ᠵᠦᠸᠧᠽᠢ ᠰᠢᠶᠠᠨ ᠤ ᠬᠢᠯᠢ ᠳᠣᠲᠣᠷᠠᠬᠢ ︽ᠳᠣᠲᠣᠭᠠᠳᠤ ᠬᠠᠭᠤᠷᠠᠶ ᠶᠢᠨ ᠭᠤᠤᠯ︾ ᠤᠨ ᠶᠡᠭᠡ ᠲᠦᠷᠭᠡᠨ | ᠭᠤᠤᠯ ᠨᠢ ᠵᠡᠭᠦᠨ ᠠᠴᠠ ᠪᠠᠷᠠᠭᠤᠨᠰᠢ ᠠᠷᠪᠠᠨ ᠨᠠᠢᠮᠠᠳᠤᠭᠠᠷ ᠪᠠᠯᠭᠠᠰᠤ᠂ ᠵᠦᠸᠧᠽᠢ ᠱᠠᠨ ᠪᠠᠯᠭᠠᠰᠤ᠂ ᠯᠢ ᠬᠤᠸᠠ | ᠪᠠᠯᠭᠠᠰᠤ᠂ ᠴᠢ ᠰᠢᠶᠠ ᠶᠢᠩ ᠪᠠᠯᠭᠠᠰᠤ ᠪᠠᠷ ᠤᠷᠤᠰᠤᠨ ᠦᠩᠭᠡᠷᠡᠭᠰᠡᠨ ᠤ ᠳᠠᠷᠠᠭ᠎ᠠ᠂ ᠬᠥᠬᠡᠬᠤᠲᠠ ᠶᠢᠨ | ᠲᠡᠭᠦᠷᠭᠡ ᠶᠢᠨ ᠲᠣᠭᠲᠠᠬᠤ ᠰᠢᠶᠠᠨ ᠤ ᠬᠠᠪᠢ ᠪᠠᠷ ᠣᠷᠣᠵᠤ᠂ ᠬᠠᠮᠤᠭ ᠡᠴᠦᠰ ᠲᠤ ᠬᠠᠲᠤᠨ ᠭᠤᠣᠯ ᠲᠠᠢ ᠨᠡᠶᠢᠯᠡᠵᠦ᠂ | ᠰᠠᠪᠠ ᠭᠠᠵᠠᠷ ᠤᠨ ᠲᠠᠯᠠᠪᠠᠶ ᠨᠢ 17673 ᠲᠡᠭᠰᠢ ᠳᠥᠷᠪᠡᠯᠵᠢᠨ ᠺᠢᠯᠣᠮᠧᠳ᠋ᠷ ᠪᠠᠶᠢᠵᠤ᠂ ᠡᠬᠡ ᠤᠯᠤᠰ ᠤᠨ ᠬᠠᠲᠤᠨ | ᠭᠤᠤᠯ ᠤᠨ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠣᠯᠤᠨ᠎ᠠ᠃ ᠶᠡᠭᠡ ᠲᠦᠷᠭᠡᠨ ᠭᠤᠣᠯ ᠤᠨ ᠪᠣᠬᠢᠷᠲᠤᠯ ᠦᠭᠡᠢ | ᠠᠮᠢ ᠠᠬᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠨᠢ ᠬᠠᠳᠤᠨ ᠭᠤᠣᠯ ᠢ ᠬᠠᠮᠠᠭᠠᠯᠠᠬᠤ ᠳᠤ | ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠶᠡᠭᠡ ᠲᠦᠷᠭᠡᠨ ᠭᠤᠣᠯ ᠥᠴᠦᠬᠡᠨ ᠴᠦ ᠪᠣᠬᠢᠷᠲᠤᠯ ᠤᠨ ᠪᠦᠷᠢᠯᠳᠦᠬᠦᠨ ᠢ ᠡᠬᠡ ᠤᠯᠤᠰ ᠤᠨ ᠬᠠᠲᠤᠨ | ᠭᠤᠣᠯ ᠤᠨ ᠬᠠᠲᠤᠨ ᠭᠤᠣᠯ ᠳᠤ ᠠᠪᠴᠤ ᠣᠷᠣᠭᠤᠯᠵᠤ ᠪᠣᠯᠬᠤ ᠦᠭᠡᠢ︾ ᠭᠡᠵᠦ ᠬᠡᠯᠡᠪᠡ᠃ ᠡᠨᠡ ᠪᠣᠯ ᠵᠦᠸᠧᠽᠢ | ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠪᠦᠬᠦ ᠰᠢᠶᠠᠨ ᠤ ᠠᠷᠠᠳ ᠲᠦᠮᠡᠨ ᠬᠠᠳᠤᠨ ᠭᠤᠣᠯ ᠤᠨ | ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠤᠨ ᠶᠡᠭᠡ ᠲᠦᠷᠭᠡᠨ ᠭᠤᠣᠯ ᠤᠨ ᠪᠣᠬᠢᠷᠲᠤᠯ ᠦᠭᠡᠢ ᠠᠮᠢ ᠠᠬᠤᠢ ᠶᠢ | ᠬᠠᠮᠠᠭᠠᠯᠠᠬᠤ ᠳᠠᠶᠢᠯᠠᠯᠳᠤᠭᠠᠨ ᠤ ᠡᠷᠡᠰ ᠪᠠᠲᠤ ᠲᠠᠩᠭᠠᠷᠢᠭ ᠮᠥᠨ᠂ ᠪᠠᠰᠠ ᠴᠤ ᠵᠦᠸᠧᠽᠢ ᠰᠢᠶᠠᠨ ᠤ ᠠᠷᠠᠳ ᠲᠦᠮᠡᠨ | ᠶᠡᠷᠦᠩᠬᠡᠢ ᠱᠦᠵᠢ ᠰᠢ ᠶᠢᠨ ᠫᠢᠩ ᠤᠨ ︽ᠬᠠᠷᠠᠯᠲᠠ ᠪᠠᠨ ᠪᠠᠲᠤᠳᠬᠠᠨ ᠯᠠᠪᠳᠠᠭᠤᠨ ᠪᠠᠲᠤᠲᠠᠢ ᠠᠵᠢᠯᠯᠠᠵᠤ᠂ | ᠰᠢᠷᠭᠠᠭᠤ ᠬᠠᠲᠠᠭᠤᠵᠢᠯᠲᠠᠢ ᠠᠵᠢᠯᠯᠠᠵᠤ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠬᠠᠳᠤᠨ ᠭᠤᠣᠯ ᠤᠨ | ᠳᠤᠮᠳᠠᠳᠤ ᠶᠢᠨ ᠦᠨᠳᠦᠰᠦᠲᠡᠨ ᠳᠤ ᠥᠨᠢ ᠡᠭᠦᠷᠢᠳᠡ ᠪᠤᠶᠠᠨ ᠦᠢᠯᠡᠳᠬᠦ ᠶᠢᠨ ᠲᠥᠯᠥᠭᠡ ᠴᠥᠬᠦᠷᠡᠰᠢ ᠦᠭᠡᠢ | ᠲᠡᠮᠡᠴᠡᠬᠦ︾ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ | ᠠᠵᠢᠯᠯᠠᠭ᠎ᠠ ᠮᠥᠨ᠃ | ᠮᠣᠳᠣ ᠲᠠᠷᠢᠵᠤ ᠣᠶᠢᠵᠢᠭᠤᠯᠬᠤ ᠶᠢ ᠠᠬᠢᠭᠤᠯᠵᠤ᠂ ᠠᠭᠤᠯᠠᠷᠬᠠᠭ ᠣᠷᠣᠨ ᠤ ᠤᠰᠤ ᠬᠦᠷᠦᠰᠦ ᠠᠯᠳᠠᠭᠳᠠᠬᠤ | ᠦᠭᠡᠢ ᠪᠠᠶᠢᠬᠤ ᠶᠢ ᠪᠠᠲᠤᠯᠠᠨ᠎ᠠ | ᠬᠡᠳᠦᠨ ᠠᠷᠪᠠᠨ ᠦᠶ᠎ᠡ᠂ ᠶᠡᠭᠡ ᠲᠦᠷᠭᠡᠨ ᠭᠤᠣᠯ ᠤᠨ ᠡᠮᠦᠨ᠎ᠡ ᠬᠤᠶᠢᠨ᠎ᠠ ᠬᠤᠶᠠᠷ ᠡᠷᠬᠢ ᠶᠢᠨ ᠠᠭᠤᠯᠠᠷᠬᠠᠭ | ᠣᠷᠣᠨ᠂ ᠬᠤᠪᠠᠭ᠋ᠠᠢ ᠠᠭᠤᠯᠠ ᠭᠤᠤ ᠭᠠᠩᠭ᠎ᠠ ᠶᠢᠨ ᠬᠥᠷᠥᠰᠥ ᠰᠢᠷᠣᠢ ᠬᠦᠨᠳᠦ ᠨᠣᠴᠢᠲᠠᠢ ᠢᠳᠡᠭᠳᠡᠵᠦ᠂ ᠪᠣᠷᠣᠭᠠᠨ ᠤ | ᠤᠯᠠᠷᠢᠯ ᠳᠤ ᠠᠭᠤᠯᠠᠨ ᠦᠶᠡᠷ ᠪᠠᠭᠤᠵᠤ ᠰᠢᠪᠠᠷ ᠡᠯᠡᠰᠦ ᠪᠠᠨ ᠠᠪᠴᠤ ᠶᠡᠭᠡ ᠲᠦᠷᠭᠡᠨ ᠭᠤᠣᠯ ᠳᠤ ᠣᠷᠣᠵᠤ᠂ ᠪᠠᠰᠠ | ᠬᠡᠳᠦᠨ ᠠᠷᠪᠠᠨ ᠬᠦᠨᠳᠦ ᠨᠣᠴᠢᠲᠠᠢ ᠪᠣᠬᠢᠷᠲᠤᠭᠰᠠᠨ ᠠᠵᠤ ᠠᠬᠤᠶᠢᠯᠠᠯ ᠪᠠᠶᠢᠵᠤ᠂ ᠶᠡᠭᠡ ᠲᠦᠷᠭᠡᠨ ᠭᠤᠣᠯ ᠢ | ᠭᠠᠳᠠᠭᠰᠢᠯᠠᠭᠤᠯᠵᠤ᠂ ᠠᠳᠠᠯᠢ ᠪᠤᠰᠤ ᠬᠡᠮᠵᠢᠶᠡᠨ ᠤ ᠪᠣᠬᠢᠷᠲᠤᠭᠰᠠᠨ ᠪᠠᠶᠢᠨ᠎ᠠ᠃ | ᠣᠳᠣᠬᠠᠨ ᠳᠤ᠂ ᠶᠡᠭᠡ ᠲᠦᠷᠭᠡᠨ ᠭᠤᠣᠯ ᠤᠨ ᠰᠠᠪᠠ ᠭᠠᠵᠠᠷ ᠤᠨ ᠭᠠᠳᠠᠭᠤᠷᠬᠢ ᠳ᠋ᠠ ᠢᠦᠢ ᠱᠤ᠋ ᠰᠢᠶᠠᠩ᠂ ᠹᠦ᠋ | ᠰᠢᠩ ᠰᠢᠶᠠᠩ᠂ ᠬᠤᠩ ᠵᠤᠤ ᠰᠢᠶᠠᠩ ᠤᠨ ᠬᠠᠷᠢᠶᠠᠨ ᠳᠠᠬᠢ 40 ᠭᠠᠷᠤᠢ ᠲᠣᠰᠬᠤᠨ ᠤ ᠠᠷᠠᠳ ᠤᠨ ᠵᠥᠪᠯᠡᠯ ᠮᠣᠳᠣ | ᠲᠠᠷᠢᠵᠤ ᠣᠶᠢᠵᠢᠭᠤᠯᠬᠤ᠂ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠡᠭᠦᠷᠭᠡ ᠪᠠᠨ ᠴᠠᠭ ᠲᠤᠬᠠᠢ ᠳᠤᠨᠢ | ᠪᠡᠶᠡᠯᠡᠭᠦᠯᠵᠦ᠂ ᠠᠭᠤᠯᠠᠷᠬᠠᠭ ᠣᠷᠣᠨ ᠤ ᠬᠥᠷᠥᠰᠥ ᠰᠢᠷᠣᠢ ᠶᠢᠨ ᠢᠳᠡᠭᠳᠡᠯ ᠤᠨ ᠨᠡᠭᠡᠯᠡᠬᠡᠢ ᠳᠤ ︽ᠳᠠᠭᠠᠳᠬᠠᠬᠤ︾ | ᠪᠣᠯᠪᠠ᠃ | ᠠᠵᠤ ᠠᠬᠤᠶᠢᠯᠠᠯ ᠤᠨ ᠡᠩᠤᠷᠭᠢ ᠠᠷᠪᠢᠯᠠᠨ ᠬᠠᠶᠠᠭᠳᠠᠮᠠᠯ ᠢ ᠪᠠᠭᠠᠰᠬᠠᠬᠤ ᠶᠠᠪᠤᠳᠠᠯ ᠢ ᠬᠦᠲᠦᠯᠦᠨ ᠵᠢᠯᠤᠭᠤᠳᠴᠤ᠂ | ᠭᠤᠣᠯ ᠤᠨ ᠰᠠᠪᠠ ᠭᠠᠵᠠᠷ ᠢ ᠪᠤᠵᠠᠷᠲᠤᠭᠤᠯᠬᠤ ᠦᠭᠡᠢ ᠪᠠᠶᠢᠬᠤ ᠶᠢ ᠦᠡᠨᠡᠬᠦ ᠪᠠᠲᠤᠯᠠᠨ᠎ᠠ | ᠶᠡᠭᠡ ᠲᠦᠷᠭᠡᠨ ᠭᠤᠣᠯ ᠤᠨ ᠰᠠᠪᠠ ᠭᠠᠵᠠᠷ ᠤᠨ ᠭᠤᠣᠯ ᠳᠠᠭᠠᠤ ᠭᠠᠵᠠᠷ ᠨᠢ ᠵᠡᠭᠦᠨ ᠠᠴᠠ ᠪᠠᠷᠠᠭᠤᠨᠰᠢ ᠬᠦᠷᠴᠦ᠂ | ᠵᠦᠸᠧᠽᠢ ᠬᠤᠸᠠ ᠴᠠᠬᠢᠯᠭᠠᠨ ᠭᠠᠷᠭᠠᠬᠤ ᠦᠢᠯᠡᠳᠪᠦᠷᠢ᠂ ᠲᠧᠦ ᠬᠤᠤ ᠲᠣᠰᠬᠤᠨ ᠤ ᠱᠦᠢᠨᠢ ᠶᠢᠨ ᠦᠢᠯᠡᠳᠪᠦᠷᠢ᠂ | ᠠᠽᠢᠶ᠎ᠠ ᠲᠢᠪ ᠤᠨ ᠬᠠᠮᠤᠭ ᠤᠨ ᠶᠡᠭᠡ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ᠂ ᠴᠢ ᠰᠢᠶᠠ ᠶᠢᠩ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠵᠠᠭᠤ ᠰᠢᠬᠠᠮ ᠠᠵᠤ ᠦᠢᠯᠡᠳᠪᠦᠷᠢ ᠶᠢᠨ ᠺᠣᠮᠫᠠᠨᠢ ᠪᠣᠯᠣᠨ | ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠪᠠᠷ ᠲᠠᠷᠬᠠᠵᠤ ᠪᠠᠶᠢᠨ᠎ᠠ᠃ ᠪᠣᠬᠢᠷᠲᠤᠯ ᠢ ᠵᠠᠰᠠᠵᠤ ᠭᠠᠳᠠᠭᠰᠢᠯᠠᠭᠤᠯᠬᠤ | ᠪᠦᠬᠦᠯᠢ ᠴᠣᠭᠴᠠ ᠶᠢᠨ ᠲᠥᠯᠥᠪᠵᠢᠭᠦᠯᠭᠡ ᠶᠢᠨ ᠲᠠᠯ᠎ᠠ ᠪᠠᠷ᠂ ᠵᠦᠸᠧᠽᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠳᠡᠭᠡᠳᠦ ᠲᠤᠤᠷᠠᠳᠤ ᠱᠠᠳᠤ ᠪᠠᠷ ᠢᠶᠠᠨ ᠵᠣᠬᠢᠴᠠᠭᠤᠯᠵᠤ᠂ ᠶᠡᠭᠡ ᠬᠡᠮᠵᠢᠶᠡᠨ ᠤ ᠪᠡᠯᠡ ᠮᠥᠩᠭᠦ ᠪᠠ ᠬᠥᠮᠦᠨ ᠤ | ᠬᠦᠴᠦᠨ ᠢ ᠣᠷᠣᠭᠤᠯᠵᠤ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠢ ᠣᠷᠣᠭᠤᠯᠤᠨ ᠠᠪᠴᠢᠷᠠᠵᠤ᠂ ᠵᠦᠸᠧᠽᠢ | ᠱᠠᠨ ᠪᠠᠯᠭᠠᠰᠤᠨ ᠤ ᠬᠠᠷᠢᠶᠠᠨ ᠳᠠᠬᠢ ᠬᠤᠸᠠ ᠴᠠᠬᠢᠯᠭᠠᠨ ᠭᠠᠷᠭᠠᠬᠤ ᠴᠠᠬᠢᠯᠭᠠᠨ ᠤ ᠦᠢᠯᠡᠳᠪᠦᠷᠢ ᠶᠢᠨ ᠢᠯᠴᠢ | ᠬᠠᠩᠭᠠᠬᠤ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠥᠭᠡᠷᠡᠴᠢᠯᠡᠯᠲᠡ ᠬᠢᠵᠦ᠂ ᠢᠯᠴᠢ ᠶᠢᠨ ᠴᠠᠬᠢᠯᠭᠠᠨ | ᠴᠠᠬᠢᠯᠭᠠᠨ ᠤ ᠪᠣᠬᠢᠷᠲᠤᠯ ᠤᠨ ᠡᠬᠢ ᠶᠢ ᠭᠠᠳᠠᠭᠰᠢᠯᠠᠭᠤᠯᠬᠤ ᠦᠭᠡᠢ ᠪᠠᠶᠢᠬᠤ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ | ᠂ ᠪᠦᠬᠦ ᠪᠠᠯᠭᠠᠰᠤᠨ ᠤ 2 ᠲᠦᠮᠡ ᠭᠠᠷᠤᠢ ᠡᠷᠦᠬᠡ ᠰᠠᠭᠤᠭᠠᠯᠢ ᠠᠷᠠᠳ ᠲᠤ ᠲᠥᠪᠯᠡᠷᠡᠭᠦᠯᠦᠨ ᠢᠯᠴᠢ ᠬᠠᠩᠭᠠᠵᠤ᠂ 2 | ᠲᠦᠮᠡ ᠭᠠᠷᠤᠢ ᠡᠷᠦᠬᠡ ᠰᠠᠭᠤᠭᠠᠯᠢ ᠠᠷᠠᠳ ᠤᠨ ᠨᠡᠭᠦᠷᠡᠰᠦ ᠰᠢᠲᠠᠭᠠᠬᠤ ᠵᠤᠤᠬ᠎ᠠ᠂ ᠨᠡᠭᠦᠷᠡᠰᠦ ᠰᠢᠲᠠᠭᠠᠬᠤ | ᠵᠤᠤᠬ᠎ᠠ ᠶᠢᠨ ᠲᠡᠦᠬᠡ ᠶᠢ ᠨᠢᠭᠡ ᠯᠡ ᠳᠡᠭᠡᠷ᠎ᠡ ᠥᠭᠡᠷᠡᠴᠢᠯᠡᠪᠡ᠃ ᠴᠢ ᠰᠢᠶᠠ ᠶᠢᠩ ᠠᠵᠤ ᠦᠶ᠋ᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠲᠣᠮᠣ ᠦᠶ᠋ᠯᠡᠳᠪᠦᠷᠢ ᠶᠢᠨ ᠪᠣᠬᠢᠷᠲᠤᠯ ᠢ ᠵᠠᠰᠠᠵᠤ ᠭᠠᠳᠠᠭᠰᠢᠯᠠᠭᠤᠯᠬᠤ ᠢᠨᠵᠧᠨᠧᠷᠢᠩ ᠢ | ᠬᠡᠷᠡᠭᠵᠢᠭᠦᠯᠬᠦ ᠳᠤᠮᠳᠠ᠂ ᠡᠯ᠎ᠡ ᠠᠵᠤ ᠠᠬᠤᠶᠢᠯᠠᠯ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠳᠡᠭᠡᠳᠦ ᠲᠠᠰ ᠤᠨ ᠮᠡᠷᠭᠡᠵᠢᠯ ᠢ ᠠᠪᠴᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠠ | ᠬᠦᠴᠢᠯᠲᠥ᠋ᠷᠥᠭᠴᠢ ᠶᠢᠨ ᠬᠤᠪᠢ ᠨᠡᠮᠡᠷᠢ ᠶᠢ ᠨᠢᠭᠡᠳᠦᠯᠲᠡᠶ ᠪᠣᠯᠭᠠᠵᠤ᠂ ᠨᠡᠭᠦᠷᠡᠰᠦᠲᠥ᠋ᠷᠥᠭᠴᠢ ᠶᠢ ᠣᠷᠭᠢᠯ | ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ︽ᠬᠤᠣᠰ ᠨᠡᠭᠦᠷᠡᠰᠦᠲᠥ᠋ᠷᠥᠭᠴᠢ︾ ᠶᠢᠨ | ᠪᠠᠷᠢᠮᠵᠢᠶ᠎ᠠ ᠳᠤ ᠬᠦᠷᠦᠭᠦᠯᠬᠦ ᠶᠢ ᠪᠡᠶᠡᠯᠡᠭᠦᠯᠪᠡ᠃ | ᠬᠡᠳᠦᠨ ᠵᠢᠯ ᠤᠨ ᠲᠤᠷᠰᠢ᠂ ᠪᠦᠬᠦ ᠲᠠᠯ᠎ᠠ ᠪᠠᠷ ᠵᠠᠰᠠᠭᠰᠠᠨ ᠰᠠᠭᠤᠷᠢᠨ ᠳᠡᠭᠡᠷ᠎ᠡ᠂ ᠬᠦᠷᠢᠶ᠎ᠡ ᠬᠠᠰᠢᠶᠠᠨ ᠤ ᠠᠵᠤ | ᠠᠬᠤᠢ ᠶᠢ ᠬᠦᠴᠦᠯᠡᠨ ᠪᠤᠶᠢᠵᠢᠭᠤᠯᠵᠤ᠂ ᠲᠣᠰᠬᠤᠨ ᠤ ᠵᠡᠭᠡᠯᠢ ᠭᠤᠳᠤᠮᠵᠢ ᠶᠢ ᠭᠤᠶᠣᠯᠠᠵᠤ ᠨᠣᠭᠤᠭᠠᠷᠠᠭᠤᠯᠬᠤ | ᠢᠨᠵᠧᠨᠧᠷᠢᠩ ᠢ ᠶᠡᠬᠡᠪᠡᠷ ᠠᠬᠢᠭᠤᠯᠵᠤ᠂ ᠨᠡᠭᠦᠳᠡᠯ ᠲᠣᠭᠤᠷᠢᠭ ᠤᠨ ᠴᠣ ᠰᠢᠨ᠎ᠡ ᠲᠣᠰᠬᠤᠨ ᠤ ᠳᠦᠷᠰᠦ ᠪᠠᠶᠢᠳᠠᠯ ᠨᠢ | ᠲᠣᠰᠬᠤᠨ ᠤ ᠭᠠᠳᠠᠨ᠎ᠠ ᠬᠥᠬᠡᠮᠳᠦᠭ ᠠᠭᠤᠯᠠ ᠲᠠᠢ ᠵᠤᠭᠠᠴᠠᠨ ᠰᠣᠨᠢᠷᠬᠠᠵᠤ᠂ ᠶᠡᠭᠡ ᠲᠦᠷᠭᠡᠨ ᠭᠤᠣᠯ ᠤᠨ ᠬᠤᠶᠠᠷ | ᠬᠥᠪᠡᠭᠡᠨ ᠤ ᠵᠠᠰᠠᠯᠲᠠ ᠶᠢᠨ ᠦᠷ᠎ᠡ ᠪᠦᠲᠦᠮᠵᠢ ᠶᠢ ᠬᠦᠴᠦᠲᠡᠢ ᠢᠯᠡᠷᠡᠭᠦᠯᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |