ᠵᠦᠸᠧᠽᠢ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠄ ᠲᠦᠮᠡᠨ ᠡᠷᠦᠬᠡ ᠶᠢᠨ ︽ᠲᠦᠭᠡᠮᠡᠯ ᠬᠠᠶᠢᠷ᠎ᠠ︾ ᠶᠢ ᠬᠠᠶᠢᠷ᠎ᠠ ᠬᠠᠯᠠᠮᠵᠢ ᠬᠦᠷᠭᠡᠪᠡ
ᠨᠡᠶᠢᠲᠡᠯᠡᠭᠰᠡᠨ ᠴᠠᠭ᠄
2024/11/18
    ︽ᠡᠨᠡ ᠨᠠᠰᠤᠨ ᠳᠠᠭᠠᠨ ᠵᠥᠪᠬᠡᠨ ︿ᠰᠣᠬᠤᠷ ᠬᠥᠮᠥᠨ﹀ ᠪᠣᠯᠵᠤ ᠴᠢᠳᠠᠨ᠎ᠠ ᠭᠡᠵᠦ ᠪᠢ ᠪᠣᠳᠣᠵᠤ ᠣᠯᠣᠭᠰᠠᠨ ᠦᠭᠡᠢ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠣᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶᠠᠨ ᠤ ᠡᠮᠴᠢ ᠨᠠᠷ ᠨᠠᠳᠠ ᠳᠤ ᠨᠢᠳᠦᠨ ᠤ ᠡᠪᠡᠳᠴᠢᠨ ᠢ ᠵᠠᠰᠠᠵᠤ ᠥᠭᠴᠡᠢ᠂ ᠪᠢ ᠲᠠᠬᠢᠨ ᠭᠡᠷᠡᠯ ᠭᠡᠭᠡ ᠶᠢ ᠣᠯᠵᠤ ᠬᠠᠷᠠᠭᠠᠳ᠂ ᠨᠠᠮ ᠪᠠ ᠤᠯᠤᠰ ᠲᠤ ᠲᠠᠯᠠᠷᠬᠠᠵᠤ ᠪᠠᠶᠢᠨ᠎ᠠ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠺᠠᠳ᠋ᠷ ᠪᠠ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶᠠᠨ ᠤ ᠡᠮᠴᠢ ᠳᠤ ᠲᠠᠯᠠᠷᠬᠠᠵᠤ ᠪᠠᠶᠢᠨ᠎ᠠ︕︾ ᠡᠨᠡ ᠵᠢᠯ ᠤᠨ 4 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠵᠦᠸᠧᠽᠢ ᠰᠢᠶᠠᠨ ᠤ ᠰᠢᠪᠠᠷᠲᠠᠢ ᠪᠠᠯᠭᠠᠰᠤᠨ ᠤ ᠶᠢᠨ ᠴᠧᠩ ᠸᠠ ᠲᠣᠰᠬᠤᠨ ᠤ ᠬᠠᠨ ᠼᠦᠢ ᠮᠧᠶ ᠴᠠᠭᠠᠨ ᠬᠠᠷᠠᠩ ᠤᠨ ᠮᠡᠰᠡ ᠵᠠᠰᠠᠯ ᠤᠨ ᠱᠠ ᠪᠥᠰ ᠢ ᠨᠡᠭᠡᠭᠡᠬᠦ ᠳᠤ ᠰᠡᠳᠬᠢᠯ ᠳᠣᠭᠳᠣᠯᠤᠨ ᠬᠡᠯᠡᠪᠡ᠃    ᠬᠠᠨ ᠼᠦᠢ ᠮᠧᠢ ᠭᠡᠭᠡᠨ ᠰᠠᠷᠠᠭᠤᠯ ᠢ ᠲᠠᠬᠢᠨ ᠣᠯᠵᠤ ᠬᠠᠷᠠᠭᠠᠳ ᠵᠥᠪᠬᠡᠨ ᠵᠦᠸᠧᠽᠢ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠷᠠᠳ ᠲᠦᠮᠡᠨ ᠳᠤ ᠦᠢᠯᠡᠴᠢᠯᠡᠬᠦ ᠵᠢᠵᠢᠭ ᠠᠶᠠᠰ ᠪᠣᠯᠤᠨ᠎ᠠ᠃ ᠡᠨᠡ ᠵᠢᠯ ᠠᠴᠠ ᠨᠠᠰᠢ᠂ ᠵᠦᠸᠧᠽᠢ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠤᠭ᠎ᠠ ᠲᠣᠮᠰᠢ ᠦᠭᠡᠢ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠰᠠᠴᠤᠨ ᠬᠦᠷᠭᠡᠪᠡ᠃    ᠠᠵᠢᠯᠯᠠᠭ᠎ᠠ ᠶᠢ ᠰᠠᠶᠢᠲᠤᠷ ᠠᠳᠬᠤᠵᠤ᠂ ᠤᠨᠢᠨ ᠳᠡᠭᠡᠷ᠎ᠡ ᠨᠢ ᠬᠠᠶᠢᠷ᠎ᠠ ᠬᠠᠯᠠᠮᠵᠢ ᠶᠢ ᠬᠦᠷᠭᠡᠨ᠎ᠡ᠃ ᠡᠮᠴᠢᠯᠡᠭᠡᠨ ᠤ ᠰᠠᠯᠠᠭ᠎ᠠ ᠮᠥᠴᠢᠷ ᠲᠠᠢ ᠬᠠᠮᠵᠢᠯᠴᠠᠨ᠂ ᠲᠣᠮᠣ ᠳ᠋ᠠᠶᠢᠲ᠋ᠠ ᠶᠢᠨ ᠠᠷᠭ᠎ᠠ ᠪᠠᠷᠢᠯ ᠢ ᠬᠡᠷᠡᠭᠯᠡᠨ᠂ ︽ᠭᠡᠷᠡᠯ ᠭᠡᠭᠡ ᠶᠢᠨ ᠠᠶᠠᠯᠠᠯ︾ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠪᠥᠬᠦ ᠰᠢᠶᠠᠨ ᠤ ᠴᠠᠭᠠᠨ ᠬᠠᠷᠠᠩ ᠨᠢᠳᠦᠨ ᠤ ᠡᠪᠡᠳᠴᠢᠨ ᠳᠤ ᠨᠡᠷᠪᠡᠭᠳᠡᠭᠰᠡᠳ ᠲᠤ ᠲᠣᠤᠷ ᠲᠠᠲᠠᠬᠤ ᠮᠠᠶ᠋ᠢᠭ ᠤᠨ ᠰᠢᠭᠰᠢᠨ ᠪᠠᠶᠢᠴᠠᠭᠠᠯᠲᠠ ᠬᠢᠵᠦ᠂ 96 ᠴᠠᠭᠠᠨ ᠬᠠᠷᠠᠩ ᠤᠨ ᠠᠷᠭ᠎ᠠ ᠴᠢᠨᠠᠷᠲᠠᠶ ᠡᠪᠡᠳᠴᠢᠲᠡᠨ ᠢ ᠪᠠᠶᠢᠴᠠᠭᠠᠨ ᠭᠠᠷᠭᠠᠵᠤ᠂ ᠪᠠᠶᠢᠳᠠᠯ ᠢ ᠬᠤᠪᠢᠶᠠᠨ ᠡᠮᠨᠡᠭᠦᠯᠵᠦ᠂ 103 ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ᠂ ︽ᠲᠠᠪᠤᠨ ᠪᠠᠲᠤᠯᠠᠭᠠᠲᠤ ᠡᠷᠦᠬᠡ︾ ᠶᠢᠨ ᠡᠪᠡᠳᠴᠢᠲᠡᠨ ᠢ ᠬᠠᠪᠰᠤᠷᠤᠨ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ᠂ ᠨᠥᠬᠦᠴᠡᠯ ᠳᠤ ᠨᠡᠶᠢᠴᠡᠬᠦ 19 ᠬᠦᠴᠢᠷᠳᠡᠯᠲᠡᠶ ᠬᠡᠷ ᠪᠦᠯᠢ ᠶᠢᠨ ᠬᠡᠤᠬᠡᠳ ᠲᠤ ᠬᠢᠷᠢ ᠲᠡᠩᠴᠡᠭᠰᠡᠨ ᠣᠶᠢᠷ᠎ᠠ ᠬᠠᠷᠠᠩ ᠲᠣᠬᠢᠷᠠᠭᠤᠯᠵᠤ ᠥᠭᠪᠡ᠃ ᠤᠯᠠᠭᠠᠨ ᠵᠠᠭᠠᠯᠮᠠᠶᠢᠲᠠᠨ ᠤ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠶᠢ ᠥᠷᠨᠢᠭᠦᠯᠵᠦ ᠂ ᠶᠡᠷᠦᠩᠬᠡᠶ ᠥᠷᠲᠡᠭ ᠨᠢ 20 ᠲᠦᠮᠡᠨ ᠲᠥᠭᠦᠷᠢᠭ ᠰᠢᠬᠠᠮ ᠲᠣᠬᠤᠨᠢᠭᠤᠯᠬᠤ ᠡᠳ᠋ ᠪᠣᠳᠠᠰ ᠢ ᠪᠦᠬᠦᠨ ᠢ ᠡᠯ᠎ᠡ ᠰᠢᠶᠠᠩ ᠪᠠᠯᠭᠠᠰᠤ ᠨᠡᠶᠢᠭᠡᠮ ᠲᠣᠭᠤᠷᠢᠭ ᠤᠨ ᠬᠦᠴᠢᠷᠳᠡᠯᠲᠡᠶ ᠣᠯᠠᠨ ᠲᠦᠮᠡᠨ᠂ ᠪᠡᠶ᠎ᠡ ᠵᠡᠮᠳᠡᠭ ᠵᠣᠷᠢᠭ ᠬᠠᠲᠠᠭᠤ ᠠᠳᠠᠯ ᠦᠶ᠋ᠯᠡᠰ ᠴᠣᠭᠴᠠᠯᠠᠭᠴᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠨᠡᠶᠢᠲᠡ ᠶᠢᠨ ᠮᠠᠰᠢᠨ ᠲᠡᠷᠭᠡᠨ ᠵᠢᠯᠣᠭᠤᠴᠢ᠂ ᠴᠡᠷᠢᠭ ᠠᠴᠠ ᠬᠠᠯᠠᠭᠳᠠᠭᠰᠠᠳ ᠵᠡᠷᠭᠡ ᠬᠥᠮᠦᠰ ᠲᠤ ᠲᠠᠷᠬᠠᠭᠠᠪᠠ᠃    ᠪᠠᠶᠠᠷ ᠤᠨ ᠡᠳᠦᠷ ᠢ ᠠᠳᠬᠤᠵᠤ᠂ ᠴᠠᠭ ᠲᠤᠬᠠᠢ ᠳᠤᠨᠢ ᠬᠠᠶᠢᠷ᠎ᠠ ᠬᠠᠯᠠᠮᠵᠢ ᠬᠦᠷᠭᠡᠵᠡᠢ᠃ ᠳ᠋ᠤᠸᠠᠨ ᠶᠠᠩ ᠪᠠᠶᠠᠷ ᠤᠨ ᠡᠳᠦᠷ᠂ ᠲᠣᠰ ᠰᠢᠶᠠᠨ ᠤ ᠵᠦᠸᠧᠽᠢ ᠱᠠᠨ ᠪᠠᠯᠭᠠᠰᠤᠨ ᠤ ᠬᠤᠶᠢᠲᠤ ᠵᠡᠭᠡᠯᠢ ᠶᠢᠨ ᠨᠡᠶᠢᠭᠡᠮ ᠲᠣᠭᠤᠷᠢᠭ ᠲᠤ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ · ᠬᠠᠶᠢᠷ᠎ᠠ ᠲᠠᠢ ᠬᠠᠮᠲᠤ ᠶᠠᠪᠤᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠥᠨᠥᠴᠢᠨ ᠪᠡᠯᠪᠡᠰᠦᠨ ᠨᠠᠰᠤᠲᠠᠳ ᠲᠤ ᠽᠦᠩᠽᠢ ᠵᠢᠴᠢ ᠠᠮᠢᠳᠤᠷᠠᠯ ᠤᠨ ᠬᠡᠷᠡᠭᠰᠡᠯ ᠬᠦᠷᠭᠡᠪᠡ᠃ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠲᠤᠬᠠᠶ ᠶᠢᠨ ᠡᠳᠦᠷ᠂ ᠬᠥᠮᠦᠰ ᠢᠶᠠᠨ ᠵᠣᠬᠢᠶᠠᠨ ᠪᠠᠶᠢᠭᠤᠯᠵᠤ ᠪᠠᠶᠠᠨᠰᠢᠯᠢ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠪᠣᠯᠤᠨ ᠱᠢ ᠪᠠ ᠲᠠᠢ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠲᠤ ᠠᠯᠮᠤᠷᠠᠳ᠂ ᠦᠵᠦᠮ᠂ ᠶᠧᠪᠡᠩ ᠵᠡᠷᠭᠡ ᠪᠠᠶᠠᠷ ᠤᠨ ᠡᠳᠦᠷ ᠤᠨ ᠲᠣᠬᠤᠨᠢᠭᠤᠯᠬᠤ ᠪᠣᠳᠠᠰ ᠬᠦᠷᠭᠡᠪᠡ᠃ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ᠂ ᠪᠤᠶᠢᠳᠠ ᠪᠥᠭᠯᠡᠭᠦᠦ᠂ ᠪᠤᠶᠢᠳᠠ ᠪᠥᠭᠯᠡᠭᠦᠤ ᠯᠢ ᠬᠤᠸᠠ ᠪᠠᠯᠭᠠᠰᠤᠨ ᠤ ᠵᠢᠦ ᠼᠠᠢ ᠭᠸᠤ ᠲᠣᠰᠬᠤᠨ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠲᠤ ᠦᠰᠦ ᠵᠠᠰᠠᠬᠤ᠂ ᠰᠢᠯ ᠵᠦᠯᠭᠦᠬᠦ᠂ ᠴᠡᠪᠡᠷᠯᠡᠭᠡ ᠬᠢᠬᠦ᠂ ᠦᠨᠢᠶᠡᠨ ᠰᠦ ᠵᠡᠷᠭᠡ ᠪᠠᠶᠠᠷ ᠤᠨ ᠡᠳᠦᠷ ᠤᠨ ᠲᠣᠬᠤᠨᠢᠭᠤᠯᠬᠤ ᠪᠣᠳᠠᠰ ᠲᠠᠷᠬᠠᠭᠠᠵᠤ᠂ ᠨᠠᠰᠤᠲᠠᠶᠢᠴᠤᠳ ᠢ ᠮᠠᠰᠢ ᠳᠤᠯᠠᠭᠠᠴᠠᠭᠤᠯᠪᠠ᠃ ᠪᠠᠭᠰᠢ ᠶᠢᠨ ᠪᠠᠶᠠᠷ ᠲᠤ᠂ ᠡᠯ᠎ᠡ ᠰᠤᠷᠭᠠᠭᠤᠯᠢ ᠶᠢᠨ ᠪᠠᠭᠰᠢ ᠠᠵᠢᠯᠲᠠᠳ ᠲᠤ ᠪᠠᠶᠠᠷ ᠤᠨ ᠡᠳᠦᠷ ᠤᠨ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠰᠢᠶᠠᠨ ᠤ ᠳᠣᠲᠣᠷᠠᠬᠢ ᠤᠯᠠᠭᠠᠨ ᠵᠠᠭᠠᠯᠮᠠᠶᠢᠲᠠᠨ ᠤ ᠵᠢᠱᠢᠶ᠎ᠡ ᠦᠵᠡᠭᠦᠯᠬᠦ ᠰᠤᠷᠭᠠᠭᠤᠯᠢ ᠶᠢᠨ ᠣᠯᠠᠨ ᠬᠡᠤᠬᠡᠳ ᠲᠤ ᠰᠤᠷᠤᠯᠭ᠎ᠠ ᠶᠢᠨ ᠬᠡᠷᠡᠭᠰᠡᠯ ᠪᠠ ᠣᠷᠣ ᠳᠡᠭᠡᠷᠡᠬᠢ ᠬᠡᠷᠡᠭᠰᠡᠯ ᠬᠦᠷᠭᠡᠭᠰᠡᠨ ᠪᠠᠶᠢᠨ᠎ᠠ᠃    ᠦᠢᠯᠡᠴᠢᠯᠡᠭᠡ ᠶᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ᠤᠷᠢᠳ ᠬᠤᠵᠢᠳ ᠵᠦᠸᠧᠽᠢ ᠰᠢᠶᠠᠨ ᠤ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ ᠴᠤᠤᠶᠠᠩ ᠳᠤᠮᠳᠠᠳᠤ ᠰᠤᠷᠭᠠᠭᠤᠯᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠲᠦᠩ ᠯᠧ ᠠᠭᠤᠳᠠᠮ ᠲᠠᠯᠠᠪᠠᠢ ᠵᠡᠷᠭᠡ ᠭᠠᠵᠠᠷ ᠲᠤ ᠤᠯᠠᠨ ᠲᠠᠯᠠᠪᠤᠷ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ ᠥᠷᠨᠢᠭᠦᠯᠵᠦ᠂ 2000 ᠬᠥᠮᠦᠨ ᠢ ᠲᠦᠭᠡᠮᠡᠯᠵᠢᠭᠦᠯᠦᠨ᠂ 310 ᠬᠥᠮᠦᠨ ᠢ ᠪᠣᠯᠪᠠᠰᠤᠷᠠᠭᠤᠯᠵᠤ ᠭᠡᠷᠡᠴᠢ ᠠᠪᠤᠭᠤᠯᠵᠤ ᠪᠠᠶᠢᠪᠠ᠃ ᠵᠦᠸᠧᠽᠢ ᠰᠢᠶᠠᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ ᠹᠦ᠋ ᠰᠢᠩ ᠰᠢᠶᠠᠩ ᠤᠨ ᠭᠤᠸᠠᠢ ᠵᠢᠶᠤᠤ ᠫᠦ᠋ ᠲᠣᠰᠬᠤᠨ ᠳᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠴᠡᠭ ᠢ ᠰᠢᠨ᠎ᠡ ᠪᠠᠷ ᠪᠠᠶᠢᠭᠤᠯᠵᠤ᠂ ᠲᠦᠷᠭᠡᠨ ᠠᠪᠤᠷᠠᠬᠤ ᠬᠡᠷᠡᠭᠰᠡᠯ ᠢ ᠪᠠᠶᠢᠷᠢᠯᠠᠭᠤᠯᠵᠤ᠂ ᠪᠦᠬᠦ ᠰᠢᠶᠠᠨ ᠤ 20 ᠨᠡᠶᠢᠲᠡ ᠶᠢᠨ ᠮᠠᠰᠢᠨ ᠲᠡᠷᠭᠡᠨ ᠳᠤ ᠲᠦᠷᠭᠡᠨ ᠠᠪᠤᠷᠠᠯᠲᠠ ᠶᠢᠨ ᠵᠢᠵᠢᠭ ᠡᠮ ᠤᠨ ᠬᠠᠶᠢᠷᠴᠠᠭ ᠲᠤᠬᠢᠷᠠᠭᠤᠯᠵᠤ᠂ ᠠᠷᠢᠭᠤᠳᠬᠠᠬᠤ ᠰᠢᠩᠭᠡᠨ᠂ ᠴᠢᠰᠤ ᠵᠣᠭᠰᠣᠭᠠᠬᠤ ᠪᠦᠰᠡ᠂ ᠨᠠᠭᠠᠵᠤ ᠪᠣᠯᠬᠤ᠂ ᠢᠣᠳ᠋ ᠸᠣᠯᠲ ᠵᠡᠷᠭᠡ 10 ᠭᠠᠷᠤᠢ ᠵᠦᠢᠯ ᠤᠨ ᠲᠦᠷᠭᠡᠨ ᠠᠪᠤᠷᠠᠯᠲᠠ ᠶᠢᠨ ᠬᠡᠷᠡᠭᠰᠡᠯ ᠢ ᠪᠠᠭᠲᠠᠭᠠᠵᠤ᠂ ᠵᠢᠯᠣᠭᠤᠴᠢ᠂ ᠠᠶᠠᠨᠴᠢᠳ ᠤᠨ ᠶᠠᠪᠤᠵᠤ ᠰᠠᠭᠤᠬᠤ ᠠᠮᠤᠷ ᠲᠦᠪᠰᠢᠨ ᠳᠤ ᠪᠠᠲᠤᠯᠠᠭ᠎ᠠ ᠬᠠᠩᠭᠠᠪᠠ᠃ ︽ᠬᠠᠶᠢᠷ᠎ᠠ ᠬᠠᠯᠠᠮᠵᠢ ᠶᠢᠨ ᠰᠢᠯᠭᠠᠯᠲᠠ ᠳᠤ ᠲᠤᠰᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠵᠦᠸᠧᠽᠢ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ ᠪᠠᠶᠢᠭᠤᠯᠵᠤ᠂ ᠭᠡᠷ ᠤᠨ ᠠᠬᠠᠮᠠᠳ᠂ ᠰᠢᠯᠭᠠᠭᠤᠯᠤᠭᠴᠢ ᠳᠤ ᠰᠦᠢᠳᠬᠡᠯ ᠬᠤᠷᠢᠶᠠᠬᠤ ᠦᠭᠡᠢ ᠪᠠᠷ ᠤᠤᠭᠤᠬᠤ ᠤᠰᠤ ᠬᠠᠩᠭᠠᠬᠤ ᠶᠢᠨ ᠬᠠᠮᠲᠤ ᠬᠠᠶᠢᠷ᠎ᠠ ᠬᠠᠯᠠᠮᠵᠢ ᠶᠢᠨ ᠲᠡᠷᠭᠡᠨ ᠠᠩᠭᠢ ᠶᠢ ᠵᠣᠬᠢᠶᠠᠨ ᠪᠠᠶᠢᠭᠤᠯᠵᠤ ᠰᠢᠨ ᠱᠧᠩ ᠤᠨ ᠰᠤᠷᠤᠭᠴᠢᠳ ᠲᠤ ᠬᠠᠶᠢᠷ᠎ᠠ ᠬᠠᠯᠠᠮᠵᠢ ᠬᠦᠷᠭᠡᠬᠦ ᠦᠢᠯᠡᠴᠢᠯᠡᠭᠡ ᠬᠠᠩᠭᠠᠪᠠ᠃ ᠦᠨ᠎ᠡ ᠲᠥᠯᠥᠪᠦᠷᠢ ᠦᠭᠡᠶ ᠪᠠᠷ ᠴᠢᠰᠤ ᠡᠷᠭᠦᠬᠦ ᠪᠠ ᠴᠢᠰᠤ ᠪᠦᠲᠦᠭᠡᠬᠦ ᠭᠤᠤᠯ ᠡᠰ ᠤᠨ ᠴᠢᠰᠤᠨ ᠤ ᠦᠯᠢᠭᠡᠷ ᠴᠤᠭᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠴᠢᠰᠤ ᠪᠠᠨ ᠶᠡᠭᠦᠯᠡᠭᠰᠡᠨ ᠶᠡᠷᠦᠩᠬᠡᠶ ᠬᠡᠮᠵᠢᠶ᠎ᠡ 96800m1 ᠳᠤ ᠬᠦᠷᠴᠦ᠂ ᠴᠢᠰᠤᠨ ᠤ ᠦᠯᠢᠭᠡᠷ 30 ᠦᠯᠢᠭᠡᠷ ᠠᠪᠬᠤ ᠶᠢ ᠪᠡᠶᠡᠯᠡᠭᠦᠯᠦᠨ᠎ᠡ᠃        ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2