ᠰᠢᠪᠠᠷᠲᠡᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠯᠢᠦ ᠹᠦ᠋ ᠰᠢ | ᠰᠤᠷᠪᠤᠯᠵᠢᠯᠠᠭᠴᠢ ᠄ ᠪᠠᠯᠭᠠᠰᠤᠨ ᠲᠠᠷᠤᠭ᠎ᠠ ᠡ᠂ ᠲᠠ ᠰᠠᠶᠢᠨ᠂ ᠰᠦᠯᠵᠢᠶᠡᠨ ᠲᠡᠬᠡᠷ᠎ᠡ ᠶᠠᠷᠢᠯᠴᠠᠬᠤ ᠲᠤᠭᠯᠠᠯᠲᠠᠨ ᠳᠤ | ᠤᠷᠤᠯᠴᠠᠬᠤ ᠶᠢ ᠪᠠᠶᠠᠷᠯᠠᠨ ᠤᠭᠲᠤᠶ᠎ᠠ᠃ | ᠠᠷᠪᠠᠨ ᠨᠠᠢᠮᠠ ᠲᠠᠢ ᠪᠠᠯᠭᠠᠰᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠵᠢᠴᠢ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠢ︖ | ᠯᠢᠦ ᠹᠦ᠋ ᠰᠢ᠄ ᠮᠠᠨ ᠤ ᠪᠠᠯᠭᠠᠰᠤ ︽ᠲᠦᠷᠦᠯ ᠵᠦᠢᠯ ᠢ ᠲᠡᠷᠢᠭᠦᠨ ᠳᠤ ᠲᠠᠯᠪᠢᠬᠤ᠂ ᠲᠦᠷᠦᠯ ᠵᠦᠢᠯ ᠢᠶᠠᠷ ᠶᠡᠭᠡ | ᠪᠣᠯᠭᠠᠬᠤ︾ ᠤᠢᠢᠯᠠᠭᠠᠭᠳᠠᠬᠤᠨ ᠢ ᠪᠠᠷᠢᠮᠲᠠᠯᠠᠵᠤ᠂ ᠤᠷᠢᠳᠴᠢᠯᠠᠨ ᠲᠥᠯᠥᠪᠵᠢᠭᠦᠯᠵᠦ᠂ ᠤᠷᠢᠳᠠᠪᠠᠷ ᠬᠦᠴᠦᠯᠡᠵᠦ᠂ | ᠲᠦᠷᠦ ᠶᠢᠨ ᠪᠤᠳᠤᠯᠭ᠎ᠠ ᠶᠢ ᠰᠤᠳᠤᠯᠵᠤ᠂ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ᠂ ᠲᠦᠷᠦᠯ ᠵᠦᠢᠯ ᠢ | ᠦᠨᠡᠨᠬᠦ ᠣᠨᠣᠪᠴᠢᠲᠠᠢ ᠪᠥᠭᠡᠳ ᠪᠣᠳᠠᠲᠠᠢ ᠰᠠᠶᠢᠲᠤᠷ ᠲᠥᠯᠥᠪᠵᠢᠭᠦᠯᠵᠦ᠂ ᠨᠢᠭᠡ ᠪᠦᠯᠦᠭ ᠰᠠᠭᠤᠷᠢ ᠲᠠᠯᠪᠢᠬᠤ᠂ | ᠠᠯᠤᠰ ᠬᠡᠳᠦ ᠳᠤ ᠠᠰᠢᠭᠲᠠᠢ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠦᠷᠦᠯ ᠵᠦᠢᠯ ᠢ ᠴᠢᠷᠮᠠᠶᠢᠨ | ᠣᠷᠣᠭᠤᠯᠤᠨ ᠠᠪᠴᠢᠷᠠᠨ᠎ᠠ᠃ | ᠨᠢᠭᠡ ᠳᠤ᠂ ᠲᠦᠷᠦᠯ ᠵᠦᠢᠯ ᠤᠨ ᠨᠥᠭᠡᠴᠡ ᠶᠢ ᠰᠠᠶᠢᠲᠤᠷ ᠠᠳᠬᠤᠨ᠎ᠠ᠃ ᠪᠥᠬᠦ ᠪᠠᠯᠭᠠᠰᠤᠨ ᠤ ᠺᠠᠳ᠋ᠷ | ᠢᠯᠠᠩᠭᠤᠶ᠎ᠠ ᠤᠳᠤᠷᠢᠳᠬᠤ ᠪᠠᠭ ᠤᠨ ᠬᠢᠨ ᠬᠤᠳᠠᠯᠳᠤᠭᠠᠴᠢᠨ ᠤᠷᠢᠬᠤ ᠶᠢ ᠶᠡᠬᠡᠪᠡᠷ ᠠᠳᠬᠤᠬᠤ ᠤᠬᠠᠮᠰᠠᠷ ᠢ ᠪᠥᠬᠦ | ᠲᠠᠯ᠎ᠠ ᠪᠠᠷ ᠪᠣᠶ ᠪᠣᠯᠭᠠᠵᠤ᠂ ᠬᠥᠮᠦᠨ ᠪᠦᠬᠦᠨ ᠣᠷᠣᠯᠴᠠᠵᠤ᠂ ᠬᠤᠪᠢ ᠨᠡᠮᠡᠷᠢ ᠪᠠᠨ ᠦᠵᠡᠭᠦᠯᠵᠦ᠂ ᠲᠣᠰ ᠲᠣᠰ ᠤᠨ | ᠬᠥᠮᠦᠨ ᠤ ᠬᠠᠷᠢᠴᠠᠭ᠎ᠠ ᠶᠢᠨ ᠬᠠᠷᠢᠴᠠᠭ᠎ᠠ ᠶᠢ ᠭᠦᠢᠴᠡᠳ ᠠᠭᠤᠳᠠᠯᠤᠨ ᠡᠮᠬᠢᠯᠡᠵᠦ᠂ ᠤᠲᠠᠰᠤ ᠪᠠᠷ ᠬᠠᠷᠢᠯᠴᠠᠬᠤ ᠪᠤᠶᠤ | ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠪᠠᠷ ᠳᠠᠮᠵᠢᠭᠤᠯᠤᠨ ᠭᠦᠢᠴᠡᠳ ᠨᠡᠪᠲᠡᠷᠡᠯᠴᠡᠨ ᠵᠣᠯᠭᠠᠭᠤᠯᠵᠤ᠂ ᠨᠥᠭᠦᠭᠡ | ᠡᠲᠡᠭᠡᠳ ᠲᠡᠭᠡᠨ ᠮᠠᠨ ᠤ ᠪᠠᠯᠭᠠᠰᠤᠨ ᠤ ᠬᠥᠭᠵᠢᠯᠲᠡ ᠶᠢᠨ ᠨᠥᠬᠦᠴᠡᠯ ᠪᠠ ᠴᠢᠭᠯᠡᠯ ᠢ ᠪᠥᠬᠦ ᠲᠠᠯ᠎ᠠ ᠪᠠᠷ | ᠣᠶᠢᠯᠠᠭᠠᠭᠤᠯᠵᠤ᠂ ᠪᠢᠳᠡᠨ ᠤ ᠴᠢᠩ ᠦᠨᠡᠨᠴᠢ ᠬᠠᠯᠠᠭᠤᠨ ᠰᠡᠳᠬᠢᠯᠭᠡ ᠪᠠᠷ ᠨᠥᠭᠦᠭᠡ ᠲᠠᠯ᠎ᠠ ᠶᠢᠨ ᠪᠠᠯᠠ | ᠣᠷᠣᠭᠤᠯᠤᠯᠲᠠ ᠶᠢᠨ ᠬᠠᠯᠠᠭᠤᠷᠠᠯ ᠢ ᠰᠣᠯᠢᠵᠤ ᠠᠪᠬᠤ ᠪᠠᠷ ᠴᠢᠷᠮᠠᠶᠢᠵᠤ᠂ ᠵᠢᠯ ᠤᠨ ᠳᠣᠲᠣᠷ᠎ᠠ ᠣᠨᠴᠠᠯᠢᠭᠲᠤ ᠳᠠᠷᠢᠵᠤ | ᠲᠡᠵᠢᠭᠡᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠰᠡᠯᠡᠭᠦᠴᠡᠨ ᠠᠮᠠᠷᠠᠬᠤ | ᠵᠡᠷᠭᠡ ᠲᠠᠯ᠎ᠠ ᠪᠠᠷ ᠬᠡᠳᠦᠨ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ | ᠴᠢᠷᠮᠠᠶᠢᠬᠤ ᠬᠡᠷᠡᠭᠲᠡᠶ᠃ ᠵᠣᠬᠢᠬᠤ ᠦᠶ᠎ᠡ ᠳᠤ ᠨᠢᠭᠡ ᠤᠳᠠᠭᠠᠨ ᠤ ︽ᠨᠤᠲᠤᠭ ᠤᠨ ᠠᠬ᠎ᠠ ᠳᠡᠭᠦᠤ ᠨᠡᠷ᠂ ᠡᠬᠡ | ᠨᠤᠲᠤᠭ ᠢᠶᠠᠨ ᠪᠤᠴᠠᠭᠠᠨ ᠠᠪᠴᠢᠷᠠᠬᠤ᠂ ᠨᠤᠲᠤᠭ ᠤᠰᠤ ᠪᠠᠨ ᠪᠠᠶᠢᠭᠤᠯᠬᠤ︾ ᠠᠵᠢᠯᠯᠠᠭ᠎ᠠ ᠥᠷᠨᠢᠭᠦᠯᠵᠦ᠂ | ᠲᠤᠬᠠᠶ ᠶᠢᠨ ᠭᠠᠵᠠᠷ ᠤᠨ ᠭᠠᠳᠠᠭᠰᠢ ᠭᠠᠷᠤᠭᠰᠠᠨ ᠵᠠᠷᠢᠮ ᠠᠮᠵᠢᠯᠲᠠ ᠲᠠᠢ ᠬᠥᠮᠦᠰ ᠢ ᠤᠷᠢᠨ ᠠᠪᠴᠢᠷᠠᠵᠤ᠂ | ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠵᠦ᠂ ᠬᠥᠭᠵᠢᠯᠲᠡ ᠶᠢᠨ ᠰᠠᠶᠢᠨ ᠪᠤᠳᠤᠯᠭ᠎ᠠ ᠶᠢ | ᠬᠠᠮᠲᠤ ᠪᠠᠷ ᠰᠦᠪᠡᠭᠴᠢᠯᠡᠵᠦ᠂ ᠵᠣᠭᠤᠰ ᠲᠠᠢ ᠵᠣᠭᠤᠰ ᠭᠠᠷᠭᠠᠵᠤ᠂ ᠬᠦᠴᠦᠲᠡᠶ ᠬᠦᠴᠦᠨ ᠴᠢᠳᠠᠯ ᠢᠶᠠᠨ ᠡᠷᠭᠦᠵᠦ᠂ | ᠨᠤᠲᠤᠭ ᠤᠰᠤ ᠪᠠᠨ ᠪᠥᠲᠥᠭᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ | ᠬᠤᠶᠠᠷ ᠲᠤ᠂ ᠲᠦᠷᠦᠯ ᠵᠦᠢᠯ ᠤᠨ ᠮᠡᠳᠡᠭᠦᠯᠦᠯᠲᠡ ᠶᠢ ᠰᠠᠶᠢᠲᠤᠷ ᠠᠳᠬᠤᠪᠠ᠃ ᠳᠡᠭᠡᠳᠦ ᠱᠠᠲᠤᠨ ᠤ ᠠᠵᠤ | ᠠᠬᠤᠢ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠠᠯᠢ ᠣᠯᠠᠨ ᠲᠦᠷᠦ ᠶᠢᠨ ᠪᠣᠳᠣᠯᠭ᠎ᠠ ᠶᠢ ᠨᠡᠶᠢᠲᠡᠯᠡᠬᠦ ᠲᠡᠦᠬᠡᠨ | ᠠᠵᠠ ᠲᠣᠬᠢᠶᠠᠯ ᠢ ᠠᠮᠵᠢᠵᠤ᠂ ᠪᠦᠬᠦ ᠰᠢᠶᠠᠨ ᠤ ᠠᠷᠠᠯᠵᠢᠶᠠᠴᠢᠨ ᠤᠷᠢᠬᠤ᠂ ᠲᠦᠷᠦᠯ ᠵᠦᠢᠯ ᠢ ᠶᠡᠬᠡᠪᠡᠷ ᠠᠳᠬᠤᠬᠤ | ᠬᠥᠭᠵᠢᠯᠲᠡ ᠶᠢᠨ ᠣᠷᠴᠢᠨ ᠲᠣᠭᠤᠷᠢᠨ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ | ᠰᠢᠶᠠᠨ ᠤ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠬᠥᠭᠵᠢᠭᠦᠯᠦᠯᠲᠡ | ᠥᠭᠡᠷᠡᠴᠢᠯᠡᠯᠲᠡ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠂ ᠴᠢᠨᠠᠭᠰᠢᠯᠠᠪᠠᠯ ᠤᠯᠠᠭᠠᠨᠴᠠᠪ ᠬᠤᠳᠠ᠂ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠲᠢᠩᠬᠢᠮ ᠲᠣᠪᠴᠢᠶ᠎ᠠ ᠲᠠᠢ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ | ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠲᠠᠯ᠎ᠠ ᠪᠠᠷ ᠳᠡᠭᠡᠳᠦ ᠱᠠᠲᠤᠨ ᠤ ᠳᠡᠮᠵᠢᠯᠭᠡ ᠶᠢ | ᠤᠯᠬᠤ ᠪᠠᠷ ᠴᠢᠷᠮᠠᠶᠢᠵᠤ᠂ ᠪᠡᠯᠡ ᠮᠥᠩᠭᠦ ᠶᠢ ᠲᠡᠮᠡᠴᠡᠨ ᠣᠯᠵᠤ᠂ ᠵᠠᠷᠢᠮ ᠰᠠᠶᠢᠨ ᠲᠦᠷᠦᠯ ᠵᠦᠢᠯ ᠢ ᠦᠨᠡᠨᠬᠦ | ᠪᠠᠶᠢᠭᠤᠯᠵᠤ᠂ ᠪᠦᠬᠦ ᠪᠠᠯᠭᠠᠰᠤᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠨᠡᠨᠬᠦ ᠬᠢᠬᠦ ᠬᠡᠷᠡᠭᠲᠡᠢ ᠭᠡᠪᠡ᠃ | ᠭᠤᠷᠪᠠ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠪᠠᠶᠢᠭᠤᠯᠵᠤ | ᠪᠠᠶᠢᠭ᠎ᠠ ᠲᠥᠷᠥᠯ ᠵᠦᠢᠯ ᠪᠤᠶᠤ ᠰᠠᠶ᠋ᠢᠬᠠᠨ ᠨᠠᠶᠢᠳᠠᠪᠤᠷᠢᠵᠢᠭᠤᠯᠵᠤ ᠪᠠᠶᠢᠭ᠎ᠠ ᠲᠥᠷᠥᠯ ᠵᠦᠢᠯ ᠪᠣᠯ ᠡᠷᠬᠡᠪᠰᠢ ᠲᠤᠰᠬᠠᠶ | ᠬᠥᠮᠦᠨ ᠢ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠲᠤᠰᠬᠠᠶ ᠠᠳᠬᠤᠬᠤ ᠶᠢ ᠬᠡᠷᠡᠭᠵᠢᠭᠦᠯᠵᠦ᠂ ᠵᠠᠪᠠᠯ ᠴᠠᠭ ᠤᠨ | ᠬᠦᠰᠦᠨᠦᠭᠲᠦ ᠪᠠ ᠡᠭᠦᠷᠭᠡ ᠶᠢᠨ ᠵᠢᠷᠤᠭ ᠢ ᠵᠢᠭᠰᠠᠭᠠᠵᠤ᠂ ᠵᠠᠪᠠᠯ ᠴᠠᠭ ᠤᠨ ᠬᠦᠰᠦᠨᠦᠭᠲᠦ ᠶᠢᠨ ᠶᠣᠰᠣᠭᠠᠷ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠳᠥᠯᠭᠢᠨ ᠠᠬᠢᠭᠤᠯᠵᠤ᠂ ᠲᠤᠬᠠᠶ ᠶᠢᠨ ᠡᠳᠦᠷ ᠤᠨ | ᠶᠠᠪᠤᠳᠠᠯ ᠢ ᠲᠡᠷᠡ ᠡᠳᠦᠷ ᠲᠤᠨᠢ ᠬᠢᠵᠦ᠂ ᠲᠤᠬᠠᠶ ᠶᠢᠨ ᠵᠢᠯ ᠳᠡᠭᠡᠨ ᠠᠮᠢᠳᠤᠷᠠᠭᠤᠯᠵᠤ ᠳᠠᠭᠤᠰᠬᠠᠬᠤ ᠶᠢ ᠦᠨᠡᠨ ᠬᠦ | ᠪᠡᠶᠡᠯᠡᠭᠦᠯᠵᠦ᠂ ᠬᠠᠭᠠᠰ ᠳᠤᠲᠠᠭᠤ ᠢᠨᠵᠧᠨᠧᠷᠢᠩ ᠪᠣᠯᠵᠣ᠂ ᠬᠠᠭᠠᠰ ᠳᠤᠲᠠᠭᠤ ᠠᠮᠢᠳᠤ ᠪᠤᠰᠤ ᠲᠥᠷᠥᠯ ᠵᠦᠢᠯ ᠢ | ᠪᠠᠶᠢᠭᠤᠯᠤᠨ ᠪᠦᠲᠦᠭᠡᠬᠦ ᠠᠴᠠ ᠵᠠᠶᠢᠯᠠᠰᠬᠢᠬᠦ ᠬᠡᠷᠡᠭᠲᠡᠶ᠃ | ᠰᠤᠷᠪᠤᠯᠵᠢᠯᠠᠭᠴᠢ᠄ ᠯᠢᠦ ᠪᠠᠯᠭᠠᠰᠤᠨ ᠳᠠᠷᠤᠭ᠎ᠠ᠂ ᠠᠷᠪᠠᠨ ᠨᠠᠢᠮᠠᠳᠤᠭᠠᠷ ᠪᠠᠯᠭᠠᠰᠤ ᠭᠠᠵᠠᠷ ᠣᠷᠣᠨ ᠤ | ᠣᠨᠴᠠᠯᠢᠭ ᠢ ᠬᠡᠷᠬᠢᠨ ᠠᠰᠢᠭᠯᠠᠵᠤ᠂ ᠡᠭᠦᠨ ᠤ ᠤᠯᠠᠮ ᠠᠴᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ | ᠡᠭᠦᠳᠬᠦ ᠪᠤᠢ︖ | ᠯᠢᠦ ᠹᠦ᠋ ᠰᠢ᠄ ᠮᠠᠨ ᠤ ᠪᠠᠯᠭᠠᠰᠤ ᠳᠠᠪᠠᠭᠤᠯᠢᠭ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨ | ᠪᠤᠵᠠᠭᠠᠶᠢᠷᠠᠭᠤᠯᠵᠤ᠂ ᠲᠦᠷᠢ ᠲᠥᠷᠬᠦ ᠶᠢ ᠱᠤᠭᠤᠵᠤ᠂ ᠲᠡᠰ ᠳᠡᠪᠰᠢᠬᠦ ᠶᠢ ᠠᠬᠢᠭᠤᠯᠵᠤ᠂ ᠲᠠᠷᠢᠶᠠᠯᠠᠩ ᠤᠨ ᠦᠷ᠎ᠡ | ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠭᠤᠸ᠎ᠠ ᠰᠠᠶᠢᠬᠠᠨ ᠢ ᠨᠡᠮᠡᠭᠳᠡᠭᠦᠯᠬᠦ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠪᠠ᠃ | ᠯᠢᠦ ᠹᠦ᠋ ᠰᠢ᠄ ᠮᠠᠨ ᠤ ᠪᠠᠯᠭᠠᠰᠤ ᠰᠠᠭᠤᠷᠢ ᠶᠢ ᠰᠠᠶᠢᠲᠤᠷ ᠲᠠᠯᠪᠢᠬᠤ ᠶᠢ ᠪᠠᠷᠢᠮᠲᠠᠯᠠᠵᠤ᠂ ᠰᠠᠭᠤᠷᠢ ᠶᠢ ᠪᠠᠬᠢᠵᠢᠭᠦᠯᠵᠦ᠂ | ᠬᠦᠴᠦᠨ ᠴᠢᠳᠠᠯ ᠵᠢᠴᠢ ᠡᠬᠢ ᠪᠠᠶᠠᠯᠢᠭ ᠢ ᠨᠡᠶᠢᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ | ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ | ᠪᠠᠶᠢᠭᠤᠯᠤᠨ᠎ᠠ᠃ | ᠨᠢᠭᠡ ᠳᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ | ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ | ᠭᠤᠶᠤᠴᠢᠯᠠᠨ ᠮᠡᠳᠡᠭᠦᠯᠵᠦ᠂ ᠪᠡᠭᠡᠵᠢᠩ ᠥᠪᠥᠷ ᠮᠣᠩᠭᠤᠯ ᠤᠨ ᠪᠠᠯᠠ ᠮᠥᠩᠭᠦ᠂ ᠵᠥᠩ ᠬᠠᠶ ᠲᠣᠰᠣᠨ ᠤ ᠬᠠᠪᠰᠤᠷᠤᠨ | ᠲᠡᠳᠬᠦᠬᠦ ᠪᠠᠯᠠ ᠮᠥᠩᠭᠦ ᠵᠡᠷᠭᠡ ᠶᠢ ᠦᠷᠭᠦᠯᠵᠢᠯᠡᠨ ᠴᠢᠷᠮᠠᠶᠢᠨ ᠣᠯᠵᠤ᠂ ᠬᠠᠯᠢᠲᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠣᠶ ᠪᠣᠯᠭᠠᠵᠤ᠂ ᠬᠤᠸᠠᠩ ᠴᠢ ᠲᠠᠨ᠂ ᠶᠢᠨ ᠴᠧᠩ | ᠸᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠲᠣᠰᠬᠤᠨ ᠢ ᠪᠣᠶ ᠪᠣᠯᠭᠠᠵᠤ᠂ | ᠬᠥᠳᠡᠭᠡ ᠲᠣᠰᠬᠤᠨ ᠤ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ᠂ ᠲᠦᠭᠡᠭᠡᠯ ᠤᠰᠤ ᠶᠢ | ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠴᠠᠬᠢᠯᠭᠠᠨ᠂ ᠬᠡᠶ᠂ | ᠳᠤᠯᠠᠭᠠᠯᠠᠭ᠎ᠠ ᠵᠡᠷᠭᠡ ᠰᠠᠭᠤᠷᠢ ᠲᠥᠬᠦᠭᠡᠷᠦᠮᠵᠢ ᠪᠠ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠣᠯᠠᠨ | ᠨᠡᠶᠢᠲᠡ ᠶᠢᠨ ᠦᠢᠯᠡᠴᠢᠯᠡᠭᠡ ᠶᠢ ᠬᠥᠳᠡᠭᠡ ᠲᠣᠰᠬᠤᠨ ᠳᠠᠰᠢ ᠤᠷᠲᠤᠳᠬᠠᠬᠤ ᠶᠢ ᠡᠮᠬᠢ ᠵᠢᠷᠤᠮ ᠲᠠᠢ ᠠᠬᠢᠭᠤᠯᠵᠤ᠂ | ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠬᠥᠮᠦᠰ ᠤᠨ ᠣᠷᠣᠰᠢᠨ | ᠰᠠᠭᠤᠬᠤ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠎ᠠ᠃ ︽ᠮᠢᠩᠭᠠᠨ ᠲᠦᠮᠡᠨ ᠢᠨᠵᠧᠨᠧᠷᠢᠩ︾ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠷᠦᠬᠡ ᠶᠢᠨ ᠵᠣᠷᠯᠣᠩ ᠢ ᠥᠭᠡᠷᠡᠴᠢᠯᠡᠨ | ᠪᠠᠶᠢᠭᠤᠯᠬᠤ᠂ ᠴᠡᠪᠡᠷ ᠡᠨᠧᠷᠭᠢ ᠪᠠᠷ ᠳᠤᠯᠠᠭᠠᠯᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠥᠷᠥᠯ | ᠵᠦᠢᠯ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠬᠤᠭ ᠨᠣᠪᠰᠢ ᠶᠢ ᠬᠤᠷᠢᠶᠠᠨ ᠴᠤᠭᠯᠠᠭᠤᠯᠵᠤ ᠳᠠᠮᠵᠢᠭᠤᠯᠤᠨ | ᠲᠡᠭᠡᠭᠡᠪᠦᠷᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠡᠪᠳᠡᠷᠬᠡᠶ ᠬᠡᠷᠡᠮ᠂ ᠡᠪᠳᠡᠷᠬᠡᠶ ᠬᠠᠭᠤᠴᠢᠨ ᠬᠦᠷᠢᠶ᠎ᠡ ᠶᠢ | ᠶᠡᠬᠡᠪᠡᠷ ᠴᠡᠭᠴᠡᠯᠡᠨ ᠵᠠᠰᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠭᠢᠯᠡᠬᠦ ᠳᠤ | ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠤᠨ᠎ᠠ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ 600 ᠭᠠᠷᠤᠶ ᠮᠥ ᠪᠡᠶᠡᠯᠡᠭᠦᠯᠵᠦ᠂ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠷᠭᠡᠳᠬᠡᠨ᠎ᠡ᠃ | ᠬᠤᠶᠠᠷ ᠲᠤ ᠠᠮᠢ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠤᠨ᠎ᠠ᠃ | ᠲᠦᠮᠡᠨ ᠮᠦ ᠬᠠᠷᠭᠠᠨ᠎ᠠ ᠶᠢᠨ ᠠᠮᠢ ᠠᠬᠤᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ | ᠂ 1 ᠲᠦᠮᠡᠨ ᠮᠦ ᠬᠠᠷᠭᠠᠨ᠎ᠠ ᠶᠢᠨ ᠲᠠᠷᠢᠮᠠᠯ ᠤᠨ ᠡᠭᠦᠷᠭᠡ ᠶᠢ ᠪᠡᠶᠡᠯᠡᠭᠦᠯᠵᠦ᠂ ᠬᠠᠷᠭᠠᠨ᠎ᠠ ᠶᠢᠨ ᠭᠤᠤᠷᠰᠦ ᠶᠢ | ᠲᠡᠭᠰᠢᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠬᠠᠷᠭᠠᠨ᠎ᠠ ᠶᠢᠨ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ︽ᠨᠣᠭᠤᠭᠠᠨ ᠠᠭᠤᠯᠤᠭᠳᠠᠴᠠ︾ ᠶᠢ | ᠳᠡᠭᠡᠭᠰᠢᠯᠡᠭᠦᠯᠦᠨ᠎ᠡ᠃ ᠬᠤᠪᠠᠭ᠋ᠠᠢ ᠠᠭᠤᠯᠠ ᠡᠵᠡᠭᠦᠢ ᠪᠠᠯ᠂ ᠬᠥᠳᠡᠭᠡ ᠲᠣᠰᠬᠤᠨ ᠵᠡᠷᠭᠡ ᠭᠤᠣᠯᠳᠠᠯᠭ᠎ᠠ ᠲᠠᠢ ᠣᠷᠣᠨ | ᠪᠦᠰᠡ ᠶᠢᠨ ᠨᠣᠭᠤᠭᠠᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠪᠦᠬᠦ ᠠᠷᠠᠳ ᠢᠶᠠᠷ ᠢᠶᠠᠨ ᠮᠣᠳᠣ ᠲᠠᠷᠢᠵᠤ | ᠣᠶᠢᠵᠢᠭᠤᠯᠬᠤ ᠬᠠᠯᠠᠭᠤᠨ ᠥᠷᠨᠢᠯᠲᠡ ᠶᠢ ᠪᠤᠢ ᠪᠣᠯᠭᠠᠵᠤ᠂ ᠦᠷᠭᠦᠯᠵᠢᠯᠡᠨ ᠨᠣᠭᠤᠭᠠᠨ ᠰᠠᠭᠤᠷᠢ ᠦᠩᠬᠡ | ᠨᠡᠮᠡᠭᠳᠡᠭᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠵᠤ᠂ | ᠭᠠᠯ ᠰᠡᠷᠭᠡᠶᠢᠯᠡᠬᠦ ᠠᠵᠢᠯ ᠤᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠡᠯ᠎ᠡ ᠲᠥᠷᠥᠯ ᠤᠨ | ᠬᠠᠤᠯᠢ ᠠᠴᠠ ᠵᠥᠷᠢᠴᠡᠨ ᠡᠪᠳᠡᠯᠡᠭᠡ ᠬᠢᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠶ | ᠰᠢᠭᠤᠶ ᠶᠢᠨ ᠳᠠᠷᠤᠭ᠎ᠠ ᠶᠢᠨ ᠲᠦᠷᠢᠮ᠂ ᠭᠤᠤᠯ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠤᠨ᠂ ᠠᠮᠢ ᠠᠬᠤᠶ ᠶᠢ ᠪᠥᠬᠦ ᠲᠠᠯ᠎ᠠ ᠪᠠᠷ᠂ ᠪᠥᠬᠦ | ᠭᠠᠵᠠᠷ ᠣᠷᠣᠨ᠂ ᠪᠥᠬᠦ ᠶᠠᠪᠤᠴᠠ ᠳᠤ ᠠᠮᠢ ᠠᠬᠤᠶ ᠶᠢ ᠰᠡᠷᠭᠦᠭᠡᠬᠦ ᠠᠵᠢᠯ ᠢ ᠥᠷᠨᠢᠭᠦᠯᠵᠦ᠂ ᠪᠣᠬᠢᠷᠲᠤᠯ ᠥᠬᠡᠶ | ᠪᠠᠶᠢᠬᠤ ᠶᠢ ᠮᠠᠨ ᠤ ᠪᠠᠯᠭᠠᠰᠤᠨ ᠤ ᠬᠠᠮᠤᠭ ᠤᠨ ᠭᠤᠶᠣ ᠰᠠᠶᠢᠬᠠᠨ ᠰᠠᠭᠤᠷᠢ ᠥᠩᠭᠡ ᠪᠣᠯᠭᠠᠨ᠎ᠠ᠃ | ᠭᠤᠷᠪᠠ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠪᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ | ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ | ᠰᠠᠶᠢᠲᠤᠷ ᠬᠢᠵᠦ᠂ ᠣᠷᠣᠯᠭ᠎ᠠ ᠪᠠᠭᠠᠲᠠᠶ ᠲᠠᠷᠢᠶᠠᠴᠢᠨ ᠡᠷᠦᠬᠡ ᠶᠢᠨ ᠤᠨᠢᠨ ᠳᠡᠭᠡᠷ᠎ᠡ ᠨᠢ ᠬᠥᠷᠥᠭ ᠵᠢᠷᠤᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠴᠠᠭ ᠲᠤᠬᠠᠢ ᠳᠤᠨᠢ ᠬᠢᠨᠠᠨ ᠬᠡᠮᠵᠢᠵᠦ᠂ ᠤᠨᠢᠨ ᠳᠡᠭᠡᠷ᠎ᠡ ᠨᠢ ᠬᠠᠪᠰᠤᠷᠤᠨ | ᠲᠡᠳᠬᠦᠵᠦ᠂ ᠶᠠᠳᠠᠭᠤᠷᠠᠬᠤ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | ᠤᠰᠤ ᠤᠮᠳᠠ᠂ ᠣᠷᠣᠨ ᠰᠠᠭᠤᠴᠠ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠡᠯ᠎ᠡ ᠵᠦᠢᠯ ᠤᠨ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠤ ᠦᠢᠯᠡᠰ᠂ ᠠᠵᠢᠯ ᠣᠯᠭᠤᠯᠲᠠ ᠪᠠᠷ ᠬᠠᠪᠰᠤᠷᠤᠨ | ᠲᠡᠳᠬᠦᠬᠦ ᠶᠢ ᠭᠦᠨᠵᠡᠭᠡᠶᠢᠷᠡᠭᠦᠯᠵᠦ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠶᠢ | ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠲᠠᠰᠤᠷᠠᠯᠲᠠ ᠦᠭᠡᠢ | ᠪᠠᠬᠢᠵᠢᠭᠦᠯᠦᠨ᠎ᠡ᠃ ᠠᠵᠤ ᠦᠢᠯᠡᠰ ᠢᠶᠠᠷ ᠬᠠᠪᠰᠤᠷᠤᠨ ᠲᠡᠳᠬᠦᠬᠦ ᠲᠥᠷᠥᠯ ᠵᠦᠢᠯ ᠢ ᠲᠥᠯᠥᠪᠯᠡᠨ ᠬᠡᠷᠡᠭᠵᠢᠭᠦᠯᠵᠦ᠂ | ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ | ᠵᠠᠬᠢᠶᠠᠯᠠᠭ᠎ᠠ ᠶᠢᠨ ᠲᠠᠷᠢᠶᠠᠯᠠᠩ᠂ ᠦᠢᠯᠡᠴᠢᠯᠡᠭᠡᠨ ᠤ ᠬᠠᠮᠵᠢᠯᠴᠠᠭ᠎ᠠ᠂ ᠬᠤᠪᠢ ᠣᠷᠣᠭᠤᠯᠤᠨ ᠬᠤᠷᠰᠢᠬᠤ ᠵᠡᠷᠭᠡ | ᠵᠠᠭᠪᠤᠷ ᠢ ᠳᠡᠯᠭᠡᠷᠡᠭᠦᠯᠵᠦ᠂ ᠲᠣᠰᠬᠤᠨ ᠤ ᠬᠠᠮᠲᠤ ᠶᠢᠨ ᠪᠡᠯᠡ ᠮᠥᠩᠭᠦ ᠶᠢ ᠢᠳᠡᠪᠬᠢᠲᠡᠶ ᠪᠠᠷ ᠠᠮᠢᠳᠤᠯᠢᠭ ᠪᠣᠯᠭᠠᠵᠤ᠂ | ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠤᠨ ᠡᠵᠡᠩᠨᠡᠯᠲᠡ ᠶᠢᠨ ᠳᠦᠷᠢᠮ ᠤᠨ ᠪᠠᠲᠤᠯᠠᠭ᠎ᠠ ᠶᠢᠨ | ᠲᠣᠭᠲᠠᠴᠠ ᠶᠢ ᠬᠠᠶᠢᠨ ᠰᠦᠪᠡᠭᠴᠢᠯᠡᠵᠦ᠂ ᠬᠠᠷᠭᠠᠨ᠎ᠠ ᠶᠢᠨ ᠦᠢᠯᠡᠳᠪᠦᠷᠢ᠂ ᠪᠠᠩ ᠾᠧ ᠴᠠᠷᠳᠠᠭᠤᠯ ᠤᠨ | ᠦᠢᠯᠡᠳᠪᠦᠷᠢ᠂ ᠬᠤᠸᠠ ᠶᠤᠸᠠᠨ ᠵᠦᠩ ᠴᠧᠩ ᠢᠳᠡᠭᠡᠨ ᠤ ᠦᠢᠯᠡᠳᠪᠦᠷᠢ ᠵᠡᠷᠭᠡ ᠤᠤᠯ ᠤᠨ ᠪᠠᠶᠢᠭᠰᠠᠨ ᠲᠥᠷᠥᠯ | ᠵᠦᠢᠯ ᠢ ᠲᠣᠭᠲᠠᠭᠤᠨ ᠢᠶᠠᠷ ᠡᠵᠡᠩᠨᠡᠭᠰᠡᠨ ᠰᠠᠭᠤᠷᠢᠨ ᠳᠡᠭᠡᠷ᠎ᠡ᠂ ᠮᠠᠨ ᠤ ᠪᠠᠯᠭᠠᠰᠤᠨ ᠤ ᠬᠥᠭᠵᠢᠯᠲᠡ ᠶᠢᠨ ᠪᠣᠳᠠᠲᠤ | ᠪᠠᠶᠢᠳᠠᠯ ᠳᠤ ᠨᠡᠶᠢᠴᠡᠭᠰᠡᠨ ᠰᠢᠨ᠎ᠡ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠡᠯ᠎ᠡ | ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠳᠡᠭᠡᠷ᠎ᠡ ᠵᠢᠯ ᠤᠨ ᠬᠢ ᠠᠴᠠ 20% ᠠᠴᠠ ᠳᠡᠭᠡᠭᠰᠢ | ᠨᠡᠮᠡᠭᠳᠡᠭᠦᠯᠬᠦ ᠪᠠᠷ ᠴᠢᠷᠮᠠᠶᠢᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠦᠷᠭᠦᠯᠵᠢᠯᠡᠨ | ᠲᠣᠭᠲᠠᠭᠤᠨ ᠢᠶᠠᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠲᠠᠷᠢᠶᠠᠴᠢᠳ ᠤᠨ ᠡᠳ᠋ ᠬᠥᠷᠥᠩᠭᠡ ᠶᠢᠨ ᠴᠢᠨᠠᠷᠲᠠᠶ | ᠣᠷᠣᠯᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ︽ᠵᠢᠵᠢᠭ ᠲᠡᠵᠢᠭᠡᠨ ᠦᠷᠡᠵᠢᠭᠦᠯᠬᠦ ᠦᠢᠯᠡᠰ︾ ᠤᠨ | ᠡᠷᠦᠬᠡ ᠳᠤ ᠬᠦᠷᠭᠡᠬᠦ ᠨᠥᠬᠦᠪᠥᠷᠢ ᠶᠢᠨ ᠲᠥᠷᠥᠯ ᠵᠦᠢᠯ ᠢ ᠶᠡᠬᠡᠪᠡᠷ ᠲᠦᠯᠬᠢᠨ ᠠᠬᠢᠭᠤᠯᠵᠤ᠂ ᠣᠨᠴᠠᠯᠢᠭᠲᠤ ᠠᠵᠤ | ᠦᠢᠯᠡᠰ ᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ︽ᠠᠶᠢᠯ ᠪᠣᠯᠭᠠᠨ ᠦᠬᠡᠷ | ᠬᠤᠨᠢ᠂ ᠡᠷᠦᠬᠡ ᠪᠣᠯᠭᠠᠨ ᠲᠡᠵᠢᠭᠡᠨ ᠦᠷᠡᠵᠢᠭᠦᠯᠬᠦ︾ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠲᠦᠯᠬᠢᠨ | ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠴᠢᠳ ᠤᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ | ᠨᠡᠮᠡᠭᠳᠡᠭᠦᠯᠦᠨ᠎ᠡ᠃ |