠠᠯ ᠢᠶᠠᠨ ᠨᠢᠭᠤᠨ ᠳᠠᠯᠳᠠᠯᠠᠬᠤ ᠪᠤᠶᠤ | ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ | ᠭᠤᠶᠤᠴᠢᠯᠠᠪᠠᠯ᠂ ᠣᠷᠣᠨ ᠰᠠᠭᠤᠴᠠ ᠶᠢᠨ ᠪᠠᠲᠤᠯᠠᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠥᠯᠢᠶᠡᠨ | ᠠᠪᠴᠤ ᠰᠢᠢᠳᠪᠦᠷᠢᠯᠡᠬᠦ ᠦᠭᠡᠢ ᠪᠠᠷ ᠰᠡᠷᠡᠮᠵᠢ ᠥᠭᠬᠦ ᠶᠢᠨ ᠬᠠᠮᠲᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠬᠠᠮᠢᠶᠠᠷᠤᠯᠲᠠ ᠶᠢᠨ ᠲᠠᠩᠰᠠ ᠡᠪᠬᠡᠮᠡᠯ ᠲᠤ ᠲᠡᠮᠳᠡᠭᠯᠡᠨ ᠣᠷᠣᠭᠤᠯᠬᠤ ᠬᠡᠷᠡᠭᠲᠡᠢ᠃ ᠳᠠᠷᠠᠭᠠᠯᠠᠨ | ᠬᠦᠯᠢᠶᠡᠬᠦ ᠡᠲᠡᠭᠡᠳ ᠢᠶᠠᠷ ᠳᠠᠩᠰᠠᠯᠠᠭᠤᠯᠤᠭᠰᠠᠨ ᠪᠠᠶᠢᠪᠠᠯ᠂ ᠲᠡᠭᠦᠨ ᠤ ᠳᠠᠩᠰᠠᠯᠠᠯᠲᠠ ᠶᠢ ᠬᠦᠴᠦᠨ ᠦᠭᠡᠢ ᠪᠣᠯᠭᠠᠨ᠎ᠠ; | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠨᠢᠭᠡᠨᠲᠡ ᠲᠦᠷᠢᠶᠡᠰᠦᠯᠡᠭᠰᠡᠨ ᠪᠠᠶᠢᠪᠠᠯ᠂ ᠵᠠᠷᠯᠢᠭᠳᠠᠵᠤ | ᠪᠠᠶᠢᠭᠠᠳ ᠲᠦᠷᠢᠶᠡᠰᠦᠯᠡᠭᠰᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠨᠢ ᠬᠤᠭᠤᠴᠠᠭ᠎ᠠ | ᠲᠣᠭᠲᠠᠭᠠᠨ ᠪᠤᠴᠠᠭᠠᠯᠭᠠᠬᠤ ᠶᠢᠨ ᠬᠠᠮᠲᠤ ᠵᠠᠬ᠎ᠠ ᠳᠡᠯᠭᠡᠭᠦᠷ ᠤᠨ ᠦᠨ᠎ᠡ ᠪᠠᠷ ᠲᠦᠷᠢᠶᠡᠰᠦᠨ ᠮᠥᠩᠭᠦ ᠶᠢ ᠨᠥᠬᠦᠵᠦ | ᠲᠤᠰᠢᠶᠠᠯᠭᠠᠨ᠎ᠠ᠂ ᠬᠤᠭᠤᠴᠠᠭ᠎ᠠ ᠬᠡᠲᠦᠷᠡᠲᠡᠯ᠎ᠡ ᠪᠤᠴᠠᠭᠠᠬᠤ ᠦᠭᠡᠢ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠳᠤ | ᠠᠯᠪᠠᠳᠠᠨ ᠭᠦᠢᠴᠡᠳᠬᠡᠭᠦᠯᠬᠦ ᠪᠠᠷ ᠬᠠᠤᠯᠢ ᠶᠣᠰᠣᠭᠠᠷ ᠭᠤᠶᠤᠴᠢᠯᠠᠵᠤ ᠪᠣᠯᠣᠨ᠎ᠠ᠃ ᠲᠦᠷᠢᠶᠡᠰᠦᠯᠡᠭᠴᠢ ᠪᠠᠲᠤᠯᠠᠭ᠎ᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠤᠴᠠᠭᠠᠭᠰᠠᠨ ᠡᠳᠦᠷ ᠠᠴᠠ ᠡᠬᠢᠯᠡᠨ ᠲᠠᠪᠤᠨ ᠵᠢᠯ ᠤᠨ ᠳᠣᠲᠣᠷ᠎ᠠ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠠᠬᠢᠨ ᠭᠤᠶᠤᠴᠢᠯᠠᠵᠤ ᠪᠣᠯᠬᠤ ᠦᠭᠡᠢ᠃ | ᠬᠤᠷᠢᠳᠤᠭᠠᠷ ᠵᠦᠢᠯ ᠳᠦᠷᠢᠶᠡᠰᠦᠯᠡᠭᠴᠢ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ | ᠪᠠᠶᠢᠪᠠᠯ᠂ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ | ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠡᠭᠦᠰᠦᠭᠰᠡᠨ ᠡᠳᠦᠷ ᠠᠴᠠ ᠡᠬᠢᠯᠡᠨ ᠲᠦᠷᠢᠶᠡᠰᠦᠨ | ᠮᠥᠩᠭᠦ ᠶᠢ ᠵᠠᠬ᠎ᠠ ᠳᠡᠯᠭᠡᠭᠦᠷ ᠤᠨ ᠦᠨ᠎ᠡ ᠪᠠᠷ ᠨᠥᠬᠦᠨ ᠲᠤᠰᠢᠶᠠᠯᠭᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ | ᠣᠷᠣᠨ ᠰᠠᠭᠤᠴᠠ ᠶᠢᠨ ᠬᠠᠮᠢᠶᠠᠷᠤᠯᠲᠠ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠤᠨ᠎ᠠ; ᠬᠠᠤᠯᠢ ᠶᠢ | ᠵᠥᠷᠢᠴᠡᠵᠦ ᠣᠯᠵᠠ ᠠᠰᠢᠭ ᠣᠯᠣᠭᠰᠠᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ | ᠲᠤᠰᠢᠶᠠᠵᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠰᠢᠳᠬᠡᠨ᠎ᠡ᠄ | ︵ᠨᠢᠭᠡ︶ ᠲᠦᠷᠢᠶᠡᠰᠦᠯᠡᠵᠦ ᠪᠠᠶᠢᠭ᠎ᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠰᠢᠯᠵᠢᠭᠦᠯᠦᠨ | ᠵᠢᠭᠡᠯᠡᠭᠦᠯᠦᠭᠰᠡᠨ᠂ ᠰᠢᠯᠵᠢᠭᠦᠯᠦᠨ ᠲᠦᠷᠢᠶᠡᠰᠦᠯᠡᠭᠦᠯᠦᠭᠰᠡᠨ ᠪᠤᠶᠤ ᠳᠤᠷ᠎ᠠ ᠪᠠᠷ ᠢᠶᠠᠨ ᠰᠣᠯᠢᠭᠰᠠᠨ; | ︵ᠬᠤᠶᠠᠷ︶ ᠲᠦᠷᠢᠶᠡᠰᠦᠯᠡᠭᠰᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠡᠷᠡᠭᠴᠡᠭᠡ ᠶᠢ | ᠬᠤᠪᠢᠷᠠᠭᠤᠯᠤᠭᠰᠠᠨ; | ︵ᠭᠤᠷᠪᠠ︶ ᠲᠦᠷᠢᠶᠡᠰᠦᠯᠡᠭᠰᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠡᠪᠳᠡᠭᠰᠡᠨ ᠪᠤᠶᠤ | ᠳᠤᠷ᠎ᠠ ᠪᠠᠷ ᠢᠶᠠᠨ ᠵᠠᠰᠠᠵᠤ ᠴᠢᠮᠡᠭᠯᠡᠭᠡᠳ᠂ ᠤᠤᠯ ᠤᠨ ᠪᠠᠶᠢᠳᠠᠯ ᠢ ᠨᠢ ᠰᠡᠷᠭᠦᠭᠡᠬᠦ ᠶᠢ ᠲᠡᠪᠴᠢᠭᠰᠡᠨ; | ︵ᠳᠥᠷᠪᠡ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠳᠣᠲᠣᠷ᠎ᠠ ᠬᠠᠤᠯᠢ ᠶᠢ ᠵᠥᠷᠢᠴᠡᠭᠰᠡᠨ | ᠠᠵᠢᠯᠯᠠᠭ᠎ᠠ ᠬᠢᠭᠰᠡᠨ; | ︵ᠲᠠᠪᠤ︶ ᠪᠠᠲᠤᠯᠠᠭ᠎ᠠ ᠢᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠢᠶ ᠵᠦᠢ ᠶᠣᠰᠣᠨ ᠣ | ᠰᠢᠯᠲᠠᠭᠠᠨ ᠦᠭᠡᠢ ᠪᠠᠷ ᠵᠠᠯᠭᠠᠭ᠎ᠠ ᠪᠠᠷ 3 ᠰᠠᠷ᠎ᠠ ᠠᠴᠠ ᠳᠡᠭᠡᠭᠰᠢ ᠰᠤᠯᠠ ᠪᠠᠶᠢᠯᠭᠠᠭᠰᠠᠨ | (ᠵᠢᠷᠭᠤᠭ᠎ᠠ) ᠲᠦᠷᠢᠶᠡᠰᠦᠯᠡᠭᠴᠢ ᠨᠢ ᠨᠡᠶᠢᠳᠠ 3 ᠰᠠᠷ᠎ᠠ ᠠᠴᠠ ᠳᠡᠭᠡᠭᠰᠢ ᠬᠤᠭᠤᠴᠠᠭ᠎ᠠ ᠲᠠᠢ ᠪᠠᠷ ᠲᠦᠷᠢᠶᠡᠰᠦᠨ | ᠮᠥᠩᠭᠦ ᠶᠢ ᠥᠷᠢᠲᠦᠵᠦ ᠤᠳᠠᠭᠠᠰᠢᠷᠠᠭᠤᠯᠤᠭᠰᠠᠨ᠃ | ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠲᠠᠢ ᠪᠠᠶᠢᠪᠠᠯ᠂ ᠲᠦᠷᠢᠶᠡᠰᠦᠯᠡᠭᠴᠢ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ ᠪᠤᠴᠠᠭᠠᠭᠰᠠᠨ ᠡᠳᠦᠷ ᠠᠴᠠ ᠡᠬᠢᠯᠡᠨ ᠲᠠᠪᠤᠨ ᠵᠢᠯ ᠤᠨ ᠳᠣᠲᠣᠷ᠎ᠠ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠳᠠᠬᠢᠨᠲᠠ ᠭᠤᠶᠤᠴᠢᠯᠠᠵᠤ ᠪᠣᠯᠬᠤ ᠦᠭᠡᠢ; ᠬᠤᠬᠢᠷᠠᠯ | ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃ | ᠬᠤᠷᠢᠨ ᠨᠢᠭᠡᠳᠦᠭᠡᠷ ᠵᠦᠢᠯ ᠲᠤᠰ ᠬᠡᠷᠡᠭᠵᠢᠭᠦᠯᠬᠦ ᠨᠠᠷᠢᠨ ᠳᠦᠷᠢᠮ ᠢ ᠰᠢᠶᠠᠨ ᠤ ᠣᠷᠣᠨ ᠰᠠᠭᠤᠴᠠ ᠶᠢᠨ | ᠪᠠᠲᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠠᠶᠢᠯᠪᠤᠷᠢᠯᠠᠨ᠎ᠠ᠃ | ᠬᠤᠷᠢᠨ ᠬᠤᠶᠠᠳᠤᠭᠠᠷ ᠵᠦᠢᠯ ᠲᠤᠰ ᠬᠡᠷᠡᠭᠵᠢᠭᠦᠯᠬᠦ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | |