︽ᠲᠠᠩᠰᠤᠭ ᠰᠠᠶᠢᠬᠠᠨ ᠶᠢᠰᠦᠨ ᠰᠠᠷ᠎ᠠ ᠶᠢᠨ ᠶᠢᠰᠦᠨ ᠤ ᠵᠣᠯ ᠵᠢᠷᠭᠠᠯ ᠢ ᠬᠠᠮᠲᠤ ᠪᠠᠷ ᠡᠳ᠋ᠯᠡᠬᠦ︾ - ᠵᠦᠸᠧᠽᠢ ᠰᠢᠶᠠᠨ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠨᠠᠰᠤᠲᠠᠨ ᠢ ᠬᠦᠨᠳᠦᠯᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/15
    ᠠᠯᠲᠠᠨ ᠨᠠᠮᠤᠷ ᠤᠭᠳᠠᠷᠭᠤᠢ ᠳᠤ ᠪᠡᠯᠡᠭᠯᠡᠵᠦ᠂ ᠭᠠᠪᠢᠷ᠎ᠠ ᠶᠢᠨ ᠦᠨᠦᠷ ᠬᠠᠩᠬᠤᠯᠤᠨ᠎ᠠ᠃ ᠪᠠᠰᠠ ᠨᠢᠭᠡ ᠵᠢᠯ ᠤᠨ ᠶᠢᠰᠦᠨ ᠰᠠᠷ᠎ᠠ ᠶᠢᠨ ᠶᠢᠰᠦᠨ ᠤ ᠡᠳᠦᠷ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ 10 ᠰᠠᠷ᠎ᠠ ᠶᠢᠨ 10 ᠤ ᠡᠳᠦᠷ᠂ ᠵᠦᠸᠧᠽᠢ ᠰᠢᠶᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠷᠠᠳ ᠤᠨ ᠶᠠᠪᠤᠳᠠᠯ ᠤᠨ ᠲᠣᠪᠴᠢᠶ᠎ᠠ᠂ ᠨᠡᠶᠢᠭᠡᠮ ᠤᠨ ᠠᠵᠢᠯ ᠤᠨ ᠬᠡᠯᠲᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠰᠣᠶᠣᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨᠮᠥ᠋ᠴᠢᠷ ᠵᠡᠷᠭᠡ ᠨᠢᠭᠡᠴᠡ ᠯᠢ ᠬᠤᠸᠠ ᠪᠠᠯᠭᠠᠰᠤᠨ ᠤ ᠵᠢᠦ ᠼᠠᠢ ᠭᠧᠤ ᠵᠠᠰᠠᠭ ᠵᠠᠬᠢᠷᠭᠠᠨ ᠤ ᠲᠣᠰᠬᠤᠨ ᠳᠤ ᠬᠠᠮᠲᠤᠷᠠᠨ ︽ᠪᠢᠳᠡᠨ ᠤ ᠪᠠᠶᠠᠷ ᠤᠨ ᠡᠳᠦᠷ - ᠥᠩᠭᠡ ᠢᠯᠭᠠᠷᠠᠭᠰᠠᠨ ᠶᠢᠰᠦᠨ ᠰᠠᠷ᠎ᠠ ᠶᠢᠨ ᠶᠢᠰᠦᠨ ᠤ ᠪᠠᠶᠠᠷ ᠵᠡᠷᠭᠡ ᠶᠢᠰᠦᠨ ᠰᠠᠷ᠎ᠠ ᠶᠢᠨ ᠶᠢᠰᠦᠨ ᠤ ᠪᠠᠶᠠᠷ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠠᠵᠢᠯᠯᠠᠭ᠎ᠠ ᠶᠢ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠨᠠᠰᠤᠲᠠᠶᠢᠴᠤᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠨᠠᠰᠤᠲᠠᠶᠢᠴᠤᠳ ᠨᠢᠭᠡ ᠲᠠᠩᠬᠢᠮ ᠳᠤ ᠴᠤᠭᠯᠠᠷᠠᠵᠤ᠂ ᠢᠷᠠᠭᠤ ᠰᠠᠶᠢᠬᠠᠨ ᠰᠣᠨᠣᠰᠬᠤᠯᠠᠩ ᠬᠦᠭ ᠠᠶᠠᠰ ᠳᠤᠮᠳᠠ ᠰᠣᠭᠲᠣᠭᠤᠷᠠᠵᠤ᠂ ᠰᠢᠨ᠎ᠡ ᠴᠠᠭ ᠦᠶ᠎ᠡ ᠶᠢᠨ ᠵᠣᠯ ᠵᠢᠷᠭᠠᠯᠲᠤ ᠠᠮᠢᠳᠤᠷᠠᠯ ᠢ ᠬᠠᠮᠲᠤᠪᠠᠷ ᠮᠡᠳᠡᠷᠡᠪᠡ᠃ ᠡᠮᠨᠡᠯᠭᠡ ᠶᠢᠨ ᠠᠵᠢᠯᠲᠠᠳ ᠲᠤᠬᠠᠶ ᠶᠢᠨ ᠲᠠᠯᠠᠪᠠᠶ ᠳᠤ ᠨᠠᠰᠤᠲᠠᠶᠢᠴᠤᠳ ᠲᠤ ᠰᠤᠳᠠᠯ ᠪᠠᠷᠢᠵᠤ ᠣᠨᠣᠰᠢᠯᠠᠵᠤ᠂ ᠡᠮᠴᠢᠯᠡᠭᠡ ᠡᠷᠡᠭᠦᠯ ᠮᠡᠨᠳᠦ ᠶᠢᠨ ᠵᠢᠯᠣᠭᠤᠳᠣᠯᠭ᠎ᠠ ᠬᠠᠩᠭᠠᠪᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠲᠤᠬᠠᠶ ᠶᠢᠨ ᠲᠠᠯᠠᠪᠠᠢ ᠳᠤ ᠨᠠᠰᠤᠲᠠᠶᠢᠴᠤᠳ ᠲᠤ ᠦᠰᠦ ᠵᠠᠰᠠᠵᠤ᠂ ᠳᠣᠲᠣᠨᠣ ᠬᠠᠯᠠᠮᠵᠢᠯᠠᠯ᠂ ᠦᠨᠡᠨᠴᠢ ᠦᠢᠯᠡᠴᠢᠯᠡᠭᠡ ᠶᠢ ᠨᠠᠰᠤᠲᠠᠶᠢᠴᠤᠳ ᠤᠨ ᠳᠡᠷᠭᠡᠳᠡ ᠬᠦᠷᠭᠡᠪᠡ᠃ ᠡᠭᠦᠨ ᠤ ᠬᠠᠮᠲᠤ᠂ ᠭᠤᠤᠯᠯᠠᠨ ᠡᠷᠬᠢᠯᠡᠭᠰᠡᠨ ᠲᠠᠯ᠎ᠠ ᠶᠢᠨ ᠬᠢᠨ ᠪᠠᠰᠠ ᠨᠠᠰᠤᠲᠠᠶᠢᠴᠤᠳ ᠲᠤ ᠪᠠᠶᠠᠷ ᠤᠨ ᠡᠳᠦᠷ ᠤᠨ ᠪᠡᠯᠡᠭ ᠬᠦᠷᠭᠡᠵᠦ᠂ ᠬᠠᠶᠢᠷ᠎ᠠ ᠬᠠᠯᠠᠮᠵᠢ ᠶᠢ ᠢᠯᠡᠳᠬᠡᠵᠡᠢ᠃    ᠯᠢ ᠬᠤᠸᠠ ᠪᠠᠯᠭᠠᠰᠤᠨ ᠤ ᠵᠢᠦ ᠼᠠᠢ ᠭᠸᠦ ᠲᠣᠰᠬᠤᠨ ᠤ ᠠᠷᠠᠳ ᠯᠢᠦᠶ ᠱᠤᠸᠠᠩ ᠰᠢ    ᠡᠨᠡ ᠡᠳᠦᠷ ᠦᠳᠡ ᠳᠤ ᠢᠳᠡᠬᠦ ᠶᠢᠰᠦᠨ ᠰᠠᠷ᠎ᠠ ᠶᠢᠨ ᠶᠢᠰᠤᠨ ᠪᠣᠤᠪᠤ᠂ ᠡᠮ ᠤᠨ ᠠᠩᠬᠢ ᠪᠢᠳᠡᠨ ᠳᠤ ᠪᠡᠶ ᠎ᠡ ᠪᠠᠨ ᠪᠠᠶᠢᠴᠠᠭᠠᠵᠤ ᠦᠭᠭᠦᠶ᠎ᠡ᠂ ᠮᠠᠨ ᠤ ᠵᠢᠦ ᠼᠠᠢ ᠭᠧᠦ ᠲᠤᠰᠬᠤᠨ ᠤ ᠠᠷᠠᠳ ᠦᠨᠦᠳᠦᠷ ᠨᠡᠯᠢᠶᠡᠳ ᠵᠤᠯ ᠵᠢᠷᠭᠠᠯᠳᠠᠢ ᠰᠠᠨᠠᠭᠳᠠᠪᠠ᠃    ᠲᠤᠰ ᠤᠳᠠᠭᠠᠨ ᠤ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠠᠵᠢᠯᠯᠠᠭ᠎ᠠ ᠨᠢ ᠨᠠᠰᠤᠲᠠᠶᠢᠴᠤᠳ ᠲᠤ ᠨᠡᠶᠢᠭᠡᠮ ᠤᠨ ᠬᠠᠶᠢᠷ᠎ᠠ ᠬᠠᠯᠠᠮᠵᠢ ᠪᠠ ᠵᠥᠩᠨᠡᠯ ᠳᠡᠪᠰᠢᠭᠦᠯᠦᠭᠰᠡᠨ ᠢᠶᠠᠷ ᠪᠠᠷᠠᠬᠤ ᠦᠭᠡᠢ᠂ ᠨᠠᠰᠤᠲᠠᠶᠢᠴᠤᠳ ᠤᠨ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠭᠰᠡᠨ ᠤ ᠬᠠᠮᠲᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠠᠰᠤᠲᠠᠶᠢᠴᠤᠳ ᠢ ᠬᠦᠨᠳᠦᠳᠬᠡᠨ ᠬᠠᠶᠢᠷᠠᠯᠠᠵᠤ᠂ ᠨᠠᠰᠤᠲᠠᠶᠢᠴᠤᠳ ᠲᠤ ᠰᠢᠨ᠎ᠡ ᠴᠠᠭ ᠦᠶ᠎ᠡ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠵᠦ᠂ ᠥᠲᠡᠯᠦᠭᠡ ᠨᠠᠰᠤ ᠶᠢ ᠨᠢ ᠵᠣᠯ ᠵᠢᠷᠭᠠᠯ ᠲᠠᠢ ᠦᠩᠭᠡᠷᠡᠬᠦᠯᠬᠦ ᠪᠣᠯᠤᠨ᠎ᠠ᠃    ᠯᠢ ᠬᠤᠸᠠ ᠪᠠᠯᠭᠠᠰᠤᠨ ᠤ ᠵᠢᠦ ᠼᠠᠢ ᠭᠸᠦ ᠲᠣᠰᠬᠤᠨ ᠤ ᠨᠠᠮ ᠤᠨ ᠡᠭᠦᠷ ᠤᠨ ᠱᠦᠵᠢ ᠵᠠᠩ ᠾᠧᠩ ᠢ    ᠬᠥᠮᠦᠨ ᠤ ᠠᠮᠢᠳᠤᠷᠠᠯ ᠬᠠᠮᠤᠭ ᠤᠨ ᠭᠤᠶᠣ ᠦᠳᠡᠱᠢ ᠶᠢᠨ ᠤᠯᠠᠭᠠᠨ ᠶᠢᠷᠲᠢᠨᠴᠦ᠂ ᠬᠠᠮᠤᠭ ᠤᠨ ᠭᠤᠶᠣ ᠨᠠᠰᠤᠲᠠᠢᠴᠤᠳ ᠤᠨ ᠴᠡᠴᠡᠭ᠃ ᠲᠤᠰ ᠤᠳᠠᠭᠠᠨ ᠤ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠲᠣᠬᠤᠨᠢᠭᠤᠯᠬᠤ ᠠᠵᠢᠯᠯᠠᠭ᠎ᠠ ᠨᠢ ᠨᠠᠰᠤᠲᠠᠶᠢᠴᠤᠳ ᠲᠤ ᠨᠠᠮ ᠪᠠ ᠵᠠᠰᠠᠭ ᠤᠨ ᠣᠷᠳᠣᠨ ᠠᠴᠠ ᠢᠷᠡᠭᠰᠡᠨ ᠬᠠᠶᠢᠷ᠎ᠠ ᠬᠠᠯᠠᠮᠵᠢ ᠶᠢ ᠮᠡᠳᠡᠷᠡᠭᠦᠯᠪᠡ᠃ ᠯᠢ ᠬᠤᠸᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠦᠷᠭᠦᠯᠵᠢᠯᠡᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ᠂ ᠬᠠᠯᠠᠮᠵᠢᠯᠠᠬᠤ ᠶᠢ ᠨᠢᠭᠡ ᠵᠦᠢᠯ ᠤᠨ ᠤᠷᠳᠤ ᠬᠤᠭᠤᠴᠠᠭᠠᠨ ᠤ ᠴᠢᠨᠠᠷᠲᠠᠢ ᠠᠵᠢᠯ ᠪᠣᠯᠭᠠᠨ ᠪᠣᠳᠠᠲᠠᠢ ᠠᠳᠬᠤᠵᠤ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠨ᠎ᠠ᠃                                        ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2