ᠦᠵᠡᠭᠦᠯᠦᠯᠭᠡ ᠶᠢᠨ ᠳᠤᠮᠳᠠ ᠦᠰᠦᠨ ᠪᠤᠶᠢᠵᠢᠬᠤ ᠶᠢ ᠰᠣᠨᠣᠰᠪᠠ - ᠵᠦᠸᠧᠽᠢ ᠰᠢᠶᠠᠨ ᠤ ᠬᠡᠦᠬᠡᠳ ᠤᠨ ᠴᠡᠴᠡᠷᠯᠢᠭ ᠵᠢᠭᠠᠨ ᠰᠤᠷᠭᠠᠯᠲᠠ ᠶᠢᠨ ᠲᠣᠭᠤᠷᠢᠨ ᠦᠵᠡᠵᠦ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/24
    ︽3 - 6 ᠨᠠᠰᠤᠨ ᠤ ᠬᠡᠤᠬᠡᠳ ᠤᠨ ᠰᠤᠷᠤᠯᠴᠠᠯᠭ᠎ᠠ ᠪᠠ ᠬᠥᠭᠵᠢᠯᠲᠡ ᠶᠢᠨ ᠵᠦᠭᠯᠡᠭᠦᠷ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠶ ᠮᠡᠷᠭᠡᠵᠢᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠠᠷᠭ᠎ᠠ ᠶᠢᠨ ᠲᠠᠰᠤᠷᠠᠯᠲᠠ ᠥᠬᠡᠶ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠲᠥᠯᠥᠭᠡ᠂ ᠵᠦᠸᠧᠽᠢ ᠰᠢᠶᠠᠨ ᠤ ᠬᠡᠤᠬᠡᠳ ᠤᠨ ᠴᠡᠴᠡᠷᠯᠢᠭ 10 ᠰᠠᠷ᠎ᠠ ᠶᠢᠨ 14 ᠤ ᠡᠳᠦᠷ ᠠᠴᠠ 10 ᠰᠠᠷ᠎ᠠ ᠶᠢᠨ 18 ᠤ ᠡᠳᠦᠷ ᠪᠣᠯᠲᠠᠯ᠎ᠠ᠂ ᠨᠢᠭᠡ ᠭᠠᠷᠠᠭ ᠤᠨ ᠬᠤᠭᠤᠴᠠᠭ᠎ᠠ ᠲᠠᠢ ᠵᠢᠭᠠᠨ ᠰᠤᠷᠭᠠᠯᠲᠠ ᠶᠢᠨ ᠲᠣᠭᠤᠷᠢᠨ ᠦᠵᠡᠵᠦ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠪᠡ᠃    ᠲᠣᠭᠤᠷᠢᠨ ᠦᠵᠡᠬᠦ ᠬᠢᠴᠢᠶᠡᠯ ᠠᠴᠠ ᠡᠮᠦᠨ᠎ᠡ ᠪᠠᠭᠰᠢ ᠨᠠᠷ ᠡᠯ᠎ᠡ ᠬᠦᠷᠢᠶᠡᠨ ᠤ ᠬᠠᠷᠠᠯᠲᠠ ᠵᠢᠴᠢ ᠬᠡᠦᠬᠡᠳ ᠤᠨ ᠬᠥᠭᠵᠢᠯᠲᠡ ᠶᠢᠨ ᠬᠢᠷᠢ ᠲᠦᠪᠰᠢᠨ ᠲᠠᠢ ᠤᠶᠠᠯᠳᠤᠭᠤᠯᠤᠨ ᠲᠣᠰ ᠤᠳᠠᠭᠠᠨ ᠤ ᠠᠵᠢᠯᠯᠠᠭ᠎ᠠ ᠶᠢ ᠢᠳᠡᠪᠬᠢᠲᠡᠶ ᠪᠡᠯᠡᠳᠬᠡᠵᠦ᠂ ᠰᠡᠳᠬᠢᠯ ᠲᠠᠯᠪᠢᠨ ᠬᠢᠴᠢᠶᠡᠯ ᠪᠡᠯᠡᠳᠬᠡᠵᠦ᠂ ᠬᠠᠮᠲᠤ ᠠᠵᠢᠯᠯᠠᠭᠰᠠᠳ ᠤᠨ ᠬᠤᠭᠤᠷᠣᠨᠳᠣ ᠬᠠᠷᠢᠯᠴᠠᠨ ᠰᠤᠳᠤᠯᠤᠨ ᠶᠠᠷᠢᠯᠴᠠᠵᠤ᠂ ᠦᠢᠯᠡ ᠠᠵᠢᠯᠯᠠᠭ᠎ᠠ ᠪᠠᠷ ᠢᠶᠠᠨ ᠪᠥᠬᠦ ᠬᠦᠴᠦᠨ ᠢᠶᠠᠷ ᠢᠶᠠᠨ ᠴᠢᠷᠮᠠᠶᠢᠬᠤ᠂ ᠥᠪᠡᠷ ᠢ ᠪᠠᠨ ᠥᠷᠢᠰᠦᠯᠳᠦᠬᠦ᠂ ᠨᠢᠭᠲᠠ ᠠᠴᠠ ᠨᠢᠭᠲᠠ ᠪᠠᠶᠢᠬᠤ ᠶᠢ ᠲᠠᠶᠢᠯᠪᠤᠷᠢᠯᠠᠵᠤ ᠪᠠᠶᠢᠨ᠎ᠠ᠃    ᠦᠵᠡᠭᠦᠯᠦᠯᠭᠡ ᠶᠢᠨ ᠠᠵᠢᠯᠯᠠᠭ᠎ᠠ ᠳᠤᠮᠳᠠ᠂ ᠪᠠᠭᠰᠢ ᠨᠠᠷ ᠬᠡᠦᠬᠡᠳ ᠤᠨ ᠳᠤᠷ᠎ᠠ ᠪᠠᠬ᠎ᠠ ᠪᠠ ᠬᠡᠷᠡᠭᠴᠡᠭᠡ ᠪᠠᠷ ᠭᠠᠷᠳᠠᠴᠠ ᠪᠣᠯᠭᠠᠵᠤ᠂ ᠬᠡᠦᠬᠡᠳ ᠤᠨ ᠪᠡᠶ᠎ᠡ ᠪᠠᠨ ᠳᠠᠭᠠᠭᠠᠭᠰᠠᠨ ᠴᠢᠨᠠᠷ ᠢ ᠭᠦᠢᠴᠡᠳ ᠬᠦᠨᠳᠦᠳᠬᠡᠵᠦ᠂ ᠬᠡᠦᠬᠡᠳ ᠢ ᠰᠢᠭᠤᠳ ᠮᠡᠳᠡᠬᠦ᠂ ᠪᠡᠶ᠎ᠡ ᠪᠠᠷ ᠢᠶᠠᠨ ᠣᠶᠢᠯᠠᠭᠠᠬᠤ᠂ ᠪᠣᠳᠠᠲᠠᠢ ᠠᠵᠢᠯᠯᠠᠬᠤ ᠪᠠᠷ ᠳᠠᠮᠵᠢᠨ ᠲᠤᠷᠰᠢᠯᠭ᠎ᠠ ᠶᠢᠨ ᠬᠤᠷᠠᠮᠳᠤᠭᠤᠯᠤᠯ ᠪᠠ ᠰᠠᠶᠢᠨ ᠰᠠᠶᠢᠬᠠᠨ ᠰᠤᠷᠤᠯᠴᠠᠬᠤ ᠴᠢᠨᠠᠷ ᠴᠢᠨᠰᠠᠭ᠎ᠠ ᠶᠢ ᠢᠯᠡᠷᠡᠭᠦᠯᠵᠦ᠂ ᠡᠯᠪᠡᠭ ᠪᠠᠶᠠᠯᠢᠭ ᠰᠣᠨᠢᠷᠬᠠᠯ ᠲᠠᠢ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠢᠯᠡᠷᠡᠭᠦᠯᠪᠡ᠃    ᠦᠵᠡᠭᠦᠯᠦᠯᠭᠡ ᠶᠢᠨ ᠠᠵᠢᠯᠯᠠᠭ᠎ᠠ ᠳᠤᠮᠳᠠ᠂ ᠬᠢᠴᠢᠶᠡᠯ ᠤᠨ ᠪᠠᠭᠰᠢ ᠨᠠᠷ ᠨᠠᠷᠢᠨ ᠬᠢᠨᠠᠮᠠᠭᠠᠶ ᠲᠡᠮᠳᠡᠭᠯᠡᠵᠦ᠂ ᠨᠠᠷᠢᠨ ᠨᠢᠮᠪᠠᠶ ᠦᠵᠡᠵᠦ᠂ ᠵᠢᠭᠠᠨ ᠰᠤᠷᠭᠠᠯᠲᠠ ᠶᠢᠨ ᠶᠠᠪᠤᠴᠠ ᠳᠠᠬᠢ ᠪᠤᠳᠤᠵᠤ ᠪᠠᠶᠢᠭ᠎ᠠ ᠵᠦᠢᠯ ᠢ ᠴᠠᠭ ᠲᠤᠬᠠᠶ ᠳᠤᠨᠢ ᠪᠢᠴᠢᠵᠦ᠂ ᠬᠡᠦᠬᠡᠳ ᠯᠦᠭᠡ ᠬᠠᠷᠢᠯᠴᠠᠨ ᠦᠢᠯᠡᠳᠦᠯᠴᠡᠬᠦ ᠳᠤᠮᠳᠠ ᠬᠢᠴᠢᠶᠡᠯᠯᠡᠬᠦ ᠪᠠᠭᠰᠢ ᠶᠢᠨ ᠠᠭᠤᠯᠭ᠎ᠠ ᠶᠢ ᠦᠨᠳᠦᠰᠦᠯᠡᠨ ᠪᠣᠳᠠᠲᠠᠶ ᠵᠠᠳᠠᠯᠤᠯᠲᠠ ᠬᠢᠪᠡ᠃    ᠦᠵᠡᠭᠦᠯᠦᠯᠭᠡ ᠶᠢᠨ ᠬᠢᠴᠢᠶᠡᠯ ᠳᠠᠭᠤᠰᠤᠭᠰᠠᠨ ᠤ ᠳᠠᠷᠠᠭ᠎ᠠ᠂ ᠪᠠᠭᠰᠢ ᠨᠠᠷ ᠲᠣᠰ ᠲᠣᠰ ᠤᠨ ᠥᠷᠨᠢᠭᠦᠯᠦᠭᠰᠡᠨ ᠰᠤᠷᠭᠠᠨ ᠬᠥᠮᠦᠵᠢᠯ ᠤᠨ ᠠᠵᠢᠯᠯᠠᠭ᠎ᠠ ᠪᠠᠨ ᠭᠦᠨᠵᠡᠭᠡᠶ ᠡᠷᠭᠢᠴᠡᠭᠦᠯᠦᠨ ᠪᠤᠳᠤᠪᠠ᠃ ᠬᠢᠴᠢᠶᠡᠯ ᠤᠨ ᠪᠠᠭᠰᠢ ᠨᠠᠷ ᠠᠵᠢᠯᠯᠠᠭ᠎ᠠ ᠶᠢᠨ ᠬᠠᠷᠠᠯᠲᠠ᠂ ᠠᠵᠢᠯᠯᠠᠭ᠎ᠠ ᠶᠢᠨ ᠠᠭᠤᠯᠭ᠎ᠠ᠂ ᠪᠠᠭᠰᠢ ᠪᠠ ᠬᠡᠤᠬᠡᠳ ᠤᠨ ᠴᠡᠴᠡᠷᠯᠢᠭ ᠬᠠᠷᠢᠯᠴᠠᠨ ᠬᠥᠳᠡᠯᠦᠯᠴᠡᠬᠦ᠂ ᠭᠤᠭᠴᠤᠭ᠎ᠠ ᠶᠢ ᠵᠣᠯᠭᠠᠭᠤᠯᠬᠤ᠂ ᠪᠠᠭᠰᠢ ᠶᠢᠨ ᠠᠰᠠᠭᠤᠭᠰᠠᠨ ᠪᠦᠲᠦᠮᠵᠢᠲᠦ ᠴᠢᠨᠠᠷ ᠵᠡᠷᠭᠡ ᠲᠠᠯ᠎ᠠ ᠪᠠᠷ ᠰᠤᠳᠤᠯᠤᠨ ᠶᠠᠷᠢᠯᠴᠠᠵᠤ᠂ ᠬᠦᠷᠦᠯᠴᠡᠬᠦ ᠥᠬᠡᠶ ᠲᠠᠯ᠎ᠠ ᠳᠤ ᠴᠢᠭᠯᠡᠭᠦᠯᠦᠨ ᠵᠠᠳᠠᠯᠤᠯᠲᠠ ᠪᠠ ᠰᠢᠯᠢᠳᠡᠭᠵᠢᠭᠦᠯᠦᠭᠰᠡᠨ ᠪᠥᠭᠡᠳ ᠵᠣᠬᠢᠴᠠᠩᠭᠤᠶ ᠰᠠᠨᠠᠭᠤᠯᠭ᠎ᠠ ᠥᠭᠴᠦ᠂ ᠪᠠᠭᠰᠢ ᠶᠢᠨ ᠵᠢᠭᠠᠨ ᠰᠤᠷᠭᠠᠯᠲᠠ ᠶᠢᠨ ᠠᠵᠢᠯ ᠤᠨ ᠬᠢᠷᠢ ᠲᠦᠪᠰᠢᠨ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃    ᠬᠠᠮᠤᠭ ᠰᠡᠭᠦᠯ ᠳᠤ᠂ ᠬᠡᠤᠬᠡᠳ ᠤᠨ ᠴᠡᠴᠡᠷᠯᠢᠭ ᠤᠨ ᠳᠠᠷᠤᠭ᠎ᠠ ᠲᠣᠰ ᠤᠳᠠᠭᠠᠨ ᠤ ᠠᠵᠢᠯᠯᠠᠭ᠎ᠠ ᠶᠢ ᠦᠨᠡᠯᠡᠬᠦ ᠪᠠ ᠳ᠋ᠦᠩᠨᠡᠵᠦ᠂ ᠪᠠᠭᠰᠢ ᠨᠠᠷ ᠤᠨ ᠦᠵᠡᠭᠦᠯᠦᠯᠭᠡ ᠶᠢᠨ ᠬᠢᠴᠢᠶᠡᠯ ᠤᠨ ᠳᠤᠮᠳᠠᠬᠢ ᠣᠨᠴᠠᠯᠢᠭ ᠪᠠ ᠬᠢᠯᠠᠰ ᠴᠡᠭ ᠢ ᠭᠦᠢᠴᠡᠳ ᠨᠤᠲᠠᠯᠠᠬᠤ ᠶᠢᠨ ᠬᠠᠮᠲᠤ ᠪᠠᠭᠰᠢ ᠨᠠᠷ ᠤᠨ ᠣᠯᠵᠤ ᠰᠣᠨᠣᠰᠤᠭᠰᠠᠨ᠂ ᠣᠯᠵᠤ ᠦᠵᠡᠭᠰᠡᠨ᠂ ᠰᠣᠷᠣᠭᠰᠠᠨ ᠰᠢᠯᠢᠳᠡᠭ ᠲᠤᠷᠰᠢᠯᠭ᠎ᠠ ᠪᠠᠨ ᠥᠪᠡᠷ ᠤᠨ ᠪᠣᠳᠠᠲᠠᠶ ᠠᠵᠢᠯ ᠳᠠᠭᠠᠨ ᠬᠡᠷᠡᠭᠯᠡᠵᠦ᠂ ᠰᠢᠨ᠎ᠡ ᠣᠶᠢᠯᠠᠭᠠᠭᠳᠠᠬᠤᠨ ᠰᠢᠨ᠎ᠡ ᠵᠢᠭᠠᠨ ᠰᠤᠷᠭᠠᠯᠲᠠ ᠶᠢᠨ ᠠᠷᠭ᠎ᠠ ᠶᠢ ᠵᠣᠷᠢᠭᠲᠠᠶ ᠪᠠᠷ ᠲᠤᠷᠰᠢᠵᠤ᠂ ᠥᠪᠡᠷ ᠤᠨ ᠪᠡᠶ᠎ᠡ ᠶᠢᠨ ᠬᠡᠪ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠣᠰ ᠪᠡᠶ᠎ᠡ ᠶᠢᠨ ᠲᠤᠰᠬᠠᠶ ᠮᠡᠷᠭᠡᠵᠢᠯ ᠤᠨ ᠦᠰᠦᠨ ᠪᠤᠶᠢᠵᠢᠯᠲᠠ ᠪᠠᠨ ᠠᠬᠢᠭᠤᠯᠬᠤ ᠶᠢ ᠬᠦᠰᠡᠪᠡ᠃    ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠤᠯᠠᠭᠠᠨᠴᠠᠪ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2