10 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ | ᠳ᠋ᠠ ᠾᠧ ᠤᠷᠢᠳ ᠬᠤᠵᠢᠳ ᠬᠤᠸᠠ ᠢ ᠵᠦᠸᠧᠽᠢ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ᠂ ᠬᠤᠲᠠ ᠶᠢᠨ | ᠲᠣᠭᠤᠷᠢᠭ ᠤᠨ ᠢᠯᠴᠢ ᠰᠣᠯᠢᠯᠴᠠᠬᠤ ᠥᠷᠲᠡᠭᠡ ᠳᠤ ᠭᠦᠨᠵᠡᠭᠡᠶᠢᠷᠡᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ | ᠪᠠᠶᠢᠴᠠᠭᠠᠨ ᠰᠤᠳᠤᠯᠪᠠ᠃ ᠣᠶᠢᠯᠠᠭᠠᠭᠰᠠᠨ ᠢᠶᠠᠷ᠂ 10 ᠰᠠᠷ᠎ᠠ ᠶᠢᠨ 1 ᠤ ᠡᠳᠦᠷ ᠤᠨ ᠲᠡᠭ ᠴᠠᠭ ᠲᠤ ᠵᠦᠸᠧᠽᠢ | ᠰᠢᠶᠠᠨ ᠤ ᠡᠨᠡ ᠡᠪᠦᠯ ᠤᠨ ᠳᠤᠯᠠᠭᠠᠯᠠᠭ᠎ᠠ ᠶᠢᠨ ᠠᠵᠢᠯ ᠵᠢᠩᠬᠢᠨᠢ ᠪᠠᠷ ᠡᠬᠢᠯᠡᠵᠦ᠂ 15 ᠡᠳᠦᠷ ᠤᠷᠢᠳᠴᠢᠯᠠᠨ ᠢᠯᠴᠢ | ᠬᠠᠩᠭᠠᠵᠤ᠂ ᠳᠤᠯᠠᠭᠠᠨ ᠴᠠᠭ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠲᠣᠰ ᠰᠢᠶᠠᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠪᠣᠯᠤᠨ᠎ᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠩ ᠳ᠋ᠠ ᠾᠧ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ | ᠨᠢᠭᠤᠷᠳᠠᠨ ᠶᠠᠷᠢᠯᠴᠠᠵᠤ᠂ ᠰᠢᠲᠠᠭᠠᠯᠭ᠎ᠠ ᠶᠢᠨ ᠨᠡᠭᠦᠷᠡᠰᠦᠨ ᠤ ᠨᠥᠭᠡᠴᠡ᠂ ᠲᠥᠬᠦᠭᠡᠷᠦᠮᠵᠢ ᠶᠢ ᠪᠠᠶᠢᠴᠠᠭᠠᠨ ᠵᠠᠰᠠᠭᠰᠠᠨ | ᠵᠢᠴᠢ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠸᠠᠩ ᠳ᠋ᠠ ᠾᠧ᠂ ᠤᠯᠠᠨ ᠲᠦᠮᠡᠨ ᠤ | ᠬᠠᠯᠠᠭᠤᠨ ᠳᠤᠯᠠᠭᠠᠨ ᠢ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ︽ᠳᠤᠯᠠᠭᠠᠨ ᠢᠨᠵᠧᠨᠧᠷᠢᠩ︾ ᠤᠨ ᠲᠤᠬᠠᠢ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠪᠦᠯ ᠤᠨ ᠤᠯᠠᠷᠢᠯ ᠤᠨ ᠢᠯᠴᠢ | ᠬᠠᠩᠭᠠᠬᠤ ᠶᠢ ᠠᠷᠠᠳ ᠤᠨ ᠠᠮᠢᠳᠤᠷᠠᠯ ᠢ ᠪᠠᠲᠤᠯᠠᠬᠤ ᠴᠢᠬᠤᠯᠠ ᠪᠠᠶᠢᠷᠢᠨ ᠳᠤ ᠲᠠᠯᠪᠢᠵᠤ᠂ ᠦᠢᠯᠡᠴᠢᠯᠡᠭᠡᠨ ᠤ | ᠲᠦᠪᠰᠢᠨ ᠪᠣᠯᠣᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢ ᠰᠡᠳᠬᠢᠯ ᠲᠠᠯᠪᠢᠨ | ᠬᠦᠴᠦ ᠣᠷᠣᠭᠤᠯᠤᠨ ᠰᠠᠶᠢᠲᠤᠷ ᠬᠢᠬᠦ ᠬᠡᠷᠡᠭᠲᠡᠢ᠃ ᠢᠯᠴᠢ ᠬᠠᠩᠭᠠᠬᠤ ᠠᠵᠤ ᠠᠬᠤᠶᠢᠯᠠᠯ ᠤᠳ ᠨᠡᠶᠢᠭᠡᠮ ᠤᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠢᠯᠯᠠᠭᠠᠨ ᠤ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠂ | ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠢᠲᠡᠨ ᠤᠷᠤᠰᠬᠠᠯ ᠤᠨ | ᠠᠭᠤᠷ ᠠᠮᠢᠰᠬᠤᠯ ᠢ ᠢᠳᠡᠪᠬᠢᠲᠡᠶ ᠪᠠᠷ ᠠᠷᠭᠠᠴᠠᠨ᠂ ᠰᠢᠲᠠᠭᠠᠯᠭ᠎ᠠ ᠶᠢᠨ ᠨᠡᠭᠦᠷᠡᠰᠦ ᠨᠥᠭᠡᠴᠡᠯᠡᠬᠦ᠂ ᠲᠥᠬᠦᠭᠡᠷᠦᠮᠵᠢ ᠶᠢ | ᠪᠠᠶᠢᠴᠠᠭᠠᠨ ᠵᠠᠰᠠᠬᠤ᠂ ᠬᠤᠭᠤᠯᠠᠶ ᠱᠤᠭᠤᠮ ᠤᠨ ᠬᠠᠮᠢᠶᠠᠷᠤᠯᠲᠠ ᠬᠠᠮᠠᠭᠠᠯᠠᠯᠲᠠ ᠵᠡᠷᠭᠡ ᠢᠯᠴᠢ ᠬᠠᠩᠭᠠᠬᠤ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠯᠠᠨ ᠲᠦᠮᠡᠨ ᠤ ᠳᠤᠯᠠᠭᠠᠨ | ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ | ᠰᠢᠶᠠᠨ ᠤ ᠤᠳᠤᠷᠢᠳᠤᠯᠭ᠎ᠠ ᠰᠦ ᠹᠦ᠋ ᠯᠢᠶᠠᠩ᠂ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠢᠯᠴᠢ | ᠬᠠᠩᠭᠠᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |