ᠵᠦᠸᠧᠽᠢ ᠰᠢᠶᠠᠨ 2024 ᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/24
    ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠃ 10 ᠰᠠᠷ᠎ᠠ ᠶᠢᠨ 23 ᠤ ᠡᠳᠦᠷ᠂ ᠵᠦᠸᠧᠽᠢ ᠰᠢᠶᠠᠨ ᠲᠦᠩ ᠯᠧ ᠠᠭᠤᠳᠠᠮ ᠲᠠᠯᠠᠪᠠᠢ ᠳᠤ ︽ᠦᠨᠡᠨᠴᠢ ᠢᠲᠡᠭᠡᠮᠵᠢᠲᠡᠢ ᠠᠷᠪᠢᠯᠠᠨ ᠭᠠᠮᠨᠠᠬᠤ ᠶᠢ ᠡᠷᠬᠢᠮᠯᠡᠵᠦ ᠢᠳᠡᠭᠡᠨ ᠤ ᠠᠮᠤᠷ ᠲᠦᠪᠰᠢᠨ ᠢ ᠬᠠᠮᠲᠤᠪᠠᠷ ᠡᠳ᠋ᠯᠡᠬᠦ︾ ᠵᠦᠸᠧᠽᠢ ᠰᠢᠶᠠᠨ ᠤ 2024 ᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠪᠡ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠸᠧ ᠯᠢ ᠯᠢ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠠᠮᠪᠠᠷ᠎ᠠ ᠶᠢᠨ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠬᠠᠭᠤᠷᠮᠠᠭ ᠮᠠᠭᠤ ᠢᠳᠡᠭᠡᠨ ᠢ ᠬᠡᠷᠬᠢᠨ ᠢᠯᠭᠠᠨ ᠲᠠᠨᠢᠬᠤ᠂ ᠬᠤᠭᠤᠴᠠᠭ᠎ᠠ ᠠᠴᠠ ᠬᠡᠲᠦᠷᠡᠭᠰᠡᠨ ᠢᠳᠡᠭᠡᠨ᠂ ᠦᠨᠡᠮᠯᠡᠯ ᠦᠭᠡᠢ ᠢᠳᠡᠭᠡᠨ ᠢ ᠬᠡᠷᠬᠢᠨ ᠦᠢᠯᠡᠳᠪᠦᠷᠢᠯᠡᠬᠦ ᠲᠤᠬᠠᠢ ᠤᠬᠠᠭᠤᠯᠤᠨ ᠲᠠᠶᠢᠯᠪᠤᠷᠢᠯᠠᠪᠠ᠃ ᠠᠵᠢᠯᠲᠠᠳ ᠲᠤᠬᠠᠶ ᠶᠢᠨ ᠲᠠᠯᠠᠪᠠᠶ ᠳᠤ ᠣᠯᠠᠨ ᠲᠦᠮᠡᠨ ᠤ ᠳᠤᠷᠠᠳᠤᠭᠰᠠᠨ ᠢᠳᠡᠭᠡᠨ ᠤ ᠠᠮᠤᠷ ᠲᠦᠪᠰᠢᠨ ᠤ ᠠᠰᠠᠭᠤᠳᠠᠯ ᠳᠤ ᠬᠦᠯᠢᠴᠡᠩᠭᠦᠶ ᠪᠠᠷ ᠬᠠᠷᠢᠭᠤᠯᠲᠠ ᠥᠭᠪᠡ᠃    ᠣᠯᠠᠨ ᠨᠡᠶᠢᠲᠡ ᠶᠢᠨ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠬᠤ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠰᠢᠶᠠᠨ ᠤ ᠬᠡᠰᠡᠭ ᠢᠳᠡᠭᠡᠨ ᠤ ᠠᠵᠢᠯ ᠲᠥᠷᠥᠯ ᠤᠨ ᠲᠥᠯᠥᠭᠡᠯᠡᠭᠴᠢ ᠶᠢ ᠤᠷᠢᠵᠤ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠢᠳᠡᠭᠡᠨ ᠡᠵᠡᠩᠨᠡᠭᠴᠢ ᠶᠢᠨ ᠬᠠᠤᠯᠢ ᠶᠢ ᠰᠠᠬᠢᠵᠤ ᠡᠵᠡᠩᠨᠡᠬᠦ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃    ᠬᠤᠤ ᠰᠢᠶᠠᠩ ᠢᠳᠡᠭᠡᠨ ᠤᠮᠳᠠᠭᠠᠨ ᠤ ᠳᠠᠭᠠᠭᠠᠮᠠᠯ ᠭᠦᠸᠧ ᠫᠸᠢ ᠹᠧᠩ    ᠡᠨᠡ ᠤᠳᠠᠭᠠᠨ ᠤ ᠢᠳᠡᠭᠡᠨ ᠤ ᠠᠮᠤᠷ ᠲᠦᠪᠰᠢᠨ ᠤ ᠰᠤᠷᠤᠯᠴᠠᠯᠭ᠎ᠠ ᠪᠠᠷ ᠳᠠᠮᠵᠢᠨ᠂ ᠪᠢ ᠢᠳᠡᠭᠡᠨ ᠤ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠶ ᠣᠶᠢᠯᠠᠭᠠᠪᠠ᠃ ᠢᠳᠡᠭᠡᠨ ᠤᠮᠳᠠᠭᠠᠨ ᠤ ᠬᠥᠮᠦᠨ ᠪᠣᠯᠤᠭᠰᠠᠨ ᠤ ᠬᠤᠪᠢ ᠳᠤ᠂ ᠪᠢᠳᠡ ᠬᠤᠶᠢᠰᠢᠳᠠ ᠡᠷᠬᠡᠪᠰᠢ ᠢᠳᠡᠭᠡᠨ ᠤ ᠮᠠᠲ᠋ᠧᠷᠢᠶᠠᠯ ᠢ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠬᠠᠳᠠᠭᠠᠯᠠᠬᠤ᠂ ᠪᠣᠯᠪᠠᠰᠤᠷᠠᠭᠤᠯᠬᠤ ᠵᠢᠴᠢ ᠪᠣᠷᠣᠯᠠᠭᠤᠯᠭ᠎ᠠ ᠶᠢ ᠴᠢᠩᠭ᠎ᠠ ᠡᠵᠡᠮᠳᠡᠵᠦ᠂ ᠠᠷᠠᠳ ᠣᠯᠠᠨ ᠢ ᠡᠷᠡᠭᠦᠯ ᠮᠡᠨᠳᠦ ᠪᠠᠷ ᠢᠳᠡᠭᠦᠯᠵᠦ᠂ ᠰᠠᠨᠠᠭ᠎ᠠ ᠠᠮᠤᠷ ᠢᠳᠡᠭᠦᠯᠦᠨ᠎ᠡ᠃    ᠢᠳᠡᠭᠡᠨ ᠤ ᠠᠮᠤᠷ ᠲᠦᠪᠰᠢᠨ ᠪᠣᠯ ᠠᠷᠠᠳ ᠣᠯᠠᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠵᠦᠸᠧᠽᠢ ᠰᠢᠶᠠᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠤᠨ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠰᠣᠯᠢᠯᠴᠠᠭ᠎ᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠢᠳᠡᠭᠡᠨ ᠤ ᠠᠮᠤᠷ ᠲᠦᠪᠰᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢ ᠳᠥᠯᠭᠢᠨ ᠠᠬᠢᠭᠤᠯᠵᠤ᠂ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠤ ᠬᠡᠪ ᠪᠣᠯᠪᠠᠰᠤᠷᠠᠯ ᠢ ᠪᠣᠶ ᠪᠣᠯᠭᠠᠵᠤ᠂ ᠥᠷᠭᠡᠨ ᠣᠯᠠᠨ ᠠᠷᠠᠳ ᠲᠦᠮᠡᠨ ᠳᠤ ᠢᠳᠡᠭᠡᠨ ᠤ ᠠᠮᠤᠷ ᠲᠦᠪᠰᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠥᠭᠭᠦᠨ᠎ᠡ᠃    ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2