ᠵᠦᠸᠧᠽᠢ ᠰᠢᠶᠠᠨ ᠤ ᠬᠤᠩ ᠵᠤᠤ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠩ ᠤᠨ ᠳᠠᠷᠤᠭ᠎ᠠ ᠳ᠋ᠦᠩ ᠬᠤᠤ | ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ | ᠵᠢᠴᠢ ᠰᠢᠶᠠᠨ ᠤ ᠨᠠᠮ ᠤᠨ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠵᠦᠸᠧᠽᠢ ᠰᠢᠶᠠᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠨᠢ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠶᠡᠭᠡ | ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ᠠᠯᠤᠰ ᠤᠨ ᠲᠥᠯᠥᠪ ᠢ ᠪᠦᠬᠦ ᠶᠠᠪᠤᠴᠠ ᠪᠠᠷ ᠵᠢᠷᠤᠭᠯᠠᠵᠤ᠂ | ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠲᠦᠮᠡᠨ ᠤ ᠲᠦᠷᠦᠭᠳᠡᠯ ᠲᠠᠢ ᠰᠢᠨ᠎ᠡ ᠴᠠᠭ ᠦᠶ᠎ᠡ ᠶᠢᠨ | ᠵᠦᠸᠧᠽᠢ ᠰᠢᠶᠠᠨ ᠤ ᠠᠤᠭ᠎ᠠ ᠲᠥᠰᠦᠪ ᠢ ᠪᠦᠬᠦ ᠲᠠᠯ᠎ᠠ ᠪᠠᠷ ᠵᠢᠷᠤᠭᠯᠠᠵᠤ᠂ ᠪᠦᠬᠦ ᠰᠢᠶᠠᠨ ᠤ ᠴᠢᠨᠠᠷ ᠰᠠᠶᠢᠲᠠᠢ | ᠬᠥᠭᠵᠢᠯᠲᠡ ᠶᠢᠨ ᠳᠠᠭᠠᠷᠢᠯᠲᠠ ᠶᠢᠨ ᠪᠦᠷᠢᠶ᠎ᠡ ᠶᠢ ᠬᠠᠩᠭᠢᠨᠠᠭᠤᠯᠵᠤ᠂ ᠬᠤᠩ ᠵᠤᠤ ᠰᠢᠶᠠᠩ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠲᠡᠷᠢᠭᠦᠨ | ᠴᠢᠬᠤᠯᠠ ᠶᠠᠪᠤᠳᠠᠯ ᠪᠣᠯᠭᠠᠵᠤ᠂ ᠳᠣᠣᠷᠠᠬᠢ ᠵᠢᠷᠭᠤᠭᠠᠨ ᠲᠠᠯ᠎ᠠ ᠠᠴᠠ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠶᠢ ᠪᠠᠷᠢᠮᠲᠠᠯᠠᠪᠠ᠄ | ᠨᠢᠭᠡ᠂ ︽ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠳᠡᠭᠡ ᠲᠣᠰᠬᠤᠨ ᠤ ᠬᠥᠭᠵᠢᠯᠲᠡ ᠶᠢᠨ ︽ᠰᠢᠨ᠎ᠡ ᠬᠥᠳᠡᠯᠭᠡᠬᠦ ᠬᠦᠴᠦᠨ︾ ᠢ ᠪᠦᠬᠦ ᠲᠠᠯ᠎ᠠ ᠪᠠᠷ ᠬᠥᠭᠵᠢᠭᠡᠪᠡ | ᠣᠳᠣ ᠪᠠᠶᠢᠭ᠎ᠠ ᠦᠬᠡᠷ ᠬᠤᠨᠢ ᠶᠢ ᠨᠢᠲᠤᠯᠵᠤ ᠡᠳ᠋ᠰᠢᠭᠦᠯᠬᠦ ᠵᠡᠷᠭᠡ ᠲᠣᠯᠣᠭᠠᠶᠢᠯᠠᠭᠴᠢ ᠠᠵᠤ ᠦᠢᠯᠡᠰ ᠲᠤ | ᠲᠦᠰᠢᠭᠯᠡᠨ᠂ ᠪᠢᠳᠡ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠬᠦᠴᠦᠷᠬᠡᠭᠵᠢᠭᠦᠯᠬᠦ᠂ | ᠬᠡᠯᠬᠢᠶ᠎ᠡ ᠶᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠵᠤ᠂ ︽ᠣᠨᠴᠠᠭᠠᠢ︾ ︽ᠰᠢᠯᠢᠳᠡᠭ︾ ᠲᠠᠷᠢᠶᠠᠯᠠᠩ ᠤᠨ | ᠪᠦᠲᠦᠭᠡᠭᠳᠡᠬᠦᠨ ᠤ ᠨᠡᠮᠡᠯᠲᠡ ᠥᠷᠲᠡᠭ ᠳᠡᠭᠡᠷ᠎ᠡ ︽ᠠᠵᠢᠯ ᠬᠢᠬᠦ︾ ᠶᠢ ᠳᠡᠭᠡᠭᠰᠢᠯᠡᠭᠦᠯᠵᠦ᠂ ︽ᠠᠵᠤ ᠦᠢᠯᠡᠰ | ᠣᠨᠴᠠᠯᠢᠭ ᠲᠠᠢ᠂ ᠦᠷ᠎ᠡ ᠠᠰᠢᠭ ᠨᠢ ᠦᠷᠭᠦᠯᠵᠢᠯᠡᠵᠦ᠂ ᠦᠷ᠎ᠡ ᠪᠦᠲᠦᠮᠵᠢ ᠲᠠᠢ ᠠᠵᠤ ᠦᠢᠯᠡᠰ ᠤᠨ | ᠬᠥᠭᠵᠢᠯᠲᠡ ᠶᠢᠨ ᠪᠠᠶᠢᠷᠢᠰᠢᠯ ᠢ ᠪᠥᠬᠦ ᠲᠠᠯ᠎ᠠ ᠪᠠᠷ ᠪᠠᠶᠢᠭᠤᠯᠵᠤ᠂ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ | ᠪᠠᠶᠠᠵᠢᠬᠤ ᠠᠷᠭ᠎ᠠ ᠵᠠᠮ ᠢ ᠦᠷᠭᠦᠯᠵᠢᠯᠡᠨ ᠥᠷᠭᠡᠳᠬᠡᠨ᠎ᠡ᠃ | ᠬᠤᠶᠠᠷ᠂ ︽ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠭᠤᠷᠢᠰᠢᠬᠤ ᠳᠤ ᠲᠣᠬᠢᠷᠠᠮᠵᠢᠲᠠᠢ ᠬᠤᠩ ᠵᠤᠤ ᠶᠢᠨ ︽ᠰᠢᠨ᠎ᠡ ᠵᠠᠭᠪᠤᠷ︾ ᠢ ᠪᠦᠬᠦ ᠬᠦᠴᠦᠨ ᠢᠶᠠᠷ ᠢᠶᠠᠨ | ᠴᠣᠭᠴᠠᠯᠠᠨ᠎ᠠ | ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠪᠦᠬᠦ | ᠰᠢᠶᠠᠩ ᠤᠨ 9 ᠵᠠᠰᠠᠭ ᠵᠠᠬᠢᠷᠭᠠᠨ ᠤ ᠲᠣᠰᠬᠤᠨ ᠳᠤ ᠰᠣᠳᠣᠨ ᠵᠢᠱᠢᠶ᠎ᠡ ᠦᠵᠡᠭᠦᠯᠬᠦ ᠲᠣᠰᠬᠤᠨ᠂ ᠳᠡᠰ ᠳᠡᠪᠰᠢᠭᠦᠯᠬᠦ | ᠲᠣᠰᠬᠤᠨ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠣᠰᠬᠤᠨ ᠢ ᠲᠥᠷᠥᠯ ᠬᠤᠪᠢᠶᠠᠨ ᠴᠡᠭᠴᠡᠯᠡᠨ ᠵᠠᠰᠠᠵᠤ᠂ | ᠦᠢᠯᠡᠳᠪᠦᠷᠢ ᠶᠢᠨ ᠬᠢᠲᠠᠳ ᠣᠪᠣᠭ᠎ᠠ ᠪᠤᠭᠤᠲᠤ᠂ ᠭᠤᠸᠠᠨ ᠵᠤᠸᠠᠩ ᠽᠢ ᠶᠢ ᠣᠷᠣᠰᠢᠨ ᠰᠠᠭᠤᠬᠤ ᠳᠤ ᠲᠣᠬᠢᠷᠠᠮᠵᠢᠲᠠᠶ | ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠪᠠ ᠭᠤᠶᠤ ᠰᠠᠶᠢᠬᠠᠨ ᠰᠣᠳᠣᠨ ᠵᠢᠱᠢᠶ᠎ᠡ ᠦᠵᠡᠭᠦᠯᠬᠦ ᠲᠣᠰᠬᠤᠨ | ᠪᠣᠯᠭᠠᠨ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ᠂ | ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠤᠩ ᠵᠤᠤ᠂ ᠳ᠋ᠦᠩ ᠹᠧᠩ ᠵᠡᠷᠭᠡ 2 ᠲᠣᠰᠬᠤᠨ ᠢ ᠳᠡᠰ ᠳᠡᠪᠰᠢᠭᠦᠯᠬᠦ | ᠲᠣᠰᠬᠤᠨ ᠪᠣᠯᠭᠠᠵᠤ᠂ ︽ᠬᠤᠭᠤᠰᠣᠨ ᠲᠣᠰᠬᠤᠨ︾ ᠢ ᠴᠡᠭᠴᠡᠯᠡᠨ ᠵᠠᠰᠠᠬᠤ ᠶᠢ ᠡᠮᠬᠢ ᠵᠢᠷᠤᠮ ᠲᠠᠢ ᠠᠬᠢᠭᠤᠯᠵᠤ᠂ | ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ᠂ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ᠂ ᠴᠡᠪᠡᠷ ᠡᠨᠧᠷᠭᠢ ᠪᠠᠷ ᠳᠤᠯᠠᠭᠠᠯᠠᠬᠤ | ᠵᠡᠷᠭᠡ ᠬᠠᠯᠠᠭᠤᠨ ᠳᠤᠯᠠᠭᠠᠨ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠬᠡᠷᠡᠭᠲᠡᠶ᠃ ᠵᠢᠷᠭᠠᠯᠠᠩ ᠤᠨ ᠬᠦᠷᠢᠶᠡᠯᠡᠩ ᠤᠨ | ︽ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾᠂ ᠨᠠᠰᠤᠲᠠᠨ ᠳᠤ ᠵᠣᠬᠢᠴᠠᠭᠰᠠᠨ ᠥᠭᠡᠷᠡᠴᠢᠯᠡᠯᠲᠡ ᠪᠠ | ᠨᠡᠶᠢᠭᠡᠮ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠬᠦᠴᠦᠯᠡᠨ | ᠠᠬᠢᠭᠤᠯᠤᠨ᠎ᠠ᠃ ᠠᠶᠢᠯ ᠲᠣᠰᠬᠤᠨ᠂ ᠲᠣᠰᠬᠤᠨ ᠤ ᠠᠷᠠᠳ ᠤᠨ ᠳᠤᠭᠤᠶᠢᠯᠠᠩ ᠢᠶᠠᠷ ᠨᠢᠭᠡᠴᠢ ᠪᠣᠯᠭᠠᠭᠰᠠᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠷᠡᠭ ᠡᠷᠬᠢᠯᠡᠭᠴᠢᠳ ᠤᠨ ᠬᠤᠷᠠᠯ ᠢ ᠰᠦᠪᠡᠭᠴᠢᠯᠡᠨ ᠪᠠᠶᠢᠭᠤᠯᠵᠤ᠂ | ᠦᠢᠯᠡᠳᠦᠯ ᠢᠶᠠᠨ ᠪᠠᠳᠠᠷᠠᠭᠤᠯᠤᠨ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ | ᠤᠷᠲᠤ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠣᠬᠢᠷ | ᠤᠰᠤ᠂ ᠬᠤᠭ ᠨᠣᠪᠰᠢ ᠶᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠡᠷᠡᠰ ᠬᠦᠴᠦᠲᠡᠶ ᠠᠬᠢᠭᠤᠯᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ᠃ ᠣᠷᠴᠢᠨ | ᠠᠬᠤᠶ ᠶᠢ ᠴᠡᠪᠡᠷᠰᠢᠭᠦᠯᠬᠦ᠂ ᠬᠦᠷᠢᠶ᠎ᠡ ᠬᠠᠰᠢᠶ᠎ᠠ ᠶᠢ ᠭᠤᠶᠤᠵᠢᠭᠤᠯᠬᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ | ᠪᠥᠬᠦ ᠲᠠᠯ᠎ᠠ ᠪᠠᠷ ᠠᠬᠢᠭᠤᠯᠵᠤ᠂ ᠥᠩᠭᠡᠷᠡᠭᠰᠡᠨ ᠤ ︽ᠪᠤᠵᠠᠷ᠂ ᠡᠮᠬᠢ ᠵᠠᠮᠪᠠᠷᠠᠭ᠎ᠠ ᠥᠬᠡᠶ᠂ ᠪᠠᠷᠤᠭᠲᠠᠶ︾ ᠪᠠᠶᠢᠬᠤ ᠶᠢ | ᠴᠤ᠋ ᠰᠢᠨ᠎ᠡ ᠳᠦᠷᠰᠦ ᠪᠠᠶᠢᠳᠠᠯ ᠤᠨ ︽ᠴᠡᠪᠡᠷ᠂ ᠴᠡᠪᠡᠷ᠂ ᠰᠠᠶᠢᠬᠠᠨ︾ ᠪᠣᠯᠭᠠᠵᠤ᠂ ᠲᠣᠰᠬᠤᠨ ᠤ ᠳᠦᠷᠰᠦ ᠪᠠᠶᠢᠳᠠᠯ᠂ | ᠡᠷᠦᠬᠡ ᠶᠢᠨ ᠳᠦᠷᠰᠦ ᠪᠠᠶᠢᠳᠠᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠪᠠ᠃ | ᠭᠤᠷᠪᠠ᠂ ︽ᠬᠥᠳᠡᠭᠡ ᠲᠣᠰᠬᠤᠨ ᠤ ᠵᠠᠰᠠᠯᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ | ᠬᠥᠭᠵᠢᠯᠲᠡ ᠶᠢᠨ ︽ᠰᠢᠨ᠎ᠡ ᠬᠠᠯᠬᠠᠪᠴᠢ︾ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ | ︽ᠨᠠᠮ ᠤᠨ ᠪᠠᠶᠢᠭᠤᠯᠤᠯᠲᠠ ᠶᠢ ᠠᠳᠬᠤᠵᠤ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠴᠢᠳᠠᠪᠤᠷᠢ ᠶᠢ | ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ | ᠵᠢᠭᠰᠠᠭᠠᠯ ᠤᠨ ᠭᠠᠵᠠᠷ ᠤᠨ ᠦᠶ᠋ᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠯᠢᠦ | ᠬᠤᠣ ᠲᠣᠰᠬᠤᠨ ᠤ ᠨᠠᠮ ᠪᠠ ᠣᠯᠠᠨ ᠲᠦᠮᠡᠨ ᠢ ᠭᠤᠤᠯᠳᠠᠯᠭ᠎ᠠ ᠲᠠᠢ ᠲᠠᠰ ᠳᠡᠪᠰᠢᠭᠦᠯᠵᠦ᠂ ᠴᠡᠭ ᠢᠶᠠᠷ ᠨᠡᠶᠢᠳᠡᠮ ᠢ | ᠳᠠᠶᠢᠴᠢᠯᠠᠨ᠂ ᠪᠠᠷᠢᠮᠵᠢᠶᠠᠲᠤ ᠬᠡᠪ ᠢᠶᠠᠷ ᠬᠥᠲᠥᠯᠦᠨ ᠳᠠᠭᠠᠭᠤᠯᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ | ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ | ᠪᠣᠯᠭᠠᠨ ᠬᠤᠪᠢᠷᠠᠭᠤᠯᠵᠤ᠂ ᠪᠠᠲᠤ ᠴᠢᠩᠭ᠎ᠠ ᠳᠠᠶᠢᠴᠢᠨ ᠪᠠᠬᠢᠯᠡᠯᠲᠡ ᠶᠢ ᠪᠣᠶ ᠪᠣᠯᠭᠠᠬᠤ ᠶᠢᠨ ᠬᠠᠮᠲᠤ᠂ ᠨᠡᠶᠢᠭᠡᠮ | ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ 9 | ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠥᠷᠲᠡᠭᠡ ᠶᠢᠨ ᠪᠠᠶᠢᠭᠤᠯᠤᠯᠲᠠ ᠳᠤ | ᠲᠦᠰᠢᠭᠯᠡᠨ᠂ ᠪᠣᠯᠪᠠᠰᠤᠨ ᠨᠤᠲᠤᠭ ᠤᠨ ᠰᠤᠷᠲᠠᠯ ᠢ ᠦᠷᠭᠦᠯᠵᠢᠯᠡᠨ ᠪᠤᠶᠢᠵᠢᠭᠤᠯᠵᠤ᠂ ᠣᠷᠣᠰᠢᠭᠤᠯᠭ᠎ᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠩ ᠵᠠᠩᠰᠢᠯ ᠢ ᠥᠭᠡᠷᠡᠴᠢᠯᠡᠵᠦ᠂ ᠬᠥᠳᠡᠭᠡ ᠲᠣᠰᠬᠤᠨ ᠤ ᠵᠠᠰᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠪᠡ᠃ ︽ᠰᠠᠶᠢᠨ ᠪᠡᠷᠢ︾᠂ ︽ᠪᠣᠯᠪᠠᠰᠤᠨ ᠡᠷᠦᠬᠡ︾ ᠶᠢ ᠰᠢᠯᠭᠠᠷᠠᠭᠤᠯᠬᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠷᠡᠭᠦᠯ ᠥᠭᠡᠳᠡᠷᠬᠡᠭ᠂ ᠪᠣᠯᠪᠠᠰᠤᠨ ᠡᠶ᠎ᠡ ᠵᠣᠬᠢᠴᠠᠯ ᠲᠠᠢ | ᠨᠡᠶᠢᠭᠡᠮ ᠤᠨ ᠬᠡᠪ ᠰᠤᠷᠲᠠᠯ ᠢ ᠴᠢᠷᠮᠠᠶᠢᠨ ᠪᠣᠶ ᠪᠣᠯᠭᠠᠵᠤ᠂ ᠪᠥᠬᠦ ᠰᠢᠶᠠᠩ ᠤᠨ ᠣᠯᠠᠨ ᠲᠦᠮᠡᠨ ᠤ ᠵᠣᠯ ᠵᠢᠷᠭᠠᠯᠲᠤ | ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠲᠠᠪᠤ᠂ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ | ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ︽ᠰᠢᠨ᠎ᠡ ᠪᠠᠶᠢᠷᠢᠰᠢᠯ︾ ᠢ ᠪᠡᠶᠡᠯᠡᠭᠦᠯᠦᠨ᠎ᠡ | ᠬᠤᠳᠠᠯᠳᠤᠭᠠᠴᠢᠨ ᠤᠷᠢᠬᠤ ᠡᠷᠴᠢᠮ ᠢᠶᠠᠨ ᠨᠡᠮᠡᠭᠳᠡᠭᠦᠯᠵᠦ᠂ ᠳ᠋ᠢᠩ ᠵᠢᠢ ᠭᠸᠤ ᠶᠢᠨ ᠵᠢᠭᠤᠯᠴᠢᠯᠠᠯ ᠤᠨ ᠨᠡᠭᠡᠭᠡᠨ | ᠬᠥᠭᠵᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠠᠬᠢᠭᠤᠯᠤᠨ᠎ᠠ᠃ ᠨᠢᠭᠡ ᠲᠣᠰᠬᠤᠨ | ᠨᠢᠭᠡ ᠲᠦᠷᠦᠯ ᠵᠦᠢᠯ ᠨᠢᠭᠡ ᠣᠨᠴᠠᠯᠢᠭ ᠲᠠᠢ ᠬᠠᠷᠠᠯᠲᠠ ᠶᠢᠨ ᠲᠣᠭᠤᠷᠢᠨ ᠳᠤ᠂ ︽ᠬᠥᠳᠡᠭᠡ ᠲᠣᠰᠬᠤᠨ ᠤ ᠥᠩᠭᠡ | ᠦᠵᠡᠮᠵᠢ᠂ ᠨᠤᠲᠤᠭ ᠤᠨ ᠰᠣᠶᠣᠯ︾᠂ ︽ᠬᠠᠮᠤᠭ ᠤᠨ ᠭᠤᠶᠤ ᠤᠯᠠᠭᠠᠨ ᠵᠤᠤ︾ ᠵᠡᠷᠭᠡ ᠨᠤᠲᠤᠭ ᠤᠨ ᠰᠣᠶᠣᠯ ᠤᠨ | ᠡᠬᠢ ᠪᠠᠶᠠᠯᠢᠭ ᠢ ᠢᠯᠡᠷᠡᠭᠦᠯᠵᠦ᠂ ᠤᠯᠠᠮᠵᠢᠯᠠᠯᠲᠤ ᠲᠣᠰᠬᠤᠨ ᠤ ᠳᠡᠪᠢᠰᠬᠡᠷ ᠠᠶᠠᠰ ᠪᠣᠯᠤᠨ ᠠᠵᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠬᠦ ᠶᠢ ᠤᠶᠠᠯᠳᠤᠭᠤᠯᠬᠤ ᠶᠢ ᠲᠤᠪᠤᠶᠢᠯᠭᠠᠵᠦ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ | ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠤ ᠨᠥᠯᠥᠭᠡᠯᠡᠬᠦ ᠳᠠᠶᠢᠴᠢᠯᠠᠬᠤ ᠬᠦᠴᠦᠨ ᠢ ᠰᠠᠶᠢᠲᠤᠷ ᠪᠠᠳᠠᠷᠠᠭᠤᠯᠵᠤ᠂ | ᠶᠠᠫᠣᠨ ᠢ ᠡᠰᠡᠷᠭᠦᠴᠡᠬᠦ ᠲᠠᠶᠢᠨ ᠤ ᠳᠤᠷᠠᠰᠬᠠᠯ ᠤᠨ ᠣᠷᠳᠣᠨ᠂ ᠭᠤᠸᠠᠨ ᠵᠤᠸᠠᠩ ᠽᠢ ᠰᠣᠶᠣᠯ ᠵᠤᠭᠠᠴᠠᠯ ᠤᠨ | ᠦᠷᠳᠡᠭᠡ ᠵᠡᠷᠭᠡ ᠦᠵᠡᠮᠵᠢ ᠶᠢᠨ ᠣᠷᠣᠨ ᠢ ᠱᠤᠭᠤᠮ ᠲᠠᠢ ᠬᠤᠯᠪᠣᠵᠤ᠂ ᠤᠨᠴᠠᠯᠢᠬᠳᠤ ᠲᠠᠷᠢᠶᠠᠯᠠᠩ ᠤᠨ ᠵᠢᠮᠢᠰ | ᠲᠡᠭᠦᠬᠦ ᠲᠠᠢ ᠤᠶᠠᠯᠳᠤᠭᠤᠯᠵᠤ᠂ ᠬᠤᠪᠢᠰᠬᠠᠯ ᠤᠨ ᠰᠣᠳᠣᠨ ᠰᠣᠶᠣᠯ ᠵᠤᠭᠠᠴᠠᠯ ᠤᠨ ᠲᠦᠷᠦᠯ ᠵᠦᠢᠯ ᠵᠢᠴᠢ ᠬᠥᠳᠡᠭᠡ | ᠠᠵᠤ ᠠᠬᠤᠢ ᠵᠤᠭᠠᠴᠠᠯ ᠢ ᠠᠭᠤᠰᠤᠯᠴᠠᠭᠤᠯᠬᠤ ᠲᠦᠷᠦᠯ ᠵᠦᠢᠯ ᠢ ᠪᠠᠶᠢᠭᠤᠯᠵᠤ᠂ ᠤᠯᠠᠨ ᠡᠵᠡᠩᠨᠡᠯᠲᠡ ᠶᠢᠨ | ᠬᠡᠯᠪᠡᠷᠢ ᠶᠢᠨ ᠬᠤᠯᠪᠣᠭᠠᠯᠠᠨ ᠬᠥᠭᠵᠢᠬᠦ ᠶᠢ ᠠᠬᠢᠭᠤᠯᠪᠠ᠃ ᠭᠤᠸᠠᠨ ᠵᠤᠸᠠᠩ ᠲᠣᠰᠬᠤᠨ ᠢᠶᠠᠷ ᠭᠤᠣᠯ ᠪᠣᠯᠭᠠᠵᠤ᠂ | ᠤᠯᠠᠮᠵᠢᠯᠠᠯᠲᠤ ᠰᠣᠶᠣᠯ᠂ ᠰᠡᠯᠡᠭᠦᠴᠡᠯ ᠡᠷᠡᠭᠦᠯᠵᠢᠯ ᠰᠤᠪᠢᠯᠠᠯᠲᠠ᠂ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ | ᠦᠵᠡᠭᠦᠯᠬᠦ ᠪᠦᠰᠡ ᠶᠢᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠵᠢᠦ ᠯᠦᠩ ᠸᠠᠨ ᠠᠴᠠ | ᠬᠤᠩ ᠱᠢ ᠶᠠ ᠬᠦᠷᠬᠦ ᠵᠤᠭᠠᠴᠠᠯ ᠤᠨ ᠵᠠᠮ ᠤᠨ ᠠᠵᠤ ᠦᠢᠯᠡᠰ ᠤᠨ ᠠᠵᠤ ᠠᠬᠤᠢ ᠶᠢᠨ ᠪᠦᠰᠡ ᠶᠢᠨ ᠪᠦᠳᠦᠭᠡᠨ | ᠪᠠᠶᠢᠭᠤᠯᠤᠯᠲᠠ ᠶᠢ ᠵᠡᠷᠭᠡᠪᠡᠷ ᠴᠣᠭᠴᠠᠯᠠᠬᠤ ᠶᠢᠨ ᠬᠠᠮᠲᠤ ᠵᠤᠭᠠᠴᠠᠯ ᠤᠨ ᠰᠣᠶᠣᠯ ᠤᠨ ᠨᠠᠶᠢᠷ᠂ ᠲᠠᠷᠢᠶᠠᠯᠠᠩ ᠤᠨ | ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ ᠵᠡᠷᠭᠡ ᠤᠨᠴᠠᠯᠢᠬᠳᠤ ᠪᠠᠶᠠᠷ ᠳᠤᠷᠠᠰᠬᠠᠯ ᠤᠨ ᠠᠵᠢᠯᠯᠠᠭ᠎ᠠ ᠶᠢ | ᠡᠷᠬᠢᠯᠡᠬᠦ ᠪᠠᠷ ᠳᠠᠮᠵᠢᠭᠤᠯᠵᠤ᠂ ᠬᠥᠬᠡᠬᠤᠲᠠ ᠶᠢᠨ ᠲᠥᠪ ᠬᠤᠳᠠ ᠶᠢᠨ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ᠂ ᠪᠡᠭᠡᠵᠢᠩ ᠲᠢᠶᠠᠨᠵᠢᠨ ᠤ ᠱᠠᠨ ᠰᠢ ᠡᡁᠧᠪᠸᠢ ᠵᠢᠴᠢ ᠡᠷᠬᠢᠨ ᠲᠣᠭᠤᠷᠢᠨ ᠤ ᠵᠤᠭᠠᠴᠠᠭᠰᠠᠳ ᠢ | ᠶᠡᠬᠡᠪᠡᠷ ᠲᠠᠲᠠᠵᠤ ᠵᠦᠸᠧᠽᠢ ᠵᠢᠴᠢ ᠬᠤᠩ ᠵᠤᠤ ᠶᠢᠨ ᠵᠤᠨ ᠤ ᠵᠤᠰᠠᠯᠠᠩ᠂ ᠡᠷᠡᠭᠦᠯᠵᠢᠯ ᠰᠤᠪᠢᠯᠠᠯᠲᠠ ᠶᠢᠨ | ᠵᠢᠭᠤᠯᠴᠢᠳ ᠢ ᠶᠡᠬᠡᠪᠡᠷ ᠲᠠᠲᠠᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ | ᠲᠤᠭ᠎ᠠ ᠶᠢᠨ ᠦᠷᠭᠦᠯᠵᠢᠯᠡᠨ ᠨᠡᠮᠡᠭᠳᠡᠬᠦ ᠶᠢ ᠲᠠᠶᠢᠴᠢᠯᠠᠪᠠ᠃ ᠲᠠᠷᠢᠶᠠᠴᠢᠨ ᠠᠶᠢᠯ ᠤᠨ ᠨᠣᠮ ᠤᠨ ᠥᠷᠥᠭᠡ ᠶᠢᠨ | ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠯᠠᠨ ᠲᠦᠮᠡᠨ ᠳᠤ ᠨᠡᠩ | ᠪᠦᠷᠢᠨ ᠲᠡᠭᠦᠯᠳᠡᠷ᠂ ᠨᠡᠩ ᠡᠯᠪᠡᠭ ᠪᠠᠶᠠᠯᠢᠭ ᠣᠶᠤᠨ ᠤ ᠰᠤᠶᠤᠯ ᠤᠨ ᠠᠮᠢᠳᠤᠷᠠᠯ ᠢ ᠡᠳ᠋ᠯᠡᠭᠦᠯᠬᠦ ᠬᠡᠷᠡᠭᠲᠡᠢ᠃ ᠨᠠᠩ | ᠣᠯᠠᠨ ᠣᠯᠠᠨ ᠲᠦᠮᠡᠨ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠰᠢᠭ ᠲᠤᠰᠠ ᠶᠢ | ᠬᠠᠮᠲᠤ ᠪᠠᠷ ᠡᠳ᠋ᠯᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠡᠷᠡᠰ ᠭᠤᠶᠢᠪᠢᠰᠢ ᠦᠭᠡᠢ ᠰᠠᠶᠢᠲᠤᠷ | ᠬᠠᠮᠠᠭᠠᠯᠠᠨ᠎ᠠ᠃ | ᠵᠢᠷᠭᠤᠭ᠎ᠠ᠂ ︽ᠠᠷᠠᠳ ᠤᠨ ᠠᠮᠢᠳᠤᠷᠠᠯ ᠤᠨ ᠪᠠᠲᠤᠯᠠᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠯ | ᠵᠢᠷᠭᠠᠯᠲᠤ ᠠᠮᠢᠳᠤᠷᠠᠯ ᠤᠨ ︽ᠰᠢᠨ᠎ᠡ ᠬᠠᠭᠤᠳᠠᠰᠤ︾ ᠶᠢ ᠴᠢᠷᠮᠠᠶᠢᠨ ᠪᠢᠴᠢᠭᠯᠡᠶ᠎ᠡ | ︽ᠭᠠᠵᠠᠷ︾ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ | ᠲᠥᠷᠥ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠢ ᠳᠤᠷ᠎ᠠ ᠪᠠᠷ ᠢᠶᠠᠨ | ᠡᠵᠡᠯᠡᠭᠰᠡᠨ᠂ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠴᠡᠭᠴᠡᠯᠡᠨ ᠵᠠᠰᠠᠵᠤ᠂ ᠲᠠᠷᠢᠶᠠᠨ | ᠭᠠᠵᠠᠷ ᠤᠨ ᠳᠠᠷᠢᠬᠤ ᠲᠠᠯᠠᠪᠠᠶ ᠶᠢᠨ ᠬᠠᠷᠢᠴᠠᠩᠭᠤᠶ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠠᠯᠠᠰᠢᠨ ᠬᠤᠨᠢᠨ ᠤ ᠡᠭᠦᠯᠳᠡᠷ ᠰᠠᠶᠢᠵᠢᠷᠠᠭᠤᠯᠬᠤ ᠰᠠᠭᠤᠷᠢᠨ ᠭᠠᠵᠠᠷ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠬᠤ ᠪᠠᠷ ᠴᠢᠷᠮᠠᠶᠢᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠴᠢᠨᠠᠷ ᠰᠠᠶᠢᠲᠠᠢ ᠣᠨᠴᠠᠯᠢᠭᠲᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠬᠠᠩᠭᠠᠯᠭ᠎ᠠ ᠶᠢᠨ ᠪᠠᠲᠤᠯᠠᠭ᠎ᠠ ᠶᠢᠨ | ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ | ︽ᠳᠥᠷᠪᠡ ᠶᠢ ᠰᠠᠯᠭᠠᠬᠤ ᠥᠬᠡᠶ︾ ᠱᠠᠭᠠᠷᠳᠠᠯᠭ᠎ᠠ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ | ᠬᠠᠪᠰᠤᠷᠤᠨ ᠲᠡᠳᠬᠦᠬᠦ ᠲᠣᠭᠲᠠᠴᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ︽ᠭᠤᠷᠪᠠ ᠶᠢ ᠪᠠᠲᠤᠯᠠᠬᠤ | ︾ ᠪᠠ ᠤᠤᠭᠤᠬᠤ ᠤᠰᠤᠨ ᠤ ᠠᠮᠤᠷ ᠲᠦᠪᠰᠢᠨ ᠤ ᠬᠢᠷᠢ ᠲᠦᠪᠰᠢᠨ ᠢ ᠪᠠᠬᠢᠵᠢᠭᠦᠯᠦᠨ ᠥᠷᠭᠡᠳᠬᠡᠵᠦ᠂ ᠠᠵᠤ | ᠦᠢᠯᠡᠰ ᠤᠨ ᠲᠥᠷᠥᠯ ᠵᠦᠢᠯ ᠢ ᠲᠥᠯᠥᠪᠯᠡᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ | ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠰᠢᠶᠠᠨ ᠤ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠠᠴᠠ ᠥᠨᠳᠥᠷ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠲᠣᠰᠬᠤᠨ ᠤ ᠬᠠᠮᠲᠤ ᠶᠢᠨ ᠠᠵᠤ ᠦᠶ᠋ᠯᠡᠰ ᠢ | ᠬᠥᠭᠵᠢᠭᠦᠯᠬᠦ᠂ ᠪᠡᠯᠡ ᠣᠷᠣᠭᠤᠯᠤᠨ ᠬᠤᠪᠢ ᠣᠷᠣᠭᠤᠯᠬᠤ᠂ ᠴᠡᠴᠡᠷᠯᠢᠭ ᠲᠤ ᠣᠷᠣᠵᠤ ᠠᠰᠠᠷᠠᠭᠤᠯᠬᠤ ᠵᠡᠷᠭᠡ | ᠵᠠᠭᠪᠤᠷ ᠢᠶᠠᠷ ᠳᠠᠮᠵᠢᠭᠤᠯᠤᠨ᠂ ︽ᠪᠠᠬᠢᠵᠢᠭᠦᠯᠬᠦ᠂ ᠲᠠᠰ ᠳᠡᠪᠰᠢᠭᠦᠯᠬᠦ᠂ ᠠᠮᠢᠳᠤᠯᠢᠭᠵᠢᠭᠤᠯᠬᠤ᠂ ᠲᠣᠬᠢᠷᠠᠭᠤᠯᠬᠤ︾ | ᠰᠡᠳᠬᠢᠴᠡ ᠶᠣᠰᠣᠭᠠᠷ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠥᠷᠲᠡᠭ ᠢ ᠪᠠᠲᠤᠯᠠᠵᠤ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠤᠨ᠎ᠠ᠃ ᠠᠵᠤ ᠦᠢᠯᠡᠰ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ | ᠵᠣᠬᠢᠶᠠᠨ ᠪᠠᠶᠢᠭᠤᠯᠤᠯᠴᠠᠭᠰᠠᠨ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠶᠢ ᠦᠷᠭᠦᠯᠵᠢᠯᠡᠨ ᠠᠬᠢᠭᠤᠯᠤᠨ᠎ᠠ᠃ ︽ | ᠬᠦᠷᠢᠶ᠎ᠡ ᠬᠠᠰᠢᠶ᠎ᠠ ᠶᠢᠨ ᠠᠵᠤ ᠠᠬᠤᠶ︾ ᠶᠢ ᠶᠡᠬᠡᠪᠡᠷ ᠬᠥᠭᠵᠢᠭᠦᠯᠵᠦ᠂ ︽ᠪᠠᠭ᠎ᠠ ᠲᠡᠵᠢᠭᠡᠨ ᠦᠷᠡᠵᠢᠭᠦᠯᠬᠦ ᠦᠢᠯᠡᠰ︾ | ᠢ ᠡᠷᠦᠬᠡ ᠳᠤ ᠬᠦᠷᠦᠭᠦᠯᠬᠦ ᠨᠥᠬᠦᠪᠥᠷᠢ ᠶᠢᠨ ᠲᠥᠷᠥᠯ ᠵᠦᠢᠯ ᠢ ᠲᠦᠯᠬᠢᠨ ᠠᠬᠢᠭᠤᠯᠬᠤ ᠬᠡᠷᠡᠭᠲᠡᠶ᠃ ᠣᠨᠴᠠᠯᠢᠭᠲᠤ | ᠠᠵᠤ ᠦᠢᠯᠡᠰ ᠤᠨ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ︽ᠠᠶᠢᠯ ᠪᠣᠯᠭᠠᠨ ᠦᠬᠡᠷ | ᠬᠤᠨᠢ ᠮᠠᠯᠵᠢᠵᠤ᠂ ᠡᠷᠦᠬᠡ ᠪᠣᠯᠭᠠᠨ ᠲᠡᠵᠢᠭᠡᠨ ᠦᠷᠡᠵᠢᠭᠦᠯᠬᠦ ᠬᠡᠷᠡᠭᠲᠡᠶ︾ ᠭᠡᠰᠡᠨ ᠰᠠᠶᠢᠨ ᠰᠠᠶᠢᠬᠠᠨ ᠪᠠᠶᠢᠳᠠᠯ ᠢ ᠪᠣᠶ | ᠪᠣᠯᠭᠠᠬᠤ ᠶᠢ ᠲᠦᠯᠬᠢᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠬᠡᠮᠵᠢᠬᠦ ᠡᠷᠦᠬᠡ︶᠂ ᠵᠠᠬ᠎ᠠ | ᠬᠢᠵᠠᠭᠠᠷ ᠤᠨ ᠡᠷᠦᠬᠡ ᠶᠢᠨ ᠭᠡᠷ᠎ᠡ ᠲᠣᠭᠲᠠᠵᠤ ᠦᠢᠯᠡᠴᠢᠯᠡᠬᠦ ᠪᠠ ᠳᠠᠭᠠᠵᠤ ᠰᠤᠷᠪᠤᠯᠵᠢᠯᠠᠬᠤ ᠠᠵᠢᠯ ᠤᠨ | ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠡᠮᠴᠢᠯᠡᠭᠡᠨ ᠤ ᠦᠢᠯᠡᠴᠢᠯᠡᠭᠡᠨ ᠤ ᠬᠢᠷᠢ | ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠠᠷᠠᠳ ᠤᠨ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠣᠨᠴᠠᠭᠠᠢ ᠬᠦᠴᠢᠷᠳᠡᠯᠲᠡᠢ ᠬᠥᠮᠦᠰ ᠤᠨ ᠡᠷᠬᠡ ᠠᠰᠢᠭ ᠢ ᠪᠠᠲᠤᠯᠠᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ | ᠴᠢᠩᠭᠠᠳᠬᠠᠨ᠎ᠠ᠃ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠪᠠᠬᠢᠯᠡᠯᠲᠡ | ᠳᠠᠭᠠᠷᠢᠬᠤ ᠠᠵᠢᠯᠯᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠲᠣᠰᠬᠤᠨ ᠤ ᠱᠠᠲᠤᠨ ᠤ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ | ᠲᠣᠭᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠣᠶᠤᠨᠴᠢ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠠᠰᠠᠭ ᠤᠨ ᠣᠷᠳᠣᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠤᠨ ᠢᠵᠢ ᠪᠦᠷᠢᠳᠦᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠤᠭ ᠰᠠᠨᠠᠭ᠎ᠠ ᠪᠠᠨ ᠪᠠᠲᠤ ᠰᠠᠬᠢᠵᠤ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ | |