ᠤᠯᠤᠰ ᠲᠦᠷᠦ ᠶᠢᠨ ᠵᠥᠪᠯᠡᠯᠭᠡᠨ ᠤ ᠵᠦᠸᠧᠽᠢ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠬᠤᠷᠠᠯᠳᠤᠪᠠ
ᠨᠡᠶᠢᠲᠡᠯᠡᠭᠰᠡᠨ ᠴᠠᠭ᠄
2024/10/17
    10 ᠰᠠᠷ᠎ᠠ ᠶᠢᠨ 15 ᠤ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠪᠠᠢ ᡁᠢ ᠫᠢᠩ᠂ ᠳᠡᠳ᠋ ᠲᠡᠷᠢᠭᠦᠯᠡᠭᠴᠢ ᠯᠢ ᠶᠢᠨ ᠰᠢᠩ᠂ ᠰᠢᠶᠠ ᠬᠤᠤ ᠶᠢᠩ᠂ ᠱᠧᠨ ᡁᠢ ᠫᠢᠩ᠂ ᠬᠠᠨ ᠵᠢᠤᠸᠠᠨ ᠬᠤᠷᠠᠯ ᠳᠤ ᠣᠷᠣᠯᠴᠠᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠸᠧ ᠯᠢ ᠯᠢ ᠵᠢᠴᠢ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠤᠰᠬᠠᠶ ᠵᠥᠪᠯᠡᠯ ᠤᠨ ᠡᠷᠬᠢᠯᠡᠭᠴᠢ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠮᠠᠨ ᠤ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠰᠢᠯᠢᠳᠡᠭᠵᠢᠭᠦᠯᠬᠦ᠂ ᠤᠯᠤᠰ ᠲᠦᠷᠦ ᠶᠢᠨ ᠵᠥᠪᠯᠡᠯᠭᠡᠨ ᠳᠤ ᠬᠦᠴᠦᠨ ᠨᠡᠮᠡᠷᠢᠯᠡᠬᠦ᠂ ᠥᠨᠳᠥᠷ ᠲᠦᠪᠰᠢᠨ ᠢᠶᠠᠷ ᠬᠠᠮᠵᠢᠯᠴᠠᠬᠤ ᠠᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ︾ ᠲᠤᠬᠠᠢ ᠲᠤᠰᠬᠠᠢ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠵᠥᠪᠯᠡᠯᠭᠡ ᠬᠢᠵᠡᠢ᠃    ᠪᠠᠢ ᡁᠢ ᠫᠢᠩ᠂ ᠤᠯᠤᠰ ᠲᠦᠷᠦ ᠶᠢᠨ ᠵᠥᠪᠯᠡᠯᠭᠡᠨ ᠴᠢᠳᠠᠪᠤᠷᠢᠲᠠᠨ ᠬᠤᠷᠠᠨ ᠴᠤᠭᠯᠠᠷᠠᠭᠰᠠᠨ᠂ ᠤᠶᠤᠨ ᠤᠬᠠᠭᠠᠨ ᠨᠢᠭᠲᠠᠷᠠᠭᠰᠠᠨ᠂ ᠥᠷᠭᠡᠨ ᠳᠡᠯᠭᠡᠷ ᠬᠠᠷᠢᠯᠴᠠᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠪᠠ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠤᠶᠤᠨ ᠤ ᠳᠡᠮᠵᠢᠯᠭᠡ ᠬᠠᠩᠭᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠥᠭᠦᠷᠭᠡ ᠬᠤᠯᠪᠣᠭᠠᠰᠤ ᠪᠠᠶᠢᠭᠤᠯᠵᠤ᠂ ᠬᠠᠮᠵᠢᠯᠴᠠᠭᠠᠨ ᠤ ᠦᠷ᠎ᠡ ᠪᠦᠲᠦᠭᠡᠯ ᠢ ᠥᠨᠳᠥᠷ ᠲᠦᠪᠰᠢᠨ ᠢᠶᠠᠷ ᠬᠤᠪᠢᠷᠠᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ᠃ ︽ᠵᠦᠸᠧᠽᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠦᠨᠡᠯᠡᠬᠦ ᠠᠵᠢᠯ ᠢ ᠥᠷᠨᠢᠭᠦᠯᠬᠦ ᠲᠤᠬᠠᠢ ᠲᠥᠰᠦᠯ︾ ᠪᠣᠯᠤᠨ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠵᠦ ᠪᠠᠲᠤᠯᠠᠪᠠ᠃              ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2