ᠡᠨᠡ ᠵᠢᠯ ᠤᠨ 11 ᠰᠠᠷ᠎ᠠ ᠶᠢᠨ 11 ᠤ ᠡᠳᠦᠷ ᠪᠣᠯ 75 ᠳ᠋ᠤᠭᠠᠷ ᠳᠤᠮᠳᠠᠳᠤ ᠤᠯᠤᠰ ᠤᠨ ᠠᠭᠠᠷ ᠤᠨ | ᠴᠡᠷᠢᠭ ᠤᠨ ᠪᠠᠶᠠᠷ ᠤᠨ ᠡᠳᠦᠷ ᠪᠣᠯᠤᠨ᠎ᠠ᠂ ᠵᠦᠸᠧᠽᠢ ᠳᠤᠮᠳᠠᠳᠤ ᠰᠤᠷᠭᠠᠭᠤᠯᠢ ᠶᠢᠨ ᠡᠪᠯᠡᠯ ᠤᠨ ᠬᠤᠷᠢᠶ᠎ᠠ ᠡᠪᠯᠡᠯ ᠤᠨ | ᠪᠦᠬᠦ ᠭᠡᠰᠢᠭᠦᠨ᠂ ᠵᠠᠯᠠᠭᠤᠴᠤᠳ ᠢ ᠵᠣᠬᠢᠶᠠᠨ ᠪᠠᠶᠢᠭᠤᠯᠤᠨ ᠡᠪᠯᠡᠯ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ | ᠥᠷᠨᠢᠭᠦᠯᠵᠦ᠂ ᠠᠭᠠᠷ ᠤᠨ ᠴᠡᠷᠢᠭ ᠤᠨ ᠪᠠᠶᠢᠯᠳᠤᠭᠴᠢ ᠶᠢᠨ ᠤᠯᠤᠰ ᠣᠷᠣᠨ ᠢᠶᠠᠨ ᠬᠠᠮᠠᠭᠠᠯᠠᠬᠤ ᠬᠦᠨᠳᠦᠳᠬᠡᠯ ᠵᠢᠴᠢ | ᠤᠯᠤᠰ ᠤᠨ ᠢᠷᠡᠭᠡᠳᠦᠢ ᠶᠢᠨ ᠲᠤᠬᠠᠢ ᠢᠲᠡᠭᠡᠯ ᠵᠣᠷᠢᠭ ᠪᠠ ᠬᠠᠷᠢᠭᠤᠴᠠᠯᠭᠠᠲᠤ ᠰᠡᠳᠬᠢᠯᠭᠡ ᠪᠠᠨ ᠢᠯᠡᠳᠬᠡᠵᠦ᠂ | ᠠᠵᠢᠯᠯᠠᠭ᠎ᠠ ᠨᠢ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠭᠦᠨᠵᠡᠭᠡᠶᠢᠷᠡᠭᠦᠯᠵᠦ᠂ | ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠴᠢᠩᠭᠠᠳᠬᠠᠵᠠᠢ᠃ | ᠲᠣᠰ ᠤᠳᠠᠭᠠᠨ ᠤ ᠠᠵᠢᠯᠯᠠᠭ᠎ᠠ ᠳᠤᠮᠳᠠ᠂ ᠰᠤᠷᠭᠠᠭᠤᠯᠢ ᠶᠢᠨ ᠡᠪᠯᠡᠯ ᠤᠨ ᠬᠤᠷᠢᠶ᠎ᠠ ᠪᠥᠬᠦ ᠡᠪᠯᠡᠯ ᠤᠨ ᠭᠡᠰᠢᠭᠦᠨ | ᠂ ᠵᠠᠯᠠᠭᠤᠴᠤᠳ ᠢ ᠵᠣᠬᠢᠶᠠᠨ ᠪᠠᠶᠢᠭᠤᠯᠤᠨ ᠣᠯᠠᠨ ᠵᠦᠢᠯ ᠤᠨ ᠥᠰᠥᠭ ᠪᠢᠴᠢᠭ ᠪᠠ ᠬᠡᠷᠡᠯ ᠵᠢᠷᠤᠭ ᠤᠨ | ᠮᠠᠲ᠋ᠧᠷᠢᠶᠠᠯ ᠢᠶᠠᠷ ᠳᠠᠮᠵᠢᠭᠤᠯᠤᠨ ᠳᠤᠮᠳᠠᠳᠤ ᠤᠯᠤᠰ ᠤᠨ ᠠᠭᠠᠷ ᠤᠨ ᠴᠡᠷᠢᠭ ᠤᠨ ᠬᠥᠭᠵᠢᠯᠲᠡ ᠶᠢᠨ ᠶᠠᠪᠤᠴᠠ ᠵᠢᠴᠢ | ᠴᠢᠬᠤᠯᠠ ᠴᠢᠨᠠᠷ ᠢ ᠤᠶᠢᠯᠠᠭᠠᠨ ᠰᠤᠷᠤᠯᠴᠠᠭᠤᠯᠪᠠ᠃ ᠠᠭᠠᠷ ᠤᠨ ᠴᠡᠷᠢᠭ ᠤᠨ ᠲᠡᠤᠬᠡ ᠶᠢᠨ ᠡᠷᠭᠢᠴᠡᠭᠦᠯᠦᠯ ᠪᠠ ᠣᠲᠣ | ᠦᠶ᠎ᠡ ᠶᠢᠨ ᠠᠭᠠᠷ ᠤᠨ ᠴᠡᠷᠢᠭ ᠤᠨ ᠠᠮᠵᠢᠯᠲᠠ ᠪᠦᠲᠦᠮᠵᠢ ᠶᠢᠨ ᠲᠤᠬᠠᠶ ᠦᠵᠡᠭᠦᠯᠦᠯᠭᠡ ᠪᠠᠷ ᠳᠡᠮᠵᠢᠨ᠂ | ᠰᠤᠷᠤᠭᠴᠢᠳ ᠳᠤᠮᠳᠠᠳᠤ ᠤᠯᠤᠰ ᠤᠨ ᠠᠭᠠᠷ ᠤᠨ ᠴᠡᠷᠢᠭ ᠤᠨ ᠬᠤᠪᠢ ᠨᠡᠮᠡᠷᠢ ᠪᠠ ᠪᠣᠳᠠᠲᠤ ᠬᠦᠴᠦᠨ ᠳᠤ ᠨᠠᠩ | ᠭᠦᠨᠵᠡᠭᠡᠶ ᠲᠠᠨᠢᠯᠲᠠ ᠲᠠᠢ ᠪᠣᠯᠵᠠᠶ᠃ ᠠᠵᠢᠯᠯᠠᠭ᠎ᠠ ᠨᠢ ᠵᠠᠯᠠᠭᠤ ᠰᠤᠷᠤᠭᠴᠢᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠮᠡᠳᠡᠯᠭᠡ ᠶᠢᠨ ᠲᠤᠬᠠᠢ ᠣᠶᠢᠯᠠᠭᠠᠯᠲᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠡᠳᠡᠨ ᠤ | ᠤᠯᠤᠰ ᠢᠶᠠᠨ ᠬᠠᠶᠢᠷᠠᠯᠠᠬᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠰᠡᠳᠬᠢᠯᠭᠡ ᠶᠢ ᠬᠥᠭᠵᠢᠭᠡᠵᠡᠢ᠃ ᠬᠠᠷᠢᠯᠴᠠᠨ | ᠬᠥᠳᠡᠯᠦᠯᠴᠡᠬᠦ ᠪᠠ ᠶᠠᠷᠢᠯᠴᠠᠬᠤ ᠪᠠᠷ ᠳᠡᠮᠵᠢᠨ᠂ ᠬᠠᠮᠲᠤ ᠰᠤᠷᠤᠭᠴᠢᠳ ᠢᠷᠡᠭᠡᠳᠦᠶ ᠶᠢᠨ ᠰᠢᠨᠵᠢᠯᠡᠬᠦ ᠤᠬᠠᠭᠠᠨ | ᠮᠡᠷᠭᠡᠵᠢᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠳᠤᠷ᠎ᠠ ᠰᠣᠨᠢᠷᠬᠠᠯ ᠢᠶᠠᠨ | ᠢᠯᠡᠳᠬᠡᠵᠦ᠂ ᠮᠠᠰᠢ ᠣᠯᠠᠨ ᠬᠠᠮᠲᠤ ᠰᠤᠷᠤᠭᠴᠢᠳ᠂ ᠢᠷᠡᠭᠡᠳᠦᠶ ᠳᠤ ᠮᠠᠨ ᠤ ᠤᠯᠤᠰ ᠤᠨ ᠠᠭᠠᠷ ᠤᠨ ᠠᠶᠠᠯᠠᠯ ᠤᠨ | ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠲᠣᠰ ᠤᠳᠠᠭᠠᠨ ᠤ ᠠᠭᠠᠷ ᠤᠨ ᠴᠡᠷᠢᠭ ᠤᠨ ᠪᠠᠶᠠᠷ ᠤᠨ ᠡᠳᠦᠷ ᠤᠨ ᠠᠵᠢᠯᠯᠠᠭ᠎ᠠ ᠪᠠᠰᠠ ᠤᠯᠤᠰ ᠤᠨ ᠲᠤᠭ ᠤᠨ | ᠳᠣᠤᠷᠠᠬᠢ ᠶᠠᠷᠢᠶᠠᠨ ᠤ ᠭᠤᠭᠴᠤᠭ᠎ᠠ ᠶᠢ ᠲᠣᠬᠢᠷᠠᠭᠤᠯᠵᠤ᠂ ᠰᠤᠷᠤᠭᠴᠢᠳ ᠳᠤᠮᠳᠠᠳᠤ ᠤᠯᠤᠰ ᠤᠨ ᠠᠭᠠᠷ ᠤᠨ | ᠴᠡᠷᠢᠭ ᠤᠨ ᠥᠩᠭᠡᠷᠡᠯᠲᠡ ᠪᠠ ᠠᠮᠵᠢᠯᠲᠠ ᠪᠦᠲᠦᠮᠵᠢ ᠶᠢᠨ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠭᠠᠭᠰᠠᠨ ᠢᠶᠠᠷ | ᠪᠠᠷᠠᠬᠤ ᠥᠬᠡᠶ᠂ ᠪᠠᠰᠠ ᠲᠡᠳᠡᠨ ᠤ ᠤᠯᠤᠰ ᠣᠷᠣᠨ ᠳᠠᠭᠠᠨ ᠬᠦᠴᠦᠨ ᠴᠢᠳᠠᠯ ᠢᠶᠠᠨ ᠡᠷᠭᠦᠬᠦ ᠢᠲᠡᠭᠡᠯ ᠵᠣᠷᠢᠭ ᠢᠶᠠᠨ | ᠪᠠᠲᠤᠳᠬᠠᠵᠠᠶ᠃ ᠠᠵᠢᠯᠯᠠᠭ᠎ᠠ ᠨᠢ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠪᠣᠯᠤᠨ ᠵᠠᠯᠠᠭᠤ | ᠰᠤᠷᠤᠭᠴᠢᠳ ᠤᠨ ᠦᠰᠦᠨ ᠪᠤᠶᠢᠵᠢᠬᠤ ᠬᠡᠷᠡᠭᠴᠡᠭᠡ ᠱᠠᠭᠠᠷᠳᠠᠯᠭ᠎ᠠ ᠲᠠᠢ ᠪᠦᠲᠦᠮᠵᠢᠲᠡᠶ ᠪᠠᠷ ᠤᠶᠠᠯᠳᠤᠭᠤᠯᠵᠤ᠂ | ᠲᠡᠳᠡᠨ ᠳᠤ ᠵᠥᠪ ᠶᠢᠷᠲᠢᠨᠴᠦ ᠶᠢᠨ ᠦᠵᠡᠯᠲᠡ᠂ ᠤᠯᠤᠰ ᠣᠷᠣᠨ ᠤ ᠦᠵᠡᠯᠲᠡ ᠪᠣᠯᠤᠨ ᠤᠯᠤᠰ ᠤᠨ | ᠬᠠᠮᠠᠭᠠᠯᠠᠯᠲᠠ ᠶᠢᠨ ᠦᠵᠡᠯᠲᠡ ᠶᠢ ᠪᠤᠢ ᠪᠣᠯᠭᠠᠵᠤ ᠥᠭᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |