ᠡᠨᠡ ᠵᠢᠯ ᠠᠴᠠ ᠨᠠᠰᠢ᠂ ᠵᠦᠸᠧᠽᠢ ᠰᠢᠶᠠᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠳᠤ | ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠ | ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠠᠳᠬᠤᠵᠤ᠂ ᠬᠡᠮ ᠰᠣᠭᠤᠭ ᠢ ᠴᠢᠩᠭ᠎ᠠ | ᠠᠩᠬᠠᠷᠴᠤ᠂ ᠲᠦᠭᠵᠢᠷᠡᠯ ᠢ ᠨᠡᠪᠲᠡᠷᠡᠭᠦᠯᠵᠦ᠂ ᠪᠥᠬᠦ ᠬᠦᠴᠦᠨ ᠢᠶᠠᠷ ᠢᠶᠠᠨ ᠰᠢᠢᠳᠪᠦᠷᠢᠯᠡᠪᠡ᠃ ᠣᠲᠣ ᠪᠣᠯᠲᠠᠯ᠎ᠠ᠂ | ᠦᠨᠡᠮᠯᠡᠯ ᠠᠪᠬᠤ ᠳᠤ ᠬᠦᠴᠢᠷᠲᠡᠶ 7 ᠵᠢᠵᠢᠭ ᠲᠣᠭᠤᠷᠢᠭ ᠤᠨ 1800 ᠭᠠᠷᠤᠶ ᠡᠷᠦᠬᠡ ᠶᠢᠨ ᠥᠮᠴᠢᠲᠡᠨ ︽ | ᠰᠡᠳᠬᠢᠯ ᠢ ᠠᠮᠤᠷᠵᠢᠭᠤᠯᠵᠤ︾᠂ ᠰᠢᠢᠳᠪᠦᠷᠢᠯᠡᠭᠰᠡᠨ ᠨᠣᠷᠮ᠎ᠠ ᠨᠢ 100% ᠳᠤ ᠬᠦᠷᠴᠡᠶ᠃ | ᠵᠦᠸᠧᠽᠢ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠲᠥᠪᠯᠡᠷᠡᠭᠦᠯᠦᠨ | ᠠᠵᠢᠯᠯᠠᠬᠤ ᠲᠣᠭᠤᠷᠢᠭ ᠤᠨ ᠬᠤᠶᠠᠳᠤᠭᠠᠷ ᠠᠰᠠᠷ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ | ᠲᠥᠪ ᠲᠤ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠭᠦᠢᠴᠡᠳᠬᠡᠬᠦ ᠰᠠᠭᠤᠭᠠᠯᠢ ᠠᠷᠠᠳ ᠬᠤᠶᠢᠨ᠎ᠠ | ᠬᠤᠶᠢᠨ᠎ᠠ ᠠᠴᠠ ᠪᠠᠨ ᠴᠤᠪᠤᠷᠠᠵᠤ ᠪᠠᠶᠢᠨ᠎ᠠ᠃ ᠯᠢ ᡁᠢ ᠪᠣᠯ ᠵᠦᠸᠧᠽᠢ ᠰᠢᠶᠠᠨ ᠤ ᠯᠢᠶᠠᠨ ᠵᠢᠶᠠ ᠰᠠᠭᠤᠭᠠᠯᠢ | ᠲᠣᠭᠤᠷᠢᠭ ᠤᠨ ᠨᠢᠭᠡᠨ ᠥᠮᠴᠢᠲᠡᠨ ᠪᠣᠯᠤᠨ᠎ᠠ᠂ 2018 ᠣᠨ ᠳᠤ ᠲᠡᠷᠡ ᠯᠢᠶᠠᠨ ᠵᠢᠶᠠ ᠰᠠᠭᠤᠭᠠᠯᠢ | ᠲᠣᠭᠤᠷᠢᠭ ᠠᠴᠠ ᠨᠢᠭᠡ ᠢᠵᠢ ᠭᠡᠷ ᠪᠠᠶᠢᠰᠢᠩ ᠬᠤᠳᠠᠯᠳᠤᠨ ᠠᠪᠴᠠᠶ᠃ ᠡᠯ᠎ᠡ ᠵᠦᠢᠯ ᠤᠨ ᠰᠢᠯᠲᠠᠭᠠᠨ ᠠᠴᠠ ᠪᠣᠯᠵᠤ᠂ | ᠭᠡᠷ ᠬᠥᠷᠥᠩᠭᠡ ᠶᠢᠨ ᠦᠨᠡᠮᠯᠡᠯ ᠢᠶᠠᠨ ᠶᠡᠷᠦ ᠠᠴᠠ ᠡᠷᠬᠢᠯᠡᠵᠦ ᠳᠡᠶᠢᠯᠬᠦ ᠦᠭᠡᠢ᠃ ᠤᠳᠤ ᠵᠠᠰᠠᠭ ᠤᠨ ᠣᠷᠳᠣᠨ ᠪᠣᠯᠤᠨ | ᠤᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠨ᠂ ᠡᠨᠡ ᠬᠦ ︽ᠲᠡᠦᠬᠡᠨ ᠠᠴᠠ ᠦᠯᠡᠳᠡᠭᠳᠡᠵᠦ | ᠢᠷᠡᠭᠰᠡᠨ ᠬᠦᠴᠢᠷ ᠠᠰᠠᠭᠤᠳᠠᠯ︾ ᠢ ᠤᠢᠢᠷ᠎ᠠ ᠶᠢᠨ ᠡᠳᠦᠷ ᠰᠢᠢᠳᠪᠦᠷᠢᠯᠡᠵᠦ᠂ ᠯᠢ ᡁᠢ ᠤᠯᠠᠨ ᠵᠢᠯ ᠤᠨ ᠬᠦᠰᠡᠯ | ᠡᠷᠡᠮᠡᠯᠵᠡᠯ ᠢᠶᠠᠨ ᠡᠴᠦᠰ ᠲᠡᠭᠡᠨ ᠪᠡᠶᠡᠯᠡᠭᠦᠯᠪᠡ᠃ | ︽ᠮᠢᠨᠦ ᠭᠡᠷ ᠪᠣᠯᠣᠨ ᠨᠡᠷ᠎ᠡ ᠬᠠᠯᠠᠬᠤ ᠠᠵᠢᠯ ᠥᠨᠥᠳᠥᠷ ᠡᠴᠦᠰ ᠲᠡᠭᠡᠨ ᠶᠠᠪᠤᠭᠳᠠᠵᠤ ᠳᠠᠭᠤᠰᠴᠠᠢ᠂ | ᠠᠵᠢᠯᠲᠠᠨ ᠤ ᠣᠪᠣᠷ ᠴᠤ ᠲᠣᠩ ᠰᠠᠶᠢᠨ᠂ ᠬᠠᠮᠤᠭ ᠤᠨ ᠣᠬᠤᠷ ᠬᠤᠭᠤᠴᠠᠭᠠᠨ ᠳᠤ ᠰᠢᠢᠳᠪᠦᠷᠢᠯᠡᠵᠦ ᠭᠠᠷᠭᠠᠭᠰᠠᠨ | ᠶᠤᠮ︾ ᠭᠡᠪᠡ᠃ ᠵᠤᠵᠤᠤᠽᠢ ᠰᠢᠶᠠᠨ ᠤ ᠯᠢᠶᠠᠨ ᠵᠢᠶᠠ ᠪᠠᠭ᠎ᠠ ᠲᠤᠬᠤᠷᠢᠭ ᠤᠨ ᠡᠵᠡᠨ ᠯᠢ ᡁᠢ ᠬᠡᠯᠡᠪᠡ᠃ | ᠣᠶᠢᠯᠠᠭᠠᠭᠰᠠᠨ ᠢᠶᠠᠷ᠂ ᠤᠯᠤᠰ ᠤᠨ ᠥᠮᠴᠢᠯᠡᠯ ᠤᠨ ᠭᠠᠵᠠᠷ ᠰᠢᠷᠣᠶ ᠳᠡᠭᠡᠷ᠎ᠡ ᠨᠢᠭᠡᠨᠲᠡ ᠬᠤᠲᠠ ᠪᠠᠯᠭᠠᠰᠤᠨ ᠤ | ᠣᠷᠣᠨ ᠰᠠᠭᠤᠴᠠ ᠶᠢ ᠨᠢᠭᠡᠨᠲᠡ ᠬᠤᠳᠠᠯᠳᠤᠭᠰᠠᠨ ᠲᠡᠤᠬᠡᠨ ᠠᠴᠠ ᠦᠯᠡᠳᠡᠭᠳᠡᠵᠦ ᠢᠷᠡᠭᠰᠡᠨ ︽ᠳᠠᠩᠰᠠᠯᠠᠭᠤᠯᠬᠤ ᠳᠤ | ᠬᠦᠴᠢᠷ︾ ᠠᠰᠠᠭᠤᠳᠠᠯ ᠢ ᠠᠷᠢᠯᠭᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠵᠦᠸᠧᠽᠢ ᠰᠢᠶᠠᠨ ᠨᠢᠭᠡ ᠵᠢᠵᠢᠭ | ᠲᠣᠭᠤᠷᠢᠭ ᠲᠤ ᠨᠢᠭᠡ ᠲᠥᠰᠦᠯ᠂ ᠨᠢᠭᠡ ᠲᠤᠰᠬᠠᠢ ᠠᠩᠭᠢ ᠳᠤ ᠨᠢᠭᠡ ᠵᠦᠢᠯ ᠤᠨ ᠠᠵᠢᠯ ᠤᠨ ᠱᠠᠭᠠᠷᠳᠠᠯᠭ᠎ᠠ | ᠶᠣᠰᠣᠭᠠᠷ᠂ ᠠᠷᠢᠯᠭᠠᠬᠤ ᠠᠵᠢᠯ ᠤᠨ ᠭᠤᠣᠯᠳᠠᠯᠭ᠎ᠠ ᠶᠢ ᠴᠢᠩᠭ᠎ᠠ ᠠᠩᠬᠠᠷᠴᠤ᠂ ᠪᠥᠬᠦ ᠲᠠᠯ᠎ᠠ ᠪᠠᠷ ᠬᠠᠮᠤᠷᠬᠤ᠂ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠬᠤ᠂ ᠨᠢᠭᠡ ᠲᠣᠭᠤᠷᠢᠭ ᠲᠤ ᠨᠢᠭᠡ ᠠᠷᠭ᠎ᠠ ᠪᠣᠳᠣᠯᠭ᠎ᠠ᠂ ᠨᠢᠭᠡ ᠨᠢᠭᠡ ᠪᠠᠷ | ᠰᠢᠪᠲᠤᠯᠬᠤ ᠱᠠᠭᠠᠷᠳᠠᠯᠭ᠎ᠠ ᠶᠣᠰᠣᠭᠠᠷ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠰᠠᠭᠤᠭᠠᠯᠢ ᠡᠷᠦᠬᠡ ᠶᠢᠨ | ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶ᠎ᠠ ᠶᠢ ᠭᠡᠷᠡᠴᠢᠯᠡᠬᠦ ︽ᠡᠴᠦᠰ ᠤᠨ ᠨᠢᠭᠡ ᠺᠢᠯᠣᠮᠧᠳ᠋ᠷ︾ ᠢ | ᠨᠡᠪᠲᠡᠷᠡᠭᠦᠯᠪᠡ᠃ ᠡᠭᠦᠨ ᠤ ᠬᠠᠮᠲᠤ᠂ ᠵᠦᠸᠧᠽᠢ ᠰᠢᠶᠠᠨ ᠪᠠᠰᠠ ᠥᠯᠥ ᠬᠥᠳᠡᠯᠬᠦ ᠬᠥᠷᠥᠩᠭᠡ᠂ ᠠᠷᠠᠳ ᠤᠨ ᠶᠠᠪᠤᠳᠠᠯ | ᠂ ᠭᠠᠶᠢᠯᠢ ᠶᠢᠨ ᠶᠠᠪᠤᠳᠠᠯ ᠭᠤᠷᠪᠠᠨ ᠰᠠᠯᠠᠭ᠎ᠠ ᠮᠥᠴᠢᠷ ᠤᠨ ᠴᠣᠩᠬᠤ ᠶᠢ ᠨᠠᠷᠢᠯᠢᠭ ᠣᠨᠣᠴᠠᠲᠠᠶ ᠪᠠᠷ ᠡᠮᠬᠢᠯᠡᠨ | ᠨᠡᠶᠢᠯᠡᠭᠦᠯᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠶᠡᠷᠦᠩᠬᠡᠶᠢᠯᠡᠭᠰᠡᠨ ᠴᠣᠩᠬᠤᠨ ᠤ ᠰᠠᠭᠠᠳ | ᠥᠬᠡᠶ ᠨᠡᠪᠲᠡᠷᠡᠬᠦ ᠵᠠᠮ ᠢ ᠪᠠᠶᠢᠭᠤᠯᠵᠤ᠂ ᠭᠦᠶ᠋ᠴᠡᠳᠬᠡᠬᠦ ᠶᠠᠪᠤᠴᠠ ᠳᠤ᠂ ᠡᠮᠦᠨ᠎ᠡ ᠲᠠᠪᠴᠠᠩ ᠳᠤ ᠭᠥᠯᠢᠶᠡᠨ ᠠᠪᠴᠤ | ᠰᠢᠶ᠋ᠳᠪᠦᠷᠢᠯᠡᠬᠦ᠂ ᠠᠷᠤ ᠲᠠᠪᠴᠠᠩ ᠳᠤ ᠬᠢᠨᠠᠨ ᠬᠠᠷᠭᠤᠭᠤᠯᠬᠤ ᠲᠣᠭᠲᠠᠴᠠ ᠶᠢ ᠬᠡᠷᠡᠭᠵᠢᠭᠦᠯᠵᠦ᠂ ᠴᠣᠩᠬᠤ ᠪᠠᠷ | ᠨᠢᠭᠡᠳᠦᠯᠲᠡᠶ ᠮᠠᠲ᠋ᠧᠷᠢᠶᠠᠯ ᠭᠠᠷᠭᠠᠵᠤ᠂ ︽ᠨᠢᠭᠡ ᠥᠷᠲᠡᠭᠡᠨ ᠤ ᠮᠠᠶ᠋ᠢᠭ︾ ᠤᠨ ᠦᠶ᠋ᠯᠡᠴᠢᠯᠡᠭᠡ ᠪᠠ ᠬᠠᠮᠢᠶᠠᠷᠤᠯᠲᠠ ᠶᠢ | ᠪᠡᠶᠡᠯᠡᠭᠦᠯᠵᠦ᠂ ᠰᠠᠯᠠᠭ᠎ᠠ ᠮᠥᠴᠢᠷ ᠬᠠᠮᠵᠢᠯᠴᠠᠬᠤ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ᠂ ᠴᠤᠪᠤᠷᠠᠯ ᠢ | ᠰᠢᠯᠢᠳᠡᠭᠵᠢᠭᠦᠯᠬᠦ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠭᠦᠶ᠋ᠴᠡᠳᠬᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠠᠭᠠᠰᠬᠠᠵᠤ᠂ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢᠨ ᠣᠯᠠᠨ ᠲᠦᠮᠡᠨ ᠤ ︽ᠢᠷᠡᠭᠰᠡᠨ ᠳᠠᠷᠤᠢ ᠳᠤ ᠨᠢ ᠭᠦᠶ᠋ᠴᠡᠳᠬᠡᠬᠦ᠂ ᠪᠠᠷᠢᠨ | ᠭᠦᠶ᠋ᠴᠡᠳᠬᠡᠵᠦ ᠪᠠᠷᠢᠨ ᠳᠠᠭᠤᠰᠬᠠᠬᠤ︾ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | ︽ᠡᠳᠦᠷ ᠪᠦᠷᠢ 10 ᠬᠤᠪᠢ ᠭᠥᠯᠢᠶᠡᠨ ᠠᠪᠴᠤ ᠰᠢᠶ᠋ᠳᠪᠦᠷᠢᠯᠡᠨ᠂ ᠲᠤᠬᠠᠶᠢᠯᠠᠭᠰᠠᠨ ᠠᠵᠢᠯ ᠢᠶᠠᠨ | ᠥᠷᠨᠢᠭᠦᠯᠦᠭᠰᠡᠨ ᠠᠴᠠ ᠨᠠᠰᠢ ᠮᠠᠰᠢ ᠣᠯᠠᠨ ᠴᠤᠪᠤᠷᠠᠯ ᠢᠶᠠᠨ ᠳᠥᠭᠦᠮᠴᠢᠯᠡᠵᠦ᠂ ᠣᠲᠣ ᠣᠯᠠᠨ ᠢᠶᠠᠷ ᠢᠶᠠᠨ | ᠮᠠᠲ᠋ᠧᠷᠢᠶᠠᠯ ᠢᠶᠠᠨ ᠠᠪᠴᠤ ᠭᠠᠵᠠᠷ ᠪᠣᠯᠭᠠᠨ ᠳᠤ ᠭᠦᠶᠦᠯᠭᠡᠬᠦ ᠴᠢᠬᠤᠯᠠ ᠥᠬᠡᠶ᠂ ᠵᠥᠪᠬᠡᠨ ᠥᠯᠥ ᠬᠥᠳᠡᠯᠬᠦ | ᠬᠥᠷᠥᠩᠭᠡ ᠶᠢᠨ ᠶᠡᠷᠦᠩᠬᠡᠶᠢᠯᠡᠭᠰᠡᠨ ᠴᠣᠩᠬᠤ ᠪᠠᠷ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶ᠋ᠳᠪᠦᠷᠢᠯᠡᠬᠦ | ᠬᠡᠷᠡᠭᠲᠡᠶ᠂ ᠳᠣᠲᠣᠭᠠᠳᠤ ᠶᠢᠨ ᠮᠠᠲ᠋ᠧᠷᠢᠶᠠᠯ ᠢ ᠬᠤᠪᠢᠶᠠᠷᠢᠯᠠᠨ ᠲᠠᠷᠬᠠᠭᠠᠵᠤ᠂ ᠬᠤᠶᠠᠷ ᠴᠠᠭ ᠤᠨ ᠳᠣᠲᠣᠷ᠎ᠠ ᠣᠯᠠᠨ | ᠲᠦᠮᠡᠨ ᠢ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠯᠬᠤ ᠬᠡᠷᠡᠭᠲᠡᠶ︾ ᠭᠡᠵᠦ ᠬᠡᠯᠡᠪᠡ᠃ ᠵᠦᠸᠧᠽᠢ | ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ | ᠲᠥᠪ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠨ ᠤ ᠬᠠᠷᠢᠭᠤᠴᠠᠯᠭᠠᠲᠠᠨ ᠴᠧᠨ ᠱᠠ ᠱᠠ ᠬᠡᠯᠡᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |