ᠤᠯᠠᠭᠠᠨᠴᠠᠪ ᠬᠤᠳᠠ ᠶᠢᠨ ᠤᠨᠤᠯ ᠤᠨ ᠰᠤᠷᠤᠯᠴᠠᠯᠭ᠎ᠠ ᠶᠢᠨ ᠬᠦᠩᠬᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠵᠦᠸᠧᠽᠢ ᠰᠢᠶᠠᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/10/24
    ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ ᠤᠨ ᠬᠠᠮᠤᠭ᠋ ᠤᠨ ᠤᠨᠤᠯ ᠤᠨ ᠦᠷ᠎ᠡ ᠪᠦᠲᠦᠭᠡᠯ ᠪᠠ ᠵᠣᠷᠢᠭ ᠰᠠᠨᠠᠭ᠎ᠠ ᠶᠢ ᠥᠷᠭᠡᠨ ᠤᠯᠠᠨ ᠺᠠᠳ᠋ᠷ ᠤᠯᠠᠨ ᠲᠦᠮᠡᠨ᠋ ᠲᠤ ᠤᠯᠠᠮᠵᠢᠯᠠᠬ᠊ ᠤᠶᠢ ᠤᠯᠠᠮ ᠨᠢᠭᠡ ᠠᠯᠬᠤᠮ ᠲᠦᠯᠬᠢᠨ ᠠᠬᠢᠭᠤᠯᠬ᠊ ᠤᠶᠢᠨ ᠲᠥᠯᠥᠭᠡ᠃ 10 ᠰᠠᠷ᠎ᠠ ᠶᠢᠨ 23 ᠤ ᠡᠳᠦᠷ᠂ ᠤᠯᠠᠭᠠᠨᠴᠠᠪ ᠬᠤᠳᠠ ᠶᠢᠨ ᠤᠨᠤᠯ ᠤᠨ ᠰᠤᠷᠤᠯᠴᠠᠯᠭ᠎ᠠ ᠶᠢᠨ ᠬᠦᠩᠬᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠵᠦᠸᠧᠽᠢ ᠰᠢᠶᠠᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃    ᠤᠬᠠᠭᠤᠯᠤᠨ ᠲᠠᠶᠢᠯᠪᠤᠷᠢᠯᠠᠬᠤ ᠪᠦᠯᠬᠦᠮ ᠤᠷᠢᠳ ᠬᠤᠵᠢᠳ ᠰᠢᠶᠠᠨ ᠤ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ ᠪᠣᠯᠤᠨ ᠵᠦᠸᠧᠽᠢ ᠱᠠᠨ ᠪᠠᠯᠭᠠᠰᠤᠨ ᠤ ᠵᠢᠷᠭᠤᠳᠤᠭᠠᠷ ᠰᠤᠮᠤ ᠲᠣᠰᠬᠤᠨ ᠳᠤ ᠬᠦᠷᠴᠦ᠂ ᠤᠯᠠᠨ ᠲᠦᠮᠡᠨᠴᠢᠯᠡᠬᠦ᠂ ᠨᠢᠭᠤᠷᠳᠠᠨ ᠶᠠᠷᠢᠯᠴᠠᠵᠤ ᠰᠣᠯᠢᠯᠴᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠮᠢᠳᠤᠯᠢᠭ ᠳᠦᠷᠰᠦᠯᠢᠭ ᠦᠭᠡ ᠬᠡᠯᠡ᠂ ᠤᠯᠠᠨ ᠲᠦᠮᠡᠨ ᠤ ᠲᠠᠭᠤᠨ ᠳᠤ ᠣᠶᠢᠷᠠᠲᠤᠵᠤ᠂ ᠰᠢᠨ᠎ᠡ ᠴᠠᠭ ᠦᠶ᠎ᠡ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠨᠠᠰᠤᠵᠢᠯ ᠤᠨ ᠦᠢᠯᠡᠰ ᠪᠣᠯᠤᠨ ᠨᠠᠰᠤᠵᠢᠯ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ ᠬᠥᠭᠵᠢᠭᠦᠯᠬᠦ ᠵᠡᠷᠭᠡ ᠲᠠᠯ᠎ᠠ ᠪᠠᠷ ᠨᠠᠷᠢᠨ ᠨᠢᠭᠲᠠ ᠲᠠᠶᠢᠯᠪᠤᠷᠢᠯᠠᠯᠲᠠ ᠬᠢᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠳᠠᠬᠢ ᠤᠨᠤᠯ ᠤᠨ ᠮᠡᠳᠡᠯᠭᠡ ᠶᠢ ᠣᠶᠢᠯᠠᠭᠠᠮᠵᠢᠳᠠᠢ ᠦᠭᠡ ᠬᠡᠯᠡ ᠪᠣᠯᠭᠠᠨ ᠬᠤᠪᠢᠷᠠᠭᠤᠯᠵᠤ᠂ ᠺᠠᠳ᠋ᠷ ᠤᠯᠠᠨ ᠲᠦᠮᠡᠨ ᠳᠤ ᠣᠶᠢᠯᠠᠭᠠᠭᠤᠯᠵᠤ᠂ ᠰᠣᠨᠣᠰᠬᠠᠨ ᠣᠷᠣᠯᠴᠠᠭᠤᠯᠵᠤ᠂ ᠤᠯᠠᠨ ᠲᠦᠮᠡᠨ ᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠰᠡᠳᠬᠢᠯᠭᠡ ᠶᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠤᠯᠪᠠ᠃    ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠤᠨ ᠤᠯᠠᠨ ᠲᠦᠮᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠤᠨ ᠤᠯᠠᠨ ᠲᠦᠮᠡᠨ ᠤ ᠨᠢᠭᠲᠠᠷᠠᠯ ᠤᠨ ᠬᠦᠴᠦᠨ ᠢ ᠤᠯᠠᠮ ᠴᠢᠨᠠᠭᠰᠢᠳᠠ ᠴᠢᠩᠭᠠᠳᠬᠠᠵᠤ᠂ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠭᠦᠯᠵᠡᠢ᠃    ᠵᠦᠸᠧᠽᠢ ᠰᠢᠶᠠᠨ ᠤ ᠬᠢᠨ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠶᠢ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠬᠤ ᠬᠡᠷᠡᠭᠲᠡᠢ᠃    ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠤᠯᠠᠭᠠᠨᠴᠠᠪ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2