ᠬᠢᠨᠠᠨ ᠪᠤᠳᠤᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠰᠦᠨ ᠰᠢᠤ ᠲᠤᠤ | ᠬᠥᠲᠥᠯᠥᠭᠴᠢ᠄ ᠥᠨᠥᠳᠦᠷ᠂ ᠪᠢᠳᠡ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠦᠨ ᠰᠢᠤ ᠲᠤᠤ ᠨᠥᠬᠦᠷ ᠢ ᠤᠷᠢᠵᠤ ᠠᠪᠴᠢᠷᠠᠪᠠ᠂ 2022 | ᠣᠨ ᠠᠴᠠ ᠨᠠᠰᠢ᠂ ᠰᠢᠶᠠᠨ ᠤ ᠬᠢᠨᠠᠨ ᠪᠤᠳᠤᠬᠤ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯ ᠬᠢᠵᠦ | ᠬᠠᠷᠢᠭᠤᠴᠠᠯᠭ᠎ᠠ ᠡᠭᠦᠷᠭᠡᠯᠡᠵᠦ᠂ ᠢᠯᠡᠳᠲᠡ ᠦᠷ᠎ᠡ ᠪᠦᠲᠦᠮᠵᠢ ᠤᠯᠪᠠ᠂ ᠲᠠ ᠬᠢᠨᠠᠨ ᠪᠤᠳᠤᠬᠤ ᠠᠵᠢᠯ ᠤᠨ ᠦᠷ᠎ᠡ | ᠪᠦᠲᠦᠮᠵᠢ ᠶᠢ ᠲᠠᠨᠢᠯᠴᠠᠭᠤᠯᠤᠭᠠᠳ ᠥᠭᠭᠦᠨ᠎ᠡ ᠦᠦ︖ | ᠰᠦᠨ ᠰᠢᠤ ᠲᠤᠤ᠄ 2022 ᠣᠨ ᠳᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ | ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠤᠳᠤᠷᠢᠳᠤᠯᠭ᠎ᠠ ᠳᠣᠤᠷ᠎ᠠ᠂ ᠰᠢᠶᠠᠨ ᠤ ᠬᠢᠨᠠᠨ ᠪᠤᠳᠤᠬᠤ | ᠲᠣᠪᠴᠢᠶ᠎ᠠ ᠰᠢᠶᠠᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ | ᠬᠠᠤᠯᠢ ᠶᠣᠰᠣᠭᠠᠷ ᠪᠥᠬᠦ ᠲᠠᠯ᠎ᠠ ᠪᠠᠷ ᠭᠦᠢᠴᠡᠳᠭᠡᠵᠦ᠂ ᠪᠠᠶᠢᠩᠭᠤᠵᠢᠭᠰᠠᠨ ︽ᠠᠵᠤ ᠠᠬᠤᠶ ᠶᠢᠨ ᠪᠡᠶ᠎ᠡ ᠶᠢᠨ | ᠪᠠᠶᠢᠴᠠᠭᠠᠯᠲᠠ︾ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠪᠥᠬᠦ ᠵᠢᠯ ᠤᠨ ᠬᠢᠨᠠᠨ ᠪᠤᠳᠤᠬᠤ ᠬᠠᠷᠠᠯᠲᠠ | ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | ︵ᠨᠢᠭᠡ︶ ᠬᠢᠨᠠᠨ ᠪᠤᠳᠤᠬᠤ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠪᠠ᠃ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ | ᠰᠠᠯᠠᠭ᠎ᠠ ᠮᠥᠴᠢᠷ᠂ ᠭᠤᠤᠯᠳᠠᠯᠭ᠎ᠠ ᠲᠠᠢ ᠪᠡᠯᠡ ᠮᠥᠩᠭᠦ ᠳᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠬᠤ ᠶᠢ | ᠳᠣᠪᠤᠶᠢᠯᠭᠠᠨ᠎ᠠ᠃ ᠬᠢᠨᠠᠨ ᠪᠣᠳᠣᠬᠤ ᠶᠠᠰᠤ ᠴᠢᠨᠠᠷ ᠮᠡᠳᠡᠭᠳᠡᠮ᠎ᠡ ᠠᠮᠵᠢᠯᠲᠠ ᠣᠯᠵᠤ᠃ ︽ᠬᠢᠨᠠᠨ ᠪᠤᠳᠤᠬᠤ ᠬᠠᠤᠯᠢ︾ | ︽ᠤᠯᠤᠰ ᠤᠨ ᠬᠢᠨᠠᠨ ᠪᠤᠳᠤᠬᠤ ᠪᠠᠷᠢᠮᠵᠢᠶ᠎ᠠ︾ ᠪᠠᠷ ᠦᠨᠳᠦᠰᠦᠨ ᠵᠢᠷᠤᠮᠯᠠᠯ ᠪᠣᠯᠭᠠᠵᠤ᠂ ᠦᠨᠳᠦᠰᠦᠨ ᠱᠠᠲᠤᠨ ᠤ | ᠬᠢᠨᠠᠨ ᠪᠤᠳᠤᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ | ᠶᠠᠪᠤᠴᠠ ᠶᠢᠨ ᠵᠢᠷᠤᠮᠵᠢᠯ ᠪᠠ ᠬᠢᠨᠠᠨ ᠪᠤᠳᠤᠬᠤ ᠲᠤᠬᠠᠶᠢᠯᠠᠭᠰᠠᠨ ᠠᠵᠢᠯ ᠢ ᠳᠡᠭᠡᠭᠰᠢᠯᠡᠭᠦᠯᠬᠦ ᠲᠦᠷᠢᠮ ᠢ ᠴᠢᠩᠭ᠎ᠠ | ᠵᠢᠷᠤᠮᠯᠠᠵᠤ᠂ ᠬᠢᠨᠠᠨ ᠪᠤᠳᠤᠬᠤ ᠠᠵᠢᠯ ᠤᠨ ᠵᠢᠷᠤᠮᠯᠠᠬᠤ ᠲᠦᠷᠢᠮ ᠲᠠᠢ ᠪᠠᠶᠢᠬᠤ ᠶᠢ ᠲᠦᠷᠢᠮ ᠤᠨ ᠲᠠᠯ᠎ᠠ ᠠᠴᠠ | ᠪᠠᠲᠤᠯᠠᠪᠠ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠭᠡᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠰᠢᠯᠢᠳᠡᠭ ᠲᠥᠷᠥᠯ ᠵᠦᠢᠯ ᠤᠨ ᠪᠣᠭᠤᠮᠲᠠ ᠰᠢᠪᠲᠤᠯᠬᠤ ᠲᠥᠰᠦᠯ ᠢ ᠨᠡᠶᠢᠲᠡᠯᠡᠵᠦ᠂ ᠪᠣᠭᠤᠮᠲᠠ | ᠰᠢᠪᠲᠤᠯᠬᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠬᠢᠨᠠᠨ ᠪᠤᠳᠤᠬᠤ ᠰᠣᠳᠣᠨ ᠪᠦᠲᠦᠭᠡᠯ ᠢ ᠪᠣᠶ ᠪᠣᠯᠭᠠᠬᠤ | ᠳᠡᠭᠡᠷ᠎ᠡ ᠬᠦᠴᠦ ᠲᠠᠯᠪᠢᠵᠤ᠂ ᠬᠠᠩᠭᠠᠨ ᠪᠣᠷᠣᠯᠠᠭᠤᠯᠬᠤ ᠰᠢᠰᠲ᠋ᠧᠮ ᠤᠨ ᠲᠤᠰᠬᠠᠶ ᠬᠢᠨᠠᠨ ᠪᠤᠳᠤᠯᠲᠠ ᠨᠢ ᠬᠤᠲᠠ ᠶᠢᠨ | ᠰᠢᠯᠢᠳᠡᠭ ᠲᠥᠷᠥᠯ ᠵᠦᠢᠯ ᠤᠨ ᠢᠷᠠᠭᠤ ᠠᠯᠳᠠᠷ ᠤᠨ ᠴᠣᠯᠠ ᠶᠢ ᠭᠥᠷᠳᠡᠪᠡ᠃ | ︵ᠬᠤᠶᠠᠷ︶ ᠬᠢᠨᠠᠨ ᠪᠣᠳᠣᠵᠤ ᠴᠡᠭᠴᠡᠯᠡᠨ ᠰᠠᠶᠢᠵᠢᠷᠠᠭᠤᠯᠬᠤ ᠠᠵᠢᠯ ᠭᠦᠨᠵᠡᠭᠡᠶᠢᠷᠡᠨ ᠪᠣᠳᠠᠲᠠᠶᠢᠵᠢᠪᠠ᠃ ᠬᠢᠨᠠᠨ | ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ ᠠᠳᠬᠤᠬᠤ ᠶᠢ ᠪᠠᠷᠢᠮᠲᠠᠯᠠᠵᠤ᠂ | ᠲᠤᠰᠬᠠᠶ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠪᠠᠶᠢᠭᠤᠯᠤᠮᠵᠢ ᠪᠠᠶᠢᠭᠤᠯᠵᠤ᠂ | ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠠᠵᠢᠯᠲᠠᠨ ᠤ ᠬᠦᠴᠦᠨ ᠤ ᠲᠣᠬᠢᠷᠠᠭᠤᠯᠤᠯᠲᠠ ᠶᠢ | ᠴᠢᠩᠭᠠᠳᠬᠠᠪᠠ︔ ︽ᠬᠡᠨ ᠬᠢᠨᠠᠨ ᠪᠤᠳᠤᠭᠰᠠᠨ ᠪᠣᠯ ᠲᠡᠷᠡ ᠳᠠᠭᠠᠵᠤ ᠴᠡᠭᠴᠡᠯᠡᠨ ᠰᠠᠶᠢᠵᠢᠷᠠᠭᠤᠯᠬᠤ︾ ᠵᠠᠷᠴᠢᠮ ᠢ | ᠲᠣᠳᠣᠷᠬᠠᠶᠢᠯᠠᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠲᠣᠬᠢᠷᠠᠭᠤᠯᠬᠤ᠂ ᠡᠬᠡ ᠲᠠᠩᠰᠠ᠂ ᠵᠠᠷᠯᠠᠨ | ᠮᠡᠳᠡᠭᠳᠡᠬᠦ ᠵᠢᠴᠢ ᠬᠢᠨᠠᠨ ᠰᠢᠯᠭᠠᠬᠤ ᠲᠦᠷᠢᠮ ᠢ ᠪᠠᠶᠢᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠰᠢᠮᠳᠠᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃ | ᠬᠥᠲᠥᠯᠥᠭᠴᠢ᠄ ᠰᠦᠨ ᠲᠣᠪᠴᠢᠶᠠᠨ ᠳᠠᠷᠤᠭ᠎ᠠ᠂ ᠲᠠ ᠬᠢᠨᠠᠨ ᠪᠤᠳᠤᠬᠤ ᠲᠣᠪᠴᠢᠶ᠎ᠠ ᠠᠴᠠ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠤᠬᠠᠮᠰᠠᠷ ᠪᠠ ᠤᠯᠤᠰ ᠲᠥᠷᠥ ᠶᠢᠨ ᠵᠣᠭᠰᠣᠴᠠ ᠶᠢ ᠳᠡᠭᠡᠭᠰᠢᠯᠡᠭᠦᠯᠦᠭᠰᠡᠨ | ᠪᠤᠢ︖ | ᠰᠦᠨ ᠰᠢᠤ ᠲᠤᠤ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠭᠰᠠᠨ ᠠᠴᠠ ᠨᠠᠭᠠᠰᠢ᠂ ᠮᠠᠨ ᠤ ᠲᠣᠪᠴᠢᠶ᠎ᠠ | ᠢᠮᠠᠭᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠶᠢ ᠤᠢᠢᠷ᠎ᠠ ᠶᠢᠨ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ | ᠪᠣᠯᠭᠠᠭᠰᠠᠭᠠᠷ ᠢᠷᠡᠵᠠᠢ᠃ | ︵ᠨᠢᠭᠡ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠠ ᠡᠯᠪᠡᠭ ᠪᠠᠶᠠᠯᠢᠭ | ᠠᠭᠤᠯᠤᠭᠳᠠᠬᠤᠨ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ | ᠦᠨᠡᠨᠬᠦ ᠪᠠᠲᠤ ᠴᠢᠩᠭ᠎ᠠ ᠤᠯᠤᠰ ᠲᠦᠷᠦ ᠶᠢᠨ ᠵᠣᠭᠰᠣᠯᠲᠠ ᠪᠠ ᠵᠥᠪ ᠣᠨᠣᠪᠴᠢᠲᠠᠢ ᠠᠵᠢᠯ ᠤᠨ ᠰᠡᠳᠬᠢᠴᠡ ᠪᠣᠯᠭᠠᠨ | ᠬᠤᠪᠢᠷᠠᠭᠤᠯᠵᠤ᠂ ᠬᠢᠨᠠᠨ ᠪᠤᠳᠤᠬᠤ ᠠᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ | ᠭᠠᠷᠳᠠᠴᠠ ᠪᠠ ᠰᠢᠪᠲᠤᠯᠤᠯᠲᠠ ᠶᠢᠨ ᠴᠡᠭ ᠪᠣᠯᠭᠠᠨ ᠬᠤᠪᠢᠷᠠᠭᠤᠯᠵᠤ᠂ ᠬᠠᠷᠠᠯᠲᠠ ᠲᠠᠢ ᠪᠠᠷ ᠬᠦᠴᠦᠯᠡᠨ ᠬᠢᠨᠠᠯᠲᠠ | ᠲᠠᠯᠪᠢᠬᠤ ᠶᠢ ᠴᠢᠩᠭᠠᠳᠬᠠᠵᠤ᠂ ᠰᠤᠷᠤᠯᠴᠠᠭᠰᠠᠨ ᠣᠯᠤᠯᠲᠠ ᠪᠠᠨ ᠬᠢᠨᠠᠨ ᠪᠤᠳᠤᠬᠤ ᠲᠠᠯ᠎ᠠ ᠪᠠᠷ ᠶᠡᠭᠡ ᠲᠠᠯ᠎ᠠ ᠳᠤ | ᠦᠢᠯᠡᠴᠢᠯᠡᠬᠦ ᠴᠢᠳᠠᠪᠤᠷᠢ ᠪᠣᠯᠭᠠᠨ ᠬᠤᠪᠢᠷᠠᠭᠤᠯᠵᠤ᠂ ︽ᠬᠢᠨᠠᠨ ᠪᠤᠳᠤᠬᠤ ᠬᠢᠨᠠᠯᠲᠠ ᠲᠠᠯᠪᠢᠬᠤ ᠪᠣᠯ ᠡᠩ | ᠲᠡᠷᠢᠭᠦᠨ ᠳᠤ ᠠᠵᠤ ᠠᠬᠤᠢ ᠶᠢᠨ ᠬᠢᠨᠠᠯᠲᠠ ᠲᠠᠯᠪᠢᠬᠤ ᠶᠠᠪᠤᠳᠠᠯ ᠮᠥᠨ︾ ᠭᠡᠬᠦ ᠪᠠᠶᠢᠷᠢ ᠲᠣᠭᠲᠠᠭᠠᠯᠲᠠ ᠶᠢ | ᠣᠨᠣᠪᠴᠢᠲᠠᠢ ᠡᠵᠡᠮᠳᠡᠵᠦ᠂ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠢ | ᠬᠠᠤᠯᠢ ᠶᠣᠰᠣᠨ ᠤ ᠦᠷ᠎ᠡ ᠠᠰᠢᠭ ᠤᠨ ᠬᠢᠨᠠᠨ ᠪᠤᠳᠤᠬᠤ ᠭᠤᠣᠯ ᠬᠠᠷᠢᠭᠤᠴᠠᠯᠭ᠎ᠠ ᠭᠤᠣᠯ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠪᠠᠶᠢᠩᠭᠤᠵᠢᠭᠰᠠᠨ ︽ᠠᠵᠤ ᠠᠬᠤᠢ ᠶᠢᠨ ᠪᠡᠶ᠎ᠡ ᠶᠢᠨ ᠪᠠᠶᠢᠴᠠᠭᠠᠯᠲᠠ︾ ᠶᠢᠨ | ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠦᠨᠡᠨᠬᠦ ᠨᠢᠭᠡ | ᠴᠣᠭᠴᠠᠵᠢᠭᠤᠯᠤᠨ ᠠᠬᠢᠭᠤᠯᠵᠤ ᠠᠰᠠᠭᠤᠳᠠᠯ ᠢ ᠢᠯᠡᠷᠡᠭᠦᠯᠬᠦ᠂ ᠬᠠᠮᠢᠶᠠᠷᠤᠯᠲᠠ ᠶᠢ ᠵᠢᠷᠤᠮᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ ᠬᠢᠨᠠᠨ ᠪᠤᠳᠤᠬᠤ ᠬᠠᠷᠠᠯᠲᠠ ᠳᠡᠭᠡᠷ᠎ᠡ ᠢᠯᠡᠷᠡᠭᠦᠯᠬᠦ ᠬᠡᠷᠡᠭᠲᠡᠢ᠃ ᠬᠢᠨᠠᠨ ᠪᠤᠳᠤᠵᠤ | ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠶ᠋ᠴᠡᠳᠬᠡᠵᠦ᠂ ᠬᠢᠨᠠᠨ ᠪᠤᠳᠤᠬᠤ ᠲᠥᠷᠥᠯ | ᠵᠦᠶ᠋ᠯ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠭᠤᠤᠯᠳᠠᠯᠭ᠎ᠠ ᠲᠠᠢ ᠪᠠᠯᠠ ᠮᠥᠩᠭᠦ ᠶᠢᠨ | ᠲᠥᠷᠥᠯ ᠵᠦᠶ᠋ᠯ ᠢ ᠬᠢᠨᠠᠨ ᠪᠤᠳᠤᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠨᠠᠨ ᠪᠤᠳᠤᠬᠤ ᠶᠠᠰᠤ | ᠴᠢᠨᠠᠷ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠢᠨᠠᠨ ᠪᠤᠳᠤᠵᠤ ᠪᠠᠶᠢᠴᠠᠭᠠᠨ ᠭᠠᠷᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠪᠥᠬᠦ ᠰᠢᠶᠠᠨ ᠤ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠬᠠᠮᠠᠭᠠᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠬᠢᠨᠠᠨ ᠪᠤᠳᠤᠬᠤ ᠦᠶ᠋ᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ | ︵ᠬᠤᠶᠠᠷ︶ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠭᠤᠣᠯ ᠠᠭᠤᠯᠭ᠎ᠠ ᠶᠢ | ᠣᠨᠣᠪᠴᠢᠲᠠᠢ ᠡᠵᠡᠮᠳᠡᠵᠦ᠂ ᠨᠠᠮ ᠤᠨ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢᠶᠠᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ | ᠦᠭᠡᠢ ᠪᠠᠷᠢᠮᠲᠠᠯᠠᠨ᠎ᠠ᠃ ᠠᠵᠤ ᠠᠬᠤᠢ ᠶᠢᠨ ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠭᠤᠣᠯ | ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠬᠢᠨᠠᠨ ᠪᠤᠳᠤᠬᠤ | ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ | ᠬᠢᠨᠠᠨ ᠪᠤᠳᠤᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠣᠲᠣᠭᠠᠳᠤ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ | ︵ᠭᠤᠷᠪᠠ︶ ᠰᠢᠨ᠎ᠡ ᠴᠠᠭ ᠦᠶ᠎ᠡ ᠶᠢᠨ ᠵᠠᠯᠠᠭᠤ ᠬᠢᠨᠠᠨ ᠪᠤᠳᠤᠬᠤ ᠺᠠᠳ᠋ᠷ ᠲᠤ᠂ ᠲᠡᠳᠡᠨ ᠢ ᠨᠠᠮ ᠤᠨ ᠤᠨᠤᠯ | ᠪᠣᠯᠤᠨ ᠱᠤᠭᠤᠮ ᠴᠢᠭᠯᠡᠯᠲᠡ ᠶᠢ ᠨᠠᠷᠢᠨ ᠬᠢᠨᠠᠮᠠᠭᠠᠢ ᠰᠤᠷᠤᠯᠴᠠᠵᠤ᠂ ᠲᠤᠰ ᠪᠡᠶ᠎ᠡ ᠶᠢᠨ ᠳᠠᠪᠲᠠᠯᠲᠠ ᠪᠠᠨ ᠲᠠᠰᠤᠷᠠᠯᠳᠠ | ᠦᠭᠡᠢ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ | ᠪᠣᠯᠭᠠᠵᠤ᠂ ᠴᠠᠭ ᠦᠶ᠎ᠡ ᠳᠤ ᠣᠰᠣᠯᠳᠠᠬᠤ ᠦᠭᠡᠢ᠂ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ᠂ ᠰᠢᠨ᠎ᠡ ᠴᠠᠭ | ᠦᠶ᠎ᠡ ᠳᠤ ᠨᠡᠩ ᠭᠤᠶᠢᠳᠠ ᠰᠠᠶᠢᠬᠠᠨ ᠵᠠᠯᠠᠭᠤ ᠨᠠᠰᠤᠨ ᠤ ᠳᠠᠭᠤᠤ ᠶᠢ ᠪᠢᠴᠢᠭᠯᠡᠵᠦ᠂ ᠥᠪᠡᠷ ᠤᠨ ᠡᠭᠡᠯ ᠵᠢᠷ ᠤᠨ | ᠠᠵᠢᠯ ᠤᠨ ᠪᠠᠶᠢᠷᠢ ᠳᠡᠭᠡᠷ᠎ᠡ ᠪᠠᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠵᠦ᠂ ᠥᠪᠡᠷ ᠤᠨ ᠪᠣᠳᠠᠲᠤ | ᠠᠵᠢᠯᠯᠠᠭ᠎ᠠ ᠪᠠᠷ ᠢᠶᠠᠨ ᠨᠠᠮ ᠪᠣᠯᠤᠨ ᠤᠯᠤᠰ ᠤᠨ ᠦᠢᠯᠡᠰ ᠲᠤ ᠥᠪᠡᠷ ᠤᠨ ᠥᠴᠦᠬᠡᠨ ᠬᠦᠴᠦᠨ ᠢᠶᠠᠨ ᠡᠷᠭᠦᠬᠦ | ᠬᠡᠷᠡᠭᠲᠡᠢ ᠭᠡᠵᠦ ᠱᠠᠭᠠᠷᠳᠠᠪᠠ᠃ | ᠬᠥᠲᠥᠯᠥᠭᠴᠢ᠄ 2022 ᠣᠨ ᠳᠤ᠂ ᠡᠷᠬᠢᠮ ᠨᠢᠭᠡᠴᠢ ᠨᠠᠮ ᠤᠨ ᠪᠠᠶᠢᠭᠤᠯᠤᠯᠲᠠ ᠶᠢᠨ ᠲᠠᠯ᠎ᠠ ᠪᠠᠷ ᠭᠤᠤᠯᠳᠠᠭᠤ | ᠶᠠᠮᠠᠷ ᠶᠠᠮᠠᠷ ᠠᠵᠢᠯ ᠬᠢᠭᠰᠡᠨ ᠪᠣᠶ︖ | ᠰᠦᠨ ᠰᠢᠤ ᠲᠤᠤ ᠡᠨᠡ ᠵᠢᠯ ᠤᠨ ᠲᠤᠷᠰᠢ᠂ ᠮᠠᠨ ᠤ ᠨᠢᠭᠡᠴᠢ ᠢᠮᠠᠭᠲᠠ ᠨᠠᠮ ᠤᠨ ᠪᠠᠶᠢᠭᠤᠯᠤᠯᠲᠠ ᠶᠢᠨ ᠠᠵᠢᠯ ᠢ | ᠦᠷᠭᠦᠯᠵᠢᠯᠡᠨ ᠠᠳᠬᠤᠵᠤ᠂ ᠪᠦᠬᠦ ᠲᠠᠯ᠎ᠠ ᠪᠠᠷ ᠪᠣᠳᠣᠯᠬᠢᠯᠠᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠢᠨᠠᠨ ᠪᠤᠳᠤᠬᠤ ᠠᠵᠢᠯ ᠢ ᠰᠠᠶᠢᠲᠤᠷ ᠠᠳᠬᠤᠵᠤ ᠬᠢᠨᠠᠨ | ᠪᠤᠳᠤᠯᠳᠠ ᠶᠢ ᠠᠬᠢᠭᠤᠯᠬᠤ︾ ᠠᠵᠢᠯ ᠤᠨ ᠰᠡᠳᠬᠢᠴᠡ ᠪᠠᠷ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠨᠠᠮ ᠤᠨ | ᠰᠤᠷᠲᠠᠯ ᠴᠢᠬᠡᠴᠢ ᠵᠠᠰᠠᠭ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠢᠨᠠᠨ ᠪᠤᠳᠤᠬᠤ᠂ | ᠨᠠᠮ ᠤᠨ ᠪᠠᠶᠢᠭᠤᠯᠤᠯᠲᠠ ᠬᠠᠷᠢᠯᠴᠠᠨ ᠠᠬᠢᠭᠤᠯᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ | ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠵᠡᠢ᠃ ᠭᠤᠣᠯᠳᠠᠭᠤ ᠳᠣᠣᠷᠠᠬᠢ ᠬᠡᠳᠦᠨ ᠲᠠᠯ᠎ᠠ ᠪᠤᠢ᠄ | ︵ᠨᠢᠭᠡ︶ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠣᠯᠵᠤ᠂ ︽ᠨᠢᠭᠡ ᠠᠵᠢᠯ ᠤᠨ ᠪᠠᠶᠢᠷᠢ ᠬᠤᠶᠠᠷ | ᠬᠠᠷᠢᠭᠤᠴᠠᠯᠭ᠎ᠠ︾ ᠶᠢ ᠢᠮᠠᠭᠲᠠ ᠪᠠᠲᠤ ᠴᠡᠭᠡᠵᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯᠯᠠᠬᠤ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ | ᠰᠠᠶᠢᠲᠤᠷ ᠠᠳᠬᠤᠨ᠎ᠠ᠃ ᠨᠢᠭᠡ ᠳᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ︽ᠬᠢᠨᠠᠨ ᠪᠤᠳᠤᠬᠤ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠭᠦᠶ᠋ᠴᠡᠳᠬᠡᠬᠦ ᠨᠠᠷᠢᠨ ᠲᠠᠩᠰᠠ︾ ᠶᠢ ᠦᠨᠳᠦᠰᠦᠯᠡᠨ᠂ ᠨᠠᠷᠢᠨ ᠲᠠᠩᠰᠠ ᠶᠢᠨ ᠡᠭᠦᠷᠭᠡ ᠶᠢ ᠦᠨᠳᠦᠰᠦᠯᠡᠨ ᠵᠦᠶ᠋ᠯ | ᠳᠠᠷᠠᠭᠠᠯᠠᠨ ᠨᠠᠶᠢᠳᠠᠪᠤᠷᠢᠵᠢᠭᠤᠯᠤᠨ ᠠᠬᠢᠭᠤᠯᠪᠠ᠃ ᠬᠤᠶᠠᠷ ᠲᠤ᠂ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠪᠠ᠃ | ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ᠲᠣᠪᠴᠢᠶ᠎ᠠ ᠶᠢᠨ ᠭᠤᠤᠯᠳᠠᠯᠭ᠎ᠠ ᠲᠠᠢ ᠬᠢᠨᠠᠨ ᠪᠤᠳᠤᠬᠤ ᠲᠤᠬᠠᠶᠢᠯᠠᠭᠰᠠᠨ | ᠠᠵᠢᠯ ᠢ ᠬᠠᠮᠲᠤ ᠳᠤᠨᠢ ᠳᠣᠭᠢᠷᠠᠭᠤᠯᠬᠤ᠂ ᠬᠠᠮᠲᠤ ᠳᠤᠨᠢ ᠪᠠᠶᠢᠴᠠᠭᠠᠬᠤ᠂ ᠬᠠᠮᠲᠤ ᠳᠤᠨᠢ ᠬᠢᠨᠠᠨ ᠰᠢᠯᠭᠠᠬᠤ ᠶᠢ | ᠪᠠᠷᠢᠮᠲᠠᠯᠠᠵᠤ᠂ ᠣᠨ ᠤ ᠱᠠᠩᠨᠠᠵᠤ ᠲᠣᠷᠭᠠᠬᠤ ᠶᠢᠨ ᠬᠢᠨᠠᠨ ᠰᠢᠯᠭᠠᠬᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ | ᠬᠢᠨᠠᠨ ᠪᠤᠳᠤᠬᠤ ᠲᠤᠬᠠᠶᠢᠯᠠᠭᠰᠠᠨ ᠠᠵᠢᠯ ᠢ ᠰᠠᠶᠢᠲᠤᠷ ᠬᠢᠬᠦ ᠶᠢᠨ ᠬᠠᠮᠲᠤ ᠨᠠᠮ ᠤᠨ ᠪᠠᠶᠢᠭᠤᠯᠤᠯᠲᠠ ᠶᠢᠨ ᠠᠵᠢᠯ ᠤᠨ | ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠭᠤᠷᠪᠠ ᠳᠤ᠂ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠪᠠ᠃ ᠲᠤᠰᠬᠠᠶ ᠬᠥᠮᠦᠨ ᠲᠣᠬᠢᠷᠠᠭᠤᠯᠤᠨ ᠨᠠᠮ ᠤᠨ ᠪᠠᠶᠢᠭᠤᠯᠤᠯᠲᠠ ᠶᠢᠨ ᠠᠵᠢᠯ ᠢ | ᠬᠠᠷᠢᠭᠤᠴᠠᠭᠤᠯᠵᠤ᠂ ᠡᠯ᠎ᠡ ᠵᠦᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠷᠢᠮ ᠢ ᠲᠣᠭᠲᠠᠭᠠᠪᠠ᠃ ᠨᠢᠭᠡ | ᠲᠠᠯ᠎ᠠ ᠪᠠᠷ ᠨᠠᠮ ᠤᠨ ᠪᠠᠶᠢᠭᠤᠯᠤᠯᠲᠠ ᠶᠢ ᠠᠳᠬᠤᠵᠤ᠂ ᠨᠢᠭᠡ ᠲᠠᠯ᠎ᠠ ᠪᠠᠷ ᠲᠤᠬᠠᠶᠢᠯᠠᠭᠰᠠᠨ ᠠᠵᠢᠯ ᠢ ᠠᠬᠢᠭᠤᠯᠵᠤ᠂ | ᠬᠢᠨᠠᠨ ᠪᠤᠳᠤᠬᠤ ᠵᠦᠢᠯᠡᠰ ᠤᠨ ᠲᠥᠯᠥᠪᠯᠡᠭᠡ ᠶᠣᠰᠣᠭᠠᠷ ᠠᠷᠪᠠᠨ ᠲᠥᠰᠦᠪ ᠤᠨ ᠨᠢᠭᠡᠴᠡ ᠶᠢᠨ ᠡᠳ᠋ ᠤᠨ ᠵᠠᠰᠠᠭ ᠤᠨ | ᠲᠥᠰᠦᠪ ᠤᠨ ᠬᠡᠷᠡᠭᠵᠢᠭᠦᠯᠦᠯᠲᠡ ᠪᠠ ᠪᠤᠰᠤᠳ ᠡᠳ᠋ ᠤᠨ ᠵᠠᠰᠠᠭ ᠤᠨ ᠡᠳ᠋ ᠤᠨ ᠶᠠᠪᠤᠳᠠᠯ ᠤᠨ ᠣᠷᠣᠯᠭ᠎ᠠ | ᠵᠠᠷᠤᠯᠭ᠎ᠠ ᠶᠢᠨ ᠬᠢᠨᠠᠨ ᠪᠤᠳᠤᠯᠲᠠ ᠶᠢ ᠪᠡᠶᠡᠯᠡᠭᠦᠯᠵᠦ᠂ ᠬᠤᠶᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠦᠷᠦᠩᠭᠡ ᠶᠢᠨ ᠥᠷᠢ ᠦᠭᠴᠡᠭᠡ ᠣᠯᠵᠠᠪᠤᠷᠢ ᠵᠢᠴᠢ ᠪᠤᠰᠤᠳ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ | ᠬᠢᠨᠠᠨ ᠪᠤᠳᠤᠯᠲᠠ ᠶᠢ ᠪᠡᠶᠡᠯᠡᠭᠦᠯᠵᠦ᠂ ᠨᠠᠮ ᠵᠠᠰᠠᠭ ᠤᠨ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠠᠷᠪᠠᠨ ᠬᠤᠶᠠᠷ ᠭᠤᠣᠯ ᠬᠠᠷᠢᠭᠤᠴᠠᠯᠭᠠᠲᠠᠨ ᠤ ᠲᠤᠰᠢᠶᠠᠯ ᠤᠨ ᠬᠤᠭᠤᠴᠠᠭᠠᠨ ᠤ ᠠᠵᠤ ᠠᠬᠤᠢ ᠶᠢᠨ | ᠬᠠᠷᠢᠭᠤᠴᠠᠯᠭ᠎ᠠ ᠶᠢᠨ ᠬᠢᠨᠠᠨ ᠪᠤᠳᠤᠯᠲᠠ ᠵᠡᠷᠭᠡ ᠶᠢ ᠪᠡᠶᠡᠯᠡᠭᠦᠯᠪᠡ᠃ | ︵ᠬᠤᠶᠠᠷ︶ ᠭᠤᠣᠯᠳᠠᠯᠭ᠎ᠠ ᠲᠠᠢ ᠨᠠᠮ ᠤᠨ ᠪᠠᠶᠢᠭᠤᠯᠤᠯᠲᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠦᠷᠭᠦᠯᠵᠢᠯᠡᠨ ᠬᠦᠴᠦᠯᠡᠨ ᠠᠬᠢᠭᠤᠯᠵᠤ᠂ 2022 ᠣᠨ ᠳᠤ ᠰᠢᠶᠠᠨ ᠤ ᠨᠠᠮ ᠤᠨ ᠬᠤᠷᠢᠶ᠎ᠠ ᠶᠢᠨ ᠥᠷᠨᠢᠭᠦᠯᠦᠭᠰᠡᠨ ︽ | ᠠᠯᠵᠠᠭᠤ ᠵᠠᠯᠬᠠᠭᠤ ᠰᠤᠯᠠ ᠵᠠᠳᠠᠭᠠᠢ᠂ ᠤᠳᠠᠭᠠᠰᠢᠷᠠᠭᠤᠯᠤᠨ ᠬᠤᠶᠢᠰᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ︾ | ᠵᠠᠰᠠᠯᠲᠠ ᠶᠢᠨ ᠠᠵᠢᠯ ᠢ ᠭᠦᠨᠵᠡᠭᠡᠶᠢᠷᠡᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠮᠠᠨ ᠤ ᠲᠣᠪᠴᠢᠶ᠎ᠠ ᠦᠵᠡᠯ | ᠰᠠᠨᠠᠭᠠᠨ ᠤ ᠲᠠᠯ᠎ᠠ ᠪᠠᠷ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠣᠷᠣᠰᠢᠵᠤ ᠪᠠᠶᠢᠭ᠎ᠠ ︽ᠠᠯᠵᠠᠭᠤ ᠵᠠᠯᠬᠠᠭᠤ | ᠰᠤᠯᠠ ᠵᠠᠳᠠᠭᠠᠶ᠂ ᠤᠳᠠᠭᠠᠰᠢᠷᠠᠭᠤᠯᠵᠤ ᠤᠳᠠᠭᠠᠰᠢᠷᠠᠭᠤᠯᠬᠤ᠂ ᠬᠤᠶᠢᠷᠭᠤᠰᠢᠨ ᠬᠤᠶᠢᠷᠭᠤᠰᠢᠬᠤ︾ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠬᠢᠨᠠᠨ ᠪᠤᠳᠤᠬᠤ ᠪᠠᠶᠢᠭᠤᠯᠭ᠎ᠠ ᠶᠢᠨ ᠡᠩ ᠲᠡᠷᠢᠭᠦᠨ ᠳᠤ ᠤᠯᠤᠰ ᠲᠥᠷᠥ ᠶᠢᠨ | ᠪᠠᠶᠢᠭᠤᠯᠭ᠎ᠠ ᠶᠢᠨ ᠲᠠᠨᠢᠯᠲᠠ ᠶᠢ ᠳᠡᠭᠡᠭᠰᠢᠯᠡᠭᠦᠯᠵᠦ᠂ ᠬᠢᠨᠠᠨ ᠪᠤᠳᠤᠬᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠬᠦ᠂ ᠰᠠᠬᠢᠯᠭ᠎ᠠ ᠪᠠᠲᠤ ᠣᠪᠣᠷ ᠰᠤᠷᠲᠠᠯ ᠢ ᠬᠤᠪᠢᠷᠠᠭᠤᠯᠬᠤ ᠬᠤᠶᠠᠷ ᠲᠠᠯ᠎ᠠ ᠪᠠᠷ ᠵᠠᠰᠠᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠳᠠᠲᠠᠶ ᠠᠵᠢᠯᠯᠠᠬᠤ ᠶᠢ ᠴᠢᠬᠤᠯᠠᠴᠢᠯᠠᠬᠤ᠂ ᠡᠭᠦᠷᠭᠡᠯᠡᠯ ᠢ ᠴᠢᠬᠤᠯᠠᠴᠢᠯᠠᠬᠤ | ᠂ ᠪᠣᠳᠠᠲᠤ ᠠᠮᠵᠢᠯᠲᠠ ᠶᠢ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠨᠠᠷᠢᠨ ᠪᠣᠳᠠᠲᠠᠶ | ᠠᠳᠬᠤᠬᠤ ᠳᠡᠭᠡᠷ᠎ᠡ ᠬᠦᠴᠦ ᠲᠠᠯᠪᠢᠵᠤ᠂ ᠥᠪᠡᠰᠦᠪᠡᠨ ᠪᠠᠶᠢᠴᠠᠭᠠᠬᠤ ᠪᠠᠷ ᠳᠡᠮᠵᠢᠨ ᠨᠠᠮ ᠤᠨ ᠭᠡᠰᠢᠭᠦᠨ | ᠺᠠᠳ᠋ᠷᠴᠤᠳ ᠤᠨ ᠳᠤᠮᠳᠠ ᠣᠷᠣᠰᠢᠵᠤ ᠪᠠᠶᠢᠭ᠎ᠠ ︽ᠠᠯᠵᠠᠭᠤ ᠵᠠᠯᠬᠠᠭᠤ ᠰᠤᠯᠠ ᠵᠠᠳᠠᠭᠠᠶ᠂ ᠤᠳᠠᠭᠠᠰᠢᠷᠠᠭᠤᠯᠤᠨ | ᠬᠤᠶᠢᠰᠢᠯᠠᠭᠤᠯᠬᠤ᠂ ᠬᠤᠶᠢᠷᠭᠤᠰᠢᠨ ᠬᠤᠶᠢᠷᠭᠤᠰᠢᠬᠤ︾ ᠠᠰᠠᠭᠤᠳᠠᠯ ᠢ 5 ᠰᠢᠢᠳᠪᠦᠷᠢᠯᠡᠵᠦ᠂ 2022 ᠣᠨ ᠤ | 10 ᠰᠠᠷ᠎ᠠ ᠶᠢᠨ ᠰᠡᠭᠦᠯᠴᠢ ᠪᠣᠯᠲᠠᠯ᠎ᠠ ᠴᠥᠮ ᠴᠡᠭᠴᠡᠯᠡᠨ ᠰᠠᠶᠢᠵᠢᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠪᠠ᠃ | ︵ᠭᠤᠷᠪᠠ︶ ᠬᠢᠨᠠᠨ ᠪᠤᠳᠤᠬᠤ ᠪᠠᠶᠢᠭᠤᠯᠭ᠎ᠠ ᠨᠢ ᠵᠠᠰᠠᠭ ᠤᠨ ᠣᠷᠳᠣᠨ ᠤ ᠠᠵᠤ ᠠᠬᠤᠶ ᠶᠢᠨ ᠬᠢᠨᠠᠯᠲᠠ ᠲᠠᠯᠪᠢᠬᠤ | ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠲᠦᠢᠯ ᠤᠨ ᠴᠢᠬᠤᠯᠠ | ᠪᠠᠶᠢᠳᠠᠭ᠂ ᠮᠠᠨ ᠤ ᠲᠣᠪᠴᠢᠶ᠎ᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠠᠶᠢᠩᠭᠤ ᠠᠳᠬᠤᠵᠤ᠂ ᠲᠣᠭᠲᠠᠮᠠᠯ | ᠬᠤᠭᠤᠴᠠᠭ᠎ᠠ ᠲᠠᠢ ᠪᠠᠷ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ | ᠠᠰᠠᠭᠤᠳᠠᠯ ᠢ ᠰᠤᠳᠤᠯᠤᠨ ᠮᠠᠭᠠᠳᠯᠠᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠣᠭᠲᠠᠮᠠᠯ | ᠬᠤᠭᠤᠴᠠᠭ᠎ᠠ ᠲᠠᠢ ᠪᠠᠷ ᠰᠲ᠋ᠣᠺ ᠤᠨ ᠲᠠᠰᠤᠭ ᠤᠨ ᠬᠠᠮᠢᠶ᠎ᠠ ᠪᠥᠬᠦᠶ ᠬᠥᠮᠦᠰ ᠢ ᠬᠠᠨᠳᠤᠯᠭᠠᠲᠤ ᠴᠢᠨᠠᠷᠲᠠᠶ ᠪᠠᠷ | ᠬᠥᠲᠥᠯᠦᠨ ᠵᠢᠯᠣᠭᠤᠳᠬᠤ ᠶᠢᠨ ᠬᠠᠮᠲᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠤᠳᠤᠷᠢᠳᠬᠤ ᠺᠠᠳ᠋ᠷ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠶᠢᠨ ᠴᠢᠬᠤᠯᠠ | ᠠᠭᠤᠯᠭ᠎ᠠ ᠪᠣᠯᠭᠠᠵᠤ᠂ ᠸᠢᠴᠠᠲ ᠤᠨ ᠠᠵᠢᠯ ᠤᠨ ᠪᠦᠯᠦᠭᠯᠡᠯ ᠤᠨ ᠬᠡᠪ ᠤᠨ ᠠᠵᠢᠯ ᠤᠨ ᠲᠦᠷᠢᠮ ᠢ ᠪᠠᠶᠢᠭᠤᠯᠵᠤ᠂ | ᠴᠢᠩᠭ᠎ᠠ ᠬᠠᠮᠢᠶᠠᠷᠴᠤ᠂ ᠶᠠᠷᠢᠶ᠎ᠠ ᠬᠡᠯᠡᠯᠴᠡᠭᠡᠨ ᠤ ᠴᠢᠨᠠᠷᠲᠠᠶ᠂ ᠬᠡᠯᠪᠡᠷᠢᠯ ᠤᠨ ᠴᠢᠨᠠᠷᠲᠠᠶ ᠶᠠᠷᠢᠶ᠎ᠠ ᠬᠡᠯᠡᠯᠴᠡᠭᠡᠨ ᠤ | ᠠᠰᠠᠭᠤᠳᠠᠯ ᠢ ᠪᠦᠷᠢᠯᠳᠦᠭᠦᠯᠬᠦ ᠠᠴᠠ ᠵᠠᠶᠢᠯᠠᠰᠬᠢᠪᠠ᠃ |